ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2019 ᠤᠨ ᠤ ᠰᠤᠷᠭᠠᠨ ᠬᠥᠮᠦᠵᠢᠯ ᠤᠨ ᠠᠵᠢᠯ ᠤᠨ ᠬᠤᠷᠡᠯ ᠵᠢᠴᠢ ᠭᠤᠴᠢᠨ ᠲᠠᠪᠤᠳᠠᠬᠢ ᠪᠠᠭᠰᠢ ᠶᠢᠨ ᠪᠠᠶᠠᠷ ᠤᠨ ᠡᠳᠤᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠬᠳᠠᠪᠡ
ᠨᠡᠶᠢᠲᠡᠯᠡᠭᠰᠡᠨ ᠴᠠᠭ᠄
2019-09-16
     9 ᠰᠠᠷ᠎ᠠ ᠶᠢᠨ 10 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2019 ᠤᠨ ᠤ ᠰᠤᠷᠭᠠᠨ ᠬᠥᠮᠦᠵᠢᠯ ᠤᠨ ᠠᠵᠢᠯ ᠤᠨ ᠬᠤᠷᠡᠯ ᠵᠢᠴᠢ ᠭᠤᠴᠢᠨ ᠲᠡᠪᠤᠳᠡᠬᠢ ᠪᠠᠭᠰᠢ ᠶᠢᠨ ᠪᠠᠶᠠᠷ ᠤᠨ ᠡᠳᠤᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠬᠳᠡᠪᠡ᠃ ᠬᠤᠰᠢᠭᠤᠨ ᠤ ᠤᠳᠤᠷᠢᠳᠤᠯᠭ᠎ᠠ ᠭᠦᠩ ᠬᠤᠸᠠ᠂ ᠱᠢ ᠵᠦᠩ ᠴᠢᠨ᠂ ᠭᠡᠷᠡᠯ᠂ ᠡᠤ ᠼᠦᠨ ᠪᠦᠦ ᠬᠤᠷᠠᠯ ᠳᠤ ᠣᠷᠣᠯᠴᠠᠪᠠ᠃ ᠬᠤᠰᠢᠭᠤᠨ ᠳᠡᠳ᠋ ᠳᠠᠷᠤᠭ᠎ᠠ ᠯᠦ ᠮᠢᠩ ᠹᠦ᠋ ᠬᠤᠷᠠᠯ ᠡᠷᠭᠢᠯᠡᠪᠡ᠃    

     ᠬᠤᠷᠠᠯ ᠳᠡᠭᠡᠷ᠎ᠡ᠂ ᠬᠤᠰᠢᠭᠤᠨ ᠳᠡᠳ᠋ ᠳᠠᠷᠤᠭ᠎ᠠ ᠭᠡᠷᠡᠯ ︽ᠳᠤᠮᠳᠠᠳᠤ ᠤᠯᠤᠰ ᠤᠨ ᠡᠪ ᠬᠠᠮᠲᠤ ᠨᠠᠮ ᠤᠨ

ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ

ᠠᠷᠠᠳ ᠤᠨ ᠵᠠᠰᠠᠭ ᠤᠨ ᠣᠷᠳᠣᠨ ᠤ 2019 ᠤᠨ ᠤ ᠰᠢᠯᠢᠳᠡᠭ ᠪᠠᠭᠰᠢ᠂ ᠰᠢᠯᠢᠳᠡᠭ ᠰᠤᠷᠭᠠᠨ ᠬᠥᠮᠦᠵᠢᠯ ᠤᠨ

ᠠᠵᠢᠯᠲᠠᠨ ᠪᠠ ᠪᠠᠭᠰᠢ ᠪᠠᠨ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠭᠰᠠᠨ ᠲᠡᠷᠢᠭᠦᠨ ᠤ ᠬᠤᠪᠢ ᠬᠥᠮᠦᠨ᠂

ᠲᠡᠷᠢᠭᠦᠨ ᠤ ᠬᠠᠮᠲᠤ ᠨᠢᠭᠡᠴᠡ ᠶᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ︾ ᠢ ᠨᠡᠶᠢᠲᠡᠯᠡᠵᠦ᠂ 58 ᠨᠠᠷᠡᠰ

ᠰᠢᠯᠢᠳᠡᠭ ᠪᠠᠭᠰᠢ᠂ 28 ᠨᠠᠷᠡᠰ ᠰᠢᠯᠢᠳᠡᠭ ᠠᠩᠭᠢ ᠶᠢᠨ ᠡᠷᠬᠢᠯᠡᠭᠴᠢ᠂ 14 ᠨᠠᠷᠡᠰ ᠰᠢᠯᠢᠳᠡᠭ ᠰᠤᠷᠭᠠᠨ ᠬᠥᠮᠦᠵᠢᠯ ᠤᠨ

ᠠᠵᠢᠯᠲᠠᠨ᠂ 7 ᠨᠠᠷᠡᠰ ᠰᠢᠯᠢᠳᠡᠭ ᠬᠥᠳᠡᠭᠡ ᠲᠣᠰᠬᠤᠨ ᠤ ᠪᠠᠭᠰᠢ᠂ 3 ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ

ᠶᠠᠰᠤ ᠴᠢᠨᠠᠷ ᠢ ᠲᠡᠭᠡᠭᠰᠢᠯᠡᠭᠦᠯᠦᠭᠰᠡᠨ ᠬᠠᠮᠲᠦ ᠨᠢᠭᠡᠴᠡ᠂ 5 ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ

ᠲᠡᠷᠢᠭᠦᠨ ᠤ ᠬᠠᠮᠲᠤ ᠨᠢᠭᠡᠴᠡ᠂ 9 ᠪᠠᠭᠰᠢ ᠪᠠᠨ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠭᠰᠠᠨ

ᠲᠡᠷᠢᠭᠦᠨ ᠤ ᠬᠠᠮᠲᠤ ᠨᠢᠭᠡᠴᠡ᠂ 5 ᠨᠠᠷᠡᠰ ᠪᠠᠭᠰᠢ ᠪᠠᠨ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠭᠰᠠᠨ

ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠱᠠᠩᠨᠠᠪᠠ᠃

     

     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠱᠢ ᠵᠦᠩ ᠴᠢᠨ

ᠬᠤᠰᠢᠭᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤ

ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠵᠢᠴᠢ ᠪᠦᠬᠦ ᠬᠤᠰᠢᠭᠤᠨ ᠤ

ᠦᠨᠳᠦᠰᠦᠲᠡᠨ ᠨᠦᠭᠦᠳ ᠤᠨ ᠣᠯᠠᠨ ᠲᠦᠮᠡᠨ ᠢ ᠲᠥᠯᠥᠭᠡᠯᠡᠨ᠂ ᠪᠦᠬᠦ ᠬᠤᠰᠢᠭᠤᠨ ᠤ ᠪᠠᠭᠰᠢ ᠠᠵᠢᠯᠲᠡᠳ ᠳᠤ

ᠪᠠᠶᠠᠷ ᠤᠨ ᠡᠳᠦᠷ ᠤᠨ ᠮᠡᠨᠳᠤᠴᠢᠯᠡᠯ ᠳᠡᠪᠰᠢᠭᠦᠯᠵᠦ᠂ ᠬᠥᠬᠢᠭᠦᠯᠦᠯ ᠬᠦᠷᠲᠡᠭᠰᠡᠨ ᠲᠡᠷᠢᠭᠦᠨ ᠤ ᠬᠠᠮᠲᠤ ᠨᠢᠭᠡᠴᠡ ᠪᠠ

ᠲᠠᠷᠢᠭᠦᠨ ᠤ ᠬᠤᠪᠢ ᠬᠥᠮᠦᠨ ᠳᠤ ᠪᠠᠶᠠᠷ ᠬᠦᠷᠭᠡᠪᠡ᠃

     ᠰᠢᠯᠢᠳᠡᠭ ᠪᠠᠭᠰᠢ ᠶᠢᠨ ᠲᠦᠯᠦᠭᠡᠯᠡᠭᠴᠢ ᠠᠴᠠ ᠦᠭᠡ ᠬᠡᠯᠡᠵᠦ᠂ ᠬᠤᠰᠢᠭᠤᠨ ᠲᠡᠳ᠋ ᠲᠠᠷᠤᠭ᠎ᠠ ᠯᠦ ᠮᠢᠩ ᠹᠦ᠋

ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠠᠵᠢᠯ ᠤᠨ ᠲᠤᠬᠠᠢ ᠬᠠᠷᠢᠭᠤ ᠮᠡᠲᠡᠭᠦᠯᠦᠯᠲᠡ ᠬᠢᠪᠡ᠃

     

     ᠱᠢ ᠵᠦᠩ ᠴᠢᠨ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ

ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠡᠭᠡᠲᠦ ᠱᠠᠲᠤᠨ ᠤ ᠰᠤᠷᠭᠠᠨ ᠬᠥᠮᠦᠵᠢᠯ ᠤᠨ ᠠᠵᠢᠯ ᠤᠨ

ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠦ᠂ ᠪᠦᠬᠦ ᠬᠤᠰᠢᠭᠤᠨ ᠤ

ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠶᠯ ᠤᠨ ᠠᠵᠢᠯ ᠤᠨ ᠤᠷᠤᠭᠰᠢᠲᠠᠶ

ᠶᠠᠪᠤᠭᠳᠠᠬᠤ ᠶᠢ ᠠᠬᠢᠭᠤᠯᠬᠤ ᠬᠡᠷᠡᠭᠲᠡᠶ᠃ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠷᠢᠨ ᠬᠢᠨᠠᠮᠠᠭᠠᠶ

ᠨᠠᠶᠢᠳᠠᠪᠦᠷᠢᠵᠢᠭᠤᠯᠵᠦ᠂ ᠬᠦᠰᠡᠯ ᠡᠷᠡᠮᠡᠯᠵᠡᠯ ᠢᠲᠡᠭᠡᠯ ᠪᠢᠰᠢᠷᠡᠯ ᠢᠶᠠᠨ ᠪᠠᠲᠤᠳᠬᠠᠬᠤ᠂ ᠡᠬᠡ ᠣᠷᠣᠨᠴᠢ ᠦᠵᠡᠯ ᠤᠨ

ᠬᠠᠶᠢᠷ᠎ᠠ ᠰᠡᠳᠬᠢᠯᠭᠡ ᠶᠢ ᠵᠤᠵᠠᠭᠠᠳᠬᠠᠬᠤ᠂ ᠮᠣᠷᠠᠯ ᠰᠤᠷᠳᠠᠬᠤᠨ ᠤ ᠪᠣᠯᠪᠠᠰᠤᠷᠠᠯ ᠢᠶᠠᠨ ᠴᠢᠩᠭᠠᠳᠬᠠᠬᠤ᠂ ᠮᠡᠳᠡᠯᠭᠡ

ᠲᠠᠨᠢᠯᠲᠠ ᠪᠠᠨ ᠨᠡᠮᠡᠭᠳᠡᠭᠦᠯᠬᠦ᠂ ᠲᠡᠮᠡᠴᠡᠯ ᠤᠨ ᠵᠣᠷᠢᠭ ᠰᠠᠨᠠᠭ᠎ᠠ ᠪᠠᠨ ᠬᠥᠮᠦᠵᠢᠭᠦᠯᠬᠦ᠂ ᠶᠡᠷᠦᠩᠬᠡᠶᠢᠯᠡᠭᠰᠡᠨ ᠬᠡᠪ ᠴᠢᠨᠠᠷ ᠢᠶᠠᠨ

ᠴᠢᠩᠭᠠᠳᠬᠠᠬᠤ ᠲᠡᠭᠡᠷ᠎ᠡ ᠬᠦᠴᠦ ᠪᠠᠨ ᠲᠠᠯᠪᠢᠵᠦ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ

ᠰᠠᠶᠢᠬᠠᠨ ᠪᠦᠬᠦ ᠲᠠᠯ᠎ᠠ ᠪᠠᠷ ᠬᠥᠭᠵᠢᠭᠰᠡᠨ ᠢᠲᠡᠭᠡᠯ ᠵᠣᠷᠢᠭ ᠲᠠᠢ ᠵᠠᠯᠠᠭᠤᠴᠤᠳ ᠢ ᠬᠦᠮᠦᠵᠢᠭᠦᠯᠬᠦ ᠬᠡᠷᠡᠭᠲᠠᠢ᠃ ᠰᠤᠷᠭᠠᠨ

ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠪᠣᠳᠠᠲᠤ

ᠪᠠᠶᠢᠳᠠᠯ ᠲᠠᠢ ᠪᠠᠨ ᠤᠶᠠᠯᠳᠤᠭᠤᠯᠤᠨ᠂ ᠬᠠᠮᠢᠶᠠᠷᠤᠯᠲᠠ᠂ ᠰᠤᠷᠭᠠᠭᠤᠯᠢ ᠡᠷᠬᠢᠯᠡᠬᠦ᠂ ᠵᠢᠭᠠᠨ ᠰᠤᠷᠭᠠᠯᠲᠠ ᠶᠢᠨ ᠶᠠᠰᠤ ᠴᠢᠨᠠᠷ᠂

ᠰᠤᠷᠭᠠᠨ ᠬᠥᠮᠦᠵᠢᠯ ᠤᠨ ᠦᠨᠡᠯᠡᠯᠲᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠠᠩᠬᠠᠷᠤᠯ ᠢᠶᠠᠨ

ᠲᠥᠪᠯᠡᠷᠡᠭᠦᠯᠵᠦ᠂ ᠰᠠᠶᠢᠳᠤᠷ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ

ᠶᠠᠰᠤ ᠴᠢᠨᠠᠷ ᠢ ᠴᠢᠩᠭᠠᠳᠬᠠᠬᠤ ᠬᠡᠷᠡᠭᠲᠠᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠨ

ᠴᠢᠩᠭᠠᠳᠬᠠᠵᠦ᠂ ᠥᠷᠭᠡᠨ ᠣᠯᠠᠨ ᠪᠠᠭᠰᠢ ᠨᠠᠷ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡ ᠶᠢ

ᠪᠦᠷᠢᠯᠳᠦᠭᠦᠯᠦᠭᠰᠡᠨ ᠰᠠᠶᠢᠨ ᠪᠠᠭᠰᠢ︾ ᠶᠢᠨ ᠪᠠᠷᠢᠮᠵᠢᠶ᠎ᠠ ᠪᠣᠯᠤᠨ ᠱᠠᠭᠠᠷᠳᠠᠯᠭ᠎ᠠ ᠶᠢ ᠪᠠᠷᠢᠮᠲᠠᠯᠠᠵᠤ᠂ ᠲᠣᠰ ᠪᠡᠶ᠎ᠡ ᠶᠢᠨ

ᠮᠡᠲᠡᠯᠭᠡ ᠴᠢᠳᠠᠪᠤᠷᠢ ᠪᠣᠯᠤᠨ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ

ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢᠲᠡᠪᠬᠢᠯᠡᠨ ᠠᠵᠢᠯᠯᠠᠵᠦ᠂ ᠪᠥᠬᠦ

ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ

ᠬᠠᠮᠳᠤᠷᠡᠯ ᠬᠦᠴᠦᠨ ᠢ ᠪᠤᠢ ᠪᠤᠯᠭᠠᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠳᠤ ᠰᠠᠶᠢᠨ

ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠪᠠᠷ ᠬᠦᠴᠦᠯᠡᠨ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠡᠪᠡ᠃

               

                   ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠤᠷᠴᠢᠭᠤᠯᠤᠨ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号