ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠳᠣᠯᠣᠳᠤᠭᠠᠷ ᠤᠳᠠᠭᠠᠨ ᠤ ᠪᠦᠬᠦ ᠤᠯᠤᠰ | ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ 10 ᠰᠠᠷ᠎ᠠ ᠶᠢᠨ | 11 ᠤ ᠡᠳᠦᠷ᠂ ᠬᠤᠰᠢᠭᠤᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠨ ᠪᠦᠬᠦ ᠲᠠᠯ᠎ᠠ ᠪᠠᠷ | ᠡᠬᠢᠯᠡᠭᠦᠯᠬᠦ ᠶᠢᠨ ᠬᠠᠮᠲᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ | ᠬᠥᠨᠳᠡᠯᠡᠨ ᠪᠢᠴᠢᠭᠡᠰᠦ ᠶᠢ ᠡᠯᠭᠦᠵᠦ᠂ ᠤᠬᠠᠭᠤᠯᠭ᠎ᠠ ᠶᠢᠨ ᠵᠢᠷᠤᠭ᠂ ᠤᠬᠠᠭᠤᠯᠭ᠎ᠠ ᠶᠢᠨ ᠯᠣᠽᠦ᠋ᠩ ᠨᠠᠭᠠᠵᠤ᠂ ︽ | ᠬᠤᠶᠠᠷ ᠠᠵᠢᠯᠲᠠᠨ︾ ᠤ ᠦᠨᠡᠮᠯᠡᠯ ᠢ ᠨᠢᠭᠡᠳᠦᠯᠲᠡᠶ ᠣᠯᠭᠤᠪᠠ᠃ | ᠪᠠᠶᠢᠳᠠᠯ ᠢ ᠣᠶᠢᠯᠠᠭᠠᠬᠤ ᠠᠵᠢᠯ ᠤᠨ ᠳᠤᠮᠳᠠ᠂ ᠡᠯ᠎ᠡ ᠰᠤᠮᠤ ᠰᠢᠶᠠᠩ ᠪᠠᠯᠭᠠᠰᠤᠨ ᠤ ᠨᠡᠶᠢᠳᠡᠮ | ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ | ᠶᠣᠰᠣᠭᠠᠷ᠂ ᠭᠡᠷᠡᠴᠢ ᠲᠡᠮᠳᠡᠭ ᠠᠪᠴᠤ᠂ ᠵᠡᠭᠡᠯᠢ ᠭᠤᠳᠤᠮᠵᠢ ᠳᠤ ᠭᠥᠨᠵᠡᠭᠡᠶᠢᠷᠡᠨ᠂ ᠡᠷᠦᠬᠡ ᠳᠠᠷᠠᠭᠠᠯᠠᠨ | ᠪᠠᠶᠢᠴᠠᠭᠠᠯᠲᠠ ᠬᠢᠵᠦ᠂ ᠨᠡᠶᠢᠭᠡᠮ ᠲᠣᠭᠤᠷᠢᠭ ᠨᠢᠭᠡᠪᠦᠷᠢ ᠶᠢᠨ ᠣᠷᠣᠨ ᠰᠠᠭᠤᠴᠠ ᠶᠢᠨ ᠲᠤᠭ᠎ᠠ ᠬᠡᠮᠵᠢᠶ᠎ᠡ ᠪᠠ | ᠪᠠᠶᠢᠷᠢᠰᠢᠯ ᠢ ᠲᠣᠳᠣᠷᠬᠠᠶ ᠣᠶᠢᠯᠠᠭᠠᠵᠤ᠂ ᠡᠷᠦᠬᠡ ᠪᠥᠷᠢ ᠳᠤ ᠣᠷᠣᠵᠤ᠂ ᠨᠡᠶᠢᠳᠡᠮ ᠪᠠᠶᠢᠴᠠᠭᠠᠯᠲᠠ ᠬᠢᠬᠦ᠂ ᠬᠥᠮᠦᠨ | ᠠᠮᠠ ᠶᠢᠨ ᠮᠡᠳᠡᠭᠡ ᠵᠠᠩᠭᠢ ᠶᠢ ᠣᠶᠢᠯᠠᠭᠠᠵᠤ᠂ ᠡᠷᠦᠬᠡ ᠶᠢᠨ ᠡᠵᠡᠨ ᠤ ᠣᠪᠣᠭ ᠨᠡᠷ᠎ᠡ ᠶᠢᠨ ᠡᠬᠡ ᠳᠡᠪᠲᠡᠷ ᠲᠤ | ᠣᠷᠣᠭᠤᠯᠵᠤ᠂ ᠪᠡᠶ᠎ᠡ ᠪᠠᠨ ᠳᠠᠭᠠᠭᠠᠵᠤ ᠲᠠᠭᠯᠠᠨ ᠮᠡᠳᠡᠭᠦᠯᠬᠦ ᠳᠠᠩᠰᠠᠯᠠᠯ ᠤᠨ ᠲᠠᠶᠢᠯᠤᠮᠵᠢ ᠬᠢᠬᠦ ᠶᠢᠨ ᠬᠠᠮᠲᠤ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃ | ᠬᠥᠮᠦᠨ ᠠᠮᠠ ᠶᠢᠨ ᠪᠠᠶᠢᠳᠠᠯ ᠢ ᠲᠣᠳᠣᠷᠬᠠᠶ ᠣᠶᠢᠯᠠᠭᠠᠬᠤ ᠶᠢᠨ ᠲᠥᠯᠥᠭᠡ᠂ ᠨᠡᠶᠢᠳᠡᠮ ᠪᠠᠶᠢᠴᠠᠭᠠᠭᠴᠢ ᠵᠢᠴᠢ | ᠵᠢᠭᠠᠨ ᠵᠢᠯᠣᠭᠤᠳᠤᠭᠴᠢ ᠪᠥᠬᠦ ᠰᠡᠳᠬᠢᠯᠭᠡ ᠵᠣᠷᠢᠭ ᠢᠶᠠᠷ ᠠᠵᠢᠯ ᠤᠨ ᠪᠠᠶᠢᠷᠢ ᠳᠡᠭᠡᠷ᠎ᠡ ᠭᠠᠷᠴᠤ᠂ ᠡᠷᠦᠬᠡ ᠪᠦᠷᠢ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠬᠦᠯᠢᠴᠡᠩᠭᠦᠶ ᠲᠠᠶᠢᠯᠪᠤᠷᠢᠯᠠᠳᠠᠭ᠃ ᠭᠡᠷ ᠪᠦᠯᠢ | ᠪᠦᠷᠢ ᠢᠳᠡᠪᠬᠢᠲᠡᠢ ᠬᠠᠮᠵᠢᠯᠴᠠᠵᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢᠶᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠳᠡᠢ᠃ | |