ᠰᠢᠤᠸᠠᠢ ᠰᠦᠩ ᠨᠥᠭᠦᠷ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2020/10/27
     10 ᠰᠠᠷ᠎ᠠ ᠶᠢᠨ 20 ᠤ ᠡᠳᠦᠷ ᠤᠨ ᠦᠳᠡ ᠬᠤᠶᠢᠨ᠎ᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠦᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠠᠬᠢᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠵᠠᠳᠠᠯᠵᠤ᠂ ᠣᠳᠣᠬᠠᠨ ᠤ ᠪᠠ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃      ᠰᠢᠤᠸᠠᠢ ᠰᠦᠩ ᠱᠦᠵᠢ ᠵᠢᠭᠠᠵᠤ ᠭᠠᠷᠭᠠᠭᠰᠠᠨ ᠨᠢ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠣᠯ ᠨᠢᠭᠡ ᠭᠠᠵᠠᠷ ᠣᠷᠣᠨ ᠤ ᠬᠥᠭᠵᠢᠯᠲᠡ ᠶᠢᠨ ᠠᠯᠳᠠᠨ ᠦᠰᠦᠭᠲᠦ ᠫᠠᠶᠢᠰᠠ ᠪᠣᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯ ᠮᠠᠨ ᠤ ᠬᠤᠰᠢᠭᠤᠨ ᠤ ᠰᠢᠨ᠎ᠡ ᠬᠥᠭᠵᠢᠯᠲᠡ ᠶᠢᠨ ᠣᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠬᠤ᠂ ᠬᠥᠭᠵᠢᠯᠲᠡ ᠶᠢᠨ ᠥᠷᠢᠰᠦᠯᠳᠦᠬᠦ ᠬᠦᠴᠦᠨ ᠢ ᠨᠡᠮᠡᠭᠳᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠪᠠᠳᠣᠯᠠᠭ᠎ᠠ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ  ᠨᠠᠶᠢᠳᠠᠪᠣᠷᠢᠵᠢᠭᠤᠯᠵᠥ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠤᠨ ᠲᠤᠬᠠᠶ ᠲᠠᠨᠢᠯᠲᠠ ᠪᠠᠨ ᠴᠢᠩᠭᠠᠳᠬᠠᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠦᠵᠡᠯᠲᠡ ᠪᠠᠨ ᠰᠢᠨᠡᠳᠬᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠦᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠶᠡᠭᠡ ᠳᠡᠭᠡᠭᠰᠢᠯᠡᠯᠲᠡ ᠶᠢ ᠠᠬᠢᠭᠤᠯᠤᠨ᠎ᠠ᠃      ᠰᠢᠤᠸᠠᠢ ᠰᠦᠩ ᠱᠦᠵᠢ ᠴᠢᠬᠤᠯᠠᠴᠢᠯᠠᠭᠰᠠᠨ ᠨᠢ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠭᠤᠣᠯᠳᠠᠯᠭ᠎ᠠ ᠨᠢ ︽ᠦᠢᠯᠡᠴᠢᠯᠡᠬᠦ︾ ᠶᠠᠪᠤᠳᠠᠯ ᠪᠣᠯᠤᠨ᠎ᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠵᠠᠩᠭᠢᠯᠠᠭ᠎ᠠ ᠨᠢ ᠳᠡᠭᠡᠭᠰᠢᠯᠡᠬᠦ ᠳᠤ ᠪᠠᠶᠢᠨ᠎ᠠ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠥᠨᠵᠡᠭᠡᠶᠢᠷᠡᠭᠦᠯᠬᠦ ᠶᠢᠨ ᠵᠠᠩᠭᠢᠯᠠᠭ᠎ᠠ ᠨᠢ ᠬᠢᠬᠦ ᠳᠤ ᠪᠤᠢ᠂ ᠭᠤᠣᠯᠳᠠᠯᠭ᠎ᠠ ᠨᠢ ᠨᠠᠶᠢᠳᠠᠪᠤᠷᠢᠵᠢᠭᠤᠯᠬᠤ ᠳᠤ ᠪᠤᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠥ᠂ ᠬᠦᠴᠢᠷ ᠢ ᠲᠤᠭᠤᠯᠤᠨ ᠪᠡᠷᠬᠡ ᠶᠢ ᠳᠠᠪᠠᠨ ᠤᠷᠤᠭᠰᠢᠯᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ᠂ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠭᠠᠵᠠᠷ ᠣᠷᠣᠨ ᠤ ᠳᠣᠲᠣᠭᠠᠳᠤ ᠶᠢᠨ ᠬᠥᠳᠡᠯᠭᠡᠬᠦ ᠬᠦᠴᠦᠨ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠥ᠂ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ︽ᠠᠭᠤᠯᠵᠠᠬᠤ ᠦᠭᠡᠶ︾ ᠪᠠᠷ ᠬᠡᠷᠡᠭ ᠡᠷᠬᠢᠯᠡᠬᠦ᠂ ᠤᠴᠢᠷ ᠶᠠᠪᠤᠳᠠᠯ ᠢ ᠲᠥᠪᠯᠡᠷᠡᠭᠦᠯᠦᠨ ᠰᠢᠢᠳᠪᠥᠷᠢᠯᠡᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠠᠯ᠎ᠠ ᠪᠠᠷ ᠬᠦᠴᠦ ᠨᠡᠮᠡᠵᠦ ᠂ ᠨᠢᠭᠡ ᠰᠦᠯᠵᠢᠶ᠎ᠡ ᠪᠠᠷ ᠨᠡᠶᠢᠳᠡᠮ ᠰᠢᠢᠳᠪᠥᠷᠢᠯᠡᠬᠦ ᠬᠡᠪᠴᠢᠶ᠎ᠡ ᠶᠢ ᠥᠷᠭᠡᠳᠭᠡᠵᠥ᠂ ︽ᠦᠢᠯᠡᠴᠢᠯᠡᠭᠡᠨ︾ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠠᠵᠤ ᠠᠬᠤᠶᠢᠯᠠᠯ ᠤᠨ ᠰᠠᠨᠠᠯ ᠪᠠ ᠬᠦᠰᠡᠯ ᠱᠠᠭᠠᠷᠳᠠᠯᠭ᠎ᠠ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ᠂ ᠤᠳᠤᠷᠢᠳᠬᠤ ᠺᠠᠳ᠋ᠷ ᠪᠣᠯᠤᠨ ᠠᠵᠤ ᠠᠬᠤᠶᠢᠯᠠᠯᠳᠠᠨ ᠤ ᠬᠤᠭᠤᠷᠣᠨᠳᠣᠬᠢ ᠨᠡᠪᠲᠡᠷᠡᠯᠴᠡᠭᠡ ᠪᠠ ᠬᠠᠷᠢᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠬᠤ ᠳᠤᠮᠳᠠᠬᠢ ᠬᠦᠴᠢᠷ ᠲᠦᠪᠡᠭᠲᠡᠶ ᠠᠰᠠᠭᠤᠳᠠᠯ ᠢ ᠭᠥᠴᠥᠯᠠᠨ ᠰᠢᠶ᠋ᠳᠪᠦᠷᠢᠯᠡᠨ᠎ᠡ᠃ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠢᠩᠭ᠎ᠠ ᠬᠢᠨᠠᠨ ᠬᠠᠮᠢᠶᠠᠷᠬᠤ ᠪᠠ ᠦᠶ᠋ᠯᠡᠴᠢᠯᠡᠭᠡ ᠪᠠᠨ ᠴᠢᠩᠭᠠᠷᠠᠭᠤᠯᠬᠤ ᠶᠢ ᠬᠠᠷᠢᠯᠴᠠᠨ ᠤᠶᠠᠯᠳᠤᠭᠤᠯᠵᠤ᠂ ᠬᠢᠨᠠᠯᠳᠠ ᠲᠠᠯᠪᠢᠵᠤ ᠦᠷ᠎ᠡ ᠪᠦᠲᠦᠮᠵᠢ ᠶᠢ ᠠᠰᠠᠭᠤᠬᠤ ᠳᠤ ᠪᠦᠬᠦ ᠲᠠᠯ᠎ᠠ ᠪᠠᠷ ᠳᠠᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠪᠦᠬᠦ ᠬᠤᠰᠢᠭᠤᠨ ᠤ ᠠᠵᠤ ᠠᠬᠤᠢ  ᠨᠡᠶᠢᠭᠡᠮ ᠤᠨ ᠴᠢᠨᠠᠷ ᠰᠠᠶᠢᠳᠠᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠤ ᠪᠠᠲᠤᠯᠠᠭ᠎ᠠ ᠬᠠᠩᠭᠠᠨ᠎ᠠ᠃      ᠬᠤᠰᠢᠭᠤᠨ ᠤ ᠤᠳᠤᠷᠢᠳᠤᠯᠭ᠎ᠠ ᠶᠣᠣ ᠫᠧᠢ ᠴᠢᠩ᠂ ᠯᠢ ᠶᠦᠩ ᠰᠢᠨ᠂ ᠸᠠᠩ ᠯᠢ ᠵᠢᠶᠦ᠋ᠨ᠂ ᠵᠢᠢ ᠴᠢᠤᠸᠠᠨ ᠵᠦ ᠬᠤᠷᠠᠯ ᠳᠤ ᠤᠷᠤᠯᠴᠠᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号