ᠤᠯᠠᠭᠠᠨᠮᠦ᠋ᠴᠢᠷ ᠤᠨ ᠠᠵᠢᠯᠲᠡᠳ ᠤᠨ ︽ᠨᠢᠭᠡ ᠳᠤ ᠴᠠᠭᠠᠷᠠᠵᠦ᠂ ᠤᠯᠠᠨ ᠳᠤ ᠮᠡᠷᠭᠡᠰᠢᠬᠦ︾ ᠤᠷᠤᠯᠳᠤᠭᠠᠨ  ᠳᠤ ᠲᠠᠷᠬᠠᠨ ᠮᠤᠤᠮᠢᠩᠭᠠᠨ ᠤ ᠮᠦᠷᠡᠨ ᠠᠯᠳᠠᠨ ᠮᠧᠳᠡᠯ ᠭᠠᠷᠲᠡᠯ᠎ᠡ
ᠨᠡᠶᠢᠲᠡᠯᠡᠭᠰᠡᠨ ᠴᠠᠭ᠄
2019-09-05
     ᠠᠯᠠᠱᠡ ᠨᠤᠳᠤᠭ ᠲᠤ ᠢᠲᠡ ᠶᠠᠪᠤᠬᠳᠠᠭᠰᠡᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠢᠮᠠᠳᠣᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠤᠨ ᠨᠢᠭᠡ ᠠᠭᠤᠯᠭ᠎ᠠ ᠪᠤᠯᠬᠤ ᠲᠦᠷᠪᠡᠳᠤᠭᠡᠷ ᠬᠤᠭᠤᠴᠠᠭᠠᠨ ᠤ ᠤᠯᠠᠭᠠᠨᠮᠦ᠋ᠴᠢᠷ ᠤᠨ ᠲᠤᠬᠯᠠᠬᠴᠢᠳ ᠤᠨ ︽ᠨᠢᠭᠡ ᠳᠤ ᠴᠠᠭᠠᠷᠠᠵᠦ᠂ ᠤᠯᠠᠨ ᠳᠤ ᠮᠡᠷᠭᠡᠰᠢᠬᠦ︾ ᠤᠷ᠎ᠡ ᠠᠪᠢᠶᠠᠰ ᠤᠨ ᠤᠷᠤᠯᠳᠤᠭᠠᠨ ᠲᠦᠷᠦᠭᠦᠭᠡᠨ ᠦᠨᠳᠦᠷᠯᠡᠯ᠎ᠡ᠃      ᠲᠤᠰ ᠤᠳᠠᠭᠠᠨ ᠤ ᠤᠷᠤᠯᠳᠤᠭᠠᠨ ᠳᠤ 55 ᠤᠯᠠᠭᠠᠨᠮᠦ᠋ᠴᠢᠷ ᠤᠨ 96 ᠲᠤᠬᠯᠠᠬᠴᠢ ᠤᠷᠤᠯᠴᠠᠵᠦ᠂ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠤᠯᠠᠭᠠᠨᠮᠦ᠋ᠴᠢᠷ ᠤᠨ ᠲᠠᠭᠤᠴᠢᠨ ᠮᠦᠷᠡᠨ ᠮᠤᠷᠢᠨ ᠬᠤᠭᠤᠷ᠂ ᠤᠷᠲᠦ ᠶᠢᠨ ᠲᠠᠭᠤᠤ᠂ ᠬᠦᠲᠦᠯᠦᠭᠴᠢ ᠭᠤᠷᠪᠠᠨ ᠲᠦᠷᠦᠯ ᠢᠶᠠᠷ ᠤᠷᠤᠯᠳᠤᠵᠦ ᠠᠯᠳᠠᠨ ᠮᠧᠳᠡᠯ ᠭᠠᠷᠳᠠᠭᠰᠡᠨ ᠪᠠᠶᠢᠨ᠎ᠡ᠃     ᠮᠦᠷᠡᠨ ᠪᠤᠯ ᠲᠠᠷᠬᠠᠨ ᠮᠤᠤᠮᠢᠩᠭᠠᠨ ᠨᠤᠳᠤᠭ ᠲᠠᠢ᠂ 2003 ᠤᠨ ᠳᠤ ᠦᠪᠦᠷ ᠮᠤᠩᠭᠤᠯ ᠤᠨ ᠦᠨᠳᠦᠰᠦᠲᠡᠨ  ᠤ ᠶᠡᠭᠡ ᠰᠤᠷᠭᠠᠭᠤᠯᠢ ᠶᠢᠨ ᠶᠠᠫᠤᠨ ᠬᠡᠯᠡᠨ ᠤ ᠰᠠᠯᠪᠦᠷᠢ ᠠᠴᠠ ᠲᠡᠭᠦᠰᠪᠡ᠃ 2008 ᠤᠨ ᠳᠤ ᠲᠠᠷᠬᠠᠨ ᠮᠤᠤᠮᠢᠩᠭᠠᠨ  ᠤ ᠤᠯᠠᠭᠠᠨᠮᠦ᠋ᠴᠢᠷ ᠲᠤ ᠤᠴᠢᠵᠦ ᠠᠵᠢᠯᠯᠠᠵᠦ᠂ ᠰᠤᠷᠤᠭᠴᠢ ᠬᠦᠮᠦᠨ ᠤ ᠬᠤᠪᠢ ᠪᠠᠷ ᠤᠯᠠᠭᠠᠨᠮᠦ᠋ᠴᠢᠷ ᠤᠨ ᠠᠬᠠᠮᠠᠳ ᠲᠤᠬᠯᠠᠭᠴᠢᠳ ᠢᠶᠠᠨ ᠲᠠᠭᠠᠨ ᠰᠤᠷᠤᠯᠴᠠᠵᠦ ᠡᠬᠢᠯᠡᠪᠡ᠃ 2008 ᠤᠨ ᠠᠴᠠ ᠨᠠᠭᠠᠰᠢ᠂ ᠮᠦᠷᠡᠨ ᠰᠢᠷᠭᠠᠭᠤ ᠴᠢᠷᠮᠠᠶᠢᠯᠭ᠎ᠠ ᠪᠠᠷ ᠢᠶᠠᠨ ᠲᠠᠮᠵᠢᠨ ᠤᠷ᠎ᠡ ᠮᠡᠷᠭᠡᠵᠢᠯ ᠢᠶᠠᠨ ᠲᠠᠰᠤᠷᠠᠯᠲᠡ ᠦᠭᠡᠢ ᠲᠡᠭᠡᠭᠰᠢᠯᠡᠭᠦᠯᠵᠦ᠂ ᠦᠷᠭᠡᠨ ᠤᠯᠠᠨ ᠲᠦᠮᠡᠨ ᠳᠡᠭᠡᠨ ᠦᠪᠡᠷ ᠤᠨ ᠤᠷ᠎ᠡ ᠠᠪᠢᠶᠠᠰ ᠢᠶᠠᠨ ᠭᠠᠶᠢᠬᠠᠭᠤᠯᠵᠦ ᠢᠷᠡᠭᠰᠡᠨ᠃

 
ᠢᠷᠡᠯᠲᠡ᠄ ᠪᠤᠭᠤᠲᠦ ᠶᠢᠨ ᠮᠤᠩᠭᠤᠯ ᠲᠧᠯᠸᠢᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号