ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ︽ᠰᠢ ᠶᠢᠨ ᠫᠢᠩ ᠲᠥᠷᠥ ᠶᠢ ᠵᠠᠰᠠᠬᠤᠢ︾ ᠭᠡᠬᠦ ᠨᠣᠮ ᠤᠨ ᠭᠤᠷᠪᠠᠳᠤᠭᠠᠷ ᠪᠣᠳᠢ ᠶᠢᠨ ᠲᠤᠰᠬᠠᠶ ᠰᠡᠳᠦᠪᠲᠦ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2020/10/27
     10 ᠰᠠᠷ᠎ᠠ ᠶᠢᠨ 21 ᠤ ᠡᠳᠦᠷ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠰᠣᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯᠯᠠᠬᠤ ᠬᠤᠷᠢᠶ᠎ᠠ ᠳᠠᠭᠠᠭᠠᠴᠢᠯᠠᠨ ᠡᠷᠭᠢᠯᠡᠵᠦ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠱᠢ ᡁᠢ ᠭᠠᠩ ᠢ ᠣᠨᠴᠠᠭᠠᠶᠢᠯᠠᠨ ᠤᠷᠢᠵᠤ ︽ᠰᠢ ᠶᠢᠨ ᠫᠢᠩ ᠲᠥᠷᠥ ᠶᠢ ᠵᠠᠰᠠᠬᠤᠢ︾ ᠭᠡᠬᠦ ᠨᠣᠮ ᠤᠨ ᠭᠤᠷᠪᠠᠳᠤᠭᠠᠷ ᠪᠣᠳᠢ ᠳᠤ ᠲᠤᠰᠬᠠᠶ ᠰᠡᠳᠦᠪᠲᠦ ᠲᠠᠶᠢᠯᠤᠮᠵᠢ ᠥᠷᠨᠢᠭᠦᠯᠪᠡ᠃ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯᠯᠠᠬᠤ ᠬᠤᠷᠢᠶ᠎ᠠ ᠶᠢᠨ ᠣᠨᠣᠯ ᠰᠤᠷᠤᠯᠴᠠᠬᠤ ᠲᠥᠪ ᠤᠨ ᠳᠣᠭᠤᠶᠢᠯᠠᠩ ᠤᠨ ᠪᠦᠷᠢᠯᠳᠦᠬᠦᠨ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠺᠠᠳ᠋ᠷ ᠠᠵᠢᠯᠲᠠᠨ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠰᠢᠭᠤᠳ ᠬᠠᠷᠢᠶ᠎ᠠ ᠵᠢᠭᠠᠨ ᠰᠣᠷᠭᠠᠯᠳᠠ ᠶᠢᠨ ᠬᠠᠪᠰᠤᠷᠤᠨ ᠵᠢᠯᠣᠭᠤᠳᠬᠤ ᠨᠢᠭᠡᠴᠡ ᠶᠢᠨ ᠵᠠᠰᠠᠭ ᠵᠠᠬᠢᠷᠭᠠᠨ ᠤ ᠪᠠᠭ ᠤᠨ ᠪᠦᠷᠢᠯᠳᠦᠬᠦᠨ᠂ ᠨᠠᠮ ᠤᠨ ᠡᠭᠦᠷ ᠤᠨ ᠪᠠᠭ ᠤᠨ ᠪᠦᠷᠢᠯᠳᠦᠬᠦᠨ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠡᠶᠢᠲᠡ 160 ᠭᠠᠷᠤᠶ ᠬᠥᠮᠦᠨ ᠰᠤᠷᠤᠯᠴᠠᠯᠭ᠎ᠠ ᠳᠤ ᠣᠷᠣᠯᠴᠠᠵᠠᠶ᠃      ᠱᠢ ᡁᠢ ᠭᠠᠩ ᠪᠠᠭᠰᠢ ︽ᠰᠢ ᠶᠢᠨ ᠫᠢᠩ ᠲᠥᠷᠥ ᠶᠢ ᠵᠠᠰᠠᠬᠤᠢ︾ ᠭᠡᠬᠦ ᠨᠣᠮ ᠤᠨ ᠭᠤᠷᠪᠠᠳᠤᠭᠠᠷ ᠪᠣᠳᠢ ᠶᠢᠨ ᠴᠠᠭ ᠦᠶ᠎ᠡ ᠶᠢᠨ ᠠᠬᠤᠶ ᠪᠠᠶᠢᠳᠠᠯ᠂ ᠭᠤᠤᠯ ᠠᠭᠤᠯᠭ᠎ᠠ ᠬᠢᠭᠡᠳ ᠰᠢᠨ᠎ᠡ ᠶᠢ ᠡᠭᠦᠳᠭᠦ ᠴᠡᠭ᠂ ᠴᠢᠬᠤᠯᠠ ᠠᠴᠢ ᠬᠤᠯᠪᠣᠭᠳᠠᠯ ᠵᠢᠴᠢ ᠬᠡᠷᠬᠢᠨ ᠰᠤᠷᠤᠯᠴᠠᠬᠤ ᠳᠥᠷᠪᠡᠨ ᠶᠡᠭᠡ ᠲᠠᠯ᠎ᠠ ᠠᠴᠠ ᠲᠠᠶᠢᠯᠤᠮᠵᠢ ᠬᠢᠪᠠ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠬᠤ ᠶᠢᠨ ᠴᠢᠬᠤᠯᠠ ᠴᠢᠨᠠᠷ ᠢ ᠨᠠᠷᠢᠨ ᠲᠣᠳᠣᠷᠬᠠᠶᠢᠯᠠᠨ ᠥᠭᠦᠯᠡᠵᠦ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠬᠦ ᠬᠡᠷᠡᠭᠲᠡᠶ᠃ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠱᠠᠭᠠᠷᠳᠠᠯᠭ᠎ᠠ ᠶᠢ ᠣᠨᠴᠠᠭᠠᠶᠢᠯᠠᠨ ᠶᠠᠷᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ᠂ ᠬᠥᠮᠦᠨ ᠢ ᠬᠥᠮᠦᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ᠲᠤᠰ ᠤᠳᠠᠭᠠᠨ ᠤ ᠲᠤᠰᠬᠠᠶ ᠰᠡᠳᠦᠪᠲᠦ ᠲᠠᠶᠢᠯᠤᠮᠵᠢ᠂ ᠨᠣᠮ ᠰᠤᠳᠤᠷ ᠢ ᠡᠰᠢ ᠲᠠᠲᠠᠵᠤ᠂ ᠭᠦᠨᠵᠡᠭᠡᠶ ᠪᠥᠭᠡᠳ ᠣᠶᠢᠯᠠᠭᠠᠮᠵᠢᠳᠠᠢ᠂ ᠰᠤᠷᠤᠯᠴᠠᠭᠴᠢᠳ ᠣᠯᠤᠯᠲᠠ ᠶᠡᠭᠡ ᠲᠠᠢ ᠪᠠᠶᠢᠨ᠎ᠠ ᠭᠡᠵᠥ ᠢᠯᠡᠷᠭᠡᠶᠢᠯᠡᠵᠡᠢ᠃ ᠬᠤᠶᠢᠰᠢᠳᠠ ᠶᠢᠨ ᠪᠣᠳᠠᠲᠤ ᠠᠵᠢᠯ ᠤᠨ ᠳᠤᠮᠳᠠ᠂ ᠰᠤᠷᠭᠠᠨ ᠬᠥᠮᠦᠵᠢᠯ ᠤᠨ ᠰᠢᠰᠲ᠋ᠧᠮ ᠤᠨ ᠡᠪ ᠬᠠᠮᠲᠤ ᠨᠠᠮ ᠤᠨ ᠭᠡᠰᠢᠭᠦᠨ ᠵᠢᠴᠢ ᠪᠥᠬᠦ ᠪᠠᠭᠰᠢ ᠠᠵᠢᠯᠲᠠᠨ ᠠᠵᠢᠯᠴᠢᠨ ᠣᠭ ᠰᠠᠨᠠᠭ᠎ᠠ ᠪᠠᠨ ᠨᠠᠩ ᠰᠠᠶᠢᠲᠤᠷ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠡᠭᠦᠷᠭᠡᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠰᠤᠷᠭᠠᠨ ᠬᠥᠮᠦᠵᠢᠯ ᠤᠨ ᠦᠶ᠋ᠯᠡᠰ ᠤᠨ ᠰᠢᠨ᠎ᠡ ᠬᠡᠷᠡᠯ ᠰᠠᠴᠤᠷᠠᠩᠭᠤᠶ ᠠᠮᠵᠢᠯᠲᠠ ᠶᠢ ᠡᠭᠦᠳᠬᠦ ᠬᠡᠷᠡᠭᠲᠡᠶ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号