ᠭᠠᠵᠠᠷ ᠰᠢᠷᠦᠢ ᠶᠢᠨ ᠳᠠᠭᠠᠭᠠᠴᠢᠯᠠᠯᠲᠠ ᠶᠢᠨ ᠬᠠᠤᠯᠢ ᠳᠠᠬᠢ ᠮᠠᠯᠴᠢᠨ ᠲᠠᠷᠢᠶᠠᠴᠢᠨ ᠤ ᠠᠰᠢᠭ ᠲᠣᠰᠠ  ᠲᠠᠢ ᠬᠤᠯᠪᠣᠭᠳᠠᠬᠤ ᠴᠢᠬᠤᠯᠠ ᠲᠣᠭᠲᠠᠭᠠᠯ
ᠨᠡᠶᠢᠲᠡᠯᠡᠭᠰᠡᠨ ᠴᠠᠭ᠄
2019-09-02
     ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠤᠯᠤᠳᠤᠭᠠᠷ ᠬᠤᠷᠠᠯ ᠠᠴᠠ ᠵᠠᠰᠠᠪᠤᠷᠢ ᠤᠷᠤᠭᠤᠯᠤᠭᠰᠠᠨ ︽ᠬᠦᠳᠡᠭᠡ ᠲᠤᠰᠬᠤᠨ ᠤ ᠭᠠᠵᠠᠷ ᠰᠢᠷᠦᠢ ᠶᠢᠨ ᠳᠠᠭᠠᠭᠠᠴᠢᠯᠠᠯᠲᠠ ᠶᠢᠨ ᠬᠠᠤᠯᠢ︾ ᠶᠢ ᠪᠠᠲᠤᠯᠠᠵᠤ᠂ ᠬᠤᠲᠠ ᠤᠷᠤᠭᠰᠠᠨ ᠮᠠᠯᠴᠢᠨ ᠲᠠᠷᠢᠶᠠᠴᠢᠨ ᠤ ᠭᠠᠵᠠᠷ ᠰᠢᠷᠦᠢ ᠳᠠᠭᠠᠭᠠᠴᠢᠯᠠᠬᠤ ᠡᠷᠬᠡ ᠶᠢᠨ ᠲᠤᠬᠠᠢ ᠴᠢᠬᠤᠯᠠ ᠳᠣᠭᠳᠠᠭᠠᠯ ᠭᠠᠷᠭᠠᠵᠠᠢ᠃ ᠲᠤᠬᠠᠶᠢᠢᠯᠠᠪᠠᠯ᠂ ᠭᠠᠵᠠᠷ ᠰᠢᠷᠦᠢ ︵ᠨᠤᠲᠤᠭ ᠪᠡᠯᠴᠢᠭᠡᠷ︶ ᠳᠠᠭᠠᠭᠠᠴᠢᠯᠠᠭᠰᠠᠨ ᠮᠠᠯᠵᠢᠬᠤ ᠳᠠᠷᠢᠶᠠᠯᠠᠬᠤ ᠡᠷᠦᠭᠡ ᠬᠤᠲᠠ ᠳᠤ ᠡᠷᠦᠬᠡ ᠠᠮᠠ ᠪᠠᠨ ᠰᠢᠯᠵᠢᠭᠦᠯᠪᠡᠯ᠂ ᠲᠤᠰᠬᠤᠨ ︵ᠭᠠᠴᠠᠭ᠎ᠠ︶ ᠤ ᠲᠠᠯ᠎ᠠ ᠠᠴᠠ ᠳᠠᠭᠠᠭᠠᠴᠢᠯᠠᠭᠰᠠᠨ ᠭᠠᠵᠠᠷ ᠰᠢᠷᠦᠢ ᠶᠢ ᠨᠢ ᠪᠤᠴᠠᠭᠠᠨ ᠠᠪᠬᠤ ᠪᠠᠷ ᠱᠠᠭᠠᠷᠳᠠᠬᠤ ᠡᠷᠬᠡ ᠦᠭᠡᠢ ᠪᠤᠯᠤᠭᠰᠠᠨ ᠪᠦᠭᠡᠳ ᠡᠮᠡᠭᠲᠡᠶᠢᠴᠤᠳ ᠴᠤ ᠠᠳᠠᠯᠢᠬᠠᠨ ᠭᠠᠵᠠᠷ ᠰᠢᠷᠦᠢ ᠳᠠᠭᠠᠭᠠᠴᠢᠯᠠᠬᠤ ᠡᠷᠬᠡ ᠠᠰᠢᠭ ᠢ ᠬᠦᠷᠳᠡᠨ᠎ᠡ᠃      ᠵᠠᠰᠠᠪᠤᠷᠢ ᠤᠷᠤᠭᠤᠯᠤᠭᠰᠠᠨ ᠤ ᠳᠠᠷᠠᠭᠠᠬᠢ ︽ᠬᠦᠳᠡᠭᠡ ᠲᠤᠰᠬᠤᠨ ᠤ ᠭᠠᠵᠠᠷ ᠰᠢᠷᠦᠢ ᠶᠢᠨ ᠳᠠᠭᠠᠭᠠᠴᠢᠯᠠᠯᠲᠠ ᠶᠢᠨ ᠬᠠᠤᠯᠢ︾ ᠳᠤ᠄ ᠭᠠᠵᠠᠷ ᠰᠢᠷᠦᠢ ᠳᠠᠭᠠᠭᠠᠴᠢᠯᠠᠬᠤ ᠡᠷᠬᠡ ᠪᠠᠨ ᠪᠤᠴᠠᠭᠠᠬᠤ ᠶᠢ ᠮᠠᠯᠴᠢᠨ ᠲᠠᠷᠢᠶᠠᠴᠢᠨ ᠤ ᠬᠤᠲᠠ ᠤᠷᠤᠬᠤ ᠨᠦᠬᠦᠴᠡᠯ ᠪᠤᠯᠭᠠᠵᠤ ᠪᠤᠯᠬᠤ ᠦᠭᠡᠢ︔ ᠮᠠᠯᠴᠢᠨ ᠲᠠᠷᠢᠶᠠᠴᠢᠨ ᠬᠤᠲᠠ ᠳᠤ ᠡᠷᠦᠭᠡ ᠠᠮᠠ ᠪᠠᠨ ᠰᠢᠯᠵᠢᠭᠦᠯᠪᠡᠯ᠂ ᠶᠠᠮᠠᠷ ᠬᠤᠲᠠ ᠳᠤ ᠤᠴᠢᠭᠰᠠᠨ ᠴᠤ ᠭᠡᠰᠡᠨ ᠭᠠᠵᠠᠷ ᠰᠢᠷᠦᠢ ᠳᠠᠭᠠᠭᠠᠴᠢᠯᠠᠬᠤ ᠬᠤᠭᠤᠴᠠᠭᠠᠨ ᠳᠤ ᠲᠠᠳᠠᠨ ᠤ ᠭᠠᠵᠠᠷ ᠰᠢᠷᠦᠢ ᠶᠢ ᠨᠢ ᠪᠤᠴᠠᠭᠠᠨ ᠠᠪᠴᠤ ᠪᠤᠯᠬᠤ ᠦᠭᠡᠢ ᠭᠡᠵᠦ ᠳᠣᠭᠳᠠᠭᠠᠵᠠᠢ᠃ ᠨᠢᠭᠡ ᠯᠡ ᠦᠭᠡ ᠪᠠᠷ ᠬᠡᠯᠡᠪᠡᠯ᠂ ᠡᠷᠦᠭᠡ ᠠᠮᠠ ᠨᠢ ᠬᠠᠮᠢᠭ᠎ᠠ ᠪᠠᠶᠢᠭᠰᠠᠨ ᠴᠤ ᠳᠠᠭᠠᠭᠠᠴᠢᠯᠠᠭᠰᠠᠨ ᠭᠠᠵᠠᠷ ᠰᠢᠷᠦᠢ ᠪᠠᠨ ᠪᠤᠴᠠᠭᠠᠬᠤ ᠡᠰᠡᠬᠦ ᠶᠢ ᠪᠦᠷ ᠮᠠᠯᠴᠢᠨ ᠲᠠᠷᠢᠶᠠᠴᠢᠨ ᠦᠪᠡᠷ ᠢᠶᠠᠨ ᠲᠤᠭᠲᠠᠭᠠᠨ᠎ᠠ᠂ ᠰᠠᠶᠢᠨ ᠳᠤᠷ᠎ᠠ ᠠᠴᠠ ᠪᠠᠨ ᠪᠤᠴᠠᠭᠠᠬᠤ ᠪᠤᠯ ᠲᠠᠷᠢᠭᠦᠨ ᠴᠢᠬᠤᠯᠠ ᠨᠦᠬᠦᠴᠡᠯ ᠪᠤᠯᠤᠨ᠎ᠠ᠃      ᠵᠠᠰᠠᠪᠤᠷᠢ ᠤᠷᠤᠭᠤᠯᠤᠭᠰᠠᠨ ᠤ ᠳᠠᠷᠠᠭᠠᠬᠢ ︽ᠬᠦᠳᠡᠭᠡ ᠲᠤᠰᠬᠤᠨ ᠤ ᠭᠠᠵᠠᠷ ᠰᠢᠷᠦᠢ ᠶᠢᠨ ᠳᠠᠭᠠᠭᠠᠴᠢᠯᠠᠯᠲᠠ ᠶᠢᠨ ᠬᠠᠤᠯᠢ︾ ᠳᠤ ᠮᠠᠯᠴᠢᠨ ᠲᠠᠷᠢᠶᠠᠴᠢᠨ ᠳᠠᠭᠠᠭᠠᠴᠢᠯᠠᠭᠰᠠᠨ ᠭᠠᠵᠠᠷ ᠰᠢᠷᠦᠢ ᠪᠠᠨ ᠭᠤᠷᠪᠠᠨ ᠵᠦᠢᠯ ᠤᠨ ᠠᠷᠭ᠎ᠠ ᠪᠠᠷ ᠰᠢᠢᠳᠪᠦᠷᠢᠯᠡᠵᠤ ᠪᠤᠯᠤᠨ᠎ᠠ ᠭᠡᠵᠤ ᠲᠤᠭᠲᠠᠭᠠᠵᠠᠢ᠃      ᠨᠢᠭᠡ ᠳᠤ᠂ ᠰᠠᠶᠢᠨ ᠳᠤᠷ᠎ᠠ ᠠᠴᠠ ᠪᠠᠨ ᠲᠦᠯᠦᠪᠦᠷᠢ ᠠᠪᠬᠤ ᠵᠠᠷᠴᠢᠮ ᠢᠶᠠᠷ ᠭᠠᠵᠠᠷ ᠰᠢᠷᠦᠢ ᠳᠠᠭᠠᠭᠠᠴᠢᠯᠠᠬᠤ ᠡᠷᠬᠡ ᠪᠠᠨ ᠲᠤᠰᠬᠤᠨ ︵ᠭᠠᠴᠠᠭ᠎ᠠ︶ ᠤ ᠪᠠᠨ ᠪᠤᠰᠤᠳ ᠮᠠᠯᠴᠢᠨ ᠲᠠᠷᠢᠶᠠᠴᠢᠨ ᠳᠤ ᠪᠦᠷᠢᠮᠦᠰᠤᠨ ᠰᠢᠯᠵᠢᠭᠦᠯᠦᠨ ᠦᠭᠴᠦ ᠪᠤᠯᠤᠨ᠎ᠠ᠃      ᠬᠤᠶᠠᠷ ᠲᠤ᠂ ᠳᠠᠭᠠᠭᠠᠴᠢᠯᠠᠭᠰᠠᠨ ᠭᠠᠵᠠᠷ ᠰᠢᠷᠦᠢ ᠪᠠᠨ ᠰᠠᠨᠠᠭᠠᠴᠢᠯᠠᠭ᠎ᠠ ᠠᠴᠠ ᠪᠠᠨ ᠬᠠᠮᠲᠤ ᠨᠡᠶᠢᠲᠡ ᠳᠤ ᠪᠤᠴᠠᠭᠠᠵᠤ᠂ ᠬᠠᠮᠲᠤ ᠨᠡᠶᠢᠲᠡ ᠠᠴᠠ ᠵᠤᠬᠢᠬᠤ ᠨᠦᠬᠦᠪᠦᠷᠢ ᠠᠪᠴᠤ ᠪᠤᠯᠤᠨ᠎ᠠ᠃      ᠭᠤᠷᠪᠠ ᠳᠤ᠂ ᠬᠡᠷᠪᠡ ᠰᠠᠨᠠᠭ᠎ᠠ ᠠᠮᠠᠷ ᠦᠭᠡᠢ ᠪᠤᠯ᠂ ᠳᠠᠭᠠᠭᠠᠴᠢᠯᠠᠬᠤ ᠡᠷᠬᠡ ᠪᠠᠨ ᠦᠯᠡᠳᠡᠭᠡᠵᠤ᠂ ᠡᠵᠡᠩᠨᠡᠬᠦ ᠡᠷᠬᠡ ᠪᠠᠨ ᠪᠤᠰᠤᠳ ᠲᠤ ᠰᠢᠯᠵᠢᠭᠦᠯᠦᠨ ᠦᠭᠴᠦ ᠪᠤᠯᠤᠨ᠎ᠠ᠃      ᠡᠨᠡ ᠭᠤᠷᠪᠠᠨ ᠵᠦᠢᠯ ᠤᠨ ᠬᠡᠯᠪᠡᠷᠢ ᠶᠢ ᠮᠠᠯᠴᠢᠨ ᠲᠠᠷᠢᠶᠠᠴᠢᠨ ᠦᠪᠡᠷ ᠢᠶᠠᠨ ᠰᠤᠩᠭᠤᠵᠤ ᠪᠤᠯᠤᠨ᠎ᠠ᠂ ᠤᠷᠢᠳᠡᠯ ᠨᠦᠬᠦᠴᠡᠯ ᠨᠢ ᠭᠠᠵᠠᠷ ᠰᠢᠷᠦᠢ ᠳᠠᠭᠠᠭᠠᠴᠢᠯᠠᠭᠰᠠᠨ ᠬᠤᠭᠤᠴᠠᠭᠠᠨ ᠳᠤ ᠪᠠᠶᠢᠬᠤ ᠬᠡᠷᠡᠭᠲᠡᠢ᠃ ᠶᠠᠮᠠᠷ ᠪᠠᠶᠢᠳᠠᠯ ᠳᠤᠤᠷ᠎ᠠ ᠴᠤ ᠭᠡᠰᠡᠨ ᠲᠤᠰᠬᠤᠨ ︵ᠭᠠᠴᠠᠭ᠎ᠠ︶ ᠤ ᠬᠠᠮᠲᠤ ᠨᠡᠶᠢᠲᠡ ᠠᠴᠠ ᠮᠠᠯᠴᠢᠨ ᠲᠠᠷᠢᠶᠠᠴᠢᠨ ᠤ ᠳᠠᠭᠠᠭᠠᠴᠢᠯᠠᠭᠰᠠᠨ ᠭᠠᠵᠠᠷ ᠰᠢᠷᠦᠢ ᠶᠢ ᠠᠯᠪᠠᠳᠠᠯᠭ᠎ᠠ ᠪᠠᠷ ᠪᠤᠴᠠᠭᠠᠨ ᠠᠪᠴᠤ ᠪᠤᠯᠬᠤ ᠦᠭᠡᠢ᠂ ᠰᠠᠶᠢᠨ ᠲᠤᠷ᠎ᠠ ᠠᠴᠠ ᠪᠠᠨ ᠪᠠᠶᠢᠬᠤ ᠪᠤᠯ ᠬᠠᠮᠤᠭ ᠤᠨ ᠴᠢᠬᠤᠯᠠ ᠵᠠᠷᠴᠢᠮ ᠪᠣᠯᠣᠨ᠎ᠠ᠃ ᠡᠭᠦᠨ ᠠᠴᠠ ᠭᠠᠳᠠᠨ᠎ᠠ ᠬᠠᠤᠯᠢ ᠲᠤᠭᠲᠠᠭᠠᠬᠤ ᠪᠠᠶᠢᠭᠤᠯᠭ᠎ᠠ ᠡᠮᠡᠭᠲᠡᠶᠢᠴᠤᠳ ᠤᠨ ᠭᠠᠵᠠᠷ ᠰᠢᠷᠦᠢ ᠳᠠᠭᠠᠭᠠᠴᠢᠯᠠᠬᠤ ᠡᠷᠬᠡ ᠶᠢ ᠲᠦᠢᠯ ᠢᠶᠠᠷ ᠴᠢᠬᠤᠯᠠᠴᠢᠯᠠᠨ ᠦᠵᠡᠵᠤ ᠬᠠᠮᠠᠭᠠᠯᠠᠪᠠ᠃      ᠵᠠᠰᠠᠪᠤᠷᠢ ᠤᠷᠤᠭᠤᠯᠬᠤ ᠠᠴᠠ ᠡᠮᠦᠨᠡᠬᠢ ︽ᠬᠦᠳᠡᠭᠡ ᠲᠤᠰᠬᠤᠨ ᠤ ᠭᠠᠵᠠᠷ ᠰᠢᠷᠦᠢ ᠶᠢᠨ ᠳᠠᠭᠠᠭᠠᠴᠢᠯᠠᠯᠲᠠ ᠶᠢᠨ ᠬᠠᠤᠯᠢ︾ ᠶᠢᠨ ᠭᠤᠴᠢᠨ ᠨᠢᠭᠡᠳᠦᠭᠡᠷ ᠵᠦᠢᠯ ᠳᠤ᠄ ᠭᠠᠵᠠᠷ ᠰᠢᠷᠦᠢ ᠳᠠᠭᠠᠭᠠᠴᠢᠯᠠᠭᠰᠠᠨ ᠬᠤᠭᠤᠴᠠᠭᠠᠨ ᠳᠤ ᠡᠮᠡᠭᠲᠡᠶᠢᠴᠤᠳ ᠬᠤᠷᠢᠮᠯᠠᠭᠰᠠᠨ ᠤ ᠳᠠᠷᠠᠭ᠎ᠠ ᠰᠢᠨ᠎ᠠ ᠰᠠᠭᠤᠭ᠎ᠠ ᠭᠠᠵᠠᠷ ᠲᠠᠭᠠᠨ ᠭᠠᠵᠠᠷ ᠰᠢᠷᠦᠢ ᠳᠠᠭᠠᠭᠠᠴᠢᠯᠠᠵᠤ ᠤᠯᠤᠭᠰᠠᠨ ᠦᠭᠡᠢ ᠪᠤᠯ ᠤᠤᠯ ᠤᠨ ᠳᠠᠭᠠᠭᠠᠴᠢᠯᠠᠭᠰᠠᠨ ᠭᠠᠵᠠᠷ ᠰᠢᠷᠦᠢ ᠶᠢ ᠨᠢ ᠪᠤᠴᠠᠭᠠᠨ ᠠᠪᠴᠤ ᠪᠤᠯᠬᠤ ᠦᠭᠡᠢ᠃ ᠬᠡᠷᠪᠡ ᠡᠮᠡᠭᠲᠡᠶᠢᠴᠤᠳ ᠤᠷᠤᠭ ᠰᠠᠯᠬᠤ ᠪᠤᠶᠤ ᠬᠠᠨᠢ ᠨᠦᠬᠦᠷ ᠢᠶᠠᠨ ᠠᠯᠳᠠᠭᠰᠠᠨ ᠤ ᠳᠠᠷᠠᠭ᠎ᠠ ᠮᠦᠨ ᠯᠡ ᠤᠤᠯ ᠤᠨ ᠰᠠᠭᠤᠭ᠎ᠠ ᠭᠠᠵᠠᠷ ᠲᠠᠭᠠᠨ ᠠᠮᠢᠳᠤᠷᠠᠬᠤ᠂ ᠡᠰᠡᠭᠦᠯ᠎ᠠ ᠲᠡᠨᠳᠡ ᠠᠮᠢᠳᠤᠷᠠᠬᠤ ᠦᠭᠡᠢ ᠴᠤ ᠭᠡᠰᠡᠨ ᠰᠢᠨ᠎ᠠ ᠰᠠᠭᠤᠭ᠎ᠠ ᠭᠠᠵᠠᠷ ᠲᠠᠭᠠᠨ ᠭᠠᠵᠠᠷ ᠰᠢᠷᠦᠢ ᠳᠠᠭᠠᠭᠠᠴᠢᠯᠠᠵᠤ ᠤᠯᠤᠭᠰᠠᠨ ᠦᠭᠡᠢ ᠪᠤᠯ ᠤᠤᠯ ᠤᠨ ᠳᠠᠭᠠᠭᠠᠴᠢᠯᠠᠭᠰᠠᠨ ᠭᠠᠵᠠᠷ ᠰᠢᠷᠦᠢ ᠶᠢ ᠨᠢ ᠮᠦᠨ ᠪᠤᠴᠠᠭᠠᠨ ᠠᠪᠴᠤ ᠪᠤᠯᠬᠤ ᠦᠭᠡᠢ ᠭᠡᠵᠦ ᠳᠣᠳᠣᠷᠬᠠᠢ ᠳᠣᠭᠳᠠᠭᠠᠵᠠᠢ᠃      ᠵᠠᠰᠠᠪᠤᠷᠢ ᠤᠷᠤᠭᠤᠯᠤᠭᠰᠠᠨ ᠤ ᠳᠠᠷᠠᠭᠠᠬᠢ ︽ᠬᠦᠳᠡᠭᠡ ᠲᠤᠰᠬᠤᠨ ᠤ ᠭᠠᠵᠠᠷ ᠰᠢᠷᠦᠢ ᠶᠢᠨ ᠳᠠᠭᠠᠭᠠᠴᠢᠯᠠᠯᠲᠠ ᠶᠢᠨ ᠬᠠᠤᠯᠢ︾ ᠳᠤ ᠳᠤᠤᠷᠠᠬᠢ ᠬᠤᠶᠠᠷ ᠲᠤᠭᠲᠠᠭᠠᠯ ᠢ ᠨᠡᠮᠡᠵᠤ ᠤᠷᠤᠭᠤᠯᠪᠠ᠄      ᠨᠢᠭᠡ ᠳᠤ᠂ ᠭᠡᠷ ᠪᠦᠯᠢ ᠶᠢᠨ ᠪᠦᠷᠢᠯᠳᠦᠬᠦᠨ ᠭᠠᠵᠠᠷ ᠰᠢᠷᠦᠢ ᠳᠠᠭᠠᠭᠠᠴᠢᠯᠠᠬᠤ ᠡᠯ᠎ᠠ ᠵᠦᠢᠯ ᠤᠨ ᠡᠷᠬᠡ ᠠᠰᠢᠭ ᠢ ᠬᠠᠤᠯᠢ ᠶᠤᠰᠤᠭᠠᠷ ᠡᠷᠬᠡ ᠲᠡᠭᠰᠢ ᠪᠠᠷ ᠬᠦᠷᠲᠡᠬᠦ ᠡᠷᠬᠡ ᠲᠠᠢ᠃      ᠬᠤᠶᠠᠷ ᠲᠤ᠂ ᠭᠠᠵᠠᠷ ᠰᠢᠷᠦᠢ ᠳᠠᠭᠠᠭᠠᠴᠢᠯᠠᠨ ᠡᠵᠡᠩᠨᠡᠬᠦ ᠡᠷᠬᠡ ᠶᠢ ᠪᠦᠷᠢᠳᠬᠡᠨ ᠳᠠᠩᠰᠠᠯᠠᠵᠤ᠂ ᠨᠤᠲᠠᠯᠠᠨ ᠲᠤᠭᠲᠠᠭᠠᠵᠤ ᠦᠨᠡᠮᠯᠡᠯ ᠤᠯᠭᠤᠬᠤ ᠬᠡᠷᠡᠭᠲᠡᠢ᠂ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠪᠤᠶᠤ ᠤᠢ ᠰᠢᠭᠤᠢ ᠶᠢᠨ ᠡᠷᠬᠡ ᠶᠢᠨ ᠦᠨᠡᠮᠯᠡᠯ ᠤᠯᠭᠤᠬᠤ ᠦᠶ᠎ᠠ ᠳᠤ ᠮᠠᠯᠵᠢᠬᠤ ᠳᠠᠷᠢᠶᠠᠯᠠᠬᠤ ᠡᠷᠦᠬᠡ ᠶᠢᠨ ᠭᠡᠷ ᠪᠦᠯᠢ ᠶᠢᠨ ᠪᠦᠷᠢᠯᠳᠦᠬᠦᠨ ᠢ ᠴᠦᠮ ᠳᠠᠩᠰᠠᠯᠠᠵᠤ ᠲᠡᠮᠳᠡᠭᠯᠡᠬᠦ ᠬᠡᠷᠡᠭᠲᠡᠢ ᠭᠡᠵᠦ ᠳᠣᠭᠳᠠᠭᠠᠵᠠᠢ᠃ ᠡᠨᠡ ᠬᠤᠶᠠᠷ ᠲᠤᠭᠲᠠᠭᠠᠯ ᠤᠨ ᠨᠢᠭᠡ ᠭᠤᠤᠯ ᠵᠤᠷᠢᠯᠭ᠎ᠠ ᠪᠤᠯ ᠳᠠᠷᠤᠢ ᠡᠮᠡᠭᠲᠡᠶᠢᠴᠤᠳ ᠤᠨ ᠭᠠᠵᠠᠷ ᠰᠢᠷᠦᠢ ᠳᠠᠭᠠᠭᠠᠴᠢᠯᠠᠬᠤ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ ᠶᠤᠮ᠃ ᠢᠡᠭᠭᠢᠪᠡᠯ ᠡᠮᠡᠭᠲᠡᠶᠢᠴᠤᠳ ᠬᠤᠶᠢᠰᠢᠳᠠ ᠦᠪᠡᠷ ᠤᠨ ᠭᠠᠵᠠᠷ ᠰᠢᠷᠦᠢ ᠳᠠᠭᠠᠭᠠᠴᠢᠯᠠᠬᠤ ᠡᠷᠬᠡ ᠠᠰᠢᠭ ᠢᠶᠠᠨ ᠬᠠᠤᠯᠢ ᠶᠣᠰᠣᠭᠠᠷ ᠨᠡᠩ ᠰᠠᠶᠢᠨ ᠬᠠᠮᠠᠭᠠᠯᠠᠵᠤ ᠴᠢᠳᠠᠬᠤ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号