ᠦᠨᠳᠦᠰᠦᠲᠡᠨ ᠤ ᠰᠤᠷᠭᠠᠨ ᠬᠦᠮᠦᠵᠢᠯ ᠤᠨ ᠡᠮᠦᠨ᠎ᠡ ᠹᠷᠤᠨᠲ ᠲᠤ ᠭᠠᠪᠰᠢᠭᠠᠶᠢᠯᠠᠬᠴᠢ — ᠤᠳᠤᠨᠴᠢᠮᠡᠭ ᠪᠠᠭᠰᠢ
ᠨᠡᠶᠢᠲᠡᠯᠡᠭᠰᠡᠨ ᠴᠠᠭ᠄
2019-09-23
                                     ᠰᠤᠷᠪᠤᠯᠵᠢᠯᠬᠠᠴᠢ᠄ ᠽᠠᠨᠳᠠᠨᠮᠦ᠋ᠴᠢᠷ      ᠪᠠᠭᠰᠢ ᠬᠦᠮᠦᠨ — ᠪᠦᠲᠦᠨ ᠬᠠᠶᠢᠷ᠎ᠡ ᠪᠠᠨ ᠰᠤᠷᠤᠬᠴᠢ ᠳᠠᠭᠠᠨ ᠢᠪᠢᠯᠦᠭᠰᠡᠨ ᠡᠵᠢ ᠬᠦᠮᠦᠨ      ᠪᠠᠭᠰᠢ ᠬᠦᠮᠦᠨ — ᠪᠦᠷᠢᠨ ᠮᠡᠲᠡᠯᠭᠡ ᠪᠠᠨ ᠰᠤᠷᠤᠬᠴᠢ ᠳᠠᠭᠠᠨ ᠵᠤᠷᠢᠭᠤᠯᠤᠭᠰᠡᠨ ᠡᠴᠢᠭᠡ ᠬᠦᠮᠦᠨ      ᠪᠠᠭᠰᠢ ᠬᠦᠮᠦᠨ — ᠤᠬᠠᠭ᠎ᠠ ᠤᠷᠤᠭᠤᠯᠤᠭᠰᠡᠨ ᠵᠠᠮᠴᠢ      ᠪᠠᠭᠰᠢ ᠬᠦᠮᠦᠨ — ᠬᠦᠰᠡᠯ ᠲᠦᠷᠦᠭᠡᠯᠡᠭᠦᠯᠦᠭᠰᠡᠨ ᠠᠴᠢᠲᠡᠨ      ᠦᠨᠡᠭᠡᠷ ᠪᠠᠭᠰᠢ ᠭᠡᠲᠡᠭ ᠨᠡᠶᠢᠭᠡᠮ ᠨᠡᠶᠢᠲᠡ ᠳᠤ ᠨᠦᠯᠦᠭᠡ ᠲᠤᠰᠬᠠᠯ ᠶᠡᠭᠡᠲᠠᠢ᠂ ᠡᠭᠦᠷᠭᠡ ᠬᠠᠷᠢᠭᠤᠴᠠᠯᠭ᠎ᠠ ᠬᠦᠨᠲᠦ᠂ ᠤᠯᠤᠰ ᠦᠨᠳᠦᠰᠦᠲᠡᠨ ᠤ ᠬᠦᠭᠵᠢᠯ ᠮᠠᠨᠳᠤᠯ ᠤᠨ ᠵᠢᠯᠤᠭᠤ ᠶᠢ ᠡᠷᠭᠦᠭᠰᠡᠨ ᠡᠷᠬᠢᠮ ᠲᠡᠭᠡᠲᠦ ᠲᠤᠰᠬᠠᠢ ᠮᠡᠷᠭᠡᠵᠢᠯ ᠤᠨ ᠠᠵᠢᠯ ᠪᠤᠯᠬᠤ ᠶᠤᠮ᠃ ᠡᠨᠡᠬᠦ ᠡᠷᠬᠢᠮ ᠠᠯᠳᠠᠷ ᠢ ᠡᠷᠭᠦᠵᠦ᠂ ᠵᠢᠳᠭᠦᠯ ᠢᠶᠠᠷ ᠮᠠᠷᠡᠶᠢᠵᠦ ᠶᠠᠪᠤᠭ᠎ᠠ ᠲᠦᠮᠡ ᠮᠢᠩᠭᠠᠨ ᠪᠠᠭᠰᠢᠨᠠᠷ ᠤᠨ ᠲᠤᠳᠤᠷᠡᠬᠢ ᠨᠢᠭᠡᠨ ᠪᠠᠭᠰᠢ ᠪᠤᠯ ᠲᠠᠷᠤᠢ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠮᠤᠩᠭᠤᠯ ᠦᠨᠳᠦᠰᠦᠲᠡᠨ ᠤ ᠰᠤᠷᠭᠠᠭᠤᠯᠢ ᠶᠢᠨ ᠤᠳᠤᠨᠴᠢᠮᠡᠭ ᠪᠤᠯᠤᠨ᠎ᠡ᠃ ᠲᠡᠷᠡ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠤᠤᠯ ᠤᠨ ᠡᠷᠳᠡᠨᠢᠠᠤᠪᠤᠭ᠎ᠠ ᠰᠤᠮᠤᠨ ᠤ ᠬᠦᠮᠦᠨ᠃ 1997 ᠤᠨ ᠳᠤ ᠦᠪᠦᠷ ᠮᠤᠩᠭᠤᠯ ᠤᠨ ᠦᠨᠳᠦᠰᠦᠲᠡᠨ ᠤ ᠪᠠᠭᠰᠢ ᠶᠢᠨ ᠰᠤᠷᠭᠠᠭᠤᠯᠢ ᠠᠴᠠ ᠲᠡᠭᠦᠰᠦᠨ᠂ ᠡᠷᠳᠡᠨᠢᠠᠤᠪᠤᠭ᠎ᠠ ᠰᠤᠮᠤᠨ ᠤ ᠪᠠᠨ ᠪᠠᠭ᠎ᠠ ᠰᠤᠷᠭᠠᠭᠤᠯᠢ ᠳᠤ ᠢᠷᠡᠵᠦ ᠪᠠᠭᠰᠢ ᠶᠢᠨ ᠠᠵᠢᠯ ᠢᠶᠠᠨ ᠡᠬᠢᠯᠡᠭᠦᠯᠦᠭᠰᠡᠨ ᠪᠠᠶᠢᠨ᠎ᠡ᠃ ᠲᠤᠬᠠᠢ ᠶᠢᠨ ᠦᠶ᠎ᠡ ᠳᠤ ᠰᠤᠮᠤᠨ  ᠤ ᠰᠤᠷᠭᠠᠭᠤᠯᠢ ᠶᠢᠨ ᠪᠠᠭᠰᠢ ᠴᠦᠭᠡᠨ᠂ ᠬᠢᠴᠢᠶᠡᠯ ᠲᠦᠷᠦᠯ ᠤᠯᠠᠨ ᠪᠠᠶᠢᠬᠰᠡᠨ ᠤᠴᠢᠷ ᠠᠴᠠ ᠤᠳᠤᠨᠴᠢᠮᠡᠭ ᠪᠠᠭᠰᠢ ᠲᠤᠭ᠎ᠠ ᠵᠢᠷᠤᠭ ᠬᠡᠯᠡ ᠪᠢᠴᠢᠭ ᠵᠡᠷᠭᠡ ᠭᠡᠳᠤᠨ ᠲᠦᠷᠦᠯ ᠤᠨ ᠬᠢᠴᠢᠶᠡᠯ ᠢ ᠵᠢᠭᠠᠨ᠂ ᠠᠵᠢᠯ ᠲᠦᠷᠦᠯ ᠠᠷᠪᠢᠨ ᠪᠠᠶᠢᠬᠰᠡᠨ ᠴᠦ ᠤᠯᠠᠨ ᠮᠡᠷᠭᠡᠵᠢᠯ ᠪᠤᠯᠪᠠᠰᠤᠷᠡᠯ ᠳᠤ ᠴᠠᠭᠠᠷᠠᠵᠦ ᠰᠠᠶᠢᠨ ᠪᠠᠭᠰᠢ ᠪᠤᠯᠬᠤ ᠶᠢᠨ ᠭᠠᠷᠤᠭ᠎ᠠ ᠪᠠᠨ ᠡᠬᠢᠯᠡᠭᠦᠯᠦᠭᠰᠡᠨ ᠪᠠᠶᠢᠵᠠᠢ᠃    

     2004 ᠤᠨ ᠪᠤᠯᠬᠤ ᠳᠤ ᠤᠳᠤᠨᠴᠢᠮᠡᠭ ᠪᠠᠭᠰᠢ ᠬᠤᠰᠢᠭᠤᠨ ᠤ ᠮᠤᠩᠭᠤᠯ ᠦᠨᠳᠦᠰᠦᠲᠡᠨ ᠤ ᠬᠡᠦᠭᠡᠳ ᠤᠨ

ᠴᠡᠴᠡᠷᠯᠢᠭ ᠲᠤ ᠠᠵᠢᠯ ᠰᠢᠯᠵᠢᠵᠦ ᠢᠷᠡᠨ᠂ 2008 ᠤᠨ ᠪᠤᠯᠳᠠᠯ᠎ᠡ ᠰᠤᠷᠬᠤ ᠨᠠᠰᠤᠨ ᠠᠴᠠ ᠡᠮᠦᠨᠡᠬᠢ ᠬᠡᠦᠭᠡᠳ ᠤᠨ

ᠬᠦᠮᠦᠵᠢᠯ ᠤᠨ ᠠᠵᠢᠯ ᠳᠤ ᠬᠦᠴᠦ ᠲᠠᠯᠪᠢᠨ ᠠᠵᠢᠯᠯᠠᠪᠡ᠃ ᠪᠠᠭ᠎ᠠ ᠰᠤᠷᠭᠠᠭᠤᠯᠢ ᠠᠴᠠ ᠴᠡᠴᠡᠷᠯᠢᠭ ᠲᠤ ᠬᠦᠷᠴᠦ

ᠬᠢᠴᠢᠶᠡᠯᠯᠡᠬᠦ ᠨᠢ ᠪᠠᠭ᠎ᠠ ᠪᠤᠰᠤ ᠵᠦᠷᠢᠶ᠎ᠡ ᠲᠠᠢ ᠪᠤᠯᠪᠠᠴᠦ ᠤᠳᠤᠨᠴᠢᠮᠡᠭ ᠪᠠᠭᠰᠢ ᠬᠢᠷᠠᠬᠠᠢ ᠨᠢᠮᠪᠠᠢ᠂ ᠠᠵᠢᠯᠴᠢ ᠬᠦᠩᠭᠡᠨ

ᠪᠠᠶᠢᠳᠠᠭ ᠢᠶᠠᠷ ᠢᠶᠠᠨ ᠲᠤᠩ ᠬᠤᠷᠳᠤᠨ ᠠᠵᠢᠯ ᠳᠠᠭᠠᠨ ᠴᠠᠭᠠᠷᠠᠵᠦ ᠬᠠᠮᠲᠦ ᠠᠵᠢᠯᠲᠡᠨ ᠤ ᠪᠠᠨ ᠲᠤᠮᠲᠡ ᠰᠢᠯᠢᠲᠡᠭ

ᠪᠠᠭᠰᠢ ᠪᠤᠯᠵᠠᠢ᠃

     2008 ᠤᠨ ᠪᠤᠯᠬᠤ ᠳᠤ ᠤᠳᠤᠨᠴᠢᠮᠡᠭ ᠪᠠᠭᠰᠢ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ

ᠮᠤᠩᠭᠤᠯ ᠦᠨᠳᠦᠰᠦᠲᠡᠨ ᠤ ᠰᠤᠷᠭᠠᠭᠤᠯᠢ ᠳᠤ ᠰᠢᠯᠵᠢᠨ ᠠᠵᠢᠯᠯᠠᠵᠦ ᠤᠳᠤ ᠬᠦᠷᠲᠡᠯ᠎ᠡ ᠬᠡᠯᠡ ᠪᠢᠴᠢᠭ ᠤᠨ ᠬᠢᠴᠢᠶᠡᠯ

 ᠢ ᠵᠢᠭᠠᠨ᠂ ᠠᠩᠭᠢ ᠶᠢᠨ ᠡᠷᠬᠢᠯᠡᠭᠴᠢ ᠪᠠᠭᠰᠢ ᠶᠢᠨ ᠠᠵᠢᠯ ᠢ ᠬᠦᠢᠴᠡᠳᠭᠡᠵᠦ᠂ ᠠᠯᠢᠪᠡ ᠪᠠᠨ ᠰᠤᠷᠤᠭᠴᠢ ᠬᠡᠦᠭᠡᠳ ᠲᠤ

 ᠪᠠᠨ ᠵᠤᠷᠢᠭᠤᠯᠵᠦ᠂ ᠰᠤᠷᠤᠭᠴᠢᠳ ᠢᠶᠠᠨ ᠬᠠᠶᠢᠷᠠᠯᠠᠨ ᠬᠠᠮᠠᠭᠠᠯᠠᠬᠤ ᠪᠠᠷ ᠵᠤᠷᠢᠯᠭ᠎ᠠ ᠪᠤᠯᠭᠠᠨ᠂ ᠴᠢᠩᠭ᠎ᠠ ᠱᠠᠭᠠᠷᠳᠠᠨ

ᠰᠤᠷᠭᠠᠬᠤ ᠶᠢ ᠪᠠᠷᠢᠮᠳᠠᠯᠠᠵᠦ᠂ ᠬᠢᠯᠢ ᠬᠢᠵᠠᠭᠠᠷ ᠤᠷᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠲᠠᠪᠴᠠᠩ ᠳᠤ

ᠬᠠᠳᠠᠭᠤᠵᠢᠯᠲᠠᠢ ᠰᠢᠷᠭᠠᠭᠤ ᠪᠠᠷ ᠠᠵᠢᠯᠯᠠᠨ᠂ ᠤᠷ᠎ᠡ ᠤᠬᠠᠭᠠᠨ᠂ ᠡᠷᠲᠡᠮ ᠴᠢᠳᠠᠪᠦᠷᠢ ᠪᠠᠨ ᠰᠤᠷᠤᠭᠴᠢᠳ ᠲᠤ ᠪᠠᠨ

ᠬᠠᠷᠠᠮ ᠦᠭᠡᠢ ᠵᠤᠷᠢᠭᠤᠯᠤᠨ᠂ ᠴᠠᠭ ᠢᠮᠠᠬᠲᠡ ᠦᠪᠡᠷ ᠤᠨ ᠤᠷ᠎ᠡ ᠴᠢᠳᠠᠪᠦᠷᠢ ᠪᠠᠨ ᠬᠡᠷᠬᠢᠨ ᠲᠡᠭᠡᠭᠰᠢᠯᠡᠭᠦᠯᠬᠦ ᠲᠤᠬᠠᠢ

ᠤᠯᠠᠨ ᠠᠷᠭ᠎ᠠ ᠬᠡᠯᠪᠡᠷᠢ ᠶᠢᠨ ᠬᠢᠴᠢᠶᠡᠯᠯᠡᠭᠡ ᠶᠢ ᠰᠤᠷᠴᠦ ᠰᠤᠳᠤᠯᠤᠨ ᠢᠷᠡᠭᠰᠡᠨ ᠪᠠᠶᠢᠨ᠎ᠡ᠃

     ᠤᠳᠤᠨᠴᠢᠮᠡᠭ ᠪᠠᠭᠰᠢ ᠵᠢᠭᠠᠨ ᠰᠤᠷᠭᠠᠬᠤ ᠠᠵᠢᠯ ᠤᠨ ᠲᠤᠮᠲᠡ ᠦᠪᠡᠷ ᠤᠨ ᠲᠤᠰᠬᠠᠢ ᠮᠡᠷᠭᠡᠵᠢᠯ ᠴᠢᠳᠠᠪᠦᠷᠢ

 ᠪᠠᠨ ᠲᠠᠰᠤᠷᠠᠯᠲᠡ ᠦᠭᠡᠢ ᠲᠡᠭᠡᠭᠰᠢᠯᠡᠭᠦᠯᠬᠦ ᠶᠢᠨ ᠲᠠᠭᠠᠦ ᠪᠦᠬᠦ ᠲᠡᠯ᠎ᠡ ᠪᠠᠷ ᠬᠡᠪ ᠪᠤᠯᠪᠠᠰᠤᠷᠡᠯ ᠦᠨᠳᠦᠷ ᠰᠤᠷᠤᠭᠴᠢᠳ

 ᠢ ᠬᠦᠮᠦᠵᠢᠭᠦᠯᠬᠦ ᠶᠢ ᠠᠵᠢᠯ ᠤᠨ ᠭᠤᠤᠯᠳᠠᠯᠭ᠎ᠠ ᠪᠠᠨ ᠪᠤᠯᠭᠠᠨ ᠠᠳᠬᠤᠬᠰᠠᠭᠠᠷ ᠢᠷᠡᠵᠠᠢ᠃ ᠲᠡᠷᠡ ᠰᠤᠷᠤᠭᠴᠢ

ᠨᠢᠭᠡᠪᠦᠷᠢ ᠶᠢ ᠬᠤᠴᠤᠷᠤᠬᠳᠠᠯ ᠦᠭᠡᠢ ᠵᠢᠭᠠᠬᠤ ᠶᠢ ᠵᠤᠷᠢᠨ ᠦᠵᠡᠯ ᠰᠠᠨᠠᠭᠠᠨ ᠤ ᠵᠦᠪᠯᠡᠮᠵᠢ ᠦᠭᠭᠦ᠂ ᠲᠡᠰ ᠬᠤᠪᠢᠶᠠᠨ

ᠵᠢᠭᠠᠨ ᠵᠢᠯᠤᠭᠤᠳᠤᠯᠭ᠎ᠠ ᠬᠢᠬᠦ᠂ ᠰᠤᠷᠤᠭᠴᠢᠳ ᠢᠶᠠᠨ ᠵᠤᠷᠢᠬᠵᠢᠭᠤᠯᠬᠤ᠂ ᠲᠤᠳᠤᠨᠤᠰᠤᠭ ᠢᠶᠠᠷ ᠶᠠᠷᠢᠯᠴᠠᠬᠤ ᠵᠡᠷᠭᠡ

ᠠᠷᠭ᠎ᠠ ᠬᠡᠯᠪᠡᠷᠢ ᠶᠢ ᠰᠤᠳᠤᠯᠤᠨ ᠰᠤᠷᠭᠠᠨ ᠬᠦᠮᠦᠵᠢᠭᠦᠯᠲᠡᠭ ᠪᠠᠶᠢᠨ᠎ᠡ᠃ ᠰᠤᠷᠤᠭᠴᠢ ᠬᠡᠦᠭᠡᠳ ᠢ ᠬᠦᠲᠡᠯᠦᠩᠭᠦᠢ ᠪᠠᠶᠠᠷ

ᠬᠦᠷ ᠲᠠᠢ ᠵᠢᠭᠠᠨ ᠬᠦᠮᠦᠵᠢᠭᠦᠯᠬᠦ ᠶᠢ ᠢᠯᠡᠭᠦᠦ ᠠᠩᠬᠠᠷᠤᠨ ᠠᠩᠭᠢ ᠳᠠᠭᠠᠨ ᠶᠠᠷᠢᠶ᠎ᠡ ᠢᠯᠡᠳᠭᠡᠯ ᠤᠨ ᠤᠷᠤᠯᠳᠤᠭᠠᠨ

ᠬᠢᠬᠦ ᠵᠡᠷᠭᠡ ᠤᠯᠠᠨ ᠪᠠᠶᠠᠯᠢᠭ ᠠᠭᠤᠯᠭ᠎ᠠ ᠲᠠᠢ ᠤᠷᠤᠯᠳᠤᠭᠠᠨ ᠮᠦᠷᠦᠶᠢᠴᠡᠭᠡᠨ ᠢ ᠶᠠᠪᠤᠬᠳᠠᠭᠤᠯᠤᠨ ᠰᠤᠷᠤᠭᠴᠢᠳ ᠢᠶᠠᠨ

ᠲᠠᠶᠢᠴᠢᠯᠠᠨ ᠬᠦᠮᠦᠵᠢᠭᠦᠯᠲᠡᠭ ᠪᠠᠶᠢᠨ᠎ᠡ᠃

     ᠴᠢᠷᠮᠠᠶᠢᠯᠭ᠎ᠠ ᠬᠦᠮᠦᠨ ᠢ ᠭᠤᠮᠤᠳᠠᠭᠠᠬᠤ ᠦᠭᠡᠢ ᠭᠡᠲᠡᠭ ᠢᠶᠠᠷ ᠤᠳᠤᠨᠴᠢᠮᠡᠭ ᠪᠠᠭᠰᠢ ᠤᠷᠢᠳ ᠬᠤᠵᠢᠳ

ᠰᠢᠯᠢᠲᠡᠭ ᠠᠩᠭᠢ ᠶᠢᠨ ᠪᠠᠭᠰᠢ᠂ ︽ᠬᠦᠲᠡᠯᠭᠡᠨᠲᠦ ᠬᠢᠴᠢᠶᠡᠯ ᠤᠨ ᠲᠠᠩᠬᠢᠮ︾ ᠤᠨ ᠦᠨᠳᠦᠰᠦᠨ ᠴᠢᠳᠠᠪᠦᠷᠢ ᠶᠢᠨ

ᠤᠷᠤᠯᠳᠤᠭᠠᠨ ᠤ ᠬᠤᠶᠠᠳᠤᠭᠠᠷ ᠲᠡᠰ᠂ ᠦᠪᠦᠷ ᠮᠤᠩᠭᠤᠯ ᠤᠨ ᠠᠩᠬᠠᠳᠤᠭᠠᠷ ᠤᠳᠠᠭᠠᠨ ᠤ ᠪᠠᠭ᠎ᠠ ᠰᠤᠷᠭᠠᠭᠤᠯᠢ ᠶᠢᠨ

ᠮᠤᠩᠭᠤᠯ ᠭᠡᠯᠡᠨ ᠤ ︽ᠪᠦᠲᠦᠮᠵᠢᠲᠠᠢ ᠬᠢᠴᠢᠶᠡᠯᠯᠡᠭᠡ︾ ᠶᠢᠨ ᠤᠷᠤᠯᠳᠤᠭᠠᠨ ᠤ ᠨᠢᠭᠡᠳᠤᠭᠡᠷ ᠲᠡᠰ᠂ ︽ᠬᠦᠲᠡᠯᠦᠩᠭᠦᠢ

ᠬᠢᠴᠢᠶᠡᠯ ᠤᠨ ᠲᠠᠩᠬᠢᠮ︾ ᠤᠨ ᠲᠠᠭᠠᠭᠤᠯᠤᠭᠴᠢ ᠪᠠᠭᠰᠢ᠂ ᠬᠤᠰᠢᠭᠤᠨ ᠤ ᠲᠡᠰ ᠤᠨ ᠰᠢᠯᠢᠲᠡᠭ ᠪᠠᠭᠰᠢ ᠵᠡᠷᠭᠡ ᠦᠨᠳᠦᠷ

ᠠᠮᠵᠢᠯᠲᠡ ᠪᠠᠷ ᠬᠢᠯᠠᠷᠡᠨ ᠶᠠᠪᠤᠵᠦ ᠪᠠᠶᠢᠬᠤ ᠶᠢᠨ ᠬᠠᠮᠲᠦ 2019 ᠤᠨ ᠬᠡᠭᠦ ᠳᠤ ᠬᠤᠲᠡ ᠶᠢᠨ ᠲᠡᠰ ᠤᠨ ᠰᠢᠯᠢᠲᠡᠭ

ᠪᠠᠭᠰᠢ ᠪᠠᠷ ᠦᠨᠡᠯᠡᠭᠲᠡᠭᠰᠡᠨ ᠪᠠᠶᠢᠨ᠎ᠡ᠃

     ᠠᠩᠬ᠎ᠠ 1997 ᠤᠨ ᠳᠤ ᠰᠤᠷᠭᠠᠨ ᠬᠦᠮᠦᠵᠢᠯ ᠤᠨ ᠠᠷᠢᠭᠤᠨ ᠦᠢᠯᠡᠰ ᠲᠤ ᠬᠦᠯᠦᠰᠦ ᠤᠶᠤᠨ ᠢᠶᠠᠨ

ᠰᠢᠪᠬᠠᠨ ᠠᠵᠢᠯ ᠤᠨ ᠭᠠᠷᠤᠭ᠎ᠠ ᠪᠠᠨ ᠡᠬᠢᠯᠡᠵᠦ ᠪᠠᠶᠢᠬᠰᠡᠨ ᠪᠤᠯ 2019 ᠤᠨ ᠬᠡᠭᠦ ᠳᠤ ᠠᠷᠡᠳ ᠤᠨ ᠪᠠᠭᠰᠢ ᠶᠢᠨ

ᠠᠯᠳᠠᠨ ᠶᠠᠨᠳᠠᠷ ᠲᠡᠭᠡᠷ᠎ᠡ 22 ᠬᠠᠪᠤᠷ ᠨᠠᠮᠦᠷ ᠢ ᠤᠬᠳᠤᠨ ᠠᠪᠴᠢᠷᠠᠬᠰᠡᠨ ᠠᠬᠠᠮᠠᠳ ᠪᠠᠭᠰᠢ ᠪᠤᠯᠤᠭᠰᠡᠨ ᠪᠠᠶᠢᠨ᠎ᠡ᠃

     ᠤᠳᠤᠨᠴᠢᠮᠡᠭ ᠪᠠᠭᠰᠢ ᠦᠨᠡᠨ ᠰᠡᠳᠬᠢᠯ ᠠᠴᠠ ᠪᠠᠨ ᠰᠤᠷᠭᠠᠨ ᠬᠦᠮᠦᠵᠢᠯ ᠤᠨ ᠠᠵᠢᠯ ᠳᠤ ᠬᠦᠴᠦ ᠲᠠᠯᠪᠢᠨ᠂

ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠢ ᠰᠢᠨ᠎ᠡ ᠲᠦᠪᠰᠢᠨ ᠳᠤ ᠬᠦᠷᠭᠡᠵᠦ᠂ ᠡᠷᠲᠡᠮ ᠴᠢᠳᠠᠪᠦᠷᠢ

ᠬᠤᠤᠰᠯᠠᠭᠰᠡᠨ ᠤᠯᠠᠨ ᠴᠢᠳᠠᠪᠦᠷᠢᠲᠡᠨ ᠢ ᠬᠦᠮᠦᠵᠢᠭᠦᠯᠦᠨ ᠭᠠᠷᠭᠠᠬᠤ ᠪᠠᠷ ᠢᠲᠡᠭᠡᠯ ᠲᠡᠭᠦᠯᠳᠡᠷ ᠴᠢᠷᠮᠠᠶᠢᠨ

ᠠᠵᠢᠯᠯᠠᠬᠰᠠᠭᠠᠷ ᠪᠠᠶᠢᠨ᠎ᠡ᠃

     ᠪᠠᠭᠰᠢ ᠬᠦᠮᠦᠨ — ᠠᠯᠳᠠᠷ ᠢ ᠮᠦᠩᠭᠡᠷᠡᠭᠰᠡᠨ ᠠᠮᠢᠲᠦ ᠨᠤᠮ

     ᠪᠠᠭᠰᠢ — ᠡᠷᠲᠡᠮ ᠴᠠᠯᠬᠢᠯᠠᠭᠤᠯᠤᠭᠰᠡᠨ ᠬᠡᠬᠡᠷᠡᠯ ᠤᠨ ᠲᠠᠯᠠᠢ᠃

                             

                                       ᠨᠠᠶᠢᠷᠠᠭᠤᠯᠤᠭᠴᠢ᠄ ᠽᠠᠨᠳᠠᠨᠮᠦ᠋ᠴᠢᠷ

                                       ᠬᠦᠢᠴᠡᠳᠭᠡᠭᠴᠢ ᠬᠢᠨᠠᠬᠴᠢ᠄ ᠸᠠᠩ ᠸᠧᠨ ᠶᠢᠩ

                                       ᠶᠡᠷᠦᠩᠭᠡᠢ ᠬᠢᠨᠠᠬᠴᠢ᠄ ᠵᠠᠩ ᠬᠦᠢ ᠵᠧᠨ

                             ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号