ᠠᠯᠪᠠᠨ ᠠᠵᠢᠯᠲᠡᠨ ᠤ ᠠᠵᠢᠯ ᠢᠶᠠᠷ ᠭᠠᠳᠠᠭᠰᠢ ᠭᠠᠷᠬᠤ ᠬᠤᠭᠤᠯᠠᠨ ᠵᠠᠷᠤᠲᠡᠯ ᠪᠡ ᠬᠤᠲᠡ ᠲᠤᠳᠤᠷᠡᠬᠢ ᠵᠠᠮ  ᠤᠨ ᠰᠦᠢᠳᠭᠡᠯ ᠤᠨ ᠬᠠᠮᠢᠶᠠᠷᠤᠯᠲᠡ ᠶᠢᠨ ᠰᠢᠨ᠎ᠡ ᠲᠤᠬᠳᠠᠭᠠᠯ ᠨᠠᠶᠢᠳᠠᠯᠡᠭᠲᠡᠯ᠎ᠡ
ᠨᠡᠶᠢᠲᠡᠯᠡᠭᠰᠡᠨ ᠴᠠᠭ᠄
2019-08-23
     ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠭᠢᠮ᠂ ᠤᠯᠤᠰ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠲᠤᠪᠴᠢᠶ᠎ᠡ ᠶᠢᠨ ᠠᠯᠪᠠᠨ ᠭᠡᠷ᠂ ᠨᠠᠮ ᠤᠨ ᠲᠦᠪ ᠬᠤᠷᠢᠶ᠎ᠡ ᠶᠢᠨ ᠰᠢᠭᠤᠳ ᠬᠠᠷᠢᠶ᠎ᠡ ᠬᠤᠷᠢᠶ᠎ᠡ  ᠶᠢᠨ ᠰᠢᠭᠤᠳ ᠬᠠᠷᠢᠶ᠎ᠡ ᠪᠠᠶᠢᠭᠤᠯᠭ᠎ᠠ ᠶᠢᠨ ᠶᠠᠪᠤᠳᠡᠯ ᠤᠨ ᠬᠠᠮᠢᠶᠠᠷᠤᠯᠲᠡ ᠶᠢᠨ ᠲᠤᠪᠴᠢᠶ᠎ᠡ ᠶᠢᠨ ᠠᠯᠪᠠᠨ ᠭᠡᠷ ᠵᠡᠷᠭᠡ ᠭᠤᠷᠪᠠᠨ ᠰᠠᠯᠠᠭ᠎ᠠ ᠮᠦᠴᠢᠷ ᠬᠠᠮᠳᠤᠷᠠᠵᠤ ︽ᠠᠯᠪᠠᠨ ᠠᠵᠢᠯᠲᠡᠨ ᠤ ᠠᠵᠢᠯ ᠢᠶᠠᠷ ᠭᠠᠳᠠᠭᠰᠢ ᠭᠠᠷᠬᠤ ᠬᠤᠭᠤᠯᠠᠨ ᠵᠠᠷᠤᠲᠡᠯ ᠪᠡ ᠬᠤᠳᠠ ᠲᠤᠳᠤᠷᠠᠬᠢ ᠵᠠᠮ ᠤᠨ ᠰᠦᠢᠳᠭᠡᠯ ᠢ ᠬᠤᠷᠢᠶᠠᠵᠤ ᠲᠤᠰᠢᠶᠠᠬᠤ ᠬᠠᠮᠢᠶᠠᠷᠤᠯᠳᠠ ᠶᠢᠨ ᠬᠠᠮᠢᠶ᠎ᠡ ᠪᠦᠬᠦᠢ ᠵᠦᠢᠯᠡᠰ ᠢ ᠲᠦᠷᠢᠮᠵᠢᠬᠦᠯᠬᠦ ᠲᠤᠬᠠᠢ ᠮᠡᠳᠡᠭᠳᠡᠯ︾ ︵ᠲᠤᠤᠷ᠎ᠡ ︽ᠮᠡᠳᠡᠭᠳᠡᠯ︾ ᠬᠡᠵᠤ ᠲᠦᠭᠦᠮᠴᠢᠯᠡᠨ᠎ᠡ︶ ᠢ ᠲᠠᠷᠤᠮᠠᠯᠯᠠᠨ ᠲᠠᠷᠬᠠᠭᠠᠵᠤ᠂ ᠠᠯᠪᠠᠨ ᠠᠵᠢᠯ ᠢᠶᠠᠷ ᠭᠠᠳᠠᠭᠰᠢ ᠭᠠᠷᠬᠤ ᠬᠤᠭᠤᠯᠠᠨ ᠵᠠᠷᠤᠳᠠᠯ ᠪᠠ ᠬᠤᠳᠠ ᠲᠤᠳᠤᠷᠠᠬᠢ ᠵᠠᠮ ᠤᠨ ᠰᠦᠢᠳᠭᠡᠯ ᠢ ᠲᠤᠰᠢᠶᠠᠬᠤ ᠪᠠᠷᠢᠮᠵᠢᠶ᠎ᠡ ᠵᠢᠴᠢ ᠬᠠᠮᠢᠶᠠᠷᠤᠯᠳᠠ ᠶᠢᠨ ᠱᠠᠭᠠᠷᠳᠠᠯᠭ᠎ᠠ ᠶᠢ ᠲᠦᠷᠦᠯ ᠬᠤᠪᠢᠶᠠᠨ ᠨᠠᠷᠢᠯᠢᠭᠵᠢᠭᠤᠯᠵᠤ᠂ ᠬᠦᠯᠢᠶᠠᠨ ᠠᠪᠴᠤ ᠵᠤᠴᠢᠯᠠᠬᠤ ᠨᠢᠭᠡᠴᠢ ᠶᠢᠨ ᠭᠠᠷᠭᠠᠵᠤ ᠦᠭᠬᠦ ᠭᠡᠷᠡᠴᠢ ᠪᠠᠷᠢᠮᠲᠡ ᠵᠢᠴᠢ ᠬᠤᠷᠢᠶᠠᠬᠤ ᠵᠠᠷᠤᠲᠡᠯ ᠤᠨ ᠬᠠᠮᠢᠶᠠᠷᠤᠯᠲᠡ ᠶᠢ ᠲᠦᠷᠢᠮᠵᠢᠬᠦᠯᠵᠤ᠂ ᠲᠦᠪ ᠤᠨ ᠪᠠ ᠤᠷᠤᠨ ᠨᠤᠳᠤᠭ ᠤᠨ ᠬᠠᠮᠢᠶ᠎ᠡ ᠪᠦᠬᠦᠢ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯᠲᠡ ᠶᠢ ᠤᠯᠠᠮ ᠴᠢᠨᠠᠬᠰᠢᠲᠡ ᠲᠤᠳᠤᠷᠬᠠᠶᠢᠯᠠᠨ ᠲᠦᠷᠢᠮᠵᠢᠭᠦᠯᠪᠡ᠃      ᠲᠤᠰ ︽ᠮᠡᠳᠡᠭᠳᠡᠯ︾ ᠢ 2019 ᠤᠨ ᠤ 8 ᠰᠡᠷ᠎ᠡ ᠶᠢᠨ 1 ᠤ ᠡᠳᠤᠷ ᠠᠴᠠ ᠡᠬᠢᠯᠡᠨ ᠭᠡᠷᠡᠭᠵᠢᠬᠦᠯᠵᠠᠢ᠃      ᠬᠤᠭᠤᠯᠠᠨ ᠵᠠᠷᠤᠲᠡᠯ ᠢ ᠬᠡᠷᠭᠢᠨ ᠲᠤᠰᠢᠶᠠᠬᠤ ᠲᠤᠬᠠᠢ ᠲᠤᠭᠳᠠᠭᠠᠯ᠄      ︽ᠲᠦᠪ ᠤᠨ ᠪᠠ ᠤᠯᠤᠰ ᠤᠨ ᠪᠠᠶᠢᠭᠤᠯᠭ᠎ᠠ ᠨᠢᠭᠡᠴᠡ ᠶᠢᠨ ᠠᠯᠪᠠᠨ ᠠᠵᠢᠯ ᠢᠶᠠᠷ ᠭᠠᠳᠠᠭᠰᠢ ᠭᠠᠷᠬᠤ ᠵᠠᠷᠤᠳᠠᠯ  ᠤᠨ ᠬᠠᠮᠢᠠᠶ᠋ᠷᠤᠯᠲᠡ ᠶᠢᠨ ᠠᠷᠭ᠎ᠠ︾ ᠳᠤ᠂ ︽ᠠᠯᠪᠠᠨ ᠠᠵᠢᠯ ᠢᠶᠠᠷ ᠭᠠᠳᠠᠭᠰᠢ ᠭᠠᠷᠤᠭᠰᠠᠳ ᠦᠪᠡᠷᠳᠡᠭᠡᠨ ᠬᠤᠭᠤᠯᠠᠯᠠᠬᠤ ᠭᠡᠷᠡᠭᠳᠠᠢ᠂ ᠬᠦᠯᠢᠶᠠᠨ ᠠᠪᠴᠤ ᠵᠤᠴᠢᠯᠠᠬᠤ ᠨᠢᠭᠡᠴᠢ ᠠᠴᠠ ᠨᠢᠭᠡᠳᠤᠯᠳᠠᠢ ᠬᠤᠭᠤᠯᠠ ᠲᠤᠬᠢᠷᠠᠭᠤᠯᠤᠭᠰᠠᠨ ᠪᠠᠶᠢᠪᠡᠯ᠂ ᠬᠦᠯᠢᠶᠠᠨ ᠠᠪᠴᠦ ᠵᠤᠴᠢᠯᠠᠬᠰᠡᠨ ᠨᠢᠭᠡᠴᠢ ᠳᠤ ᠬᠤᠭᠤᠯᠠᠨ ᠵᠠᠷᠤᠳᠠᠯ ᠲᠤᠰᠢᠶᠠᠬᠤ ᠬᠡᠷᠡᠭᠲᠠᠢ︾︔ ︽ᠠᠯᠪᠠᠨ ᠠᠵᠢᠯ  ᠢᠶᠠᠷ ᠭᠠᠳᠠᠭᠰᠢ ᠭᠠᠷᠤᠭᠰᠠᠳ ᠬᠦᠯᠢᠶᠠᠨ ᠠᠪᠴᠤ ᠵᠤᠴᠢᠯᠠᠬᠤ ᠨᠢᠭᠡᠴᠢ ᠪᠤᠶᠤ ᠪᠤᠰᠤᠳ ᠨᠢᠭᠡᠴᠢ ᠪᠠᠷ ᠵᠠᠮ ᠬᠠᠷᠢᠯᠴᠠᠭᠠᠨ ᠤ ᠪᠠᠭᠠᠵᠢ ᠬᠠᠨᠭ᠍ᠭᠠᠯᠭᠠᠭᠰᠠᠨ ᠪᠠᠶᠢᠪᠡᠯ᠂ ᠬᠦᠯᠢᠶᠠᠨ ᠠᠪᠴᠤ ᠵᠤᠴᠢᠯᠠᠭᠰᠠᠨ ᠨᠢᠭᠡᠴᠢ ᠪᠤᠶᠤ ᠪᠤᠰᠤᠳ ᠨᠢᠭᠡᠴᠢ ᠳᠤ ᠬᠠᠮᠢᠶ᠎ᠡ ᠪᠦᠬᠦᠢ ᠵᠠᠷᠤᠳᠠᠯ ᠲᠤᠰᠢᠶᠠᠬᠤ ᠭᠡᠷᠡᠭᠳᠠᠢ︾᠃      ︽ᠮᠡᠳᠡᠭᠳᠡᠯ︾ ᠳᠤ᠂ ᠠᠯᠪᠠᠨ ᠠᠵᠢᠯ ᠢᠶᠠᠷ ᠭᠠᠳᠠᠭᠰᠢ ᠭᠠᠷᠤᠭᠰᠠᠳ ᠲᠤ ᠲᠤᠭᠳᠠᠭᠠᠯ ᠶᠤᠰᠤᠭᠠᠷ ᠬᠤᠭᠤᠯᠠᠨ ᠤ ᠨᠦᠬᠦᠪᠦᠷᠢ ᠤᠯᠭᠤᠨ᠎ᠡ᠃ ᠭᠠᠳᠠᠭᠰᠢ ᠭᠠᠷᠤᠭᠰᠠᠳ ᠬᠦᠯᠢᠶᠠᠨ ᠠᠪᠴᠤ ᠵᠤᠴᠢᠯᠠᠬᠤ ᠨᠢᠭᠡᠴᠢ ᠪᠠᠷ ᠬᠠᠪᠰᠤᠷᠤᠭᠤᠯᠤᠨ ᠬᠤᠭᠤᠯᠠ ᠲᠤᠬᠢᠷᠠᠭᠤᠯᠤᠭᠰᠠᠨ ᠪᠠᠶᠢᠪᠡᠯ᠂ ᠬᠢᠵᠠᠭᠠᠷᠯᠠᠬᠤ ᠪᠠᠷᠢᠮᠵᠢᠶ᠎ᠡ ᠶᠢ ᠤᠷᠢᠳ ᠢᠶᠠᠷ ᠮᠡᠳᠡᠭᠳᠡᠬᠦ ᠭᠡᠷᠡᠭᠳᠠᠢ ᠪᠦᠬᠡᠳ ᠬᠤᠭᠤᠯᠠ ᠬᠠᠨᠭ᠍ᠭᠠᠭᠰᠠᠳ ᠲᠤ ᠬᠤᠭᠤᠯᠠᠨ ᠵᠠᠷᠤᠲᠡᠯ ᠲᠤᠰᠢᠶᠠᠬᠤ ᠬᠡᠷᠡᠭᠲᠠᠢ ᠭᠡᠵᠦ ᠲᠤᠳᠤᠷᠬᠠᠶᠢᠯᠠᠵᠠᠢ᠃      ᠪᠠᠶᠢᠭᠤᠯᠭ᠎ᠠ ᠨᠢᠭᠡᠴᠢ ᠶᠢᠨ ᠲᠤᠳᠤᠭᠠᠳᠤ ᠶᠢᠨ ᠬᠤᠭᠤᠯᠠᠨ ᠭᠡᠷ ᠲᠤ ᠬᠤᠭᠤᠯᠠᠯᠯᠠᠵᠤ᠂ ᠭᠡᠷᠪᠠ ᠭᠠᠳᠠᠭᠰᠢ ᠰᠦᠢᠳᠭᠡᠯ ᠬᠤᠷᠢᠶᠠᠬᠤ ᠪᠠᠷᠢᠮᠵᠢᠶ᠎ᠡ ᠲᠠᠢ ᠪᠠᠶᠢᠪᠡᠯ᠂ ᠠᠯᠪᠠᠨ ᠠᠵᠢᠯ ᠢᠶᠠᠷ ᠭᠠᠳᠠᠭᠰᠢ ᠭᠠᠷᠤᠭᠰᠠᠳ ᠪᠠᠷᠢᠮᠵᠢᠶ᠎ᠡ ᠶᠤᠰᠤᠭᠠᠷ ᠬᠤᠭᠤᠯᠠᠨ ᠵᠠᠷᠤᠳᠠᠯ ᠢᠶᠠᠨ ᠲᠤᠰᠢᠶᠠᠬᠤ ᠭᠡᠷᠡᠭᠳᠠᠢ︔ ᠭᠠᠳᠠᠭᠰᠢ ᠰᠦᠢᠳᠭᠡᠯ ᠲᠤᠰᠢᠶᠠᠬᠤ ᠪᠠᠷᠢᠮᠵᠢᠶ᠎ᠡ ᠦᠭᠡᠢ ᠪᠠᠶᠢᠪᠡᠯ᠂ ᠦᠷᠯᠦᠭᠡ ᠶᠢᠨ ᠬᠤᠭᠤᠯᠠ ᠶᠢ ᠡᠳᠤᠷ ᠤᠨ ᠬᠤᠭᠤᠯᠠᠨ ᠵᠠᠷᠤᠳᠠᠯ ᠤᠨ ᠨᠦᠬᠦᠪᠤᠷᠢ ᠶᠢᠨ ᠪᠠᠷᠢᠮᠵᠢᠶ᠎ᠡ ᠶᠢᠨ 20%  ᠪᠠᠷ ᠲᠤᠰᠢᠶᠠᠵᠤ᠂ ᠦᠳᠡ ᠶᠢᠨ ᠬᠤᠭᠤᠯᠠ᠂ ᠤᠷᠤᠢ ᠶᠢᠨ ᠬᠤᠭᠤᠯᠠ ᠶᠢ ᠡᠳᠤᠷ ᠤᠨ ᠬᠤᠭᠤᠯᠠᠨ ᠵᠠᠷᠤᠳᠠᠯ ᠤᠨ ᠨᠦᠬᠦᠪᠤᠷᠢ ᠶᠢᠨ ᠪᠠᠷᠢᠮᠵᠢᠶ᠎ᠡ ᠶᠢᠨ 40% ᠪᠠᠷ ᠲᠤᠰᠢᠶᠠᠬᠤ ᠭᠡᠷᠡᠭᠳᠠᠢ᠃ ᠵᠤᠴᠢᠳ ᠤᠨ ᠪᠠᠭᠤᠳᠠᠯ᠂ ᠬᠤᠭᠤᠯᠠᠨ ᠭᠡᠷ ᠵᠡᠷᠭᠡ ᠢᠳᠡᠭᠡᠨ ᠤᠮᠳᠠᠭᠠᠨ ᠤ ᠦᠢᠯᠡᠴᠢᠯᠡᠭᠡᠨ ᠤ ᠭᠠᠵᠠᠷ ᠬᠤᠭᠤᠯᠠᠯᠯᠠᠪᠠᠯ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢᠨ ᠰᠦᠢᠳᠭᠡᠯ ᠬᠤᠷᠢᠶᠠᠬᠤ ᠪᠠᠷᠢᠮᠵᠢᠶ᠎ᠡ ᠪᠠᠷ ᠬᠠᠮᠢᠶ᠎ᠡ ᠪᠦᠬᠦᠢ ᠵᠠᠷᠤᠳᠠᠯ  ᠢᠶᠠᠨ ᠲᠤᠰᠢᠶᠠᠬᠤ ᠭᠡᠷᠡᠭᠳᠠᠢ᠃      ᠬᠤᠳᠠ ᠲᠤᠳᠤᠷᠠᠬᠢ ᠵᠠᠮ ᠤᠨ ᠵᠠᠷᠤᠳᠠᠯ ᠢ ᠬᠡᠷᠭᠢᠨ ᠲᠤᠰᠢᠶᠠᠬᠤ ᠲᠤᠬᠠᠢ ᠲᠤᠭᠳᠠᠭᠠᠯ᠄      ︽ᠮᠡᠳᠡᠭᠳᠡᠯ︾ ᠳᠤ᠂ ᠠᠯᠪᠠᠨ ᠠᠵᠢᠯ ᠢᠶᠠᠷ ᠭᠠᠳᠠᠭᠰᠢ ᠭᠠᠷᠤᠭᠰᠠᠳ ᠭᠠᠳᠠᠭᠰᠢ ᠭᠠᠷᠤᠭᠰᠠᠨ ᠬᠤᠭᠤᠴᠠᠭᠠᠨ ᠳᠤ ᠲᠤᠭᠳᠠᠭᠠᠯ ᠶᠤᠰᠤᠭᠠᠷ ᠬᠤᠳᠠ ᠲᠤᠳᠤᠷᠠᠬᠢ ᠵᠠᠮ ᠤᠨ ᠵᠠᠷᠤᠳᠠᠯ ᠤᠯᠤᠨ᠎ᠡ ᠬᠡᠵᠤ ᠲᠤᠳᠤᠷᠬᠠᠶᠢᠯᠠᠪᠡ᠃      ᠬᠦᠯᠢᠶᠠᠨ ᠠᠪᠴᠤ ᠵᠤᠴᠢᠯᠠᠬᠤ ᠨᠢᠭᠡᠴᠢ ᠠᠴᠠ ᠬᠠᠮᠵᠢᠵᠤ ᠵᠠᠮ ᠬᠠᠷᠢᠯᠴᠠᠭᠠᠨ ᠤ ᠪᠠᠭᠠᠵᠢ ᠬᠠᠨᠭ᠍ᠭᠠᠭᠰᠠᠨ ᠪᠦᠭᠡᠳ ᠰᠦᠢᠳᠭᠡᠯ ᠬᠤᠷᠢᠶᠠᠬᠤ ᠪᠠᠷᠢᠮᠵᠢᠶ᠎ᠡ ᠲᠠᠢ ᠪᠠᠶᠢᠪᠡᠯ᠂ ᠭᠠᠳᠠᠭᠰᠢ ᠭᠠᠷᠤᠭᠰᠠᠳ ᠪᠠᠷᠢᠮᠵᠢᠶ᠎ᠡ ᠶᠤᠰᠤᠭᠠᠷ ᠵᠠᠷᠤᠳᠠᠯ ᠲᠤᠰᠢᠶᠠᠬᠤ ᠭᠡᠷᠡᠭᠳᠠᠢ᠂ ᠬᠠᠮᠤᠭ ᠦᠨᠳᠤᠷ ᠲᠡᠭᠡᠨ ᠬᠤᠳᠠ ᠲᠤᠳᠤᠷᠠᠬᠢ ᠵᠠᠮ ᠤᠨ ᠵᠠᠷᠤᠳᠠᠯ ᠤᠨ ᠡᠳᠤᠷ ᠤᠨ ᠪᠠᠷᠢᠮᠵᠢᠶ᠎ᠡ ᠠᠴᠠ ᠬᠡᠳᠤᠷᠡᠵᠤ ᠪᠤᠯᠬᠤ ᠦᠭᠡᠢ︔ ᠰᠦᠢᠳᠭᠡᠯ ᠲᠤᠰᠢᠶᠠᠬᠤ ᠪᠠᠷᠢᠮᠵᠢᠶ᠎ᠡ ᠦᠭᠡᠢ ᠪᠤᠯ᠂ ᠬᠦᠮᠦᠨ ᠪᠦᠷᠢ ᠬᠠᠭᠠᠰ ᠡᠳᠤᠷ ᠲᠤ ᠬᠤᠳᠠ ᠲᠤᠳᠤᠷᠡᠬᠢ ᠵᠠᠮ ᠬᠠᠷᠢᠯᠴᠠᠭᠠᠨ ᠤ ᠡᠳᠤᠷ ᠤᠨ ᠰᠦᠢᠳᠭᠡᠯ ᠤᠨ ᠪᠠᠷᠢᠮᠵᠢᠶ᠎ᠡ ᠶᠢᠨ 50% ᠪᠠᠷ ᠲᠤᠰᠢᠶᠠᠬᠤ ᠬᠡᠷᠡᠭᠲᠠᠢ᠃      ᠬᠦᠯᠢᠶᠠᠨ ᠠᠪᠴᠤ ᠵᠤᠴᠢᠯᠠᠬᠤ ᠨᠢᠭᠡᠴᠢ ᠬᠠᠮᠵᠢᠵᠤ ᠬᠤᠭᠤᠯᠠ ᠪᠤᠳᠠᠭ᠎ᠠ ᠲᠤᠬᠢᠷᠠᠭᠤᠯᠤᠭᠰᠠᠨ᠂ ᠵᠠᠮ ᠬᠠᠷᠢᠯᠴᠠᠭᠠᠨ ᠤ ᠪᠠᠭᠠᠵᠢ ᠬᠠᠨᠭ᠍ᠭᠠᠭᠰᠠᠨ ᠪᠠᠶᠢᠪᠡᠯ᠂ ᠭᠠᠳᠠᠭᠰᠢ ᠭᠠᠷᠤᠭᠰᠠᠳ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠶᠢᠨ ᠪᠡᠯᠡ ᠮᠦᠡᠭᠬᠦ ᠶᠢ ᠳ᠋ᠦᠡᠭᠨᠡᠨ ᠪᠤᠳᠤᠬᠤ ᠭᠡᠷᠡᠴᠢ ᠪᠠᠷᠢᠮᠳᠠ ᠪᠤᠶᠤ ᠭᠠᠶᠢᠯᠢ ᠶᠢᠨ ᠪᠠᠷᠢᠮᠳᠠ ᠶᠢ ᠭᠠᠷᠭᠠᠵᠤ ᠦᠭᠬᠦ ᠭᠡᠷᠡᠭᠳᠠᠢ︔ ᠲᠡᠭᠡᠷᠡᠬᠢ ᠪᠠᠷᠢᠮᠳᠠ ᠶᠢ ᠦᠨᠡᠨ ᠬᠦ ᠭᠠᠷᠭᠠᠵᠤ ᠲᠠᠶᠢᠯᠬᠦ ᠦᠭᠡᠢ ᠪᠤᠯ ᠪᠤᠰᠤᠳ ᠭᠡᠷᠡᠴᠢ ᠪᠠᠷᠢᠮᠲᠡ ᠬᠠᠩᠭᠠᠵᠦ ᠪᠤᠯᠤᠨ᠎ᠡ᠃      ᠡᠭᠦᠨ ᠠᠴᠠ ᠭᠠᠳᠠᠨ᠎ᠡ᠂ ᠡᠯ᠎ᠡ ᠭᠠᠵᠠᠷ ᠤᠷᠤᠨ ᠵᠢᠴᠢ ᠲᠦᠪ ᠤᠨ ᠪᠠᠶᠢᠭᠤᠯᠭ᠎ᠠ ᠨᠢᠭᠡᠴᠢ ᠲᠤᠬᠠᠢ ᠶᠢᠨ ᠭᠠᠵᠠᠷ ᠪᠠ ᠪᠠᠶᠢᠭᠤᠯᠭ᠎ᠠ ᠨᠢᠭᠡᠴᠢ ᠶᠢᠨ ᠢᠶᠠᠨ ᠪᠤᠳᠠᠳᠤ ᠪᠠᠶᠢᠲᠡᠯ ᠲᠠᠢ ᠤᠶᠠᠯᠳᠤᠭᠤᠯᠤᠨ᠂ ᠲᠤᠰ ᠭᠠᠵᠠᠷ ᠤᠷᠤᠨ ᠤ ᠠᠯᠪᠠᠨ ᠠᠵᠢᠯ ᠢᠶᠠᠷ ᠭᠠᠳᠠᠭᠰᠢ ᠭᠠᠷᠤᠭᠰᠠᠳ ᠤᠨ ᠬᠤᠭᠤᠯᠠᠨ ᠵᠠᠷᠤᠳᠠᠯ ᠪᠠ ᠬᠤᠳᠠ ᠲᠤᠳᠤᠷᠠᠬᠢ ᠵᠠᠮ ᠤᠨ ᠰᠦᠢᠳᠭᠡᠯ ᠢ ᠲᠤᠰᠢᠶᠠᠬᠤ᠂ ᠲᠠᠩᠰᠠ ᠲᠠᠶᠢᠯᠬᠤ ᠬᠠᠮᠢᠶᠠᠷᠤᠯᠲᠡ ᠶᠢᠨ ᠲᠤᠬᠳᠠᠭᠠᠯ ᠲᠤᠬᠳᠠᠭᠠᠬᠤ ᠬᠡᠷᠡᠭᠲᠠᠢ ᠭᠡᠵᠦ ᠱᠠᠭᠠᠷᠳᠠᠵᠠᠢ᠃             ︵ᠲᠤᠰ ᠰᠤᠨᠢᠨ ᠤ ᠲᠡᠳᠤᠯᠭ᠎ᠠ ᠶᠢᠨ ᠰᠤᠷᠪᠤᠯᠵᠢᠯᠠᠭᠴᠢ ᠰᠡᠴᠡᠨ ᠤᠷᠴᠢᠭᠤᠯᠤᠨ ᠨᠠᠶᠢᠷᠠᠭᠤᠯᠪᠡ︶
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号