ᠰᠣᠷᠭᠠᠨ ᠬᠦᠮᠦᠵᠢᠯ ᠤᠨ ᠶᠠᠮᠤᠨ ᠲᠤᠳᠤᠷᠬᠠᠢ ᠲᠤᠬᠳᠠᠭᠠᠭᠰᠡᠨ ᠨᠢ᠄ ᠡᠨᠡ 5 ᠲᠦᠷᠦᠯ ᠤᠨ ᠪᠠᠭᠰᠢ ᠶᠢ ᠤᠷᠢᠵᠦ ᠬᠡᠷᠡᠭᠯᠡᠬᠦ ᠪᠠᠨ ᠪᠤᠯᠢᠨ᠎ᠡ
ᠨᠡᠶᠢᠲᠡᠯᠡᠭᠰᠡᠨ ᠴᠠᠭ᠄
2019-08-23
     ᠬᠦᠮᠦᠰ ᠶᠡᠷᠦ ᠨᠢ ᠪᠠᠭᠰᠢ ᠶᠢᠨ ᠠᠵᠢᠯ ᠲᠠᠢ ᠪᠤᠯᠪᠡᠯ ᠲᠠᠮᠤᠷ ᠠᠶᠠᠭ᠎ᠠ ᠲᠠᠪᠡᠷᠢᠯ᠎ᠡ ᠭᠡᠯᠴᠡᠲᠡᠭ᠃ ᠬᠡᠪᠡᠴᠦ ᠬᠠᠮᠤᠭ ᠤᠨ ᠰᠢᠨ᠎ᠡ ᠲᠦᠷᠦ ᠶᠢᠨ ᠪᠤᠳᠤᠯᠭ᠎ᠠ ᠶᠢ ᠦᠨᠳᠦᠰᠦᠯᠡᠪᠡᠯ᠂ ᠪᠠᠭᠰᠢ ᠨᠠᠷ ᠵᠠᠷᠢᠮ ᠲᠦᠷᠢᠮ ᠲᠤᠬᠳᠠᠭᠠᠯ ᠢ ᠬᠦᠨᠲᠡᠪᠡᠯ᠂ ᠡᠨᠡ ᠬᠦ ᠲᠠᠮᠦᠷ ᠠᠶᠠᠭ᠎ᠠ ᠪᠠᠨ ᠠᠯᠳᠠᠵᠦ ᠮᠡᠲᠡᠨ᠎ᠡ᠃      ᠨᠢᠭᠡ᠂ ᠪᠠᠭᠰᠢ ᠶᠢᠨ ᠬᠢᠷᠢ ᠬᠡᠮ ᠤᠨ ᠦᠨᠡᠮᠯᠡᠯ ᠦᠭᠡᠢ      ᠪᠠᠭᠰᠢ ᠶᠢᠨ ᠬᠢᠷᠢ ᠬᠡᠮ ᠤᠨ ᠦᠨᠡᠮᠯᠡᠯ ᠨᠢ ᠤᠳᠤ ᠨᠢᠭᠡᠨᠲᠡ ᠪᠠᠭᠰᠢ ᠶᠢᠨ ᠠᠵᠢᠯ ᠡᠷᠬᠢᠯᠡᠬᠦ ᠨᠦᠬᠦᠴᠡᠯ ᠪᠤᠯᠵᠠᠢ᠂ ᠬᠡᠪᠡᠴᠦ ᠪᠤᠳᠠᠲᠦ ᠪᠠᠶᠢᠲᠡᠯ ᠳᠤ ᠮᠠᠰᠢ ᠤᠯᠠᠨ ᠬᠦᠮᠦᠨ ᠪᠠᠭᠰᠢ ᠶᠢᠨ ᠬᠢᠷᠢ ᠬᠡᠮ ᠤᠨ ᠦᠨᠡᠮᠯᠡᠯ ᠦᠭᠡᠢ᠂ ᠪᠠᠰᠡ ᠨᠠᠷᠡᠲᠦ ᠪᠠᠭᠰᠢ ᠶᠢᠨ ᠨᠡᠷ᠎ᠡ ᠪᠠᠷ ᠬᠠᠪᠰᠤᠷᠤᠨ ᠵᠢᠯᠤᠭᠤᠳᠬᠤ ᠠᠩᠬᠢ ᠨᠡᠭᠡᠭᠡᠲᠡᠭ᠃      ᠡᠶᠢᠮᠦᠷᠬᠦ ᠠᠵᠢᠯᠯᠠᠭ᠎ᠠ ᠨᠢ ᠤᠯᠤᠰ ᠤᠨ ᠬᠤᠯᠪᠤᠬᠳᠠᠯ ᠪᠦᠬᠦᠢ ᠲᠤᠬᠳᠠᠭᠠᠯ ᠢ ᠵᠦᠷᠢᠴᠡᠭᠰᠡᠨ ᠢᠶᠠᠷ ᠪᠠᠷᠠᠬᠤ ᠦᠭᠡᠢ᠂ ᠰᠤᠷᠤᠬᠴᠢᠳ ᠤᠨ ᠡᠷᠬᠢᠮ ᠨᠠᠨᠳᠢᠨ ᠴᠠᠭ ᠢ ᠭᠠᠷᠤᠵᠠᠳᠠᠭᠤᠯᠵᠦ ᠪᠠᠶᠢᠨ᠎ᠡ᠃ ᠬᠡᠷᠪᠡ ᠪᠠᠶᠢᠴᠠᠭᠠᠬᠳᠠᠭᠠᠳ ᠮᠡᠲᠡᠭᠲᠡᠪᠡᠯ ᠤᠷᠤᠯᠠᠨ ᠬᠢᠴᠢᠶᠠᠯᠯᠠᠬᠦ ᠬᠢᠷᠢ ᠬᠡᠮ ᠢ ᠨᠢ ᠬᠠᠰᠤᠨ᠎ᠡ᠃      ᠬᠤᠶᠠᠷ᠂ ᠤᠷᠤᠨ ᠲᠤᠭ᠎ᠠ ᠲᠠᠢ ᠪᠠᠭᠰᠢ ᠬᠠᠪᠰᠤᠷᠤᠨ ᠵᠢᠯᠤᠭᠤᠳᠬᠤ ᠠᠩᠬᠢ ᠨᠡᠭᠡᠭᠡᠬᠦ      ᠵᠠᠷᠢᠮ ᠪᠠᠭᠰᠢ ᠬᠢᠴᠢᠶᠡᠯ ᠲᠡᠭᠡᠷ᠎ᠡ ᠠᠭᠤᠯᠭ᠎ᠠ ᠪᠠᠨ ᠪᠦᠷᠢᠨ ᠪᠦᠲᠦᠨ ᠵᠢᠭᠠᠬᠤ ᠦᠭᠡᠢ᠂ ᠬᠠᠷᠢᠨ ᠬᠢᠴᠢᠶᠡᠯ ᠠᠴᠠ ᠭᠠᠳᠠᠭᠤᠷ ᠬᠠᠪᠰᠤᠷᠤᠨ ᠵᠢᠯᠤᠭᠤᠳᠬᠤ ᠠᠩᠬᠢ ᠨᠡᠭᠡᠭᠡᠵᠦ᠂ ᠰᠤᠷᠤᠭᠴᠢ ᠶᠢ ᠲᠠᠳᠠᠨ᠂ ᠵᠤᠭᠤᠰ ᠤᠯᠳᠠᠭ᠃ ᠡᠶᠢᠮᠦᠷᠬᠦ ᠪᠠᠭᠰᠢ ᠶᠢᠨ ᠬᠢᠴᠢᠶᠡᠯ ᠤᠨ ᠶᠠᠰᠦ ᠴᠢᠨᠠᠷ ᠲᠤᠤᠷ᠎ᠡ ᠠᠴᠠ ᠪᠤᠯᠵᠦ ᠰᠤᠷᠤᠭᠴᠢᠳ ᠤᠨ ᠬᠢᠷᠢ ᠪᠦᠲᠦᠮᠵᠢ ᠨᠢ ᠲᠤᠷᠤᠭᠰᠢᠯᠠᠳᠠᠭ᠃      ᠰᠤᠷᠭᠠᠨ ᠬᠦᠮᠦᠵᠢᠯ ᠤᠨ ᠶᠠᠮᠤᠨ ᠡᠶᠢᠮᠦᠷᠬᠦ ᠦᠵᠡᠭᠲᠡᠯ ᠳᠤ ᠴᠢᠩᠭ᠎ᠠ ᠴᠤᠬᠢᠯᠲᠡ ᠦᠭᠴᠦ᠂ ᠡᠶᠢᠮᠦᠷᠬᠦ ᠦᠢᠯᠡ ᠠᠵᠢᠯᠯᠠᠭ᠎ᠠ ᠲᠠᠢ ᠪᠠᠭᠰᠢ ᠶᠢ ᠤᠯᠵᠦ ᠮᠡᠲᠡᠪᠡᠯ ᠲᠠᠷᠠ ᠲᠠᠷᠤᠢ ᠳᠤ ᠨᠢ ᠠᠵᠢᠯ ᠠᠴᠠ ᠨᠢ ᠬᠦᠭᠡᠭᠡᠬᠦ ᠪᠦᠭᠡᠳ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠦ ᠬᠦᠴᠦᠨ ᠦᠭᠡᠢ ᠪᠤᠯᠭᠠᠨ᠎ᠡ ᠬᠡᠵᠡᠢ᠃ ᠰᠤᠷᠭᠠᠨ ᠬᠦᠮᠦᠵᠢᠯ ᠤᠨ ᠶᠠᠮᠤᠨ  ᠤ ᠬᠦᠴᠦᠲᠠᠢ ᠴᠤᠬᠢᠯᠲᠡ ᠲᠤᠤᠷ᠎ᠡ ᠤᠳᠤ ᠡᠶᠢᠮᠦ ᠪᠠᠶᠢᠲᠡᠯ ᠨᠠᠯᠢᠶᠠᠳ ᠴᠦᠭᠡᠷᠡᠭᠰᠡᠨ ᠪᠠᠶᠢᠨ᠎ᠡ᠃      ᠬᠡᠪᠡᠴᠦ ᠡᠪᠤᠯ ᠵᠤᠨ ᠤ ᠠᠮᠠᠷᠠᠯᠲᠡ ᠶᠢᠨ ᠴᠠᠭ ᠢ ᠠᠰᠢᠬᠯᠠᠨ ᠬᠠᠪᠰᠤᠷᠤᠨ ᠵᠢᠯᠤᠭᠤᠳᠬᠤ ᠠᠩᠬᠢ ᠡᠷᠬᠢᠯᠡᠬᠦ ᠪᠠᠶᠢᠲᠡᠯ ᠴᠦ ᠪᠠᠶᠢᠩᠭᠤ ᠬᠠᠷᠠᠬᠳᠠᠳᠠᠭ᠃ ᠬᠡᠷᠪᠡ ᠪᠠᠶᠢᠴᠠᠭᠠᠬᠳᠠᠭᠠᠳ ᠮᠡᠲᠡᠭᠲᠡᠪᠡᠯ ᠮᠦᠨ ᠪᠠᠭᠰᠢ ᠶᠢᠨ ᠬᠢᠷᠢ ᠬᠡᠮ ᠢ ᠨᠢ ᠬᠠᠰᠤᠨ᠎ᠡ᠃      ᠭᠤᠷᠪᠡ᠂ ᠬᠢᠴᠢᠶᠡᠯ ᠤᠷᠤᠬᠤ ᠢᠳᠡᠪᠬᠢᠵᠢᠯ ᠠᠨᠠᠢ ᠪᠠᠶᠢᠬᠤ      ᠦᠩᠭᠡᠷᠡᠭᠰᠡᠨ ᠳᠤ ᠪᠠᠭᠰᠢ ᠶᠢᠨ ᠠᠵᠢᠯ ᠪᠤᠯ ᠨᠢᠭᠡᠨ ᠲᠦᠷᠦᠯ ᠤᠨ ᠲᠤᠬᠳᠠᠪᠦᠷᠢᠲᠠᠢ ᠠᠵᠢᠯ ᠪᠦᠭᠡᠳ ᠰᠡᠷ᠎ᠡ ᠪᠦᠷᠢ ᠲᠤᠬᠳᠠᠮᠠᠯ ᠴᠠᠯᠢᠩ ᠠᠪᠳᠠᠭ ᠠᠮᠠᠷᠬᠠᠨ ᠠᠵᠢᠯ ᠪᠠᠶᠢᠵᠠᠢ᠃ ᠡᠶᠢᠮᠦᠷᠬᠦ ᠠᠵᠢᠯ ᠤᠨ ᠪᠠᠶᠢᠲᠡᠯ ᠳᠤ ᠵᠠᠷᠢᠮ ᠪᠠᠭᠰᠢ ᠨᠠᠷ ᠨᠠᠵᠠᠭᠠᠢ ᠪᠠᠷ ᠬᠠᠨᠳᠤᠵᠦ᠂ ᠰᠤᠷᠤᠭᠴᠢᠳ ᠤᠨ ᠬᠢᠷᠢ ᠪᠦᠲᠦᠮᠵᠢ ᠬᠢᠷᠢ ᠵᠡᠷᠭᠡ ᠪᠠᠶᠢᠬᠤ ᠨᠢ ᠦᠪᠡᠷ ᠤᠨ ᠴᠠᠯᠢᠩ  ᠲᠠᠢ ᠶᠠᠮᠠᠷ ᠴᠦ ᠬᠠᠮᠢᠶ᠎ᠠ ᠦᠭᠡᠢ ᠭᠡᠵᠦ ᠦᠵᠡᠲᠡᠭ ᠪᠤᠯᠬᠤᠷ ᠬᠢᠴᠢᠶᠡᠯ ᠢᠶᠠᠨ ᠨᠠᠷᠢᠨ ᠬᠢᠨᠠᠮᠠᠭᠠᠢ ᠪᠡᠯᠡᠳᠭᠡᠬᠦ ᠦᠭᠡᠢ᠂ ᠬᠠᠭᠤᠴᠢᠨ ᠵᠢᠭᠠᠨ ᠰᠤᠷᠭᠠᠬᠤ ᠲᠦᠰᠦᠯ ᠪᠠᠷ ᠢᠶᠠᠨ ᠰᠢᠨ᠎ᠡ ᠰᠤᠷᠤᠭᠴᠢᠳ ᠲᠤ ᠵᠢᠭᠠᠵᠦ᠂ ᠵᠢᠭᠠᠨ ᠰᠤᠷᠭᠠᠯᠲᠡ ᠶᠢᠨ ᠦᠷ᠎ᠡ ᠪᠦᠲᠦᠮᠵᠢ ᠶᠢ ᠨᠦᠯᠦᠭᠡᠯᠡᠲᠡᠭ᠃      ᠤᠳᠤᠬᠠᠨ ᠳᠤ ᠰᠤᠷᠭᠠᠭᠤᠯᠢ ᠠᠴᠠ ᠠᠵᠢᠯ ᠳᠠᠭᠠᠨ ᠨᠠᠵᠠᠭᠠᠢ ᠬᠠᠨᠳᠤᠬᠤ ᠪᠠᠭᠰᠢ ᠲᠠᠢ ᠬᠡᠷ᠎ᠡ ᠪᠠᠨ ᠬᠦᠴᠦᠨ ᠦᠭᠡᠢ ᠪᠤᠯᠭᠠᠬᠤ ᠡᠷᠭᠡ ᠲᠠᠢ ᠪᠤᠯᠵᠠᠢ᠃ ᠦᠭᠡᠷ᠎ᠡ ᠪᠠᠷ ᠬᠡᠯᠡᠪᠡᠯ᠂ ᠬᠡᠷᠪᠡ ᠪᠠᠭᠰᠢ ᠶᠢᠨ ᠬᠢᠴᠢᠶᠡᠯ ᠵᠢᠭᠠᠬᠤ ᠶᠢ ᠤᠯᠠᠩᠬᠢ ᠰᠤᠷᠤᠭᠴᠢᠳ ᠬᠦᠯᠢᠶᠠᠨ ᠠᠪᠬᠤ ᠦᠭᠡᠢ ᠪᠤᠶᠦ ᠰᠤᠷᠤᠭᠴᠢᠳ ᠤᠨ ᠬᠢᠷᠢ ᠪᠦᠲᠦᠮᠵᠢ ᠨᠢ ᠬᠡᠳᠤᠷᠬᠡᠢ ᠮᠠᠭᠤ ᠪᠤᠯ ᠪᠠᠭᠰᠢ ᠶᠢᠨ ᠠᠵᠢᠯ ᠠᠴᠠ ᠪᠠᠨ ᠬᠦᠭᠡᠭᠡᠭᠲᠡᠬᠦ ᠪᠤᠯᠤᠯᠴᠠᠭ᠎ᠠ ᠲᠠᠢ ᠶᠤᠮ᠃      ᠲᠦᠷᠪᠡ᠂ ᠤᠨ ᠤ ᠬᠢᠨᠠᠨ ᠲᠤᠬᠳᠠᠭᠠᠯᠲᠡ ᠳᠤ 2 ᠵᠢᠯ ᠲᠠᠷᠠᠭᠠᠯᠠᠨ ᠬᠢᠷᠢ ᠲᠡᠩᠴᠡᠬᠦ ᠦᠭᠡᠢ ᠪᠠᠶᠢᠬᠤ      ᠰᠤᠷᠭᠠᠨ ᠬᠦᠮᠦᠵᠢᠯ ᠤᠨ ᠶᠠᠮᠤᠨ ᠲᠤᠳᠤᠷᠬᠠᠢ ᠪᠢᠴᠢᠭ ᠮᠠᠲ᠋ᠧᠷᠢᠶᠡᠯ ᠭᠠᠷᠭᠠᠵᠦ᠄ ᠬᠡᠷᠪᠡ ᠪᠠᠭᠰᠢ ᠨᠠᠷ ᠤᠨ ᠤ ᠬᠢᠨᠠᠨ ᠲᠤᠬᠳᠠᠭᠠᠯᠲᠡ ᠳᠤ 2 ᠤᠳᠠᠭ᠎ᠠ ᠬᠢᠷᠢ ᠲᠡᠩᠴᠡᠬᠦ ᠦᠭᠡᠢ ᠪᠤᠯ ᠠᠵᠢᠯ ᠠᠴᠠ ᠪᠠᠨ ᠤᠬᠴᠠᠷᠠᠭᠤᠯᠤᠭᠳᠠᠬᠤ ᠲᠦᠭᠰᠢᠭᠦᠷᠢ ᠳᠤ ᠤᠴᠠᠷᠠᠬᠤ ᠪᠤᠯᠤᠨ᠎ᠡ ᠬᠡᠵᠡᠢ᠃      ᠲᠠᠪᠤ᠂ ᠬᠠᠪᠰᠤᠷᠤᠨ ᠵᠢᠯᠤᠭᠤᠳᠬᠤ ᠠᠩᠬᠢ ᠶᠢᠨ ︽ᠬᠠᠭᠤᠷᠮᠠᠭ︾ ᠪᠠᠭᠰᠢ      ᠤᠳᠤ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠲᠠᠷᠤᠭᠠᠰᠦ ᠬᠦᠨᠲᠦ ᠪᠤᠯᠬᠤᠷ ᠮᠠᠰᠢ ᠤᠯᠠᠨ ᠬᠡᠦᠭᠡᠳ ᠬᠢᠴᠢᠶᠡᠯ ᠤᠨ ᠲᠠᠷᠠᠭ᠎ᠠ ᠪᠠᠰᠡ ᠲᠠᠪᠳᠠᠬᠤ ᠠᠩᠬᠢ᠂ ᠬᠠᠪᠰᠤᠷᠤᠨ ᠵᠢᠯᠤᠭᠤᠳᠬᠤ ᠠᠩᠬᠢ ᠳᠤ ᠬᠢᠴᠢᠶᠡᠯ ᠨᠦᠬᠦᠵᠦ ᠪᠠᠶᠢᠨ᠎ᠡ᠃ ᠵᠠᠬ᠎ᠠ ᠲᠡᠯᠭᠡᠭᠦᠷ ᠤᠨ ᠬᠡᠷᠡᠭᠴᠡᠭᠡ ᠶᠡᠭᠡ ᠪᠤᠯᠬᠤᠷ ᠮᠠᠰᠢ ᠤᠯᠠᠨ ᠠᠩᠬᠢ ᠶᠢᠨ ᠤᠷᠢᠵᠦ ᠭᠡᠷᠡᠭᠯᠡᠭᠰᠡᠨ ᠪᠠᠭᠰᠢ ᠴᠦᠮ ᠦᠨᠡᠮᠯᠡᠯ ᠦᠭᠡᠢ ᠪᠠᠷ ᠠᠵᠢᠯᠯᠠᠵᠦ ᠪᠠᠶᠢᠳᠠᠭ᠃ ᠡᠶᠢᠮᠦᠷᠬᠦ ᠪᠠᠶᠢᠲᠡᠯ ᠠᠴᠠ ᠵᠢᠭᠠᠨ ᠰᠤᠷᠭᠠᠬᠤ ᠶᠠᠰᠦ ᠴᠢᠨᠠᠷ ᠢ ᠶᠠᠷᠢᠶᠠᠨ ᠦᠭᠡᠢ ᠪᠠᠳᠤᠯᠠᠬᠤ ᠶᠢᠨ ᠠᠷᠭ᠎ᠠ ᠦᠭᠡᠢ ᠮᠦᠷᠲᠡᠭᠡᠨ ᠵᠠᠷᠢᠮ ᠠᠩᠬᠢ ᠶᠢᠨ ᠬᠢᠨ ᠲᠤᠷ᠎ᠡ ᠪᠠᠷ ᠢᠶᠠᠨ ᠰᠦᠢᠳᠭᠡᠯ ᠬᠤᠷᠢᠶᠠᠬᠤ ᠦᠵᠡᠭᠲᠡᠯ ᠤᠷᠤᠰᠢᠵᠦ ᠪᠠᠶᠢᠨ᠎ᠡ᠃      ᠡᠶᠢᠮᠦ ᠠᠴᠠ ᠤᠶᠢᠷ᠎ᠡ ᠶᠢᠨ ᠵᠢᠯ ᠳᠤ ᠰᠤᠷᠭᠠᠨ ᠬᠦᠮᠦᠵᠢᠯ ᠤᠨ ᠶᠠᠮᠤᠨ ᠡᠲᠡᠭᠡᠷ ᠦᠵᠡᠭᠲᠡᠯ ᠲᠠᠢ ᠠᠩᠬᠢ ᠳᠤ ᠴᠢᠩᠭ᠎ᠠ ᠴᠤᠬᠢᠯᠲᠡ ᠦᠭᠭᠦᠭᠰᠡᠭᠡᠷ ᠢᠷᠡᠵᠠᠢ᠃      ᠦᠨᠡᠮᠯᠡᠯ ᠦᠭᠡᠢ ᠪᠠᠷ ᠠᠵᠢᠯ ᠤᠨ ᠪᠠᠶᠢᠷᠢ ᠳᠤ ᠭᠠᠷᠤᠭᠰᠡᠨ ᠪᠠᠭᠰᠢ ᠶᠢ ᠰᠤᠷᠭᠠᠨ ᠬᠦᠮᠦᠵᠢᠯ ᠤᠨ ᠶᠠᠮᠤᠨ  ᠠᠴᠠ ᠪᠠᠰᠡ ᠠᠯᠪᠠᠳᠠᠯᠭ᠎ᠠ ᠪᠠᠷ ᠠᠵᠢᠯ ᠤᠨ ᠪᠠᠶᠢᠷᠢ ᠠᠴᠠ ᠨᠢ ᠪᠠᠭᠤᠯᠭᠠᠨ᠎ᠡ ᠭᠡᠵᠡᠢ
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ ᠤ ᠮᠤᠩᠭᠤᠯ ᠰᠤᠨᠢᠨ ᠤ ᠵᠢᠷᠬᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号