ᠭᠠᠴᠠᠭ᠎ᠠ ᠲᠤᠰᠬᠤᠨ ᠤ ᠮᠠᠯ ᠤᠨ ᠡᠮᠴᠢ ᠶᠢᠨ ︽ᠬᠦᠯᠦᠰᠦ ᠤᠯᠭᠤᠮᠵᠢ ᠶᠢ ᠲᠡᠭᠡᠭᠰᠢᠯᠡᠭᠦᠯᠬᠦ ᠪᠠᠷ ᠪᠤᠢ︾
ᠨᠡᠶᠢᠲᠡᠯᠡᠭᠰᠡᠨ ᠴᠠᠭ᠄
2019-08-07
     7 ᠰᠡᠷ᠎ᠡ ᠶᠢᠨ 18 ᠤ ᠡᠳᠤᠷ᠂ ᠬᠦᠲᠡᠭᠡ ᠠᠵᠤ ᠠᠬᠤᠢ ᠬᠦᠲᠡᠭᠡ ᠲᠤᠰᠬᠤᠨ ᠤ ᠶᠠᠮᠤᠨ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠬᠤᠶᠠᠳᠤᠭᠠᠷ ᠤᠳᠠᠭᠠᠨ ᠤ ᠬᠤᠷᠡᠯ ᠳᠤ ᠰᠠᠨᠠᠭᠤᠯᠭ᠎ᠠ ᠭᠠᠷᠭᠠᠭᠰᠡᠨ ︽ᠤᠤᠯ ᠤᠨ ᠭᠠᠴᠠᠭ᠎ᠠ ᠲᠤᠰᠬᠤᠨ ᠤ ᠲᠡᠰ ᠤᠨ ᠮᠠᠯ ᠤᠨ ᠡᠮᠴᠢ ᠳᠤ ᠨᠦᠬᠦᠪᠦᠷᠢ ᠦᠭᠭᠦ ᠲᠤᠬᠠᠢ ᠰᠠᠨᠠᠯ︾ ᠳᠤ ᠬᠠᠷᠢᠭᠤᠯᠲᠡ ᠦᠭᠴᠠᠢ᠃      ᠤᠤᠯ ᠤᠨ ᠭᠠᠴᠠᠭ᠎ᠠ ᠲᠤᠰᠬᠤᠨ ᠤ ᠲᠡᠰ ᠤᠨ ᠮᠠᠯ ᠤᠨ ᠡᠮᠴᠢ ᠦᠩᠭᠡᠷᠡᠭᠰᠡᠨ ᠳᠤ ᠮᠠᠨ ᠤ ᠤᠯᠤᠰ ᠤᠨ ᠦᠨᠳᠦᠰᠦᠨ ᠱᠠᠳᠤᠨ ᠤ ᠠᠮᠢᠲᠡᠨ ᠤ ᠬᠢᠵᠢᠭ ᠭᠡᠮ ᠢ ᠰᠡᠷᠭᠡᠶᠢᠯᠡᠨ ᠵᠠᠰᠠᠬᠤ ᠳᠤ ᠴᠢᠬᠤᠯᠠ ᠭᠠᠪᠢᠶ᠎ᠡ ᠵᠢᠳᠭᠦᠯ ᠦᠵᠡᠭᠦᠯᠪᠡ᠃      ︽ᠰᠠᠨᠠᠯ︾ ᠳᠤ ᠵᠢᠭᠠᠭᠰᠡᠨ ᠢᠶᠠᠷ᠄ ︽ᠬᠦᠲᠡᠭᠡ ᠠᠵᠤ ᠠᠬᠤᠢ ᠬᠦᠲᠡᠭᠡ ᠲᠤᠰᠬᠤᠨ ᠤ ᠶᠠᠮᠤᠨ ᠠᠴᠠ ᠤᠤᠯ ᠤᠨ ᠭᠠᠴᠠᠭ᠎ᠠ ᠲᠤᠰᠬᠤᠨ ᠤ ᠲᠡᠰ ᠤᠨ ᠮᠠᠯ ᠤᠨ ᠡᠮᠴᠢ ᠶᠢᠨ ᠬᠠᠷᠠᠭᠠᠯᠵᠠᠯ ᠬᠦᠷᠲᠡᠮᠵᠢ ᠶᠢᠨ ᠠᠰᠠᠭᠤᠳᠡᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠠᠨ ᠤᠳᠠᠭ᠎ᠠ ᠲᠤᠰᠬᠠᠢ ᠲᠦᠷᠦᠯ ᠤᠨ ᠪᠠᠶᠢᠴᠠᠭᠠᠨ ᠰᠤᠳᠤᠯᠤᠯᠲᠡ ᠶᠢ ᠵᠤᠬᠢᠶᠠᠨ ᠪᠠᠶᠢᠭᠤᠯᠤᠯᠨ ᠦᠷᠨᠢᠭᠦᠯᠵᠦ᠂ ᠲᠡᠦᠭᠡ ᠶᠢᠨ ᠠᠬᠤᠢ ᠪᠠᠶᠢᠲᠡᠯ ᠪᠡ ᠭᠤᠤᠯ ᠬᠦᠰᠡᠯ ᠱᠠᠭᠠᠷᠳᠠᠯᠭ᠎ᠠ ᠶᠢ ᠤᠶᠢᠯᠠᠭᠠᠪᠡ᠃ ᠪᠠᠶᠢᠴᠠᠭᠠᠨ ᠰᠤᠳᠤᠯᠤᠭᠰᠡᠨ ᠪᠠᠶᠢᠲᠡᠯ ᠠᠴᠠ ᠦᠵᠡᠪᠡᠯ᠂ ᠤᠤᠯ ᠤᠨ ᠭᠠᠴᠠᠭ᠎ᠠ ᠲᠤᠰᠬᠤᠨ ᠤ ᠲᠡᠰ ᠤᠨ ᠮᠠᠯ ᠤᠨ ᠡᠮᠴᠢ ᠶᠢᠨ ᠬᠠᠷᠠᠭᠠᠯᠵᠠᠯ ᠬᠦᠷᠲᠡᠮᠵᠢ ᠶᠢᠨ ᠠᠰᠠᠭᠤᠳᠡᠯ ᠡᠯ᠎ᠡ ᠭᠠᠵᠠᠷ ᠤᠷᠤᠨ ᠳᠤ ᠴᠦᠮ ᠠᠳᠠᠯᠢ ᠪᠤᠰᠤ  ᠪᠠᠷ ᠤᠷᠤᠰᠢᠵᠦ ᠪᠠᠶᠢᠳᠠᠭ ᠠᠴᠠ ᠪᠦᠬᠦ ᠤᠯᠤᠰ ᠠᠴᠠ ᠨᠢᠭᠡᠳᠤᠯᠲᠠᠢ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠭᠠᠷᠭᠠᠬᠤ ᠳᠤ ᠬᠦᠴᠢᠷ ᠲᠦᠪᠡᠭ ᠲᠠᠢ ᠲᠤᠯᠠᠲᠡ ᠭᠠᠵᠠᠷ ᠤᠷᠤᠨ ᠤ ᠵᠠᠰᠠᠭ ᠤᠨ ᠤᠷᠳᠤᠨ ᠭᠠᠵᠠᠷ ᠤᠷᠤᠨ ᠤ ᠪᠤᠳᠠᠳᠠᠢ ᠪᠠᠶᠢᠲᠡᠯ ᠢᠶᠠᠨ ᠦᠨᠳᠦᠰᠦᠯᠡᠨ ᠪᠤᠳᠤᠯᠭ᠎ᠠ ᠲᠤᠬᠳᠠᠭᠠᠬᠤ ᠬᠡᠷᠡᠭᠵᠢᠭᠦᠯᠬᠦ ᠨᠢ ᠪᠤᠳᠠᠳᠠᠢ ᠠᠷᠭ᠎ᠠ ᠵᠠᠮ ᠮᠦᠨ᠃ ᠤᠶᠢᠯᠠᠭᠠᠭᠰᠡᠨ ᠢᠶᠠᠷ᠂ ᠤᠳᠤᠬᠠᠨ ᠳᠤ ᠵᠠᠷᠢᠮ ᠮᠤᠵᠢ ᠠᠴᠠ ᠨᠠᠰᠤᠵᠢᠯ ᠤᠨ ᠲᠠᠭᠠᠳᠬᠠᠯ ᠤᠨ ᠰᠦᠢᠳᠭᠡᠯ ᠢ ᠨᠢ ᠨᠦᠬᠦᠪᠦᠷᠢᠯᠡᠨ ᠲᠤᠰᠢᠶᠠᠨ ᠦᠭᠭᠦ᠂ ᠠᠵᠢᠯᠯᠠᠭᠰᠡᠨ ᠤᠨ ᠵᠢᠯ ᠤᠨ ᠨᠦᠬᠦᠪᠦᠷᠢ ᠲᠠᠷᠬᠠᠭᠠᠬᠤ᠂ ᠬᠠᠮᠤᠭ ᠤᠨ ᠨᠠᠭᠠᠲᠦ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠳᠤ ᠤᠷᠤᠭᠤᠯᠬᠤ᠂ ᠲᠠᠬᠢᠨ ᠠᠵᠢᠯ ᠤᠯᠭᠤᠬᠤ ᠶᠢ ᠲᠡᠮᠵᠢᠬᠦ᠂ ᠨᠢᠭᠡᠯᠡ ᠤᠳᠠᠭ᠎ᠠ ᠳᠤ ᠠᠵᠤ ᠠᠬᠤᠢ ᠶᠢᠨ ᠨᠦᠬᠦᠪᠦᠷᠢ ᠦᠭᠭᠦ ᠵᠡᠷᠭᠡ ᠠᠷᠭ᠎ᠠ ᠪᠠᠷ ᠬᠤᠯᠪᠤᠬᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠬᠳᠠᠭᠠᠨ ᠬᠡᠷᠡᠭᠵᠢᠭᠦᠯᠪᠡ︾ ᠭᠡᠵᠡᠢ᠃      ᠤᠳᠤᠬᠠᠨ ᠳᠤ᠂ ᠮᠠᠨ ᠤ ᠤᠯᠤᠰ ᠨᠢᠭᠡᠨᠲᠡ ᠠᠵᠢᠯᠲᠡᠨ ᠤ ᠦᠨᠳᠦᠰᠦᠨ ᠨᠠᠰᠤᠵᠢᠯ ᠤᠨ ᠲᠠᠭᠠᠳᠬᠠᠯ ᠪᠤᠯᠤᠨ ᠬᠤᠲᠡ ᠬᠦᠲᠡᠭᠡ ᠶᠢᠨ ᠰᠠᠭᠤᠭᠠᠯᠢ ᠠᠷᠡᠳ ᠤᠨ ᠨᠠᠰᠤᠵᠢᠯ ᠤᠨ ᠲᠠᠭᠠᠳᠬᠠᠯ ᠬᠤᠶᠠᠷ ᠶᠡᠭᠡ ᠲᠦᠷᠢᠮ ᠤᠨ ᠲᠡᠪᠴᠠᠩ  ᠢ ᠪᠠᠶᠢᠭᠤᠯᠵᠦ᠂ ᠤᠤᠯ ᠤᠨ ᠭᠠᠴᠠᠭ᠎ᠠ ᠲᠤᠰᠬᠤᠨ ᠤ ᠲᠡᠰ ᠤᠨ ᠮᠠᠯ ᠤᠨ ᠡᠮᠴᠢ ᠲᠤᠭᠳᠠᠭᠠᠯ ᠶᠤᠰᠤᠭᠠᠷ ᠲᠠᠭᠠᠳᠬᠠᠯ  ᠳᠤ ᠤᠷᠤᠯᠴᠠᠨ ᠰᠦᠢᠳᠭᠡᠯ ᠲᠤᠰᠢᠶᠠᠵᠦ ᠬᠤᠲᠡ ᠬᠦᠲᠡᠭᠡ ᠶᠢᠨ ᠰᠠᠭᠤᠭᠠᠯᠢ ᠠᠷᠡᠳ ᠤᠨ ᠨᠠᠰᠤᠵᠢᠯ ᠤᠨ ᠲᠠᠭᠠᠳᠬᠠᠯ  ᠤᠨ ᠬᠠᠷᠠᠭᠠᠯᠵᠠᠯ ᠬᠦᠷᠲᠡᠮᠵᠢ ᠶᠢ ᠬᠦᠷᠲᠡᠵᠦ ᠪᠤᠯᠤᠨ᠎ᠡ᠃      ᠲᠠᠷᠠᠭᠠᠴᠢ ᠶᠢᠨ ᠠᠯᠬᠤᠮ ᠳᠤ᠂ ᠲᠦᠪ ᠤᠨ ᠡᠳ᠋ ᠤᠨ ᠵᠠᠰᠠᠭ ᠠᠴᠠ ᠦᠷᠭᠦᠯᠵᠢᠯᠠᠨ ᠬᠤᠲᠡ ᠬᠦᠲᠡᠭᠡ ᠶᠢᠨ ᠰᠠᠭᠤᠭᠠᠯᠢ ᠠᠷᠡᠳ ᠤᠨ ᠨᠠᠰᠤᠵᠢᠯ ᠤᠨ ᠲᠠᠭᠠᠳᠬᠠᠯ ᠤᠨ ᠡᠷᠴᠢᠮ ᠢ ᠴᠢᠩᠭᠠᠳᠬᠠᠬᠤ ᠪᠦᠭᠡᠳ ᠲᠠᠭᠠᠳᠬᠠᠯ ᠳᠤ ᠤᠷᠤᠯᠴᠠᠭᠰᠠᠨ ᠠᠷᠡᠳ ᠤᠠᠯᠨ ᠲᠤᠰᠢᠶᠠᠬᠤ᠂ ᠤᠷᠲᠦ ᠬᠤᠭᠤᠴᠠᠭ᠎ᠠ ᠪᠠᠷ ᠰᠦᠢᠳᠭᠡᠯ ᠲᠤᠰᠢᠶᠠᠬᠤ ᠶᠢ ᠢᠲᠡᠪᠬᠢᠲᠠᠢ  ᠪᠠᠷ ᠬᠦᠲᠦᠯᠵᠦ᠂ ᠨᠠᠰᠤᠵᠢᠯ ᠤᠨ ᠪᠠᠳᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ ᠭᠡᠵᠦ ᠲᠤᠷᠠᠳᠴᠠᠢ᠃ ᠬᠦᠲᠡᠭᠡ ᠠᠵᠤ ᠠᠬᠤᠢ ᠬᠦᠲᠡᠭᠡ ᠲᠤᠰᠬᠤᠨ ᠤ ᠶᠠᠮᠤᠨ ᠠᠴᠠ᠄ ︽ᠬᠠᠮᠢᠶ᠎ᠡ ᠪᠦᠬᠦᠢ ᠰᠠᠯᠠᠭ᠎ᠠ ᠮᠦᠴᠢᠷ ᠲᠠᠢ ᠬᠤᠯᠪᠤᠭᠠᠯᠠᠨ ᠭᠠᠵᠠᠷ ᠤᠷᠤᠨ ᠤ ᠲᠦᠷᠦ ᠶᠢᠨ ᠪᠤᠳᠤᠯᠭ᠎ᠠ ᠭᠠᠷᠭᠠᠬᠤ ᠶᠢ ᠦᠷᠬᠦᠯᠵᠢᠯᠠᠨ ᠲᠦᠯᠬᠢᠨ ᠠᠬᠢᠭᠤᠯᠵᠦ᠂ ᠤᠤᠯ ᠤᠨ ᠭᠠᠴᠠᠭ᠎ᠠ ᠲᠤᠰᠬᠤᠨ ᠤ ᠲᠡᠰ ᠤᠨ ᠮᠠᠯ ᠤᠨ ᠡᠮᠴᠢ ᠶᠢᠨ ᠦᠯᠡᠲᠡᠭᠲᠡᠯ ᠠᠰᠠᠭᠤᠳᠡᠯ ᠢ ᠠᠯᠭᠤᠷ ᠠᠭᠠᠵᠢᠮ  ᠢᠶᠠᠷ ᠰᠢᠢᠳᠪᠦᠷᠢᠯᠡᠨ᠎ᠡ︾ ᠭᠡᠵᠦ ᠢᠯᠡᠷᠭᠡᠶᠢᠯᠡᠵᠠᠢ᠃
 
ᠢᠷᠡᠯᠲᠡ᠄ ︽ᠬᠦᠲᠡᠭᠡ ᠠᠵᠤ ᠠᠬᠤᠢ ᠬᠦᠲᠡᠭᠡ ᠲᠤᠰᠬᠤᠨ ᠲᠠᠷᠢᠶᠠᠴᠢᠨ ᠤ ᠠᠵᠢᠬᠯᠠᠯᠲᠡ︾ ᠵᠢᠷᠬᠢᠶ᠎ᠡ ᠶᠢᠨ ᠲᠡᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号