ᠰᠢᠷᠠᠮᠥ᠋ᠷᠡᠨ ᠲᠡᠯ᠎ᠡ ᠨᠤᠳᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤᠯᠠᠮ ᠠᠴᠠ ᠲᠦᠷᠢᠮᠵᠢᠵᠦ ᠪᠤᠢ
ᠨᠡᠶᠢᠲᠡᠯᠡᠭᠰᠡᠨ ᠴᠠᠭ᠄
2019-09-11
     ᠤᠶᠢᠷ᠎ᠡ ᠶᠢᠨ ᠬᠤᠭᠤᠴᠠᠭᠠᠨ ᠳᠤ᠂ ᠰᠢᠷᠠᠮᠥ᠋ᠷᠡᠨ ᠪᠠᠯᠭᠠᠰᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠰᠢᠷᠡᠮᠦ᠋ᠷᠡᠨ ᠲᠡᠯ᠎ᠡ ᠨᠤᠳᠤᠭ ᠤᠨ ᠵᠢᠭᠤᠯᠴᠢᠯᠠᠯ ᠤᠨ ᠬᠠᠮᠢᠶᠠᠷᠤᠯᠲᠠ ᠦᠢᠯᠡᠴᠢᠯᠡᠭᠡᠨ ᠤ ᠲᠦᠪ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠳᠤᠷᠡᠨ ᠬᠠᠤᠯᠢ ᠬᠡᠷᠡᠭᠵᠢᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠮᠤᠷ ᠲᠦᠪᠰᠢᠨ ᠳᠤ ᠶᠡᠭᠡ ᠪᠠᠶᠢᠴᠠᠭᠠᠯᠲᠠ ᠬᠢᠪᠡ᠃ ᠬᠤᠰᠢᠭᠤ᠂ ᠪᠠᠯᠭᠠᠰᠤ ᠬᠤᠶᠠᠷ ᠱᠠᠲᠤᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠦᠬᠦ ᠶᠠᠪᠤᠴᠠ ᠳᠤ ᠮᠦᠷᠲᠡᠨ ᠪᠠᠶᠢᠴᠠᠭᠠᠵᠦ᠂ ᠦᠨᠡᠮᠯᠡᠯ ᠪᠠᠷᠢᠵᠦ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ ᠲᠣᠰ ᠤᠳᠠᠭᠠᠨ ᠤ ᠬᠠᠮᠳᠤᠷᠠᠭᠰᠡᠨ ᠬᠠᠦᠯᠢ ᠬᠡᠷᠡᠭᠵᠢᠭᠦᠯᠦᠯᠲᠡ ᠨᠢ ︽ᠠᠵᠤ ᠠᠬᠤᠶᠢᠯᠠᠯ ᠥᠪᠡᠷ ᠢ ᠪᠠᠨ ᠴᠢᠩᠭ᠎ᠠ ᠱᠠᠭᠠᠷᠳᠠᠬᠤ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ ᠨᠡᠶᠢᠭᠡᠮ ᠨᠡᠶᠢᠲᠡ ᠠᠴᠠ ᠬᠢᠨᠠᠯᠲᠠ ᠲᠠᠯᠪᠢᠬᠤ︾ ᠠᠵᠢᠯᠯᠠᠭᠠᠨ ᠤ ᠪᠠᠶᠢᠷᠢᠰᠢᠯ ᠢ ᠪᠣᠶ ᠪᠣᠯᠭᠠᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃    

 

 

                ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠤᠷᠴᠢᠭᠤᠯᠤᠨ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号