ᠰᠢᠷᠠᠮᠥ᠋ᠷᠡᠨ ᠪᠠᠯᠭᠠᠰᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠴᠢᠨᠠᠷ ᠰᠠᠶᠢᠳᠠᠢ ᠶᠠᠪᠤᠭᠳᠠᠪᠠ
ᠨᠡᠶᠢᠲᠡᠯᠡᠭᠰᠡᠨ ᠴᠠᠭ᠄
2020/10/23
     ᠰᠢᠷᠠᠮᠥ᠋ᠷᠡᠨ ᠪᠠᠯᠭᠠᠰᠤ ᠨᠢ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠲᠦᠮᠵᠢᠲᠡᠶ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠳᠤᠯᠠᠬᠤ ᠶᠢᠨ ᠲᠥᠯᠥᠭᠡ᠂ ᠡᠯ᠎ᠡ ᠨᠡᠶᠢᠳᠡᠮ ᠪᠠᠶᠢᠴᠠᠭᠠᠯᠲᠠ ᠶᠢᠨ ᠣᠷᠣᠨ ᠤ ᠵᠢᠭᠠᠨ ᠵᠢᠯᠤᠭᠤᠳᠤᠭᠴᠢ ᠪᠠ ᠨᠡᠶᠢᠳᠡᠮ ᠪᠠᠶᠢᠴᠠᠭᠠᠭᠴᠢ ᠶᠢ ᠵᠣᠬᠢᠶᠠᠨ ᠪᠠᠶᠢᠭᠤᠯᠵᠤ᠂ ᠴᠢᠩᠭ᠎ᠠ‌ᠨᠢᠮᠪᠠᠶ᠂ ᠬᠦᠯᠢᠴᠡᠩᠭᠦᠶ ᠣᠪᠣᠷ ᠢᠶᠠᠷ᠂ ᠭᠠᠴᠠᠭ᠎ᠠ ᠪᠠᠷ ᠨᠢᠭᠡᠴᠢ ᠪᠣᠯᠭᠠᠵᠤ᠂ ᠳᠤᠭᠤᠶᠢᠯᠠᠩ ᠬᠤᠪᠢᠶᠠᠨ᠂ ᠡᠷᠦᠬᠡ ᠳᠠᠷᠠᠭᠠᠯᠠᠨ ᠠᠵᠢᠯᠲᠠᠨ ᠤ ᠮᠡᠳᠡᠭᠡ ᠵᠠᠩᠭᠢ ᠶᠢ ᠳᠠᠩᠰᠠᠯᠠᠵᠤ᠂ ᠣᠳᠣᠬᠠᠨ ᠪᠣᠯᠲᠠᠯ᠎ᠠ᠂ ᠰᠢᠷᠠᠮᠥ᠋ᠷᠡᠨ‌‍ᠪᠠᠯᠭᠠᠰᠤ  ᠨᠢ 1232 ᠡᠷᠦᠬᠡ᠂ ᠨᠡᠶᠢᠲᠡ 2492 ᠬᠥᠮᠦᠨ᠂ ᠲᠦᠷ ᠰᠠᠭᠤᠬᠤ ᠬᠥᠮᠦᠨ ᠠᠮᠠ 519 ᠪᠦᠷᠢᠳᠬᠡᠵᠡᠶ᠃ ᠣᠳᠣᠬᠠᠨ ᠳᠤ 975 ᠡᠷᠦᠬᠡ ᠶᠢ ᠪᠠᠶᠢᠴᠠᠭᠠᠨ ᠲᠣᠳᠣᠯᠠᠵᠤ᠂ ᠪᠡᠶᠡᠯᠡᠭᠦᠯᠦᠭᠰᠡᠨ ᠨᠣᠷᠮ᠎ᠠ 79% ᠳᠤ ᠬᠦᠷᠴᠡᠶ᠃       ᠳᠠᠷᠠᠭ᠎ᠠ ᠠᠯᠬᠤᠮ ᠳᠤ᠂ ᠰᠢᠷᠠᠮᠥ᠋ᠷᠡᠨ ᠪᠠᠯᠭᠠᠰᠤ ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠥ᠂ ᠬᠠᠮᠲᠤ ᠪᠠᠷ ᠬᠦᠴᠦᠯᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠪᠦᠬᠦ ᠲᠠᠯ᠎ᠠ ᠶᠢᠨ ᠴᠢᠨᠠᠷ᠂ ᠵᠥᠪ ᠣᠨᠣᠪᠴᠢᠲᠤ ᠴᠢᠨᠠᠷ ᠢ ᠴᠢᠷᠮᠠᠶᠢᠨ ᠪᠠᠳᠣᠯᠠᠵᠤ᠂ ᠱᠠᠭᠠᠷᠳᠠᠭᠰᠠᠨ ᠴᠠᠭ ᠬᠤᠭᠤᠴᠠᠭᠠᠨ ᠳᠣᠲᠣᠷ᠎ᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号