ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ᠰᠢᠨ᠎ᠡ ᠴᠠᠭ ᠦᠶ᠎ᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2019-08-28
     

     ᠰᠤᠷᠪᠤᠯᠵᠢᠯᠠᠭ᠎ᠠ ᠶᠢᠨ ᠬᠦᠨᠲᠦᠲᠦ ᠵᠤᠴᠢᠨ᠄ ᠵᠠᠬ᠎ᠠ ᠲᠡᠯᠭᠡᠭᠦᠷ ᠤᠨ ᠬᠢᠨᠠᠯᠲᠡ ᠬᠠᠮᠢᠶᠠᠷᠤᠯᠲᠡ ᠶᠢᠨ ᠲᠤᠪᠴᠢᠶ᠎ᠡ

 ᠶᠢᠨ ᠲᠠᠷᠤᠭ᠎ᠠ    ᠵᠠᠩ ᠵᠦᠩ ᠮᠢᠩ

     ᠰᠤᠷᠪᠤᠯᠵᠢᠯᠠᠭ᠎ᠠ ᠶᠢᠨ ᠴᠠᠭ ᠬᠤᠭᠤᠴᠠᠭ᠎ᠠ᠄ 2019 ᠤᠨ ᠤ 8 ᠰᠡᠷ᠎ᠡ ᠶᠢᠨ 16 ᠤ ᠡᠳᠤᠷ

     ᠬᠦᠲᠦᠯᠦᠭᠴᠢ᠄ 2019 ᠤᠨ ᠤ ᠮᠠᠨ ᠤ ᠬᠤᠰᠢᠭᠤᠨ ᠤ ᠢᠳᠡᠭᠡᠨ ᠪᠠ ᠡᠮ ᠤᠨ ᠵᠦᠶᠯ ᠤᠨ ᠬᠢᠨᠠᠯᠲᠠ

ᠬᠠᠮᠢᠶᠠᠷᠤᠯᠲᠠ ᠪᠣᠯᠤᠨ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠠᠯ᠎ᠠ ᠪᠠᠷ ᠬᠢ ᠪᠠᠶᠢᠳᠠᠯ ᠢ

ᠲᠠᠨᠢᠯᠴᠠᠭᠤᠯᠤᠭᠠᠳ ᠥᠭᠭᠦᠨ᠎ᠡ ᠦᠦ︖

     ᠵᠠᠩ ᠵᠦᠩ ᠮᠢᠩ᠄ 2019 ᠣᠨ ᠳᠤ ᠮᠠᠨ ᠤ ᠬᠤᠰᠢᠭᠤᠨ ᠤ ᠢᠳᠡᠭᠡᠨ ᠪᠠ ᠡᠮ ᠤᠨ ᠵᠦᠶᠯ ᠤᠨ ᠬᠢᠨᠠᠯᠲᠠ

ᠬᠠᠮᠢᠶᠠᠷᠤᠯᠲᠠ ᠵᠢᠴᠢ ᠶᠠᠰᠤ ᠴᠢᠨᠠᠷ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠰᠢᠨ᠎ᠡ ᠠᠬᠢᠴᠠ ᠲᠠᠢ

ᠪᠣᠯᠵᠤ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ

ᠦᠵᠡᠭᠦᠯᠪᠡ᠂ ᠪᠣᠳᠠᠲᠠᠶ ᠠᠭᠤᠯᠭ᠎ᠠ ᠳᠤ ᠳᠣᠤᠷᠠᠬᠢ ᠬᠡᠳᠦᠨ ᠲᠠᠯ᠎ᠠ ᠪᠠᠭᠲᠠᠨ᠎ᠠ᠃

     ᠨᠢᠭᠡ᠂ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ

    ︵ᠨᠢᠭᠡ︶ ᠭᠤᠤᠯᠳᠠᠯᠭ᠎ᠠ ᠶᠢ ᠠᠳᠬᠤᠨ᠂ ᠠᠰᠠᠭᠤᠳᠠᠯ ᠳᠤ ᠴᠢᠭᠯᠡᠭᠦᠯᠦᠨ᠂ ᠡᠯ᠎ᠡ ᠲᠥᠷᠥᠯ ᠤᠨ ᠲᠤᠰᠬᠠᠶ

ᠪᠠᠶᠢᠴᠠᠭᠠᠯᠲᠡ ᠪᠠ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠪᠡ᠃ ᠨᠢᠭᠡ ᠳᠤ ᠪᠠᠶᠠᠷ ᠤᠨ ᠡᠳᠦᠷ ᠠᠴᠠ ᠡᠮᠦᠨᠡᠬᠢ

ᠵᠠᠬ᠎ᠠ ᠳᠡᠯᠭᠡᠭᠦᠷ ᠤᠨ ᠪᠠᠶᠢᠴᠠᠭᠠᠯᠲᠠ ᠶᠢᠨ ᠠᠵᠢᠯ ᠢ ᠦᠷᠨᠢᠭᠦᠯᠪᠡ᠃ 2019 ᠤᠨ ᠤ ᠰᠢᠨ᠎ᠡ ᠵᠢᠯ᠂ ᠴᠠᠭᠠᠨ ᠰᠠᠷ᠎ᠠ᠂

ᠬᠠᠩᠰᠢ᠂ ᠲᠠᠪᠤᠨ ᠰᠠᠷ᠎ᠠ ᠶᠢᠨ ᠨᠢᠭᠡᠨ ᠤ ᠠᠮᠠᠷᠡᠯᠲᠡ ᠶᠢᠨ ᠬᠤᠭᠤᠴᠠᠭᠠᠨ ᠳᠤ᠂ ᠮᠠᠨ ᠤ ᠲᠣᠪᠴᠢᠶ᠎ᠠ ᠭᠤᠤᠯᠳᠠᠯᠭ᠎ᠠ ᠲᠠᠢ

ᠣᠷᠣᠨ ᠪᠦᠰᠡ᠂ ᠭᠤᠤᠯᠳᠠᠯᠭ᠎ᠠ ᠲᠠᠢ ᠢᠳᠡᠭᠡᠨ ᠪᠡ ᠡᠮ ᠤᠨ ᠵᠦᠶᠯ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠬᠤ

ᠲᠣᠭᠤᠷᠢᠨ ᠳᠤ ᠲᠤᠰᠬᠠᠶ ᠴᠡᠭᠴᠡᠯᠡᠨ ᠵᠠᠰᠠᠯᠲᠠ ᠬᠢᠪᠡ᠃ ᠢᠯᠠᠩᠭᠤᠶ᠎ᠠ ᠮᠢᠬᠠᠨ ᠤ ᠪᠦᠲᠦᠭᠡᠭᠳᠡᠬᠦᠨ᠂ ᠬᠠᠷ᠎ᠠ ᠠᠷᠢᠬᠢ᠂

ᠴᠠᠭᠠᠨ ᠢᠳᠡᠭᠡ ᠵᠡᠷᠭᠡ ᠪᠠᠶᠠᠷ ᠤᠨ ᠡᠳᠦᠷ ᠤᠨ ᠪᠣᠷᠣᠯᠠᠭᠤᠯᠭ᠎ᠠ ᠰᠠᠶᠢᠲᠠᠶ ᠢᠳᠡᠭᠡᠨ ᠤ ᠵᠦᠶᠯ ᠢ ᠴᠢᠩᠭ᠎ᠠ ᠪᠠᠶᠢᠴᠠᠭᠠᠵᠤ᠂

ᠢᠳᠡᠭᠡᠨ ᠦᠶᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ 8᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ 2᠂

ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠦᠷ 2᠂ ᠲᠣᠮᠣ ᠬᠡᠯᠪᠡᠷᠢ ᠶᠢᠨ ᠴᠢᠯᠦᠭᠡᠲᠦ ᠳᠡᠯᠭᠡᠭᠦᠷ 4᠂ ᠢᠳᠡᠭᠡᠨ ᠤ

ᠡᠵᠡᠩᠨᠡᠯᠲᠡ ᠶᠢᠨ ᠡᠷᠦᠬᠡ 240᠂ ᠬᠤᠰᠢᠭᠤᠨ ᠤ ᠰᠢᠭᠤᠳ ᠬᠠᠷᠢᠶ᠎ᠠ ᠡᠮᠴᠢᠯᠡᠭᠡᠨ ᠤ ᠪᠠᠶᠢᠭᠤᠯᠤᠮᠵᠢ 1᠂ ᠡᠮ ᠤᠨ

ᠵᠦᠶᠯ ᠢ ᠵᠢᠵᠢᠭᠯᠡᠨ ᠪᠣᠷᠣᠯᠠᠭᠤᠯᠬᠤ ᠠᠵᠤ ᠠᠬᠤᠶᠢᠯᠠᠯ 28 ᠶᠢ ᠪᠠᠶᠢᠴᠠᠭᠠᠵᠤ᠂ ᠵᠠᠷᠯᠢᠭᠳᠠᠨ ᠴᠡᠭᠴᠡᠯᠡᠨ

ᠰᠠᠶᠢᠵᠢᠷᠠᠭᠤᠯᠬᠤ ᠮᠡᠳᠡᠭᠳᠡᠯ ᠤᠨ ᠪᠢᠴᠢᠭ 29 ᠶᠢ ᠪᠠᠭᠤᠯᠭᠠᠪᠠ᠃ ᠬᠤᠶᠠᠷ ᠲᠤ ︽ᠢᠳᠡᠵᠦ ᠡᠮᠦᠰᠬᠦ ᠶᠠᠪᠤᠵᠤ ᠰᠠᠭᠤᠬᠤ︾

ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ᠂ ᠢᠳᠡᠭᠡᠨ ᠪᠠ ᠡᠮ ᠤᠨ ᠵᠦᠶᠯ ᠤᠨ ᠠᠮᠦᠷ ᠲᠦᠪᠰᠢᠨ ᠤ ᠵᠠᠭᠤᠨ

ᠡᠳᠦᠷ ᠤᠨ ᠠᠵᠢᠯᠯᠠᠭ᠎ᠠ ᠵᠡᠷᠭᠡ ᠠᠷᠪᠠᠨ ᠬᠡᠳᠦᠨ ᠵᠦᠶᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ

ᠥᠷᠨᠢᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 811 ᠬᠥᠮᠦᠨ ᠤᠳᠠᠭ᠎ᠠ ᠬᠦᠲᠡᠯᠦᠯᠴᠠᠵᠦ᠂ ᠢᠳᠡᠭᠡᠨ ᠤ

ᠡᠵᠡᠩᠨᠡᠯᠲᠡ ᠶᠢᠨ ᠨᠢᠭᠡᠴᠡ ᠨᠡᠶᠢᠲᠡ 531 ᠡᠷᠦᠬᠡ ᠶᠢ ᠪᠠᠶᠢᠴᠠᠭᠠᠵᠤ᠂ ᠢᠳᠡᠭᠡᠨ ᠦᠶᠯᠡᠳᠪᠦᠷᠢᠯᠡᠵᠦ ᠡᠳ᠋ᠰᠢᠭᠦᠯᠬᠦ

ᠠᠵᠤ ᠠᠬᠤᠶᠢᠯᠠᠯ 10 ᠡᠷᠦᠬᠡ᠂ ᠢᠳᠡᠭᠡᠨ ᠡᠳ᠋ᠰᠢᠭᠦᠯᠬᠦ ᠵᠢᠵᠢᠭ ᠠᠵᠤ ᠠᠬᠤᠶᠢᠯᠠᠯ 66 ᠡᠷᠦᠬᠡ᠂ ᠬᠤᠰᠢᠭᠤᠨ ᠤ

ᠰᠢᠭᠤᠳ ᠬᠠᠷᠢᠶ᠎ᠠ ᠡᠮᠴᠢᠯᠡᠭᠡᠨ ᠤ ᠪᠠᠶᠢᠭᠤᠯᠤᠮᠵᠢ 9 ᠡᠷᠦᠬᠡ᠂ ᠡᠮ ᠤᠨ ᠵᠦᠶᠯ ᠤᠨ ᠵᠢᠵᠢᠭᠯᠡᠨ ᠪᠤᠷᠤᠯᠠᠭᠤᠯᠬᠤ ᠠᠵᠤ

ᠠᠬᠤᠶᠢᠯᠠᠯ 30 ᠡᠷᠦᠬᠡ ᠶᠢ ᠪᠠᠶᠢᠴᠠᠭᠠᠵᠦ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 36

ᠬᠤᠪᠢ ᠪᠠᠭᠤᠯᠭᠠᠵᠤ᠂ 20 ᠺᠢᠯᠣᠭ᠍ᠷᠠᠮ ᠣᠷᠴᠢᠮ ᠤᠨ ᠬᠡᠷᠡᠭᠯᠡᠬᠦ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠵᠢᠴᠢ

ᠨᠢᠭᠡ ᠪᠦᠯᠦᠭ ︽ᠭᠤᠷᠪᠠ ᠥᠬᠡᠶ︾ ᠡᠮ ᠤᠨ ᠵᠦᠶᠯ᠂ ᠬᠡᠷᠡᠭᠯᠡᠬᠦ ᠬᠤᠭᠤᠴᠠᠭ᠎ᠠ ᠠᠴᠠ ᠬᠡᠲᠦᠷᠡᠭᠰᠡᠨ ᠡᠮ ᠤᠨ ᠵᠦᠶᠯ ᠢ

ᠪᠠᠶᠢᠴᠠᠭᠠᠨ ᠬᠤᠷᠢᠶᠠᠮᠵᠢᠯᠡᠪᠡ᠃ ᠪᠠᠶᠢᠴᠠᠭᠠᠯᠲᠡ ᠲᠤᠮᠲᠡ ᠢᠯᠡᠷᠡᠭᠦᠯᠦᠭᠰᠡᠨ ᠠᠰᠠᠭᠤᠳᠠᠯ ᠳᠤ ᠬᠠᠤᠯᠢ ᠶᠣᠰᠣᠭᠠᠷ ᠵᠠᠰᠠᠭ

ᠵᠠᠬᠢᠷᠭᠠᠨ ᠤ ᠵᠢᠯᠣᠭᠤᠳᠤᠯᠭ᠎ᠠ ᠬᠢᠵᠦ᠂ ᠵᠠᠷᠯᠢᠭᠳᠠᠨ ᠵᠠᠯᠠᠷᠠᠭᠤᠯᠬᠤ ᠪᠠ ᠵᠠᠰᠠᠭ ᠵᠠᠬᠢᠷᠭᠠᠨ ᠤ ᠰᠢᠢᠳᠭᠡᠯ ᠤᠯᠭᠤᠪᠡ᠃

ᠭᠤᠤᠯᠳᠠᠯᠭ᠎ᠠ ᠶᠢ ᠲᠥᠪᠯᠡᠷᠡᠭᠦᠯᠦᠨ ᠪᠦᠬᠦ ᠲᠡᠯ᠎ᠡ ᠪᠠᠷ ᠲᠤᠰᠬᠠᠶ ᠴᠡᠭᠴᠡᠯᠡᠨ ᠵᠠᠰᠠᠬᠤ ᠪᠠᠷ ᠲᠠᠮᠵᠢᠨ᠂ ᠰᠢᠰᠲ᠋ᠧᠮ ᠤᠨ

ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠢᠳᠡᠭᠡᠨ ᠤ ᠵᠦᠶᠯ ᠡᠮ ᠤᠨ ᠵᠦᠶᠯ ᠤᠨ ᠠᠮᠤᠷ ᠲᠦᠪᠰᠢᠨ ᠤ ᠠᠲᠡᠭᠲᠡᠯ ᠢ

ᠪᠦᠲᠦᠮᠵᠢᠲᠡᠶ ᠰᠡᠷᠭᠡᠶᠢᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠪᠠ᠃

     ︵ᠬᠤᠶᠠᠷ︶ ᠢᠳᠡᠭᠡᠨ ᠪᠠ ᠡᠮ ᠤᠨ ᠵᠦᠶᠯ ᠢ ᠰᠤᠭᠤᠴᠢᠨ ᠪᠠᠶᠢᠴᠠᠭᠠᠬᠤ ᠠᠵᠢᠯ ᠢ ᠦᠷᠨᠢᠭᠦᠯᠪᠡ᠃ ᠵᠢᠯ ᠤᠨ

ᠳᠣᠲᠣᠷ᠎ᠠ 610 ᠪᠦᠭᠡᠮ ︵ᠤᠳᠠᠭ᠎ᠠ︶ ᠤᠨ ᠢᠲᠡᠭᠡᠨ ᠢ ᠰᠤᠭᠤᠴᠢᠨ ᠪᠠᠶᠢᠴᠠᠭᠠᠬᠤ ᠪᠠᠷ ᠲᠤᠬᠳᠠᠪᠡ᠂ ᠡᠭᠦᠨ ᠳᠤ

ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ 240 ᠪᠦᠭᠡᠮ ︵ᠤᠳᠠᠭ᠎ᠠ︶︔ ᠡᠮ ᠤᠨ ᠵᠦᠢᠯᠡᠰ  80 ᠪᠦᠭᠡᠮ

︵ᠤᠳᠠᠭ᠎ᠠ︶︔ ᠲᠦᠷᠭᠡᠨ ᠪᠠᠶᠢᠴᠠᠭᠠᠯᠲᠡ ᠶᠢᠨ ᠢᠲᠡᠭᠡᠨ 500 ᠪᠦᠭᠡᠮ ︵ᠤᠳᠠᠭ᠎ᠠ︶ ᠢ ᠰᠤᠭᠤᠴᠢᠨ ᠪᠠᠶᠢᠴᠠᠭᠠᠨ᠎ᠡ᠃

ᠣᠳᠣᠬᠠᠨ ᠳᠤ᠂ ᠨᠢᠭᠡᠨᠲᠡ ᠢᠲᠡᠭᠡᠨ ᠤ ᠵᠦᠢᠯᠡᠰ ᠤᠨ 44 ᠪᠦᠭᠡᠮ ︵ᠤᠳᠠᠭ᠎ᠠ︶ ᠢ ᠰᠤᠭᠤᠴᠢᠨ ᠪᠠᠶᠢᠴᠠᠭᠠᠵᠤ

ᠲᠠᠭᠤᠰᠬᠠᠪᠡ᠂ ᠡᠭᠦᠨ ᠳᠤ ᠢᠲᠡᠰᠢᠨ ᠤ ᠲᠠᠷᠢᠶᠠᠯᠠᠩ ᠤᠨ ᠪᠦᠲᠦᠭᠡᠭᠳᠡᠬᠦᠨ 9 ᠪᠦᠭᠡᠮ ︵ᠤᠳᠠᠭ᠎ᠠ︶᠂ ᠡᠮ ᠤᠨ ᠵᠦᠢᠯ

23 ᠪᠦᠭᠡᠮ ︵ᠤᠳᠠᠭ᠎ᠠ︶ ᠪᠠᠭᠳᠡᠨ᠎ᠡ᠃ ᠪᠧᠢ ᠴᠧᠨ ᠲᠠᠷᠢᠶᠠᠯᠠᠩ ᠤᠨ ᠪᠦᠲᠦᠭᠡᠭᠲᠡᠭᠦᠨ ᠤ ᠠᠷᠠᠯᠵᠢᠶᠠᠨ ᠤ ᠵᠠᠬ᠎ᠠ

ᠳᠡᠯᠭᠡᠭᠦᠷ ᠤᠨ ᠲᠦᠷᠭᠡᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ 517 ᠪᠦᠭᠡᠮ ︵ᠤᠳᠠᠭ᠎ᠠ︶ ᠢᠳᠡᠭᠡᠨ ᠤ

ᠵᠦᠢᠯ ᠤᠨ ᠲᠦᠷᠭᠡᠨ ᠪᠠᠶᠢᠴᠠᠭᠠᠯᠲᠠ ᠶᠢ ᠪᠡᠶᠡᠯᠡᠭᠦᠯᠵᠦ᠂ ᠬᠢᠷᠢ ᠲᠡᠩᠴᠡᠭᠰᠡᠨ ᠨᠣᠷᠮ᠎ᠠ 100 % ᠳᠤ ᠬᠦᠷᠪᠡ᠃

ᠰᠤᠭᠤᠴᠢᠨ ᠪᠠᠶᠢᠴᠠᠭᠠᠬᠤ ᠦᠷ᠎ᠡ ᠳ᠋ᠦᠩ ᠠᠴᠠ ᠮᠠᠨ ᠤ ᠬᠤᠰᠢᠭᠤᠨ ᠤ ᠢᠳᠡᠭᠡᠨ ᠪᠠ ᠡᠮ ᠤᠨ ᠵᠦᠢᠯ ᠠᠶᠦᠯᠭᠦᠢ

ᠨᠠᠶᠢᠳᠠᠪᠤᠷᠢᠲᠠᠶ ᠪᠠᠶᠢᠬᠤ ᠶᠢ ᠬᠠᠷᠠᠭᠤᠯᠵᠤ ᠪᠠᠶᠢᠨ᠎ᠠ᠃

     ︵ᠭᠤᠷᠪᠠ︶ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠢ ᠨᠡᠶᠢᠭᠡᠮ ᠠᠴᠠ ᠬᠠᠮᠲᠤᠪᠠᠷ ᠵᠠᠰᠠᠬᠤ

ᠪᠠᠶᠢᠷᠢᠰᠢᠯ ᠢ ᠪᠥᠬᠦ ᠬᠦᠴᠦᠨ ᠢᠶᠠᠷ ᠪᠠᠶᠢᠭᠤᠯᠪᠡ᠃ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠶᠯ ᠤᠨ ᠠᠮᠤᠷ

ᠲᠦᠪᠰᠢᠨ ᠢ ᠨᠠᠮ ᠵᠠᠰᠠᠭ ᠬᠠᠮᠲᠤ ᠪᠠᠷ ᠬᠠᠷᠢᠭᠤᠴᠠᠬᠤ᠂ ᠬᠢᠨᠠᠨ ᠬᠠᠮᠢᠶᠠᠷᠬᠤ ᠰᠠᠯᠠᠭ᠎ᠠ ᠮᠦᠴᠢᠷ ᠬᠠᠮᠲᠤ ᠪᠠᠷ ᠵᠠᠰᠠᠬᠤ

ᠠᠵᠢᠯ ᠤᠨ ᠪᠠᠶᠢᠷᠢᠰᠢᠯ ᠢ ᠨᠢᠭᠡᠨᠲᠡ ᠪᠦᠷᠢᠯᠳᠦᠭᠦᠯᠪᠡ᠃ ᠨᠢᠭᠡ ᠳᠤ ᠪᠥᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ

︽ᠭᠠᠷᠠᠭ ᠪᠦᠷᠢ ᠨᠢᠭᠡ ᠬᠢᠴᠢᠶᠡᠯ︾ ᠤᠨ ᠲᠤᠰᠬᠠᠶ ᠰᠡᠳᠦᠪᠲᠦ ᠬᠠᠷᠠᠭᠠᠨ ᠳᠠᠪᠲᠠᠮᠵᠢ ᠶᠢᠨ ᠪᠤᠯᠪᠠᠰᠤᠷᠡᠯ ᠢ ᠥᠷᠨᠢᠭᠦᠯᠵᠦ᠂

ᠬᠢᠨᠠᠨ ᠬᠠᠮᠢᠶᠠᠷᠤᠯᠲᠡ ᠶᠢᠨ ᠨᠢᠭᠡᠳᠦᠭᠡᠷ ᠹᠷᠣᠨᠲ ᠤᠨ ᠠᠵᠢᠯᠲᠠᠨ ᠵᠢᠴᠢ ᠠᠵᠢᠯ ᠡᠷᠬᠢᠯᠡᠭᠰᠡᠳ ᠤᠨ ᠲᠤᠬᠠᠶᠢᠯᠠᠭᠰᠠᠨ

ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ ᠬᠤᠶᠠᠷ ᠲᠤ ᠬᠤᠰᠢᠭᠤᠨ ᠤ ᠢᠳᠡᠭᠡᠨ ᠪᠠ ᠡᠮ ᠤᠨ ᠵᠦᠶᠯ ᠤᠨ

ᠠᠮᠤᠷ ᠲᠦᠪᠰᠢᠨ ᠤ ᠵᠥᠪᠯᠡᠯ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ

ᠵᠥᠪᠯᠡᠯ ᠤᠨ ᠪᠦᠬᠦᠲᠡ ᠬᠤᠷᠠᠯ ᠢ ᠲᠠᠷᠤᠢ ᠳᠤᠨᠢ ᠬᠤᠷᠠᠯᠳᠤᠭᠤᠯᠵᠤ᠂ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠬᠦ ᠶᠢᠨ

ᠬᠠᠮᠲᠤ ᠠᠵᠢᠯ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠭᠤᠷᠪᠠ ᠳᠤ ︽12315︾ ᠢᠳᠡᠭᠡᠨ ᠪᠠ ᠡᠮ ᠤᠨ

ᠵᠦᠶᠯ ᠤᠨ ᠠᠮᠤᠷ ᠲᠦᠪᠰᠢᠨ ᠤ ᠲᠤᠬᠠᠶ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠠᠬᠤᠢ ᠲᠠᠯᠠᠪᠠᠢ ᠶᠢᠨ

ᠤᠬᠠᠭᠤᠯᠤᠨ ᠯᠠᠪᠯᠠᠬᠤ ᠠᠵᠢᠯᠯᠠᠭ᠎ᠠ ᠥᠷᠨᠢᠭᠦᠯᠵᠦ᠂ ᠠᠰᠠᠭᠤᠨ ᠯᠠᠪᠯᠠᠬᠤ ᠲᠠᠪᠴᠠᠩ ᠪᠠᠶᠢᠭᠤᠯᠵᠤ᠂ 300 ᠭᠠᠷᠤᠶ

ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ᠂ ᠠᠬᠤᠢ ᠲᠠᠯᠠᠪᠠᠢ ᠳᠤ ᠣᠯᠠᠨ ᠲᠦᠮᠡᠨ ᠤ

ᠠᠰᠠᠭᠤᠨ ᠯᠠᠪᠯᠠᠭ᠎ᠠ ᠶᠢ 20 ᠭᠠᠷᠤᠶ ᠬᠤᠪᠢ ᠬᠦᠯᠢᠶᠡᠨ ᠠᠪᠤᠪᠠ᠃ ᠳᠥᠷᠪᠡ ᠳᠤ ᠡᠷᠦᠭᠡ ᠳᠤ ᠨᠢ ᠬᠦᠷᠴᠦ

ᠪᠣᠯᠪᠠᠰᠤᠷᠠᠯ ᠬᠦᠷᠲᠡᠭᠡᠵᠦ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠶᠦᠯᠭᠦᠢ ᠶᠢ ᠪᠠᠳᠤᠯᠡᠪᠡ᠃ ᠵᠠᠷᠢᠮ

ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠰᠤᠷᠤᠭᠴᠢ᠂ ᠪᠠᠭᠰᠢ ᠠᠵᠢᠯᠲᠠᠨ ᠤ ᠬᠤᠭᠤᠯᠠᠯᠠᠬᠤ ᠬᠥᠮᠦᠨ ᠤ

ᠲᠤᠭ᠎ᠠ ᠠᠷᠪᠢᠨ᠂ ᠬᠤᠭᠤᠯᠠᠨ ᠭᠡᠷ ᠤᠨ ᠠᠵᠢᠯᠲᠡᠨ ᠤ ᠬᠡᠪ ᠴᠢᠨᠠᠷ ᠤᠨ ᠲᠦᠪᠰᠢᠨ ᠠᠳᠠᠯᠢ ᠦᠭᠡᠢ᠂ ᠠᠵᠢᠯᠯᠠᠭᠠᠨ ᠨᠢ

ᠵᠢᠷᠤᠮᠵᠢᠯ ᠦᠭᠡᠢ᠂ ᠬᠠᠮᠢᠶᠠᠷᠤᠯᠲᠠ ᠨᠢ ᠬᠦᠷᠦᠯᠴᠡᠬᠦ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠮᠠᠨ ᠤ ᠲᠣᠪᠴᠢᠶ᠎ᠠ

ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠠᠰᠠᠭᠤᠳᠠᠯ ᠣᠷᠣᠰᠢᠵᠤ ᠪᠠᠶᠢᠭ᠎ᠠ ᠰᠤᠷᠭᠠᠭᠤᠯᠢ ᠶᠢᠨ

ᠬᠤᠭᠤᠯᠠᠨ ᠭᠡᠷ ᠤᠨ ᠠᠵᠢᠯᠲᠡᠨ ᠤ ᠭᠡᠷ ᠲᠤ ᠨᠢ ᠬᠦᠷᠴᠦ ᠪᠤᠯᠪᠠᠰᠤᠷᠡᠯ ᠬᠢᠪᠡ᠃ ᠲᠠᠪᠤ ᠳᠤ ᠢᠳᠡᠭᠡᠨ ᠤ ᠠᠮᠤᠷ

ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠥᠷᠨᠢᠭᠦᠯᠪᠡ᠃

     ︵ᠲᠦᠷᠪᠡ︶ 2019 ᠤᠨ ᠤ ᠬᠡᠷᠡᠭ ᠢ ᠪᠠᠶᠢᠴᠠᠭᠠᠨ ᠰᠢᠶᠳᠪᠦᠷᠢᠯᠡᠭᠰᠡᠨ ᠪᠠᠶᠢᠳᠠᠯ᠃ 2019 ᠤᠨ ᠤ 1

— 8 ᠰᠠᠷ᠎ᠠ ᠳᠤ ᠮᠠᠨ ᠤ ᠲᠣᠪᠴᠢᠶ᠎ᠠ ᠨᠡᠶᠢᠲᠡ 21 ᠬᠡᠷᠡᠭ ᠢ ᠪᠠᠶᠢᠴᠠᠭᠠᠨ ᠰᠢᠶᠳᠪᠦᠷᠢᠯᠡᠵᠦ᠂ ᠲᠣᠷᠭᠠᠵᠤ

ᠬᠤᠷᠢᠶᠠᠮᠵᠢᠯᠠᠭᠰᠠᠨ ᠵᠣᠭᠤᠰ13.3 ᠲᠦᠮᠡᠨ ᠲᠥᠭᠦᠷᠢᠭ ᠲᠤ ᠬᠦᠷᠪᠡ᠃ ᠡᠭᠦᠨ ᠳᠤ ᠢᠳᠡᠭᠡᠨ ᠤ ᠭᠤᠬᠴᠤᠭᠠᠨ ᠳᠤ

ᠡᠭᠦᠰᠦᠭᠰᠡᠨ ᠬᠡᠷᠡᠭ 5 ᠪᠠᠶᠢᠵᠤ᠂ ᠲᠣᠷᠭᠠᠵᠤ ᠬᠤᠷᠢᠮᠵᠢᠶᠠᠯᠠᠭᠰᠡᠨ ᠵᠣᠭᠤᠰ 6.0954 ᠲᠦᠮᠡᠨ ᠲᠥᠭᠦᠷᠢᠭ ᠲᠤ

ᠬᠦᠷᠴᠡᠶ︔ ᠡᠮ ᠤᠨ ᠵᠦᠶᠯ ᠤᠨ ᠭᠤᠭᠴᠤᠭ᠎ᠠ ᠳᠤ 2 ᠬᠡᠷᠡᠭ ᠡᠭᠦᠰᠴᠦ᠂ ᠲᠣᠷᠭᠠᠵᠤ ᠬᠤᠷᠢᠶᠠᠮᠵᠢᠯᠠᠭᠰᠡᠨ ᠵᠣᠭᠤᠰ ᠨᠢ

0.298 ᠲᠦᠮᠡᠨ ᠲᠥᠭᠦᠷᠢᠭ ᠪᠠᠶᠢᠵᠦ︔ ᠪᠤᠰᠤᠳ ᠭᠤᠬᠴᠤᠭᠠᠨ ᠳᠤ 14 ᠬᠤᠪᠢ ᠡᠭᠦᠰᠴᠦ᠂ ᠲᠣᠷᠭᠠᠵᠤ

ᠬᠤᠷᠢᠶᠠᠮᠵᠢᠯᠠᠭᠰᠡᠨ ᠵᠣᠭᠤᠰ 6.9321 ᠲᠦᠮᠡᠨ ᠲᠥᠭᠦᠷᠢᠭ ᠲᠤ ᠬᠦᠷᠪᠡ᠃

     ᠬᠤᠶᠠᠷ᠂ ᠶᠠᠰᠤ ᠴᠢᠨᠠᠷ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ

     ︵ᠨᠢᠭᠡ︶ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠶᠠᠰᠤ ᠴᠢᠨᠠᠷ ᠢᠶᠠᠷ ᠬᠤᠰᠢᠭᠤ ᠪᠠᠨ

ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠦᠨ ᠬᠦᠨᠵᠡᠭᠡᠶᠢᠷᠡᠭᠦᠯᠪᠡ᠃ ︽ᠳᠠᠷᠬᠠᠨ ᠮᠤᠤᠮᠢᠩᠭᠠᠨ

ᠬᠤᠯᠪᠣᠭᠠᠲᠤ ᠬᠤᠰᠢᠭᠤᠨ ᠤ ︿ᠶᠠᠰᠤ ᠴᠢᠨᠠᠷ ᠤᠨ ᠬᠥᠭᠵᠢᠯᠲᠡ ᠶᠢᠨ ᠬᠥᠲᠥᠯᠪᠦᠷᠢ﹀ ᠶᠢ ᠲᠤᠭᠤᠰᠢᠯᠠᠭᠤᠯᠤᠨ

ᠬᠡᠷᠡᠭᠵᠢᠭᠦᠯᠬᠦ 2019 ᠤᠨ ᠤ ᠠᠵᠢᠯᠯᠠᠭᠠᠨ ᠤ ᠲᠥᠯᠥᠪᠯᠡᠭᠡ ᠵᠢᠴᠢ ᠶᠠᠰᠤ ᠴᠢᠨᠠᠷ ᠢᠶᠠᠷ ᠬᠤᠰᠢᠭᠤ ᠪᠠᠨ

ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠬᠠᠷᠠᠯᠲᠠ︾ ᠶᠢ ᠲᠣᠭᠲᠠᠭᠠᠭᠰᠠᠨ ᠪᠥᠭᠡᠳ

ᠬᠠᠷᠢᠭᠤᠴᠠᠯᠭ᠎ᠠ ᠶᠢᠨ ᠵᠠᠳᠠᠯᠤᠯᠲᠠ ᠬᠢᠵᠦ᠂ ︽ᠲᠠᠯᠪᠢᠬᠤ᠂ ᠬᠠᠮᠢᠶᠠᠷᠬᠤ᠂ ᠦᠶᠯᠡᠴᠢᠯᠡᠬᠦ︾ ᠭᠤᠷᠪᠠ ᠶᠢ ᠨᠢᠭᠡ

ᠴᠣᠭᠴᠠᠵᠢᠭᠤᠯᠤᠭᠰᠠᠨ ᠶᠠᠰᠤ ᠴᠢᠨᠠᠷ ᠢ ᠳᠡᠭᠡᠭᠰᠢᠯᠡᠭᠦᠯᠬᠦ ᠰᠢᠨ᠎ᠡ ᠪᠠᠶᠢᠷᠢᠰᠢᠯ ᠢ ᠪᠥᠬᠦ ᠲᠠᠯ᠎ᠠ ᠪᠠᠷ ᠪᠠᠶᠢᠭᠤᠯᠬᠤ ᠳᠤ

ᠰᠠᠭᠤᠷᠢ ᠲᠠᠯᠪᠢᠵᠤ ᠦᠭᠪᠡ᠃

     ︵ᠬᠤᠶᠠᠷ︶ ᠲᠦᠷᠢᠮᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠭᠠᠵᠠᠷ ᠵᠦᠶ ᠶᠢᠨ ᠪᠡᠯᠭᠡ

ᠲᠡᠮᠳᠡᠭ ᠤᠨ ᠬᠠᠮᠠᠭᠠᠯᠠᠯᠲᠠ ᠶᠢᠨ ᠦᠶᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠡ᠃ ︽ᠭᠠᠵᠠᠷ ᠵᠦᠶ ᠶᠢᠨ

ᠪᠡᠯᠭᠡ ᠲᠡᠮᠳᠡᠭ ᠤᠨ ᠦᠢᠯᠡᠳᠭᠦᠨ ᠤ ᠬᠠᠮᠠᠭᠠᠯᠠᠯᠲᠠ ᠶᠢᠨ ᠲᠤᠰᠬᠠᠶ ᠬᠡᠷᠡᠭᠯᠡᠭᠡᠨ ᠤ ᠲᠡᠮᠳᠡᠭ ᠢ ᠳᠡᠯᠭᠡᠷᠡᠭᠦᠯᠦᠨ ᠬᠡᠷᠡᠭᠯᠡᠬᠦ

ᠲᠤᠬᠠᠶ ᠠᠯᠪᠠᠨ ᠵᠠᠷ︾ ᠢ ᠨᠡᠶᠢᠲᠡᠯᠡᠵᠦ᠂ ᠨᠢᠭᠡᠨᠲᠡ 16 ᠠᠵᠤ ᠠᠬᠤᠶᠢᠯᠠᠯ ᠤᠨ ᠭᠠᠵᠠᠷ ᠵᠦᠶ ᠶᠢᠨ ᠪᠡᠯᠭᠡ ᠲᠡᠮᠳᠡᠭ ᠤᠨ

ᠬᠠᠮᠠᠭᠠᠯᠠᠯᠲᠠ ᠶᠢᠨ ᠦᠢᠯᠡᠳᠭᠦᠨ ᠤ ᠲᠤᠰᠬᠠᠶ ᠬᠡᠷᠡᠭᠯᠡᠭᠡᠨ ᠤ ᠪᠡᠯᠭᠡ ᠲᠡᠮᠳᠡᠭ ᠢ ᠬᠡᠷᠡᠭᠯᠡᠬᠦ ᠭᠤᠶᠤᠴᠢᠯᠠᠯ ᠢ ᠬᠤᠷᠢᠶᠠᠨ

ᠣᠯᠤᠭᠰᠠᠨ ᠪᠥᠭᠡᠳ ᠳᠣᠤᠷ᠎ᠠ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ᠂ ᠵᠢᠯ ᠤᠨ ᠰᠡᠭᠦᠯᠴᠢ ᠪᠠᠷ ᠳᠡᠯᠭᠡᠷᠡᠭᠦᠯᠦᠨ ᠬᠡᠷᠡᠭᠯᠡᠨ᠎ᠡ᠃

     ᠬᠥᠲᠥᠯᠥᠭᠴᠢ᠄ ᠮᠠᠨ ᠤ ᠬᠤᠰᠢᠭᠤᠨ ᠤ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠪᠣᠯᠤᠨ

ᠶᠠᠰᠤ ᠴᠢᠨᠠᠷ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠷᠠᠭᠠᠴᠢ ᠶᠢᠨ ᠠᠯᠬᠤᠮ ᠤᠨ

ᠲᠣᠬᠢᠷᠠᠭᠤᠯᠤᠯᠲᠠ ᠨᠢ ᠶᠠᠮᠠᠷ ᠪᠣᠶ︖

     ᠵᠠᠩ ᠵᠦᠩ ᠮᠢᠩ᠄ 2019 ᠣᠨ ᠳᠤ ᠮᠠᠨ ᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠠᠵᠢᠯ ᠨᠢ ︽ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ᠂ ᠦᠶᠯᠡᠴᠢᠯᠡᠭᠡ ᠪᠠᠷ

ᠭᠤᠤᠯᠳᠠᠯᠭ᠎ᠠ ᠪᠣᠯᠭᠠᠬᠤ︾ ᠣᠶᠢᠯᠠᠭᠠᠭᠳᠠᠬᠤᠨ ᠢ ᠪᠤᠢ ᠪᠣᠯᠭᠠᠵᠤ᠂ ︽ᠭᠤᠷᠪᠠᠨ ᠶᠡᠭᠡ ᠡᠭᠦᠷᠭᠡ᠂ ᠲᠠᠪᠤᠨ ᠲᠦᠷᠦᠯ ᠤᠨ

ᠪᠦᠲᠦᠭᠡᠨ ᠪᠠᠶᠢᠭᠤᠯᠤᠯᠲᠠ︾ ᠶᠢᠨ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠢᠨ᠎ᠡ ᠶᠢ ᠡᠭᠦᠳᠬᠦ ᠪᠠᠷ

ᠬᠥᠲᠥᠯᠥᠨ ᠳᠠᠭᠠᠭᠤᠯᠵᠤ᠂ ᠠᠵᠢᠯ ᠤᠨ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠠᠨ ᠤ

ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃

     ᠢᠲᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠠᠭᠤᠨ ᠡᠳᠦᠷ ᠤᠨ ᠲᠤᠰᠬᠠᠶ ᠵᠠᠰᠠᠨ ᠴᠡᠭᠴᠡᠯᠡᠯᠲᠡ

ᠵᠡᠷᠭᠡ ᠲᠤᠰᠬᠠᠶ ᠴᠡᠭᠴᠡᠯᠡᠨ ᠵᠠᠰᠠᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠡᠨᠴᠢ ᠢᠲᠡᠭᠡᠮᠵᠢᠲᠡᠶ᠂

ᠪᠣᠯᠪᠠᠰᠤᠨ ᠢᠶᠠᠷ ᠬᠤᠳᠠᠯᠳᠤᠭ᠎ᠠ ᠡᠷᠬᠢᠯᠡᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃

ᠤᠶᠢᠷ᠎ᠡ ᠶᠢᠨ ᠬᠤᠭᠤᠴᠠᠭᠠᠨ ᠳᠤ ᠡᠵᠡᠩᠨᠡᠭᠴᠢᠳ ᠤᠨ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ

ᠪᠠᠶᠠᠲᠦ ᠴᠣᠭᠴᠠ ᠶᠢᠨ ᠬᠠᠷᠢᠭᠤᠴᠠᠯᠭᠠᠲᠦ ᠤᠬᠠᠮᠰᠠᠷ ᠴᠢᠩᠭ᠎ᠠ ᠪᠤᠰᠤ᠂ ᠬᠡᠰᠡᠭ ᠬᠥᠮᠦᠰ ᠲᠤ ᠡᠷᠡᠭᠦᠯ ᠮᠡᠨᠳᠦ ᠶᠢᠨ

ᠦᠨᠡᠮᠯᠡᠯ ᠪᠠᠶᠢᠬᠤ ᠦᠭᠡᠢ᠂ ᠬᠡᠷᠡᠭᠯᠡᠬᠦ ᠬᠤᠭᠤᠴᠠᠭ᠎ᠠ ᠠᠴᠠ ᠬᠡᠲᠤᠷᠡᠭᠰᠡᠨ ᠢᠳᠡᠭᠡᠨ ᠪᠤᠷᠤᠯᠠᠭᠤᠯᠤᠭᠰᠡᠨ᠂ ᠵᠣᠷ ᠤᠨ ᠡᠮ

ᠪᠣᠯᠤᠨ ᠵᠣᠷ ᠤᠨ ᠪᠤᠰᠤ ᠡᠮ ᠢ ᠣᠷᠣᠨ ᠬᠤᠪᠢᠶᠠᠨ ᠲᠥᠷᠥᠯ ᠬᠤᠪᠢᠶᠠᠨ ᠪᠣᠷᠣᠯᠠᠭᠤᠯᠤᠭᠰᠠᠨ ᠦᠭᠡᠢ ᠵᠡᠷᠭᠡ

ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠢᠯᠡᠷᠡᠭᠦᠯᠦᠭᠰᠡᠨ ᠠᠰᠠᠭᠤᠳᠠᠯ ᠢ ᠴᠢᠩᠭ᠎ᠠ ᠰᠢᠶᠳᠬᠡᠵᠦ

ᠬᠦᠨᠳᠦ ᠪᠠᠷ ᠲᠣᠷᠭᠠᠵᠤ᠂ ᠦᠴᠦᠭᠡᠨ ᠴᠤ ᠢᠯᠳᠠᠷ ᠬᠠᠶᠠᠬᠤ ᠦᠭᠡᠢ᠃ ᠭᠠᠵᠠᠷ ᠤᠷᠤᠨ ᠤ ᠨᠠᠮ ᠵᠠᠰᠠᠭ ᠤᠨ

ᠤᠳᠤᠷᠢᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠲᠠᠨᠢᠯᠲᠠ ᠪᠠᠨ ᠳᠡᠭᠡᠭᠰᠢᠯᠡᠭᠦᠯᠦᠨ᠂ ︽ᠬᠠᠤᠯᠢ

ᠬᠡᠷᠡᠭᠵᠢᠭᠦᠯᠬᠦ ᠪᠣᠯ ᠬᠠᠮᠤᠭ ᠤᠨ ᠰᠠᠶᠢᠨ ᠦᠢᠯᠡᠴᠢᠯᠡᠭᠡ᠂ ᠰᠢᠢᠳᠭᠡᠨ ᠲᠣᠷᠭᠠᠬᠤ ᠪᠣᠯ ᠬᠠᠮᠤᠭ ᠤᠨ ᠪᠦᠲᠦᠮᠵᠢᠲᠡᠢ

ᠬᠢᠨᠠᠯᠲᠠ ᠬᠠᠮᠢᠶᠠᠷᠤᠯᠲᠠ ᠮᠥᠨ︾᠂ ︽ᠴᠣᠬᠢᠯᠲᠠ ᠥᠭᠬᠦ ᠪᠠ ᠢᠯᠡᠴᠢᠯᠡᠬᠦ ᠶᠢ ᠵᠡᠷᠭᠡᠪᠡᠷ ᠴᠢᠬᠤᠯᠠᠴᠢᠯᠠᠬᠤ︾

ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠬᠤᠰᠢᠭᠤᠨ ᠤ ᠬᠡᠪᠴᠢᠶᠡᠨ ᠳᠤ ᠲᠤᠭᠤᠰᠢᠳᠠᠢ ᠪᠠᠶᠢᠴᠠᠭᠠᠯᠲᠡ ᠬᠢᠵᠦ᠂

︽ᠪᠦᠬᠦᠨ ᠢ ᠪᠦᠷᠬᠦᠭᠦᠯᠬᠦ᠂ ᠥᠴᠦᠬᠡᠨ ᠴᠦ ᠠᠭᠤᠴᠢᠯᠠᠬᠤ ᠦᠭᠡᠢ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠬᠠᠤᠯᠢ ᠶᠢ

ᠴᠢᠩᠭ᠎ᠠ ᠬᠡᠷᠡᠭᠵᠢᠭᠦᠯᠬᠦ︾ ᠶᠢ ᠪᠡᠶᠡᠯᠡᠭᠦᠯᠵᠦ᠂ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ︽ᠠᠶᠤᠩᠭ᠎ᠠ ᠨᠢᠵᠢᠭᠢᠨᠡᠭᠰᠡᠨ

ᠠᠵᠢᠯᠯᠠᠭ᠎ᠠ︾ ᠶᠢᠨ ᠪᠤᠳᠠᠲᠦ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃

     ᠶᠠᠰᠦ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ

ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ︽ᠰᠢᠨ᠎ᠡ ᠬᠥᠳᠡᠯᠭᠡᠭᠦᠷ︾ ᠢ ᠴᠣᠭᠴᠠᠯᠠᠨ᠎ᠠ᠃ ᠲᠤᠰ ᠭᠠᠵᠠᠷ

ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ᠂ ᠶᠠᠰᠤ ᠴᠢᠨᠠᠷ ᠤᠨ

ᠶᠡᠷᠦᠩᠬᠡᠶ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠶᠠᠰᠤ ᠴᠢᠨᠠᠷ ᠤᠨ ᠰᠠᠷ᠎ᠠ︾ ᠶᠢᠨ

ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠲᠦᠷᠢᠮᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂

ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢᠶᠠᠨ ᠴᠢᠩᠭᠠᠳᠬᠠᠨ᠂ ᠤᠯᠤᠰ ᠤᠨ

ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠠᠭᠠᠯᠠᠯᠲᠡ ᠶᠢᠨ ᠦᠶᠯᠡᠳᠬᠦᠨ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠨᠠᠩ

ᠶᠡᠭᠡ ᠥᠷᠢᠰᠦᠯᠳᠦᠬᠦ ᠬᠦᠴᠦᠨ ᠲᠠᠢ ︽ᠳᠠᠷᠬᠠᠨ ᠮᠤᠤᠮᠢᠩᠭᠠᠨ ᠤ ᠨᠡᠷᠡᠲᠦ ᠲᠡᠮᠲᠡᠭ︾ ᠢ ᠴᠢᠷᠮᠠᠶᠢᠨ ᠡᠭᠦᠲᠦᠨ᠎ᠡ᠃

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号