2018 ᠣᠨ ᠤ ᠲᠤᠭ᠎ᠠ ᠪᠦᠷᠢᠳᠬᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2019-09-30
     2018 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠦᠶᠯᠡᠳᠦᠯᠭᠡᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠦᠷᠢᠵᠢᠭᠤᠯᠵᠦ᠂ ᠪᠥᠬᠦ ᠬᠤᠰᠢᠭᠤᠨ ᠤ ᠠᠵᠤ ᠠᠬᠤᠢ ᠶᠢᠨ ᠡᠷᠡᠭᠦᠯ ᠲᠣᠭᠲᠠᠭᠤᠨ ᠬᠥᠭᠵᠢᠯᠲᠡ ᠶᠢᠨ ᠪᠠᠶᠢᠳᠠᠯ ᠢ ᠪᠠᠲᠤᠯᠠᠪᠠ᠃      ᠠᠩᠬ᠎ᠠ ᠠᠯᠬᠤᠮ ᠲᠤᠭᠠᠴᠠᠭ᠎ᠠ ᠬᠢᠭᠰᠡᠨ ᠠᠴᠠ ᠦᠵᠡᠪᠡᠯ᠂ ᠪᠥᠬᠦ ᠵᠢᠯ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠭᠡᠢ ᠥᠷᠲᠡᠭ ᠢ ᠬᠠᠷᠢᠴᠠᠭᠤᠯᠤᠭᠰᠡᠨ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ  ᠤ ᠬᠢ ᠠᠴᠠ 3.7% ᠪᠠᠷ ᠨᠡᠮᠡᠭᠳᠡᠵᠦ᠂ 2017 ᠤᠨ ᠤ ᠬᠢ ᠠᠴᠠ ᠵᠠᠭᠤᠨ ᠤ ᠬᠠᠷᠢᠴᠠᠯ ᠢᠶᠠᠷ 1.1 ᠬᠤᠪᠢ ᠲᠦᠷᠭᠡᠳᠪᠡ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 4.0% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 2.9% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 4.4% ᠪᠠᠷ ᠨᠡᠮᠡᠭᠳᠡᠪᠡ᠃ ᠪᠣᠳᠠᠲᠠᠶ ᠭᠦᠶᠴᠡᠳᠬᠡᠬᠦ ᠲᠤᠭ᠎ᠠ ᠠᠴᠠ ᠦᠵᠡᠪᠡᠯ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠳᠤ ᠳᠣᠤᠷᠠᠬᠢ ᠮᠡᠲᠦ ᠵᠢᠷᠭᠤᠭᠠᠨ ᠵᠦᠢᠯ ᠤᠨ ᠣᠨᠴᠠᠯᠢᠭ ᠢᠯᠡᠷᠡᠵᠦ ᠪᠤᠢ᠄      ᠨᠢᠭᠡ᠂ ᠠᠵᠤ ᠦᠶᠯᠡᠳᠪᠦᠷᠢ ᠶᠢᠨ ᠠᠵᠤ ᠠᠬᠤᠶ ᠲᠤᠬᠳᠠᠭᠤᠨ ᠲᠤᠮᠲᠡ ᠰᠠᠶᠢᠵᠢᠷᠠᠪᠡ      ᠪᠥᠬᠦ ᠵᠢᠯ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠪᠣᠳᠠᠲᠠᠶ ᠪᠠᠷ 7.8% ᠪᠠᠷ ᠨᠡᠮᠡᠭᠳᠡᠵᠦ᠂ 2017 ᠤᠨ ᠤ ᠬᠢ ᠠᠴᠠ ᠵᠠᠭᠤᠨ ᠤ ᠬᠠᠷᠢᠴᠠᠯ ᠢᠶᠠᠷ 3.9 ᠬᠤᠪᠢ ᠲᠦᠷᠭᠡᠳᠪᠡ᠂ ᠡᠭᠦᠨ ᠳᠤ᠄ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 7.7%  ᠪᠠᠷ ᠨᠡᠮᠡᠭᠳᠡᠵᠦ᠂ ᠬᠡᠪᠴᠢᠶᠡᠵᠢᠯ ᠠᠴᠠ ᠳᠣᠷᠣᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 9.0% ᠪᠠᠷ ᠨᠡᠮᠡᠭᠳᠡᠪᠡ᠃ 40 ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠦᠶᠯᠡᠳᠬᠦᠨ ᠤ ᠶᠡᠷᠦᠩᠬᠡᠶ ᠥᠷᠲᠡᠭ ᠢ ᠨᠡᠶᠢᠲᠡ 66.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ᠂ ᠡᠭᠦᠨ ᠳᠤ᠄ 33 ᠠᠵᠤ ᠠᠬᠤᠶᠢᠯᠠᠯ ᠤᠨ ᠦᠶᠯᠡᠳᠬᠦᠨ ᠤ ᠥᠷᠲᠡᠭ ᠤᠨ ᠲᠤᠭ᠎ᠠ ᠪᠠᠷᠢᠮᠲᠠ ᠨᠡᠮᠡᠭᠳᠡᠬᠦ ᠬᠠᠨᠳᠤᠰᠢ ᠢᠯᠡᠷᠡᠵᠦ᠂ 82.5% ᠶᠢ ᠡᠵᠡᠯᠡᠪᠡ︔ ᠰᠠᠯᠬᠢᠨ ᠬᠦᠴᠦᠨ ᠤ ᠴᠠᠬᠢᠯᠭᠠᠨ ᠭᠠᠷᠭᠠᠬᠤ᠂ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠨᠡᠯᠢᠶᠡᠳ ᠲᠦᠷᠭᠡᠨ ᠪᠠᠶᠢᠵᠤ᠂ ᠠᠵᠤ ᠦᠶᠯᠡᠳᠪᠦᠷᠢ ᠶᠢᠨ ᠦᠶᠯᠡᠳᠬᠦᠨ ᠤ ᠥᠷᠲᠡᠭ ᠢ ᠨᠡᠶᠢᠲᠡ 25.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠪᠡ᠃      12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠳᠤ ᠠᠯᠳᠠᠭᠳᠠᠯ ᠲᠠᠢ ᠨᠢ 7 ᠡᠷᠦᠬᠡ ᠪᠠᠶᠢᠵᠤ᠂ 2017 ᠤᠨ ᠤ ᠬᠢ ᠠᠴᠠ 1 ᠡᠷᠦᠬᠡ ᠬᠠᠰᠤᠭᠳᠠᠵᠤ᠂ ᠠᠯᠳᠠᠭᠳᠠᠯ ᠤᠨ ᠬᠡᠪᠴᠢᠶ᠎ᠡ 20% ᠠᠴᠠ ᠪᠠᠨ ᠪᠠᠭᠤᠷᠠᠭᠠᠳ 17.5% ᠪᠣᠯᠪᠠ᠃ ᠪᠦᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠭᠤᠤᠯ ᠡᠵᠡᠩᠨᠡᠭᠰᠡᠨ ᠠᠵᠢᠯ ᠤᠨ ᠣᠷᠣᠯᠭ᠎ᠠ ᠨᠢ 73.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠵᠦ᠂ ᠭᠤᠤᠯ ᠡᠵᠡᠩᠨᠡᠭᠰᠡᠨ ᠠᠵᠢᠯ ᠤᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ 1.17 ᠵᠠᠭᠤᠨ ᠤ ᠨᠢᠭᠡᠴᠢ ᠳᠡᠭᠡᠭᠰᠢᠯᠡᠪᠡ︔ ᠵᠠᠭᠤᠨ ᠲᠥᠭᠦᠷᠢᠭ ᠪᠦᠷᠢ ᠶᠢᠨ ᠭᠤᠤᠯ ᠡᠵᠡᠩᠨᠡᠭᠰᠡᠨ ᠠᠵᠢᠯ ᠤᠨ ᠣᠷᠣᠯᠭ᠎ᠠ ᠳᠠᠬᠢ ᠥᠪᠡᠷ ᠤᠨ ᠥᠷᠲᠡᠭ ᠨᠢ 80.22 ᠲᠥᠭᠦᠷᠢᠭ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.52 ᠲᠥᠭᠦᠷᠢᠭ ᠪᠠᠭᠤᠷᠠᠪᠠ᠃      ᠬᠤᠶᠠᠷ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠲᠦᠷᠭᠡᠳᠪᠡ      2018 ᠣᠨ ᠳᠤ᠂ ᠡᠯ᠎ᠡ ᠭᠠᠵᠠᠷ ᠣᠷᠣᠨ ᠵᠢᠴᠢ ᠬᠠᠮᠢᠶ᠎ᠡ ᠪᠦᠬᠦᠢ ᠰᠠᠯᠠᠭ᠎ᠠ ᠮᠥᠴᠢᠷ ᠠᠴᠠ ᠤᠷᠢᠳᠠᠪᠠᠷ ᠭᠠᠩᠳᠠᠵᠤ ᠳᠠᠷᠠᠭ᠎ᠠ ᠨᠢ ᠤᠰᠤᠲᠤᠭᠰᠠᠨ ᠣᠯᠠᠨ ᠳᠠᠪᠬᠤᠷ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠠᠷᠭᠠᠴᠠᠵᠤ᠂ ᠮᠠᠯᠴᠢᠨ ᠲᠠᠷᠢᠶᠠᠴᠢᠨ ᠵᠢᠴᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠲᠠᠷᠢᠵᠤ ᠲᠡᠵᠢᠭᠡᠬᠦ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠢ ᠡᠮᠬᠢ ᠵᠢᠷᠤᠮ ᠲᠠᠢ ᠦᠷᠨᠢᠭᠦᠯᠪᠡ᠃ ᠪᠥᠬᠦ ᠬᠤᠰᠢᠭᠤᠨ ᠤ ᠠᠮᠤ ᠪᠤᠳᠠᠭᠠᠨ ᠤ ᠲᠠᠷᠢᠮᠠᠯ 47.9 ᠲᠦᠮᠡᠨ ᠮᠤ᠋ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠪᠠᠭᠠᠰᠴᠠᠶ᠂ ᠡᠭᠦᠨ ᠳᠤ ᠪᠤᠭᠤᠳᠠᠢ 17.9 ᠲᠦᠮᠡᠨ ᠮᠤ᠋᠂ 7.9% ᠪᠠᠷ ᠨᠡᠮᠡᠭᠳᠡᠵᠦ᠂ ᠡᠷᠳᠡᠨᠢ ᠰᠢᠰᠢ 9.5 ᠲᠦᠮᠡᠨ ᠮᠤ᠋᠂ 85.8% ᠪᠠᠷ ᠨᠡᠮᠡᠭᠳᠡᠵᠦ᠂ ᠰᠠᠭᠠᠭ 3.8 ᠲᠦᠮᠡᠨ ᠮᠤ᠋᠂ 15.1% ᠪᠠᠷ ᠪᠠᠭᠠᠰᠴᠠᠶ︔ ᠠᠮᠤ ᠪᠤᠳᠠᠭ᠎ᠠ ᠶᠢᠨ ᠶᠡᠷᠦᠩᠭᠡᠢ ᠤᠨᠠᠯᠲᠡ 7.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.7% ᠪᠠᠷ ᠪᠠᠭᠠᠰᠴᠠᠶ᠃ ᠠᠵᠦ ᠠᠬᠤᠢ ᠶᠢᠨ ᠲᠠᠷᠢᠮᠡᠯ 27.6 ᠲᠦᠮᠡᠨ ᠮᠤ᠋ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13% ᠪᠠᠷ ᠪᠠᠭᠠᠰᠪᠡ᠂ ᠡᠭᠦᠨ ᠳᠤ ᠲᠤᠰᠤᠯᠢᠭ ᠲᠠᠷᠢᠮᠠᠯ 17.3 ᠲᠦᠮᠡᠨ ᠮᠤ᠋᠂ 13.6% ᠪᠠᠷ ᠪᠠᠭᠠᠰᠴᠤ᠂ ᠬᠢᠲᠠᠳ ᠡᠪᠡᠰᠦᠨ ᠡᠮ ᠤᠨ ᠮᠠᠲ᠋ᠧᠷᠢᠶᠠᠯ 1.5 ᠲᠦᠮᠡᠨ ᠮᠤ᠋᠂ 15.7% ᠪᠠᠷ ᠨᠡᠮᠡᠭᠳᠡᠪᠡ︔ ᠲᠤᠰᠤᠯᠢᠭ ᠲᠠᠷᠢᠮᠡᠯ ᠤᠨ ᠭᠠᠷᠤᠯᠲᠠ 1.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.8% ᠪᠠᠷ ᠪᠠᠭᠠᠰᠪᠠ᠃      ᠮᠠᠯ ᠠᠵᠤ ᠠᠬᠤᠢ ᠶᠢᠨ ᠦᠢᠯᠡᠳᠪᠦᠷᠢᠯᠡᠯ ᠲᠣᠭᠲᠠᠭᠤᠨ ᠪᠠᠶᠢᠵᠤ᠂ ᠪᠦᠬᠦ ᠬᠤᠰᠢᠭᠤᠨ ᠤ ᠲᠡᠵᠢᠭᠡᠪᠦᠷᠢ ᠮᠠᠯ ᠤᠨ ᠶᠡᠷᠦᠩᠬᠡᠢ ᠲᠤᠭ᠎ᠠ 572828 ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠪᠠᠷ ᠪᠠᠭᠠᠰᠪᠠ᠃ ᠲᠡᠵᠢᠭᠡᠪᠦᠷᠢ ᠪᠣᠳᠠ ᠪᠣᠭ ᠮᠠᠯ 569469 ᠪᠠᠶᠢᠵᠤ᠂ 1.2% ᠢᠶᠠᠷ ᠨᠡᠮᠡᠭᠳᠡᠪᠡ᠂ ᠡᠭᠦᠨ ᠳᠤ ᠪᠣᠳᠠ ᠮᠠᠯ 59394 ᠪᠠᠶᠢᠵᠤ᠂ 7.8% ᠪᠠᠷ ᠪᠠᠭᠠᠰᠴᠦ᠂ ᠪᠤᠭ ᠮᠠᠯ 510075 ᠪᠣᠯᠵᠤ᠂ 1.5% ᠪᠠᠷ ᠪᠠᠭᠠᠰᠪᠠ︔ ᠬᠤᠷᠢᠵᠦ ᠲᠡᠵᠢᠭᠡᠵᠦ ᠪᠠᠶᠢᠭ᠎ᠠ ᠭᠠᠭ᠋ᠠᠶ ᠶᠢᠨ ᠲᠤᠭ᠎ᠠ 3359 ᠪᠠᠶᠢᠵᠦ᠂ 73.7% ᠪᠠᠷ ᠪᠠᠭᠠᠰᠪᠡ᠃ ᠪᠥᠬᠦ ᠵᠢᠯ ᠤᠨ ᠮᠠᠯ ᠵᠢᠭᠦᠷᠲᠡᠨ ᠤ ᠮᠢᠬᠠᠨ ᠤ ᠭᠠᠷᠤᠯᠲᠠ 24183.6 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 19.2% ᠢᠶᠠᠷ ᠨᠡᠮᠡᠭᠳᠡᠪᠡ᠂ ᠡᠭᠦᠨ ᠳᠤ ᠭᠠᠭ᠋ᠠᠶ ᠶᠢᠨ ᠮᠢᠬ᠎ᠠ 1949 ᠲᠣᠨ᠂ 10.4% ᠪᠠᠷ ᠨᠡᠮᠡᠭᠳᠡᠵᠦ᠂ ᠦᠬᠡᠷ ᠤᠨ ᠮᠢᠬ᠎ᠠ7618.1 ᠲᠣᠨ᠂ 10.1% ᠪᠠᠷ ᠨᠡᠮᠡᠭᠳᠡᠵᠦ᠂ ᠬᠤᠨᠢᠨ ᠤ ᠮᠢᠬ᠎ᠠ 14125.4 ᠲᠣᠨ᠂ 26.7% ᠪᠠᠷ ᠨᠡᠮᠡᠭᠳᠡᠵᠦ᠂ ᠵᠢᠭᠦᠷᠲᠡᠨ ᠤ ᠮᠢᠬ᠎ᠠ 491.1 ᠲᠣᠨ᠂ 7.5% ᠪᠠᠷ ᠨᠡᠮᠡᠭᠳᠡᠪᠡ᠃      ᠭᠤᠷᠪᠡ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ ᠶᠡᠭᠡ ᠰᠠᠶᠢᠨ      ᠪᠦᠬᠦ ᠵᠢᠯ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠡᠨ ᠶᠡᠷᠦᠩᠭᠡᠢ ᠬᠡᠮᠵᠢᠶ᠎ᠡ 256003.4 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠪᠠᠷ ᠨᠡᠮᠡᠭᠳᠡᠵᠦ᠂ 2017 ᠤᠨ ᠤ ᠬᠢ ᠠᠴᠠ ᠵᠠᠭᠤᠨ ᠤ ᠬᠠᠷᠢᠴᠠᠯ ᠢᠶᠠᠷ 0.3 ᠬᠤᠪᠢ ᠲᠦᠷᠭᠡᠳᠪᠡ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠄ ᠪᠥᠭᠡᠮ ᠢᠶᠠᠷ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 46243.2 ᠲᠦᠮᠡᠨ ᠲᠥᠭᠦᠷᠢᠭ ᠲᠤ ᠬᠦᠷᠴᠦ᠂ 6.3 % ᠪᠠᠷ ᠨᠡᠮᠡᠭᠳᠡᠪᠡ︔ ᠵᠢᠵᠢᠭᠯᠡᠨ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 1177.5 ᠲᠦᠮᠡᠨ ᠲᠥᠭᠦᠷᠢᠭ᠂ 6.7% ᠪᠠᠷ ᠨᠡᠮᠡᠭᠳᠡᠪᠡ︔ ᠬᠤᠨᠤᠭ ᠪᠠᠭᠤᠴᠡ ᠶᠢᠨ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 27182.7 ᠲᠦᠮᠡᠨ ᠲᠥᠭᠦᠷᠢᠭ ᠲᠤ ᠬᠦᠷᠴᠦ᠂ 5.3% ᠪᠠᠷ ᠨᠡᠮᠡᠭᠳᠡᠪᠡ︔ ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 64810 ᠲᠦᠮᠡᠨ ᠲᠥᠭᠦᠷᠢᠭ ᠲᠤ ᠬᠦᠷᠴᠦ᠂ 5.6% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠤᠷᠤᠨ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ 183049.8 ᠲᠦᠮᠡᠨ ᠲᠥᠭᠦᠷᠢᠭ ᠲᠤ ᠬᠦᠷᠴᠦ᠂ 6.3% ᠪᠠᠷ ᠨᠡᠮᠡᠭᠳᠡᠨ᠂ ᠵᠢᠵᠢᠭᠯᠡᠨ ᠬᠤᠳᠠᠯᠳᠤᠭᠰᠠᠨ ᠶᠡᠷᠦᠩᠭᠡᠢ ᠬᠡᠮᠵᠢᠶᠠᠨ ᠤ 71.5% ᠶᠢ ᠡᠵᠡᠯᠡᠵᠦ᠂ ᠮᠥᠨ ᠯᠡ ᠬᠡᠷᠡᠭᠯᠡᠭᠡᠨ ᠤ ᠭᠤᠤᠯ ᠬᠦᠴᠦᠨ ᠪᠣᠯᠪᠠ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 72953.6 ᠲᠦᠮᠡᠨ ᠲᠥᠭᠦᠷᠢᠭ ᠲᠤ ᠬᠦᠷᠴᠦ᠂ 5.9% ᠪᠠᠷ ᠨᠡᠮᠡᠭᠳᠡᠪᠡ᠃      ᠪᠥᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠶᠯ ᠤᠨ ᠪᠤᠷᠤᠯᠠᠭᠤᠯᠭ᠎ᠠ ᠶᠢᠨ ᠶᠡᠷᠦᠩᠬᠡᠶ ᠬᠡᠮᠵᠢᠶ᠎ᠡ 622577.4 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ᠃ ᠡᠭᠦᠨ ᠳᠤ᠄ ᠪᠥᠭᠡᠮ ᠢᠶᠠᠷ ᠬᠤᠳᠠᠯᠳᠤᠬᠤ ᠦᠢᠯᠡᠰ ᠤᠨ ᠪᠣᠷᠣᠯᠠᠭᠤᠯᠭ᠎ᠠ ᠶᠢᠨ ᠬᠡᠮᠵᠢᠶ᠎ᠡ 130589.3 ᠲᠦᠮᠡᠨ ᠲᠥᠭᠦᠷᠢᠭ᠂ 9.2% ᠢᠶᠠᠷ ᠨᠡᠮᠡᠭᠳᠡᠪᠡ︔ ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠭ᠎ᠠ ᠶᠢᠨ ᠬᠡᠮᠵᠢᠶ᠎ᠡ 293084.4 ᠲᠦᠮᠡᠨ ᠲᠥᠭᠦᠷᠢᠭ᠂ 9.6% ᠪᠠᠷ ᠨᠡᠮᠡᠭᠳᠡᠪᠡ︔ ᠬᠤᠨᠤᠭ ᠪᠠᠭᠤᠴᠡ ᠶᠢᠨ ᠦᠢᠯᠡᠰ ᠤᠨ ᠪᠤᠷᠤᠯᠠᠭᠤᠯᠭ᠎ᠠ ᠶᠢᠨ ᠬᠡᠮᠵᠢᠶ᠎ᠡ 62688.3 ᠲᠦᠮᠡᠨ ᠲᠥᠭᠦᠷᠢᠭ᠂ 8.6% ᠪᠠᠷ ᠨᠡᠮᠡᠭᠳᠡᠪᠡ︔ ᠢᠳᠡᠭᠡᠨ ᠤᠮᠳᠠᠭᠠᠨ ᠤ ᠦᠢᠯᠡᠰ ᠤᠨ ᠪᠤᠷᠤᠯᠠᠭᠤᠯᠭ᠎ᠠ ᠶᠢᠨ ᠬᠡᠮᠵᠢᠶ᠎ᠡ 136215.4 ᠲᠦᠮᠡᠨ ᠲᠥᠭᠦᠷᠢᠭ᠂ 8.7% ᠪᠠᠷ ᠨᠡᠮᠡᠭᠳᠡᠪᠡ᠃      ᠲᠦᠷᠪᠡ᠂ ᠭᠤᠤᠯᠳᠠᠯᠭ᠎ᠠ ᠲᠠᠢ ᠠᠵᠤ ᠠᠬᠤᠶᠢᠯᠠᠯ ᠦᠷᠭᠦᠯᠵᠢᠯᠡᠨ ᠬᠥᠭᠵᠢᠨ ᠪᠤᠵᠠᠭᠠᠶᠢᠷᠠᠪᠠ      2018 ᠣᠨ ᠳᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠴᠣᠭᠴᠠ ᠶᠢᠨ ᠠᠵᠤ ᠠᠬᠤᠶ ᠶᠢ ᠬᠥᠭᠵᠢᠭᠦᠯᠦᠨ ᠮᠠᠨᠳᠤᠭᠤᠯᠬᠤ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠦᠷᠢᠵᠢᠭᠤᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ ᠤᠨ ᠡᠯ᠎ᠡ ᠲᠥᠷᠥᠯ ᠤᠨ ᠭᠠᠶᠢᠯᠢ ᠰᠦᠶᠳᠬᠡᠯ ᠤᠨ ᠳᠠᠷᠤᠭᠠᠰᠤ ᠶᠢ ᠬᠦᠩᠭᠡᠷᠡᠭᠦᠯᠵᠦ᠂ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠬᠡᠰᠡᠭ  ᠠᠵᠤ ᠠᠬᠤᠶᠢᠯᠠᠯ ᠢ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠭᠤᠯᠪᠡ᠃ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 5 ᠠᠵᠤ ᠦᠶᠯᠡᠳᠪᠦᠷᠢ ᠶᠢᠨ ᠠᠵᠤ ᠠᠬᠤᠶᠢᠯᠠᠯ ᠬᠡᠪᠴᠢᠶᠡᠵᠢᠯ ᠤᠨ ᠪᠠᠷᠢᠮᠵᠢᠶᠠᠨ ᠳᠤ ᠬᠦᠷᠴᠦ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶ ᠲᠤᠭ᠎ᠠ 45 ᠳᠤ ᠬᠦᠷᠪᠡ᠂ ᠡᠭᠦᠨ ᠳᠤ᠄ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ 25᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠬᠠᠪᠳᠠᠭᠠᠶᠢᠷᠠᠭᠤᠯᠬᠤ ᠦᠶᠯᠡᠰ 2᠂ ᠲᠡᠮᠦᠷᠯᠢᠭ ᠪᠤᠰᠤ ᠠᠭᠤᠷᠬᠠᠢ ᠶᠢᠨ ᠦᠢᠯᠡᠳᠬᠦ ᠦᠢᠯᠡᠰ 2᠂ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ 1 ᠪᠠᠭᠳᠠᠨ᠎ᠡ︔ ᠦᠢᠯᠡᠴᠢᠯᠡᠭᠡᠨ ᠤ ᠦᠢᠯᠡᠰ ᠤᠨ 2 ᠠᠵᠤ ᠠᠬᠤᠶᠢᠯᠠᠯ ᠬᠡᠪᠴᠢᠶᠡᠵᠢᠯ ᠤᠨ ᠪᠠᠷᠢᠮᠵᠢᠶᠠᠨ ᠳᠤ ᠬᠦᠷᠴᠦ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 4 ᠳᠤ ᠬᠦᠷᠴᠦ᠂ ᠡᠭᠦᠨ ᠳᠤ᠄ ᠲᠡᠮᠦᠷ ᠵᠠᠮ ᠤᠨ ᠲᠡᠭᠡᠭᠡᠪᠦᠷᠢ ᠶᠢᠨ ᠦᠢᠯᠡᠰ 1᠂ ᠵᠠᠮ ᠲᠡᠭᠡᠭᠡᠪᠦᠷᠢ ᠶᠢᠨ ᠦᠢᠯᠡᠰ 1᠂ ᠤᠯᠠᠨ ᠨᠡᠶᠢᠲᠡ ᠶᠢᠨ ᠲᠦᠭᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ 1᠂ ᠪᠤᠰᠤᠳ ᠵᠤᠭ᠎ᠠ ᠴᠡᠩᠭᠡᠯ ᠤᠨ ᠦᠢᠯᠡᠰ 1 ᠪᠠᠭᠳᠠᠨ᠎ᠡ︔ ᠠᠷᠠᠯᠵᠢᠶᠠᠨ ᠤ ᠦᠢᠯᠡᠰ ᠤᠨ 4 ᠠᠵᠤ ᠠᠬᠤᠶᠢᠯᠠᠯ ᠲᠡᠭᠡᠲᠦ ᠬᠢᠵᠠᠭᠠᠷ ᠤᠨ ᠪᠠᠷᠢᠮᠵᠢᠶ᠎ᠠ ᠳᠤ ᠬᠦᠷᠴᠦ᠂ ᠪᠦᠬᠦ ᠬᠤᠰᠢᠭᠤᠨ ᠤ ᠬᠢᠵᠠᠭᠠᠷ ᠲᠤᠭ᠎ᠠ ᠠᠴᠠ ᠳᠡᠭᠡᠭᠰᠢᠬᠢ ᠠᠷᠠᠯᠵᠢᠶᠠᠨ ᠤ ᠠᠵᠤ ᠠᠬᠤᠶᠢᠯᠠᠯ ᠤᠨ ᠶᠡᠷᠦᠩᠬᠡᠢ ᠲᠤᠭ᠎ᠠ 8 ᠳᠤ ᠬᠦᠷᠴᠦ᠂ ᠡᠭᠦᠨ ᠳᠤ᠄ ᠪᠥᠭᠡᠮ ᠢᠶᠠᠷ ᠵᠢᠵᠢᠭᠯᠡᠨ ᠬᠤᠳᠠᠯᠳᠤᠬᠤ ᠦᠢᠯᠡᠰ 4᠂ ᠬᠤᠨᠤᠭ ᠪᠠᠭᠤᠴᠡ ᠢᠳᠡᠭᠡᠨ ᠤᠮᠳᠠᠭᠠᠨ ᠤ ᠦᠢᠯᠡᠰ 4 ᠪᠤᠢ᠃      ᠲᠠᠪᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠢᠯᠡᠳᠲᠡ ᠪᠠᠭᠤᠷᠠᠪᠠ      2017 ᠣᠨ ᠠᠴᠠ ᠨᠠᠭᠠᠰᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠦᠯ ᠵᠦᠢᠯ ᠤᠨ ᠪᠠᠷᠢᠯᠭ᠎ᠠ ᠶᠢ ᠵᠣᠭᠰᠣᠭᠠᠬᠤ᠂ ᠬᠤᠶᠢᠰᠢᠯᠠᠭᠤᠯᠬᠤ᠂ ᠪᠠᠭᠠᠰᠬᠠᠬᠤ ᠪᠠ ᠭᠤᠣᠯᠳᠠᠯᠭ᠎ᠠ ᠲᠠᠢ ᠲᠥᠷᠦᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢ ᠪᠠᠭᠤᠷᠠᠭᠤᠯᠬᠤ᠂ ᠰᠢᠨ᠎ᠡ ᠪᠠᠷ ᠪᠠᠶᠢᠭᠤᠯᠬᠤ ᠲᠥᠷᠦᠯ ᠵᠦᠢᠯ ᠤᠨ ᠠᠵᠢᠯ ᠡᠬᠢᠯᠡᠭᠡᠳᠤᠢ ᠲᠦᠷᠦᠯ ᠵᠦᠢᠯ ᠤᠨ ᠬᠦᠮᠦᠷᠭᠡ ᠳᠤ ᠤᠷᠤᠵᠦ ᠲᠡᠶᠢᠯᠭᠦ ᠦᠭᠡᠢ ᠵᠡᠷᠭᠡ ᠡᠯᠧᠮᠧᠨ᠋ᠲ ᠤᠨ ᠨᠥᠯᠥᠭᠡ ᠠᠴᠠ ᠪᠣᠯᠵᠤ᠂ 2018 ᠣᠨ ᠳᠤ ᠪᠦᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠢᠯᠡᠳᠲᠡ ᠪᠠᠭᠤᠷᠠᠬᠤ ᠬᠠᠨᠳᠤᠰᠢ ᠲᠠᠢ ᠪᠣᠯᠪᠠ᠃ ᠪᠦᠬᠦ ᠵᠢᠯ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ 88 ᠪᠠᠶᠢᠵᠤ᠂ ᠨᠡᠶᠢᠲᠡ 302138 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 38% ᠪᠠᠷ ᠪᠠᠭᠠᠰᠪᠠ᠃ ᠡᠭᠦᠨ ᠳᠤ᠄ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠦᠯ ᠵᠦᠢᠯ ᠤᠨ ᠪᠡᠯᠡ ᠣᠷᠣᠭᠤᠯᠤᠯᠲᠠ 211393 ᠲᠦᠮᠡᠨ ᠲᠥᠭᠦᠷᠢᠭ᠂ 500 — 5000 ᠲᠦᠮᠡᠨ ᠲᠥᠭᠦᠷᠢᠭ ᠤᠨ ᠲᠥᠷᠦᠯ ᠵᠦᠢᠯ ᠤᠨ ᠪᠡᠯᠡ ᠣᠷᠣᠭᠤᠯᠤᠯᠲᠠ 37021 ᠲᠦᠮᠡᠨ ᠲᠥᠭᠦᠷᠢᠭ᠂ ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠠᠰᠢᠭᠯᠠᠯᠲᠠ ᠶᠢᠨ ᠲᠥᠷᠦᠯ ᠵᠦᠢᠯ ᠤᠨ ᠪᠡᠯᠡ ᠣᠷᠣᠭᠤᠯᠤᠯᠲᠠ 53724 ᠲᠦᠮᠡᠨ ᠲᠥᠭᠦᠷᠢᠭ ᠪᠤᠯᠤᠨ᠎ᠡ᠃ ᠪᠡᠯᠡ ᠣᠷᠣᠭᠤᠯᠤᠯᠲᠠ ᠶᠢᠨ ᠠᠷᠭ᠎ᠠ ᠵᠠᠮ ᠠᠴᠠ ᠦᠵᠡᠪᠡᠯ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠲᠦᠷᠦᠭᠦᠤ ᠵᠢᠯ ᠤᠨ ᠬᠢ ᠲᠠᠢ ᠲᠡᠩᠴᠡᠭᠦᠤ ᠪᠠᠶᠢᠵᠤ᠂ ᠥᠭᠡᠷᠡᠴᠢᠯᠡᠯᠲᠡ ᠰᠢᠨᠡᠴᠢᠯᠡᠯᠲᠡ ᠶᠢᠨ ᠪᠡᠯᠡ ᠣᠷᠣᠭᠤᠯᠤᠯᠲᠠ 23.7% ᠪᠠᠷ ᠪᠠᠭᠠᠰᠴᠤ᠂ ᠭᠡᠷ ᠭᠠᠵᠠᠷ ᠤᠨ ᠬᠦᠷᠦᠩᠭᠡ ᠶᠢᠨ ᠨᠡᠭᠡᠭᠡᠨ ᠠᠰᠢᠬᠯᠠᠯᠲᠡ ᠶᠢᠨ ᠪᠡᠯᠡ ᠣᠷᠣᠭᠤᠯᠤᠯᠲᠠ 27.6% ᠪᠠᠷ ᠨᠡᠮᠡᠭᠳᠡᠪᠡ᠃ ᠭᠤᠷᠪᠠᠨ ᠠᠵᠤ ᠦᠶᠯᠡᠰ ᠢᠶᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 55.9% ᠪᠠᠷ ᠪᠠᠭᠠᠰᠴᠤ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 23.7% ᠪᠠᠷ ᠪᠠᠭᠠᠰᠴᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 54.2% ᠢᠶᠠᠷ ᠪᠠᠭᠠᠰᠪᠡ᠃     ᠵᠢᠷᠭᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠬᠡᠷᠡᠭᠯᠡᠭᠡ ᠵᠡᠷᠭᠡᠪᠡᠷ ᠨᠡᠮᠡᠭᠳᠡᠪᠡ      2018 ᠣᠨ ᠳᠤ᠂ ᠪᠥᠬᠦ ᠬᠤᠰᠢᠭᠤᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 39978 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠨ᠂ 2017 ᠤᠨ ᠬᠢ ᠠᠴᠠ ᠵᠠᠭᠤᠨ ᠤ ᠬᠠᠷᠢᠴᠡᠯ ᠢᠶᠠᠷ 0.9 ᠬᠤᠪᠢ ᠪᠠᠭᠤᠷᠡᠪᠡ᠂ ᠡᠭᠦᠨ ᠳᠤ ᠴᠠᠯᠢᠩ ᠤᠨ ᠴᠢᠨᠠᠷᠲᠠᠶ ᠣᠷᠣᠯᠭ᠎ᠠ 27401 ᠲᠥᠭᠦᠷᠢᠭ᠂ 7.6% ᠪᠠᠷ ᠨᠡᠮᠡᠭᠳᠡᠵᠦ᠂ ᠡᠵᠡᠮᠳᠡᠵᠦ ᠪᠣᠯᠬᠤ ᠣᠷᠣᠯᠭ᠎ᠠ ᠶᠢᠨ 68.5% ᠶᠢ ᠡᠵᠡᠯᠡᠵᠦ᠂ ᠡᠵᠡᠩᠨᠡᠯᠲᠡ ᠶᠢᠨ ᠴᠡᠪᠡᠷ ᠣᠷᠣᠯᠭ᠎ᠠ 8263 ᠲᠦᠭᠦᠷᠢᠭ᠂ 5.4% ᠪᠠᠷ ᠨᠡᠮᠡᠭᠳᠡᠵᠦ᠂ ᠡᠳ᠋ ᠬᠥᠷᠥᠩᠭᠡ ᠶᠢᠨ ᠴᠡᠪᠡᠷ ᠣᠷᠣᠯᠭ᠎ᠠ 1039 ᠲᠥᠭᠦᠷᠢᠭ᠂ 2.0% ᠪᠠᠷ ᠨᠡᠮᠡᠭᠳᠡᠵᠦ᠂ ᠰᠢᠯᠵᠢᠭᠦᠯᠦᠭᠰᠡᠨ ᠴᠡᠪᠡᠷ ᠣᠷᠣᠯᠭ᠎ᠠ 3275 ᠲᠦᠭᠦᠷᠢᠭ᠂ 12.9% ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 21021 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 15257 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.9% ᠪᠠᠷ ᠨᠡᠮᠡᠭᠳᠡᠵᠦ᠂ 2017 ᠤᠨ ᠬᠢ ᠠᠴᠠ ᠵᠠᠭᠤᠨ ᠤ ᠬᠠᠷᠢᠴᠠᠯ ᠢᠶᠠᠷ 2.5 ᠬᠤᠪᠢ ᠲᠦᠷᠭᠡᠳᠪᠡ᠃ ᠡᠭᠦᠨ ᠳᠤ ᠴᠠᠯᠢᠩ ᠤᠨ ᠴᠢᠨᠠᠷᠲᠠᠶ ᠣᠷᠣᠯᠭ᠎ᠠ 1098 ᠲᠥᠭᠦᠷᠢᠭ ᠲᠤ ᠬᠦᠷᠴᠦ᠂ 3.8 ᠳᠠᠬᠢᠨ ᠨᠡᠮᠡᠭᠳᠡᠵᠦ᠂ ᠡᠵᠡᠩᠨᠡᠯᠲᠡ ᠶᠢᠨ ᠴᠡᠪᠡᠷ ᠣᠷᠣᠯᠭ᠎ᠠ 7800 ᠲᠥᠭᠦᠷᠢᠭ ᠲᠤ ᠬᠦᠷᠴᠦ᠂ 2.9% ᠪᠠᠷ ᠨᠡᠮᠡᠭᠳᠡᠵᠦ᠂ ᠡᠵᠡᠮᠳᠡᠵᠦ ᠪᠣᠯᠬᠤ ᠣᠷᠣᠯᠭ᠎ᠠ ᠶᠢᠨ 51.1% ᠶᠢ ᠡᠵᠡᠯᠡᠵᠦ᠂ ᠰᠢᠯᠵᠢᠭᠦᠯᠦᠭᠰᠡᠨ ᠴᠡᠪᠡᠷ ᠣᠷᠣᠯᠭ᠎ᠠ 6359 ᠲᠥᠭᠦᠷᠢᠭ ᠲᠤ ᠬᠦᠷᠴᠦ᠂ 18.4% ᠪᠠᠷ ᠨᠡᠮᠡᠭᠳᠡᠵᠦ᠂ ᠡᠵᠡᠮᠳᠡᠵᠦ ᠪᠣᠯᠬᠤ ᠣᠷᠣᠯᠭ᠎ᠠ ᠶᠢᠨ 41.7% ᠶᠢ ᠡᠵᠡᠯᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 8196 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ᠃      ᠶᠡᠷᠦᠩᠭᠡᠢ ᠳᠤᠨᠢ ᠠᠪᠴᠤ ᠦᠵᠡᠪᠡᠯ᠂ 2018 ᠣᠨ ᠳᠤ ᠪᠥᠬᠦ ᠬᠤᠰᠢᠭᠤᠨ ᠤ ᠠᠵᠤ ᠠᠬᠤᠶ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠠᠰᠢᠭᠲᠠᠢ ᠨᠥᠬᠦᠴᠡᠯ ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ᠃ ᠭᠡᠪᠡᠴᠦ ᠣᠯᠠᠨ ᠲᠠᠯ᠎ᠠ ᠶᠢᠨ ᠬᠦᠴᠦᠨ ᠵᠦᠶᠯ ᠤᠨ ᠨᠥᠯᠥᠭᠡ ᠠᠴᠠ ᠪᠣᠯᠵᠤ᠂ ᠮᠠᠨ ᠤ ᠬᠤᠰᠢᠭᠤᠨ ᠤ ᠬᠠᠳᠠᠭᠠᠯᠠᠭᠳᠠᠵᠤ ᠪᠠᠶᠢᠭ᠎ᠠ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠶᠢᠨ ᠲᠣᠭᠲᠠᠭᠤᠨ ᠴᠢᠨᠠᠷ ᠠᠨᠠᠢ᠂ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠤᠳᠠᠭᠠᠨ᠂ ᠪᠠᠯᠠ ᠣᠷᠣᠭᠤᠯᠤᠯᠲᠠ ᠬᠡᠷᠡᠭᠯᠡᠭᠡᠨ ᠤ ᠨᠡᠮᠡᠭᠳᠡᠯ ᠤᠨ ᠬᠦᠲᠡᠯᠭᠡᠭᠴᠢ ᠬᠦᠴᠦᠨ ᠬᠦᠷᠦᠯᠴᠡᠬᠦ ᠥᠬᠡᠶ ᠵᠡᠷᠭᠡ ᠠᠰᠠᠭᠤᠳᠠᠯ ᠨᠡᠯᠢᠶᠡᠳ ᠲᠣᠪᠣᠶᠢᠮ᠎ᠠ ᠪᠠᠶᠢᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠭᠦᠷᠭᠡ ᠬᠠᠲᠠᠭᠤ ᠪᠡᠷᠬᠡ ᠪᠠᠶᠢᠨ᠎ᠠ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠶᠢᠨ ᠲᠡᠳᠬᠦᠨ ᠳᠡᠮᠵᠢᠬᠦ ᠠᠷᠭ᠎ᠠ ᠬᠡᠮᠵᠢᠶ᠎ᠡ ᠪᠠ ᠴᠢᠬᠤᠯᠠ ᠶᠡᠭᠡ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠤᠯᠠᠮ ᠴᠢᠨᠠᠬᠰᠢᠲᠡ ᠴᠢᠩᠭᠠᠳᠬᠠᠵᠤ᠂ ᠪᠣᠯᠣᠳ ᠲᠡᠮᠦᠷ᠂ ᠬᠢᠮᠢ ᠶᠢᠨ ᠠᠵᠤ ᠦᠶᠯᠡᠳᠪᠦᠷᠢ ᠵᠡᠷᠭᠡ ᠬᠡᠪᠴᠢᠶᠡᠵᠢᠯ ᠠᠴᠠ ᠲᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠵᠢᠴᠢ ᠣᠳᠣ ᠪᠠᠶᠢᠭ᠎ᠠ ᠬᠡᠪᠴᠢᠶᠡᠵᠢᠯ ᠠᠴᠠ ᠲᠤᠷᠤᠭᠰᠢᠬᠢ ᠠᠵᠤ ᠠᠬᠤᠶᠢᠯᠠᠯ ᠪᠠ ᠶᠠᠭ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠣᠷᠣᠰᠢᠵᠤ ᠪᠠᠶᠢᠭ᠎ᠠ ᠪᠤᠳᠠᠳᠦ ᠬᠦᠴᠢᠷᠲᠡᠯ ᠢ ᠨᠠᠷᠢᠨ ᠨᠢᠮᠪᠠᠢ ᠡᠮᠬᠢᠯᠡᠵᠦ᠂ ᠠᠰᠠᠭᠤᠳᠠᠯ ᠤᠨ ᠡᠬᠡ ᠳᠠᠩᠰᠠ ᠪᠠ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠳᠦᠷᠢᠮ ᠢ ᠪᠠᠶᠢᠭᠤᠯᠵᠤ᠂ ᠲᠥᠷᠥᠯ ᠬᠤᠪᠢᠶᠠᠨ ᠬᠢᠨᠠᠨ ᠵᠢᠯᠣᠭᠤᠳᠴᠤ᠂ ᠮᠥᠷᠳᠡᠨ ᠰᠢᠶᠳᠪᠦᠷᠢᠯᠡᠬᠦ ᠶᠢ ᠪᠡᠶᠡᠯᠡᠭᠦᠯᠬᠦ ᠬᠡᠷᠡᠭᠲᠠᠢ ᠭᠡᠵᠦ ᠰᠠᠨᠠᠭᠤᠯᠪᠡ᠃ ᠡᠭᠦᠨ ᠤ ᠬᠠᠮᠲᠤ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠠᠮᠢᠶ᠎ᠡ ᠪᠦᠬᠦᠢ ᠰᠠᠯᠠᠭ᠎ᠠ ᠮᠥᠴᠢᠷ ᠨᠢ ᠨᠢᠭᠡᠨᠲᠡ ᠥᠷᠨᠢᠭᠦᠯᠦᠭᠰᠡᠨ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠤᠯᠠᠮ ᠠᠴᠠ  ᠴᠢᠬᠤᠯᠠᠴᠢᠯᠠᠨ ᠦᠵᠡᠵᠦ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢ ᠭᠦᠶᠴᠡᠳ ᠠᠰᠢᠬᠯᠠᠨ᠂ ᠲᠣᠰ ᠲᠣᠰ ᠤᠨ ᠵᠠᠰᠠᠭ ᠵᠠᠬᠢᠷᠭᠠᠨ ᠤ ᠣᠷᠣᠨ ᠪᠦᠰᠡ ᠪᠠ ᠭᠤᠤᠯᠯᠠᠨ ᠬᠠᠮᠢᠶᠠᠷᠬᠤ ᠬᠦᠷᠢᠶ᠎ᠡ ᠴᠠᠷᠠᠭᠠᠨ ᠳᠠᠬᠢ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠠᠶᠢᠷᠢᠰᠢᠯ᠂ ᠦᠷ᠎ᠡ ᠠᠰᠢᠭ ᠲᠤ ᠨᠢᠭᠡ ᠤᠳᠠᠭᠠᠨ ᠤ ᠪᠥᠬᠦ ᠲᠠᠯ᠎ᠠ ᠶᠢᠨ ᠪᠠᠶᠢᠴᠠᠭᠠᠯᠲᠠ ᠪᠠ ᠲᠥᠪᠯᠡᠷᠡᠩᠭᠦᠶ ᠪᠦᠷᠢᠳᠬᠡᠯ ᠬᠢᠵᠦ᠂ ᠬᠠᠮᠤᠭ ᠤᠨ ᠰᠢᠨ᠎ᠡ ︽ᠬᠥᠷᠥᠩᠭᠡ︾ ᠶᠢ ᠪᠠᠶᠢᠴᠠᠭᠠᠨ ᠲᠤᠳᠤᠯᠠᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠪᠠᠶᠢᠳᠠᠯ ᠢ ᠡᠵᠡᠮᠰᠢᠵᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠰᠠᠭᠤᠷᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠰᠠᠨᠠᠭᠤᠯᠪᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号