ᠳᠡᠳ᠋ ᠬᠤᠰᠢᠭᠤᠨ ᠳᠠᠷᠤᠭ᠎ᠠ ᠯᠢ ᠪᠦᠦ ᠴᠦᠨ
ᠨᠡᠶᠢᠲᠡᠯᠡᠭᠰᠡᠨ ᠴᠠᠭ᠄
2020/1/17

ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠬᠤᠰᠢᠭᠤᠨ ᠳᠠᠷᠤᠭ᠎ᠠ ᠶᠢ ᠬᠠᠪᠰᠤᠷᠤᠨ ᠵᠠᠰᠠᠭ ᠤᠨ ᠣᠷᠳᠣᠨ ᠤ ᠠᠯᠪᠠᠨ ᠬᠡᠷ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ᠂ ᠪᠤᠭᠤᠲᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ  ᠲᠠᠷᠬᠠᠨ ᠮᠤᠤᠮᠢᠩᠭᠠᠨ ᠬᠤᠪᠢᠶᠠᠷᠢ ᠲᠣᠪᠴᠢᠶ᠎ᠠ᠂ ᠬᠤᠰᠢᠭᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶᠂ ᠬᠤᠰᠢᠭᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂  ᠲᠠᠷᠬᠠᠨ ᠮᠤᠤᠮᠢᠩᠭᠠᠨ‌ᠬᠤᠯᠪᠣᠭᠠᠲᠤ ᠬᠤᠰᠢᠭᠤᠨ ᠤ ᠬᠤᠲᠠ ᠶᠢᠨ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂  ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠪᠣᠬᠢᠷ ᠤᠰᠤ  ᠰᠢᠢᠳᠪᠦᠷᠢᠯᠡᠬᠦ  ᠦᠢᠯᠡᠳᠪᠦᠷᠢ᠃      ᠬᠠᠷᠢᠯᠴᠠᠬᠤ ᠨᠢ᠄ ᠬᠤᠰᠢᠭᠤᠨ ᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠲᠣᠪᠴᠢᠶ᠎ᠠ᠃      ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ  ᠭᠦᠢᠴᠡᠳᠭᠡᠨ᠎ᠡ᠃ᠲᠣᠪᠴᠢ ᠨᠠᠮᠲᠠᠷ      ᠯᠢ ᠪᠦᠦ ᠴᠦᠨ᠂ ᠡᠷᠡᠭᠲᠡᠶ᠂ ᠬᠢᠲᠠᠳ ᠦᠨᠳᠦᠰᠦᠲᠡᠨ᠂ 1973 ᠣᠨ ᠤ 8 ᠰᠠᠷ᠎ᠠ ᠳᠤ ᠲᠦᠷᠦᠵᠠᠢ᠂ ᠱᠠᠨ ᠰᠢ ᠶᠢᠨ ᠢᠩ ᠰᠢᠶᠠᠨ ᠤ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2000 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1998 ᠣᠨ ᠤ 1 ᠰᠠᠷ᠎ᠠ ᠳᠤ ᠠᠵᠢᠯ ᠳᠤ ᠣᠷᠣᠵᠠᠶ᠂ ᠤᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠃      1995.09 — 1997.07 ᠥᠪᠥᠷ ᠮᠣᠩᠭᠤᠯ ᠤᠨ ᠵᠢᠨᠢᠩ ᠤᠨ ᠳᠡᠭᠡᠳᠦ ᠵᠡᠷᠭᠡ ᠶᠢᠨ ᠪᠠᠭᠰᠢ ᠶᠢᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠬᠢᠲᠠᠳ ᠬᠡᠯᠡᠨ ᠤ ᠰᠠᠯᠪᠤᠷᠢ ᠳᠤ ᠰᠤᠷᠤᠯᠴᠠᠪᠠ      1997.07 — 1998.01 ᠠᠵᠢᠯ ᠬᠦᠯᠢᠶᠡᠪᠡ      1998.01 — 2002.12 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ  ᠲᠤᠪᠴᠢᠶ᠎ᠠ ᠶᠢᠨ ᠨᠠᠷᠢᠨ ᠪᠢᠴᠢᠭᠡᠴᠢ      2002.12 — 2005.12 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ  ᠬᠤᠷᠢᠶ᠎ᠠ ᠶᠢᠨ ᠠᠯᠪᠠᠨ ᠭᠡᠷ ᠤᠨ ᠨᠠᠷᠢᠨ ᠪᠢᠴᠢᠭᠡᠴᠢ ︵ᠵᠢᠭᠡᠯᠡᠨ ᠰᠢᠯᠵᠢᠭᠦᠯᠪᠡ︶ ︵2002.09 — 2005.12 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠳᠤ ᠰᠤᠷᠤᠯᠴᠠᠪᠠ︶      2005.12 — 2006.10 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ      2006.10 — 2010.01 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ      2010.01 — 2011.03 ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ  ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ  ᠲᠤᠪᠴᠢᠶ᠎ᠠ ᠶᠢᠨ ᠳᠠᠷᠤᠭ᠎ᠠ᠂ ᠨᠢᠭᠤᠴᠠ ᠨᠣᠮᠧᠷ ᠤᠨ ᠬᠠᠮᠢᠶᠠᠷᠤᠯᠲᠠ ᠶᠢᠨ  ᠲᠤᠪᠴᠢᠶ᠎ᠠ‌‍ᠶᠢᠨ ᠳᠠᠷᠤᠭ᠎ᠠ ︵ᠵᠢᠩᠬᠢᠨᠢ ᠰᠠᠯᠠᠭ᠎ᠠ︶      2011.03 — 2012. 10 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠱᠢ ᠪᠦᠦ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ      2012.10 — 2013.01 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠶᠤᠤ ᠸᠧᠨ ᠬᠦᠩ ᠰᠢᠶᠠᠩ ᠤᠨ ᠨᠠᠮ ᠤᠨ ᠬᠤᠷᠢᠶᠠᠨ ᠤ ᠱᠦᠵᠢ      2013.01 — 2021.04 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ      2021.04 — 2022.01 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ      2022.01 — ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号