10 ᠰᠠᠷ᠎ᠠ ᠶᠢᠨ 12 ᠤ ᠡᠳᠦᠷ᠂ ᠴᠢᠩᠳᠣᠤ ᠬᠤᠲᠠ ᠶᠢᠨ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠤ | ᠲᠠᠯ᠎ᠠ ᠠᠴᠠ ᠮᠡᠳᠡᠭᠡᠯᠡᠭᠰᠡᠨ ᠢᠶᠠᠷ᠂ ᠰᠢᠨ᠎ᠡ ᠪᠠᠷ ᠨᠡᠮᠡᠭᠳᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠪᠠᠶᠢᠴᠠᠭᠠᠯᠲᠠ ᠶᠢᠨ ᠦᠷ᠎ᠡ ᠳ᠋ᠦᠩ ᠳᠤ 12 ᠬᠥᠮᠦᠨ ᠠᠷᠭ᠎ᠠ ᠴᠢᠨᠠᠷ ᠢᠯᠡᠷᠡᠵᠦ᠂ ᠡᠭᠦᠨ ᠳᠤ ᠲᠣᠳᠣᠯᠠᠭᠰᠠᠨ | ᠡᠪᠡᠳᠴᠢᠨ ᠤ ᠵᠢᠱᠢᠶ᠎ᠡ 6 ᠬᠥᠮᠥᠨ ᠪᠠᠶᠢᠵᠤ᠂ ᠢᠯᠡᠷᠡᠯ ᠥᠬᠡᠶ ᠬᠠᠯᠳᠠᠪᠤᠷᠢᠯᠠᠭᠰᠠᠨ ᠡᠪᠡᠳᠴᠢᠨ ᠤ ᠵᠢᠱᠢᠶ᠎ᠡ 6 | ᠬᠥᠮᠥᠨ ᠪᠠᠶᠢᠪᠠ᠃ ᠣᠳᠣᠬᠠᠨ ᠤ ᠳᠡᠯᠡᠬᠡᠶ ᠳᠠᠶᠠᠭᠠᠷ ᠦᠷᠭᠦᠯᠵᠢᠯᠡᠨ ᠳᠡᠯᠭᠡᠷᠡᠵᠦ ᠪᠠᠶᠢᠬᠤ ᠡᠪᠡᠳᠴᠢᠨ ᠤ ᠪᠠᠶᠢᠳᠠᠯ ᠪᠠ | ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠲᠠᠬᠢᠵᠤ ᠳᠡᠯᠭᠡᠷᠡᠬᠦ ᠳᠥᠭᠰᠢᠭᠦᠷᠢᠳᠥ ᠪᠠᠶᠢᠳᠠᠯ ᠢ | ᠦᠨᠳᠦᠰᠦᠯᠡᠵᠦ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠣᠨᠣᠪᠴᠢᠲᠠᠶ ᠬᠢᠵᠦ᠂ ᠪᠠᠶᠢᠴᠠᠭᠠᠨ ᠰᠢᠯᠭᠠᠬᠤ ᠰᠡᠷᠡᠮᠵᠢ ᠪᠠᠨ ᠴᠢᠩᠭᠠᠳᠬᠠᠬᠤ ᠲᠤᠬᠠᠢ ᠵᠠᠷᠯᠠᠯ ᠢ ᠳᠣᠣᠷ᠎ᠠ | ᠨᠡᠶᠢᠳᠡᠯᠡᠶ᠎ᠡ᠄ | ᠨᠢᠭᠡ᠂ ᠥᠷᠭᠡᠨ ᠤᠯᠠᠨ ᠰᠠᠭᠤᠭᠠᠯᠢ ᠠᠷᠠᠳ ᠴᠢᠩᠳᠣᠤ ᠬᠤᠳᠠ ᠶᠢᠨ ᠠᠯᠪᠠᠨ ᠠᠴᠠ ᠨᠡᠶᠢᠳᠡᠯᠡᠭᠰᠡᠨ | ᠣᠨᠣᠰᠢᠯᠠᠭᠰᠠᠨ ᠡᠪᠡᠳᠴᠢᠨ ᠤ ᠵᠢᠱᠢᠶ᠎ᠡ ᠪᠣᠯᠤᠨ ᠢᠯᠡᠷᠡᠯ ᠦᠭᠡᠢ ᠬᠠᠯᠳᠠᠪᠤᠷᠢᠯᠠᠭᠰᠠᠳ ᠤᠨ ᠪᠠᠶᠢᠳᠠᠯ ᠵᠢᠴᠢ ᠶᠠᠪᠤᠵᠤ | ᠰᠠᠭᠤᠭᠰᠠᠨ ᠵᠠᠮ ᠮᠥᠷ ᠵᠡᠷᠭᠡ ᠬᠠᠮᠢᠶ᠎ᠠ ᠪᠦᠬᠦᠢ ᠰᠤᠷᠠᠭ ᠵᠠᠩᠭᠢ ᠶᠢ ᠨᠢᠭᠲᠠ ᠠᠩᠬᠠᠷᠴᠤ᠂ ᠣᠳᠣ ᠳᠠᠷᠬᠠᠨ | ᠮᠤᠤᠮᠢᠩᠭᠠᠨ ᠳᠤ ᠰᠠᠭᠤᠭ᠎ᠠ ᠴᠢᠩᠳᠣᠤ ᠬᠤᠲᠠ ᠶᠢᠨ ᠣᠨᠣᠰᠢᠯᠠᠭᠳᠠᠭᠰᠠᠨ ᠡᠪᠡᠳᠴᠢᠲᠡᠨ ᠲᠠᠢ ᠬᠠᠷᠢᠯᠴᠠᠭᠰᠠᠨ᠂ | ᠤᠨᠴᠠᠭᠠᠶᠢᠯᠠᠨ 9 ᠰᠠᠷ᠎ᠠ ᠶᠢᠨ 27 ᠤ ᠡᠳᠦᠷ ᠠᠴᠠ ᠨᠠᠭᠠᠰᠢ ᠴᠢᠩᠳᠣᠤ ᠬᠤᠲᠠ ᠳᠤ ᠵᠤᠭᠠᠴᠠᠭᠰᠠᠨ ᠪᠤᠶᠤ ᠴᠢᠩᠳᠣᠤ | ᠬᠤᠲᠠ ᠶᠢᠨ ᠴᠡᠭᠡᠵᠢᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠳᠤ ᠣᠴᠢᠭᠰᠠᠨ ᠵᠢᠴᠢ ᠡᠮᠨᠡᠯᠭᠡ ᠶᠢᠨ ᠬᠤᠷᠢᠶᠠᠨ ᠤ | ᠡᠪᠡᠳᠴᠢᠲᠡᠨ ᠲᠠᠢ ᠣᠶᠢᠷᠠᠲᠤᠭᠰᠠᠨ ᠡᠰᠡᠬᠦᠯ᠎ᠡ ᠡᠪᠡᠳᠴᠢᠲᠡᠨ ᠢ ᠰᠣᠪᠢᠯᠠᠭᠰᠠᠨ᠂ ᠤᠶᠢᠷ᠎ᠠ ᠶᠢᠨ ᠬᠤᠭᠤᠴᠠᠭᠠᠨ ᠳᠤ | ᠴᠢᠩᠳᠣᠤ ᠬᠤᠲᠠ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠰᠠᠭᠤᠭ᠎ᠠ ᠰᠤᠮᠤ | ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠪᠤᠶᠤ ᠪᠠᠶᠢᠭᠤᠯᠤᠯᠭ᠎ᠠ ᠳᠤ ᠪᠠᠨ ᠮᠡᠳᠡᠭᠦᠯᠦᠨ | ᠲᠡᠮᠳᠡᠭᠯᠡᠭᠦᠯᠵᠦ᠂ ᠪᠥᠭᠡᠮ ᠬᠦᠴᠢᠯ ᠤᠨ ᠪᠠᠶᠢᠴᠠᠭᠠᠯᠳᠡ ᠬᠢᠬᠦ ᠬᠡᠷᠡᠭᠲᠡᠢ᠃ | ᠬᠤᠶᠠᠷ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ᠂ 9 ᠰᠠᠷ᠎ᠠ ᠶᠢᠨ 27 ᠤ ᠡᠳᠦᠷ ᠠᠴᠠ ᠨᠠᠭᠠᠰᠢ᠂ ᠴᠢᠩᠳᠣᠤ ᠬᠤᠲᠠ ᠳᠤ ᠵᠤᠭᠠᠴᠠᠭᠰᠠᠨ ᠪᠤᠶᠤ ᠴᠢᠩᠳᠣᠤ | ᠬᠤᠳᠠ ᠶᠢᠨ ᠴᠡᠭᠡᠵᠢᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠳᠤ ᠣᠴᠢᠭᠰᠠᠨ᠂ ᠡᠮᠨᠡᠯᠭᠡ ᠶᠢᠨ ᠬᠤᠷᠢᠶᠠᠨ ᠤ | ᠡᠪᠡᠳᠴᠢᠲᠡᠨ ᠲᠠᠢ ᠣᠶᠢᠷᠠᠳᠣᠭᠰᠠᠨ ᠡᠰᠡᠬᠦᠯ᠎ᠡ ᠡᠪᠡᠳᠴᠢᠲᠡᠨ ᠢ ᠰᠤᠪᠢᠯᠠᠭᠰᠠᠨ᠂ ᠦᠢᠷ᠎ᠠ ᠶᠢᠨ ᠬᠤᠭᠤᠴᠠᠭᠠᠨ ᠳᠤ | ᠴᠢᠩᠳᠣᠤ ᠬᠤᠲᠠ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠲᠤ ᠪᠦᠬᠦ ᠲᠠᠯ᠎ᠠ ᠪᠠᠷ ᠮᠥᠷᠳᠡᠯᠲᠡ ᠬᠢᠬᠦ | ᠬᠡᠷᠡᠭᠲᠡᠶ᠃ | ᠭᠤᠷᠪᠠ᠂ 9 ᠰᠠᠷ᠎ᠠ ᠶᠢᠨ᠂ 27 ᠤ ᠡᠳᠦᠷ ᠠᠴᠠ ᠨᠠᠰᠢ᠂ ᠳᠡᠭᠡᠷ᠎ᠡ ᠳᠤᠷᠠᠳᠤᠭᠰᠠᠨ ᠬᠥᠮᠦᠰ 7 ᠡᠳᠦᠷ ᠤᠨ | ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠤᠶᠤ 7 ᠡᠳᠦᠷ ᠤᠨ ᠳᠣᠲᠣᠷᠠᠬᠢ | ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠰᠤᠷᠠᠭ ᠵᠠᠩᠭᠢ ᠲᠠᠢ ᠡᠷᠡᠭᠦᠯ ᠮᠡᠨᠲᠦ ᠶᠢᠨ ᠨᠡᠪᠲᠡᠷᠡᠬᠦ | ᠺᠣᠳ᠋ ᠪᠠᠶᠢᠪᠠᠯ᠂ ᠪᠡᠶ᠎ᠡ ᠶᠢᠨ ᠬᠠᠯᠠᠭᠤᠨ ᠤ ᠬᠡᠮᠵᠢᠯᠳᠡ ᠬᠡᠪ ᠤᠨ ᠪᠠᠶᠢᠳᠠᠯ ᠳᠣᠣᠷ᠎ᠠ ᠥᠪᠡᠷ ᠤᠨ ᠬᠠᠮᠠᠭᠠᠯᠠᠯᠲᠠ ᠪᠠᠨ | ᠰᠠᠶᠢᠳᠤᠷ ᠬᠢᠭᠰᠡᠨ ᠤᠷᠢᠲᠠᠯ ᠳᠣᠤᠷ᠎ᠠ᠂ ᠡᠮᠬᠢ ᠵᠢᠷᠤᠮ ᠲᠠᠢ ᠴᠢᠯᠥᠭᠡᠲᠡᠶ ᠶᠠᠪᠤᠵᠤ ᠪᠣᠯᠤᠨ᠎ᠠ᠃ ᠬᠡᠷᠪᠡ ᠳᠡᠭᠡᠷ᠎ᠡ | ᠳᠤᠷᠠᠳᠤᠭᠰᠠᠨ ᠪᠥᠭᠡᠮ ᠬᠦᠴᠢᠯ ᠤᠨᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠤᠶᠤ ᠪᠥᠭᠡᠮ | ᠬᠦᠴᠢᠯ ᠤᠨᠪᠠᠶᠢᠴᠠᠭᠠᠯᠳᠠ ᠬᠢᠭᠰᠡᠨ ᠦᠭᠡᠢ ᠬᠥᠮᠦᠰ ᠥᠪᠡᠷ ᠤᠨ ᠬᠠᠮᠠᠭᠠᠯᠠᠯᠲᠠ ᠪᠠᠨ ᠰᠠᠶᠢᠳᠤᠷ ᠬᠢᠵᠦ ᠣᠯᠠᠨ | ᠨᠡᠶᠢᠳᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠠᠴᠠ ᠵᠠᠶᠢᠯᠠᠰᠬᠢᠭᠰᠠᠨ ᠰᠠᠭᠤᠷᠢᠨ ᠳᠡᠭᠡᠷ᠎ᠡ᠂ | ᠬᠤᠰᠢᠭᠤᠨ ᠤ ᠡᠮᠨᠡᠯᠭᠡ ᠵᠢᠨᠬᠤᠷᠢᠶᠠᠨ ᠳᠤ ᠬᠦᠷᠴᠦ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠬᠦ ᠬᠡᠷᠡᠭᠲᠡᠶ᠃ | ᠪᠠᠶᠢᠴᠠᠭᠠᠯᠳᠠ ᠶᠢᠨ ᠦᠷ᠎ᠡ ᠳ᠋ᠦᠩ ᠭᠠᠷᠬᠤ ᠠᠴᠠ ᠡᠮᠦᠨ᠎ᠡ ᠭᠡᠷ ᠲᠤ ᠪᠠᠨ ᠲᠤᠰᠠᠭᠠᠷᠯᠠᠬᠤ ᠶᠢ ᠰᠠᠨᠠᠭᠠᠴᠢᠯᠠᠵᠤ᠂ | ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷ ᠢᠯᠡᠷᠡᠭᠰᠡᠨ ᠪᠣᠯ ᠪᠡᠶ᠎ᠡ ᠶᠢᠨ ᠬᠠᠯᠠᠭᠤᠨ ᠤ ᠬᠡᠮᠵᠢᠯᠲᠡ ᠬᠡᠪ ᠤᠨ | ᠪᠠᠶᠢᠳᠠᠯ ᠳᠣᠣᠷ᠎ᠠ᠂ ᠥᠪᠡᠷ ᠤᠨ ᠬᠠᠮᠠᠭᠠᠯᠠᠯᠲᠠ ᠪᠠᠨ ᠰᠠᠶᠢᠲᠤᠷ ᠬᠢᠵᠦ ᠡᠮᠬᠢ ᠵᠢᠷᠤᠮ ᠲᠠᠢ ᠴᠢᠯᠥᠭᠡᠲᠡᠢ ᠶᠠᠪᠤᠵᠤ | ᠪᠣᠯᠤᠨ᠎ᠠ᠃ | ᠳᠥᠷᠪᠡ᠂ ᠥᠷᠭᠡᠨ ᠣᠯᠠᠨ ᠰᠠᠭᠤᠭᠠᠯᠢ ᠠᠷᠠᠳ ᠴᠢᠬᠤᠯᠠ ᠤᠴᠢᠷ ᠦᠭᠡᠢ ᠪᠣᠯ ᠤᠶᠢᠷ᠎ᠠ ᠶᠢᠨ | ᠬᠤᠭᠤᠴᠠᠭᠠᠨ ᠳᠤ ᠴᠢᠩᠳᠣᠤ ᠬᠤᠲᠠ ᠳᠤ ᠣᠴᠢᠵᠤ ᠪᠣᠯᠬᠤ ᠥᠬᠡᠶ᠃ ᠵᠠᠪᠠᠯ ᠣᠴᠢᠬᠤ ᠴᠢᠬᠤᠯᠠ ᠲᠠᠢ ᠪᠣᠯ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠳᠤ ᠪᠠᠨ ᠪᠤᠴᠠᠵᠤ ᠢᠷᠡᠬᠦ ᠠᠴᠠ ᠪᠠᠨ ᠡᠮᠦᠨ᠎ᠡ ᠰᠠᠨᠠᠭᠠᠴᠢᠯᠠᠭ᠎ᠠ ᠠᠴᠠ ᠪᠠᠨ | ᠪᠠᠶᠢᠭᠤᠯᠤᠯᠭ᠎ᠠ᠂ ᠰᠠᠭᠤᠵᠤ ᠪᠠᠶᠢᠭ᠎ᠠ ᠰᠤᠮᠤ ︵ᠰᠢᠶᠠᠩ ᠪᠠᠯᠭᠠᠰᠤ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ | ᠳᠤ ᠪᠠᠨ ᠮᠡᠳᠡᠭᠦᠯᠵᠦ᠂ ᠵᠣᠬᠢᠰᠲᠠᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠲᠠᠪᠤ᠂ ᠥᠷᠭᠡᠨ ᠤᠯᠠᠨ ᠰᠠᠭᠤᠭᠠᠯᠢ ᠠᠷᠠᠳ ᠰᠢᠨᠵᠢᠯᠡᠬᠦ ᠤᠬᠠᠭᠠᠨᠴᠢ ᠪᠠᠷ ᠠᠮᠠᠨ ᠬᠠᠪᠠᠭ ᠵᠡᠭᠦᠬᠦ ᠶᠢ | ᠪᠠᠷᠢᠮᠲᠠᠯᠠᠨ᠂ ᠦᠷᠭᠦᠯᠵᠢ ᠭᠠᠷ ᠢᠶᠠᠨ ᠤᠬᠢᠶᠠᠵᠤ᠂ ᠰᠠᠯᠬᠢ ᠨᠡᠪᠳᠡᠷᠡᠭᠦᠯᠥᠨ᠂ ᠠᠮᠤᠷ ᠲᠦᠪᠰᠢᠨ ᠨᠡᠶᠢᠭᠡᠮ ᠤᠨ | ᠬᠠᠷᠢᠯᠴᠠᠭᠠᠨ ᠤ ᠨᠢᠭᠡ ᠮᠧᠲᠷ ᠤᠨ ᠵᠠᠢ ᠶᠢ ᠪᠠᠲᠤᠯᠠᠬᠤ ᠬᠡᠷᠡᠭᠲᠡᠢ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ | ᠢᠯᠡᠷᠡᠯ ᠭᠠᠷᠪᠠᠯ ᠴᠠᠭ ᠲᠤᠬᠠᠶ ᠳᠤ ᠨᠢ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ | ᠡᠮᠨᠡᠯᠭᠡ ᠳᠤ ᠪᠠᠶᠢᠴᠠᠭᠠᠨ ᠡᠮᠨᠡᠭᠦᠯᠵᠦ᠂ ᠪᠦᠬᠦ ᠶᠠᠪᠤᠴᠠ ᠳᠤ ᠥᠪᠡᠷ ᠤᠨ ᠬᠠᠮᠠᠭᠠᠯᠠᠯᠲᠠ ᠪᠠᠨ ᠰᠠᠶᠢᠳᠤᠷ ᠬᠢᠬᠦ ᠬᠡᠷᠡᠭᠲᠡᠢ | ᠃ | | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠬᠡᠯᠲᠡᠰ | 2020 ᠣᠨ ᠤ 10 ᠰᠠᠷ᠎ᠠ ᠶᠢᠨ 12 ᠤ ᠡᠳᠦᠷ᠃ |