ᠤᠶᠢᠷ᠎ᠠ ᠶᠢᠨ ᠬᠤᠭᠤᠴᠠᠭᠠᠨ ᠳᠤ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠬᠠᠷᠢᠶ᠎ᠠ ᠣᠷᠣᠨ ᠤ ᠳᠣᠲᠣᠷᠠᠬᠢ 9 ᠳᠤᠮᠳᠠᠳᠤ ᠪᠠᠭ᠎ᠠ | ᠰᠤᠷᠭᠠᠭᠤᠯᠢ᠂ 10 ᠬᠡᠤᠬᠡᠳ ᠤᠨ ᠴᠡᠴᠡᠷᠯᠢᠭ ᠤᠨᠬᠠᠯᠳᠠᠪᠥᠷᠢᠳᠥ ᠡᠪᠡᠳᠴᠢᠨ ᠢ ᠰᠡᠷᠭᠡᠶᠢᠯᠡᠨ ᠡᠵᠡᠮᠳᠡᠵᠦ ᠪᠠᠶᠢᠭ᠎ᠠ | ᠪᠠᠶᠢᠳᠠᠯ ᠳᠤ ᠬᠢᠨᠠᠨ ᠪᠠᠶᠢᠴᠠᠭᠠᠯᠲᠠ ᠬᠢᠵᠦ᠂ ᠭᠤᠤᠯᠳᠠᠭᠤ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ | ᠣᠨᠴᠠ ᠵᠠᠷᠢᠮ ᠬᠡᠤᠬᠡᠳ ᠤᠨ ᠴᠡᠴᠡᠷᠯᠢᠭ ᠲᠤ ᠨᠥᠸᠧ ᠷᠦ᠋ ᠸᠢᠷᠦ᠋ᠰ ᠤᠨ ᠬᠠᠯᠳᠠᠪᠤᠷᠢᠯᠠᠯ ᠤᠨ ᠡᠪᠡᠳᠴᠢᠨ ᠤ ᠵᠢᠱᠢᠶ᠎ᠡ | ᠢᠯᠡᠷᠡᠭᠰᠡᠨ ᠪᠠᠶᠢᠳᠠᠯ ᠳᠤ ᠴᠢᠭᠯᠡᠭᠦᠯᠥᠨ᠂ ᠨᠠᠮᠤᠷ ᠡᠪᠦᠯ ᠤᠨ ᠤᠯᠠᠷᠢᠯ ᠳᠤ ᠠᠮᠠᠷᠬᠠᠨ ᠡᠭᠦᠰᠳᠡᠭ ᠡᠯ᠎ᠡ ᠲᠥᠷᠥᠯ ᠤᠨ | ᠠᠮᠢᠰᠬᠤᠯ ᠤᠨ ᠵᠠᠮ᠂ ᠭᠡᠳᠡᠰᠦᠨ ᠤ ᠬᠠᠯᠳᠠᠪᠤᠷᠢᠲᠤ ᠡᠪᠡᠳᠴᠢᠨ ᠢ ᠨᠠᠩ ᠰᠠᠶᠢᠨ ᠰᠡᠷᠭᠡᠶᠢᠯᠡᠨ ᠡᠵᠡᠮᠳᠡᠬᠦ ᠶᠢᠨ | ᠲᠥᠯᠥᠭᠡ᠂ ᠪᠦᠬᠦ ᠲᠠᠯ᠎ᠠ ᠪᠠᠷ ᠬᠢᠨᠠᠯᠲᠠ ᠲᠠᠯᠪᠢᠵᠤ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠤᠶᠢᠯᠭᠠᠭᠰᠠᠨ ᠨᠢ᠂ | ᠡᠯ᠎ᠡ ᠰᠤᠷᠭᠠᠭᠤᠯᠢ᠂ ᠬᠡᠤᠬᠡᠳ ᠤᠨ ᠴᠡᠴᠡᠷᠯᠢᠭ ᠨᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠡᠯ᠎ᠡ | ᠵᠦᠢᠯ ᠤᠨ ᠳᠦᠷᠢᠮ ᠢ ᠪᠠᠶᠢᠭᠤᠯᠵᠤ᠂ ᠡᠯ᠎ᠡ ᠵᠦᠢᠯ ᠤᠨ ᠠᠷᠢᠭᠤᠳᠬᠠᠬᠤ ᠬᠠᠮᠠᠭᠠᠯᠠᠯᠲᠠ ᠶᠢᠨ ᠬᠡᠷᠡᠭᠰᠡᠯ ᠢ | ᠨᠥᠭᠡᠴᠡᠯᠡᠵᠦ᠂ ᠲᠡᠷᠡᠴᠢᠯᠡᠨ ᠲᠣᠭᠲᠠᠭᠠᠯ ᠶᠣᠰᠣᠭᠠᠷ ᠥᠷᠯᠥᠭᠡ ᠦᠳᠡ ᠶᠢᠨ ᠪᠠᠶᠢᠴᠠᠭᠠᠯᠲᠠ ᠬᠢᠨ᠂ ᠠᠷᠢᠭᠤᠳᠬᠠᠬᠤ | ᠵᠡᠷᠭᠡ ᠠᠵᠢᠯ ᠢ ᠥᠷᠨᠢᠭᠦᠯᠥᠭᠰᠡᠨ ᠪᠠᠶᠢᠨ᠎ᠠ᠃ ᠭᠡᠲᠡᠯ᠎ᠡ᠂ ᠣᠨᠴᠠ ᠵᠠᠷᠢᠮ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ ᠥᠷᠯᠥᠭᠡ ᠦᠳᠡ ᠶᠢᠨ ᠪᠠᠶᠢᠴᠠᠭᠠᠯᠲᠠ ᠶᠢᠨ ᠲᠡᠮᠳᠡᠭᠯᠡᠯ ᠪᠦᠷᠢᠨ ᠪᠤᠰᠤ᠂ ᠡᠪᠡᠳᠴᠢᠨ ᠠᠴᠠ ᠪᠣᠯᠵᠤ | ᠬᠢᠴᠢᠶᠡᠯ ᠰᠠᠭᠠᠭᠳᠠᠭᠰᠠᠨ ᠲᠡᠮᠳᠡᠭᠯᠡᠯ ᠲᠠᠢ ᠠᠪᠴᠠᠯᠳᠤᠬᠤ ᠦᠭᠡᠢ᠂ ᠣᠯᠠᠩᠬᠢ ᠰᠤᠷᠭᠠᠭᠤᠯᠢ᠂ ᠬᠡᠤᠬᠡᠳ ᠤᠨ | ᠴᠡᠴᠡᠷᠯᠢᠭ ᠲᠤ ᠤᠤᠭᠤᠬᠤ ᠤᠰᠤᠨ ᠤ ᠴᠢᠨᠠᠷ ᠤᠨ ᠪᠠᠶᠢᠴᠠᠭᠠᠨ ᠰᠢᠯᠭᠠᠭᠰᠠᠨ ᠮᠡᠳᠡᠭᠦᠯᠥᠯᠳᠡ ᠪᠠᠶᠢᠬᠤ ᠥᠬᠡᠶ᠂ | ᠤᠤᠭᠤᠬᠤ ᠤᠰᠤᠨ ᠤ ᠮᠠᠰᠢᠨ ᠨᠢ ᠡᠷᠡᠭᠦᠯ ᠬᠠᠮᠠᠭᠠᠯᠠᠯ ᠤᠨ ᠵᠥᠪᠰᠢᠶᠡᠷᠡᠯ ᠤᠨ ᠪᠢᠴᠢᠭ ᠪᠤᠶᠤ ᠪᠠᠶᠢᠴᠠᠭᠠᠨ | ᠰᠢᠯᠭᠠᠭᠰᠠᠨ ᠮᠡᠳᠡᠭᠦᠯᠦᠯᠲᠡ ᠥᠬᠡᠶ᠃ ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠪᠢᠳᠡ ᠴᠥᠮ | ᠬᠠᠮᠢᠶ᠎ᠠ ᠪᠥᠭᠦᠢ ᠴᠡᠭᠴᠡᠯᠡᠨ ᠵᠠᠰᠠᠬᠤ ᠰᠠᠨᠠᠯ ᠳᠤᠷᠠᠳᠪᠠ᠃ | |