ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠬᠤᠰᠢᠭᠤᠨ ᠤ ᠡᠯ᠎ᠡ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠠᠵᠢᠯ ᠳᠤ ᠪᠦᠬᠦ ᠲᠡᠯ᠎ᠡ ᠪᠠᠷ ᠪᠠᠶᠢᠴᠠᠭᠠᠯᠲᠡ ᠬᠢᠪᠡ
ᠨᠡᠶᠢᠲᠡᠯᠡᠭᠰᠡᠨ ᠴᠠᠭ᠄
2019-09-06
     9 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠡ 2 ᠪᠠᠶᠢᠴᠠᠭᠠᠬᠤ ᠳᠤᠭᠤᠶᠢᠯᠠᠩ ᠪᠠᠶᠢᠭᠤᠯᠤᠨ᠂ ᠪᠦᠬᠦ ᠬᠤᠰᠢᠭᠤᠨ ᠤ ᠡᠯ᠎ᠡ ᠰᠤᠷᠭᠠᠭᠤᠯᠢ᠂ ᠬᠡᠤᠬᠡᠳ ᠤᠨ ᠴᠡᠴᠡᠷᠯᠢᠭ ︵ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠪᠠᠭᠲᠠᠨ᠎ᠠ︶ ᠲᠤ ᠭᠦᠨᠵᠡᠭᠡᠶᠢᠷᠡᠨ ᠰᠤᠷᠭᠠᠭᠤᠯᠢ ᠡᠬᠢᠯᠡᠬᠦ ᠠᠵᠢᠯ ᠢ ᠪᠦᠬᠦ ᠲᠡᠯ᠎ᠡ ᠪᠠᠷ ᠪᠠᠶᠢᠴᠠᠭᠠᠪᠡ᠃ ᠪᠠᠶᠢᠴᠠᠭᠠᠬᠤ ᠳᠤᠭᠤᠶᠢᠯᠠᠩ ᠨᠢ ᠡᠯ᠎ᠡ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠠᠵᠢᠯ᠂ ᠨᠠᠮ ᠤᠨ ᠪᠠᠶᠢᠭᠤᠯᠤᠯᠲᠠ ᠶᠢᠨ ᠠᠵᠢᠯ᠂ ᠦᠵᠡᠯ ᠤᠬᠠᠮᠰᠠᠷ  ᠤᠨ ᠬᠡᠯᠪᠡᠷᠢ ᠶᠢᠨ ᠬᠠᠮᠢᠶᠠᠷᠤᠯᠲᠠ ᠡᠵᠡᠮᠳᠡᠯ ᠤᠨ ᠠᠵᠢᠯ᠂ ᠰᠤᠷᠤᠭᠴᠢ ᠶᠢᠨ ᠨᠡᠷ᠎ᠡ ᠮᠡᠳᠡᠭᠦᠯᠬᠦ᠂ ᠵᠢᠭᠠᠬᠤ ᠮᠠᠲ᠋ᠧᠷᠢᠶᠠᠯ ᠢ ᠪᠣᠳᠠᠲᠠᠶᠢᠵᠢᠭᠤᠯᠬᠤ ᠪᠠ ᠬᠠᠪᠰᠤᠷᠤᠨ ᠵᠢᠯᠤᠭᠤᠳᠬᠤ ᠮᠠᠲ᠋ᠧᠷᠢᠶᠡᠯ ᠤᠨ ᠬᠡᠷᠡᠭᠯᠡᠯᠲᠡ᠂ ᠰᠤᠷᠭᠠᠭᠤᠯᠢᠯ ᠤᠨ ᠬᠠᠮᠢᠶᠠᠷᠤᠯᠲᠠ᠂ ᠰᠤᠷᠭᠠᠭᠤᠯᠢ ᠡᠬᠢᠯᠡᠬᠦ ᠠᠴᠠ ᠡᠮᠦᠨᠡᠬᠢ ᠵᠢᠭᠠᠨ ᠰᠤᠷᠭᠠᠯᠲᠠ ᠶᠢᠨ ᠪᠡᠯᠡᠳᠬᠡᠯ ᠵᠢᠴᠢ ᠠᠩᠭ᠍ᠯᠢ ᠬᠡᠯᠡᠨ ᠤ ᠵᠢᠵᠢᠭ ᠠᠩᠭᠢ  ᠶᠢᠨ ᠬᠡᠯᠪᠡᠷᠢ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠠᠵᠢᠯ ᠥᠷᠨᠢᠭᠦᠯᠦᠭᠰᠡᠨ ᠪᠠᠶᠢᠲᠡᠯ ᠵᠡᠷᠭᠡ ᠳᠤ ᠨᠠᠷᠢᠨ ᠨᠢᠮᠪᠠᠢ ᠪᠠᠶᠢᠴᠠᠭᠠᠯᠲᠡ ᠬᠢᠪᠡ᠃

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号