ᠸᠢᠴᠠᠲ ᠤᠨ ᠶᠠᠷᠢᠯᠴᠠᠭᠠᠨ ᠤ ᠲᠡᠮᠳᠡᠭᠯᠡᠯ ᠨᠢ ᠪᠠᠷᠢᠮᠲᠠ ᠪᠤᠯᠵᠤ ᠪᠣᠯᠣᠨ᠎ᠠ ᠦᠦ︖
ᠨᠡᠶᠢᠲᠡᠯᠡᠭᠰᠡᠨ ᠴᠠᠭ᠄
2019-09-30
     ᠤᠷᠴᠢᠮ ᠤᠨ ᠵᠢᠯ ᠤᠳ ᠲᠤ ᠸᠢᠴᠠᠲ ᠢᠶᠠᠷ ᠮᠦᠩᠭᠦ ᠵᠢᠭᠡᠯᠡᠬᠦ᠂ ᠠᠷᠠᠯᠵᠢᠶᠠᠯᠠᠬᠤ ᠦᠵᠡᠭᠳᠡᠯ ᠲᠦᠭᠡᠮᠡᠯ ᠪᠤᠯᠬᠤ ᠶᠢ ᠳᠠᠭᠠᠯᠳᠤᠨ ᠸᠢᠴᠠᠲ ᠤᠨ ᠶᠠᠷᠢᠯᠴᠠᠭᠠᠨ ᠤ ᠲᠡᠮᠳᠡᠭᠯᠡᠯ ᠤᠨ ᠲᠤᠬᠠᠢ ᠮᠠᠷᠭᠤᠯᠳᠤᠭᠠᠨ ᠴᠦ ᠤᠯᠠᠮ ᠠᠴᠠ ᠤᠯᠠᠰᠢᠷᠠᠵᠤ ᠪᠠᠶᠢᠭ᠎ᠠ ᠶᠤᠮ᠃ ᠲᠡᠭᠡᠪᠡᠯ ᠸᠢᠴᠠᠲ ᠤᠨ ᠶᠠᠷᠢᠯᠴᠠᠭᠠᠨ ᠤ ᠲᠡᠮᠳᠡᠭᠯᠡᠯ ᠨᠢ ᠴᠤᠬᠤᠮ ᠪᠠᠷᠢᠮᠲᠠ ᠪᠤᠯᠵᠤ ᠪᠤᠯᠬᠤ ᠤᠤ︖ ᠦᠩᠭᠡᠷᠡᠭᠰᠡᠨ ᠤ ᠵᠠᠷᠭᠤ ᠶᠢᠨ ᠵᠢᠱᠢᠶᠡᠨ ᠠᠴᠠ ᠦᠵᠡᠪᠡᠯ᠂ ᠸᠢᠴᠠᠲ ᠤᠨ ᠶᠠᠷᠢᠯᠴᠠᠭᠠᠨ ᠤ ᠲᠡᠮᠳᠡᠭᠯᠡᠯ  ᠨᠢ ᠡᠷᠬᠡᠪᠰᠢ ᠬᠠᠮᠢᠶ᠎ᠠ ᠪᠦᠬᠦᠢ ᠨᠦᠭᠦᠴᠡᠯ ᠢ ᠬᠠᠩᠭᠠᠭᠰᠠᠨ ᠪᠠᠶᠢᠳᠠᠯ ᠳᠣᠣᠷ᠎ᠠ ᠰᠠᠶ᠋ᠢ ᠭᠡᠷᠡᠴᠢ ᠪᠠᠷᠢᠮᠲᠠ ᠪᠣᠯᠵᠤ ᠪᠣᠯᠬᠤ ᠠᠴᠠ ᠪᠢᠰᠢ ᠭᠠᠭᠴᠠ ᠨᠢᠭᠡᠨ ᠵᠢᠷᠤᠭ ᠰᠡᠭᠦᠳᠡᠷ ᠨᠢ ᠭᠡᠷᠡᠴᠢ ᠪᠣᠯᠵᠤ ᠪᠤᠯᠬᠤ ᠦᠭᠡᠢ ᠶᠤᠮ᠃      2018 ᠤᠨ ᠤ 8 ᠰᠠᠷ᠎ᠠ ᠳᠤ᠂ ᠠᠷᠠᠳ ᠤᠨ ᠳᠡᠭᠡᠳᠦ ᠰᠢᠭᠦᠬᠦ ᠬᠤᠷᠢᠶᠠᠨ ᠠᠴᠠ ︽ᠸᠢᠴᠠᠲ ᠤᠨ ᠶᠠᠷᠢᠯᠴᠠᠭᠠᠨ ᠤ ᠲᠡᠮᠳᠡᠭᠯᠡᠯ︾ ᠢᠶᠠᠷ ᠪᠠᠷᠢᠮᠲᠠ ᠪᠣᠯᠭᠠᠨ ᠲᠠᠰᠤᠯᠤᠨ ᠰᠢᠢᠳᠪᠦᠷᠢᠯᠡᠬᠦ ᠲᠤᠬᠠᠢ ᠪᠠᠷᠢᠮᠵᠢᠶ᠎ᠠ ᠶᠢ ᠨᠡᠶᠢᠲᠡᠯᠡᠭᠰᠡᠨ ᠪᠠᠶᠢᠨ᠎ᠠ᠃      1. ᠶᠠᠷᠢᠯᠴᠠᠭᠴᠢ ᠪᠤᠯᠤᠨ ᠶᠠᠷᠢᠯᠴᠠᠭᠠᠨ ᠤ ᠠᠭᠤᠯᠭ᠎ᠠ ᠶᠢ ᠭᠠᠵᠢᠭᠤᠯᠤᠨ ᠦᠭᠡᠷᠡᠴᠢᠯᠡᠭᠰᠡᠨ ᠦᠭᠡᠢ ᠶᠢ ᠪᠠᠲᠤᠯᠠᠭᠰᠠᠨ ᠪᠠᠶᠢᠳᠠᠯ ᠳᠤ ᠸᠢᠴᠠᠲ ᠤᠨ ᠶᠠᠷᠢᠯᠴᠠᠯᠭ᠎ᠠ ᠨᠢ ᠪᠠᠷᠢᠮᠲᠠ ᠪᠤᠯᠵᠤ ᠪᠤᠯᠤᠨ᠎ᠠ᠃      2. ᠰᠢᠭᠦᠯᠲᠡ ᠶᠢᠨ ᠶᠠᠪᠤᠴᠠ ᠳᠤ ᠵᠠᠭᠠᠯᠳᠤᠭᠳᠠᠭᠴᠢ ᠶᠢᠨ ᠸᠢᠴᠠᠲ ᠠᠴᠠ ᠤᠯᠤᠭᠰᠠᠨ ᠤᠲᠠᠰᠤᠨ ᠳ᠋ᠤᠭᠠᠷ ᠪᠤᠯᠤᠨ ᠸᠢᠴᠠᠲ ᠤᠨ ᠳ᠋ᠤᠭᠠᠷ ᠨᠢ ᠵᠠᠭᠠᠯᠳᠤᠭᠴᠢ ᠶᠢᠨ ᠲᠤᠰ ᠬᠥᠮᠥᠨ ᠮᠦᠨ ᠪᠠᠶᠢᠬᠤ ᠶᠢ ᠪᠠᠲᠤᠯᠠᠭᠰᠠᠨ ᠪᠠᠶᠢᠳᠠᠯ ᠳᠤ ᠭᠡᠷᠡᠴᠢ ᠪᠣᠯᠵᠤ ᠪᠤᠯᠤᠨ᠎ᠡ᠃      3. ᠲᠤᠰᠬᠠᠢ ᠨᠥᠬᠦᠴᠡᠯ ᠢ ᠬᠠᠩᠭᠠᠭᠰᠠᠨ ᠸᠢᠴᠠᠲ ᠤᠨ ᠶᠠᠷᠢᠯᠴᠠᠯᠭ᠎ᠠ ᠨᠢ ᠶᠠᠯ᠎ᠠ ᠲᠣᠭᠲᠠᠭᠠᠬᠤ ᠪᠠᠷᠢᠮᠲᠠ ᠪᠤᠯᠵᠤ ᠪᠤᠯᠤᠨ᠎ᠠ᠃      4. ᠸᠢᠴᠠᠲ ᠤᠨ ᠶᠠᠷᠢᠶ᠎ᠠ ᠨᠢ ᠴᠠᠬᠢᠮ ᠵᠠᠭᠤᠴᠢ ᠳᠤ ᠬᠠᠳᠠᠭᠠᠯᠠᠭᠳᠠᠵᠤ ᠪᠠᠶᠢᠭ᠎ᠠ ᠳᠠᠭᠤᠨ ᠪᠢᠴᠢᠯᠭᠡ ᠶᠢᠨ ᠮᠠᠲ᠋ᠧᠷᠢᠶᠠᠯ ᠪᠤᠯᠬᠤᠷ ᠲᠡᠭᠦᠨ ᠢ ᠡᠯᠧᠺᠲᠷᠣᠨ ᠳ᠋ᠸᠢᠲ᠋ᠠ ᠶᠢᠨ ᠭᠡᠷᠡᠴᠢ ᠪᠠᠷ ᠦᠵᠡᠵᠦ ᠪᠣᠯᠣᠨ᠎ᠠ᠃ ᠭᠡᠲᠡᠯ᠎ᠡ ᠳ᠋ᠠᠩ ᠭᠠᠭᠴᠠ ᠳᠠᠭᠤᠨ ᠪᠢᠴᠢᠯᠭᠡ ᠨᠢ ᠶᠠᠯ᠎ᠠ ᠲᠣᠭᠲᠠᠭᠠᠬᠤ ᠦᠨᠳᠦᠰᠦᠯᠡᠯ ᠪᠤᠯᠵᠤ ᠪᠤᠯᠬᠤ ᠦᠭᠡᠢ᠃      5. ᠦᠪᠡᠷ ᠤᠨ ᠨᠡᠷ᠎ᠡ ᠪᠠᠷ ᠢᠶᠠᠨ ᠳᠠᠩᠰᠠᠯᠠᠭᠰᠠᠨ ᠦᠭᠡᠢ ᠸᠢᠴᠠᠲ ᠤᠨ ᠶᠠᠷᠢᠯᠴᠠᠭ᠎ᠠ ᠨᠢ ᠬᠡᠷᠪᠡ ᠦᠨᠡᠨ ᠪᠣᠳᠠᠲᠠᠢ ᠪᠥᠭᠡᠳ ᠬᠠᠤᠯᠢ ᠶᠣᠰᠣᠨ ᠳᠤ ᠨᠡᠶᠢᠴᠡᠭᠰᠡᠨ ᠪᠤᠯ ᠶᠠᠯ᠎ᠠ ᠲᠣᠭᠲᠠᠭᠠᠬᠤ ᠪᠠᠷᠢᠮᠲᠠ ᠪᠤᠯᠵᠤ ᠪᠤᠯᠤᠨ᠎ᠠ᠃      ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄ ᠸᠢᠴᠠᠲ ᠤᠨ ᠪᠠᠷᠢᠮᠲᠠ ᠶᠢ ᠬᠡᠷᠬᠢᠨ ᠴᠤᠭᠯᠠᠭᠤᠯᠬᠤ ᠪᠤᠢ︖      ᠸᠢᠴᠠᠲ ᠢᠶᠠᠷ ᠠᠷᠠᠯᠵᠢᠶᠠᠯᠠᠬᠤ᠂ ᠮᠦᠩᠭᠦ ᠰᠢᠯᠵᠢᠭᠦᠯᠬᠦ ᠦᠶᠡᠰ ᠲᠤ ᠬᠠᠤᠯᠢ ᠶᠢᠨ ᠬᠦᠴᠦᠨ ᠲᠠᠢ ᠪᠠᠷᠢᠮᠲᠠ ᠶᠢ ᠬᠡᠷᠬᠢᠨ ᠴᠤᠭᠯᠠᠭᠤᠯᠬᠤ ᠪᠤᠢ︖      ᠪᠠᠷᠠᠭᠤᠨ ᠬᠤᠶᠢᠲᠤ ᠶᠢᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠢᠷᠭᠡᠨ ᠤ ᠬᠤᠳᠠᠯᠳᠤᠭᠠᠨ ᠤ ᠬᠠᠤᠯᠢ ᠶᠢᠨ ᠳᠡᠭᠡᠲᠦ ᠰᠤᠷᠭᠠᠭᠤᠯᠢ ᠶᠢᠨ ᠪᠠᠭᠰᠢ ᠯᠢᠤ ᠬᠠᠢ ᠶᠠᠩ ᠤᠨ ᠬᠡᠯᠡᠭᠰᠡᠨ ᠢᠶᠠᠷ᠂ ᠸᠢᠴᠠᠲ ᠤᠨ ᠭᠡᠷᠡᠴᠢ ᠪᠠᠷᠢᠮᠲᠠ ᠶᠢᠨ ᠲᠤᠬᠠᠢ ᠲᠤᠤᠷᠠᠬᠢ ᠬᠡᠳᠦᠨ ᠲᠠᠯ᠎ᠠ ᠶᠢ ᠠᠩᠬᠠᠷᠬᠤ ᠬᠡᠷᠡᠭᠲᠡᠢ᠃ ᠸᠢᠴᠠᠲ ᠤᠨ ᠭᠡᠷᠡᠴᠢ ᠪᠠᠷᠢᠮᠲᠠ ᠪᠠᠨ ᠦᠵᠡᠭᠦᠯᠬᠦ ᠳᠡᠭᠡᠨ᠂ ᠶᠠᠭᠤᠨ ᠤ ᠡᠮᠦᠨ᠎ᠡ᠂ ᠦᠪᠡᠷ ᠤᠨ ᠸᠢᠴᠠᠲ ᠳᠤ ᠨᠡᠪᠲᠡᠷᠡᠬᠦ ᠪᠦᠬᠦ ᠶᠠᠪᠤᠴᠠ ᠶᠢ ᠦᠵᠡᠭᠦᠯᠵᠦ᠂ ᠸᠢᠴᠠᠲ ᠤᠨ ᠶᠠᠷᠢᠯᠴᠠᠭᠠᠨ ᠤ ᠬᠠᠤᠯᠢ ᠶᠤᠰᠤᠴᠢ ᠴᠢᠨᠠᠷ ᠪᠤᠯᠤᠨ ᠬᠤᠪᠢ ᠪᠡᠶ᠎ᠡ ᠶᠢᠨ ᠦᠨᠡᠨ ᠪᠤᠳᠠᠳᠤ ᠴᠢᠨᠠᠷ ᠢ ᠭᠡᠷᠡᠴᠢᠯᠠᠨ᠎ᠡ᠃ ᠳᠠᠷᠠᠭ᠎ᠠ ᠨᠢ᠂ ᠬᠤᠶᠠᠷ ᠡᠲᠡᠭᠡᠳ ᠤᠨ ᠬᠤᠪᠢ ᠬᠥᠮᠥᠨ ᠤ ᠴᠢᠮᠡᠭᠡ ᠵᠠᠩᠭᠢ  ᠶᠢ ᠦᠵᠡᠭᠦᠯᠦᠨ᠎ᠡ᠃ ᠳᠠᠷᠤᠢ᠂ ᠸᠢᠴᠠᠲ ᠤᠨ ᠳ᠋ᠤᠭᠠᠷ ᠤᠨ ᠦᠭᠡᠷᠡᠴᠢᠯᠡᠬᠦ ᠪᠤᠯᠤᠮᠵᠢ ᠦᠭᠡᠢ ᠪᠠᠶᠢᠭ᠎ᠠ᠂ ᠬᠤᠪᠢ ᠬᠥᠮᠥᠨ  ᠤ ᠤᠲᠠᠰᠤᠨ ᠤ ᠳ᠋ᠤᠭᠠᠷ᠂ ᠬᠦᠷᠦᠭ ᠵᠢᠷᠤᠭ ᠵᠡᠷᠭᠡ ᠴᠢᠮᠡᠭᠡ ᠵᠠᠩᠭᠢ ᠢ ᠠᠰᠢᠭᠯᠡᠵᠤ ᠬᠤᠶᠠᠷ ᠡᠲᠡᠭᠡᠳ ᠤᠨ ᠦᠨᠡᠨ ᠪᠤᠲᠠᠲᠤ ᠪᠠᠶᠢᠳᠠᠯ ᠢ ᠭᠡᠷᠡᠴᠢᠯᠠᠨ᠎ᠡ᠃ ᠭᠤᠷᠪᠠᠳᠤᠭᠠᠷ ᠲᠤ᠂ ᠪᠦᠷᠢᠨ ᠪᠦᠳᠦᠨ ᠶᠠᠷᠢᠯᠴᠠᠭᠠᠨ ᠤ ᠠᠭᠤᠯᠭ᠎ᠠ ᠶᠢ ᠦᠵᠡᠭᠦᠯᠦᠨ᠎ᠡ᠃ ᠸᠢᠴᠠᠲ ᠤᠨ ᠶᠠᠷᠢᠯᠴᠠᠭᠠᠨ ᠤ ᠠᠭᠤᠯᠭ᠎ᠠ ᠶᠢ ᠵᠦᠪᠬᠡᠨ ᠤᠰᠠᠳᠬᠠᠵᠤ ᠪᠤᠯᠬᠤ ᠠᠴᠠ ᠪᠢᠰᠢ᠂ ᠨᠡᠮᠡᠵᠤ ᠪᠤᠯᠬᠤ ᠦᠭᠡᠢ ᠭᠡᠳᠡᠭ ᠢ ᠠᠰᠢᠭᠯᠠᠵᠤ᠂ ᠬᠤᠶᠠᠷ ᠡᠲᠡᠭᠡᠳ ᠤᠨ ᠸᠢᠴᠠᠲ ᠤᠨ ᠶᠠᠷᠢᠯᠴᠠᠭᠠᠨ ᠤ ᠠᠭᠤᠯᠭ᠎ᠠ ᠶᠢ ᠠᠳᠠᠯᠢᠳᠬᠠᠵᠤ᠂ ᠪᠦᠷᠢᠨ ᠪᠦᠲᠦᠨ ᠴᠢᠨᠠᠷ ᠪᠤᠯᠤᠨ ᠦᠨᠡᠨ ᠪᠤᠳᠠᠲᠤ ᠴᠢᠨᠠᠷ ᠢ ᠭᠡᠷᠡᠴᠢᠯᠡᠨ᠎ᠡ᠃     ᠡᠭᠦᠨ ᠠᠴᠠ ᠭᠠᠳᠠᠨ᠎ᠠ᠂ ᠬᠡᠷᠪᠡ ᠦᠰᠦᠭ ᠢᠶᠠᠷ ᠶᠠᠷᠢᠯᠴᠠᠭᠰᠠᠨ ᠪᠤᠯ ᠵᠢᠷᠤᠭ ᠤᠨ ᠬᠡᠯᠪᠡᠷᠢ ᠪᠠᠷ ᠬᠠᠳᠠᠭᠠᠯᠠᠵᠤ᠂ ᠬᠡᠷᠪᠡ ᠶᠠᠷᠢᠶ᠎ᠠ ᠪᠠᠷ ᠶᠠᠷᠢᠯᠴᠠᠭᠰᠠᠨ ᠪᠤᠯ ᠸᠢᠴᠠᠲ ᠲᠠᠭᠠᠨ ᠬᠠᠳᠠᠭᠠᠯᠠᠨ᠂ ᠤᠲᠠᠰᠤᠨ ᠤ ᠪᠠᠭᠲᠠᠭᠠᠮᠵᠢ ᠶᠢ ᠶᠡᠬᠡᠰᠬᠡᠬᠦ ᠦᠶᠡᠰ ᠸᠢᠴᠠᠲ ᠤᠨ ᠶᠠᠷᠢᠯᠴᠠᠯᠭ᠎ᠠ ᠪᠠᠨ ᠠᠳᠡᠭᠦᠷᠡᠵᠦ ᠤᠰᠠᠳᠬᠠᠬᠤ ᠪᠠᠶᠢᠳᠠᠯ ᠠᠴᠠ ᠪᠤᠯᠭᠤᠮᠵᠢᠯᠠᠪᠠᠯ ᠵᠣᠬᠢᠨ᠎ᠠ᠃ ᠭᠡᠬᠦ ᠳᠡᠭᠡᠨ ᠬᠡᠷᠪᠡ ᠶᠠᠷᠢᠶ᠎ᠠ ᠪᠠᠷ ᠶᠠᠷᠢᠯᠴᠠᠭᠰᠠᠨ ᠪᠤᠯ ᠡᠷᠬᠡᠪᠡᠰᠢ ᠡᠮᠦᠨ᠎ᠡ ᠬᠤᠶᠢᠨ᠎ᠠ ᠨᠢ ᠠᠪᠴᠠᠯᠳᠤᠭᠰᠠᠨ ᠪᠦᠷᠢᠨ ᠪᠦᠲᠦᠨ ᠶᠠᠷᠢᠯᠴᠠᠭᠠᠨ ᠤ ᠠᠭᠤᠯᠭ᠎ᠠ ᠶᠢ ᠬᠠᠳᠠᠭᠠᠯᠠᠭᠰᠠᠨ ᠪᠠᠶᠢᠬᠤ ᠬᠡᠷᠡᠭᠲᠡᠢ᠃
 
ᠢᠷᠡᠯᠲᠡ᠄ ᠲᠤᠮᠳᠠᠲᠦ ᠤᠯᠤᠰ ᠤᠨ ᠮᠤᠩᠭᠤᠯ ᠷᠡᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号