ᠰᠢᠤᠸᠠᠢ ᠰᠦᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/10/30
     10 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠥᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 125 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ 10 ᠰᠠᠷ᠎ᠠ ᠶᠢᠨ 22 ᠤᠨ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠨ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 10 ᠰᠠᠷ᠎ᠠ ᠶᠢᠨ 17 ᠤ ᠡᠳᠦᠷ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠵᠣᠷᠢᠭ ᠰᠠᠨᠠᠭ᠎ᠠ ᠵᠢᠴᠢ ︽ᠡᠯ᠎ᠡ ᠱᠠᠲᠤᠨ ᠤ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠬᠥᠭᠵᠢᠭᠡᠬᠦ ᠲᠤᠬᠠᠢ ᠳᠣᠮᠳᠠᠳᠣ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠬᠤᠷᠢᠶᠠᠨ ᠤ ᠪᠤᠭᠤᠲᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠢ ᠤᠯᠠᠮᠵᠢᠯᠠᠨ ᠰᠤᠷᠤᠯᠴᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠴᠢᠬᠤᠯᠠ ᠶᠡᠭᠡ ᠮᠠᠭᠠᠳᠯᠠᠯ ᠢ ᠭᠥᠨᠵᠡᠭᠡᠢ ᠲᠠᠨᠢᠬᠤ ᠬᠡᠷᠡᠭᠲᠡᠶ᠃ ᠪᠡᠶ᠎ᠡ ᠪᠠᠨ ᠳᠠᠭᠠᠭᠠᠵᠤ ᠰᠤᠷᠤᠯᠴᠠᠬᠤ ᠪᠠᠨ ᠴᠢᠩᠭᠠᠳᠬᠠᠨ᠂ ᠥᠪᠡᠷ ᠤᠨ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠰᠢᠨ᠎ᠡ ᠰᠡᠳᠬᠢᠴᠡ ᠪᠠᠨ ᠰᠦᠪᠡᠭᠴᠢᠯᠡᠵᠦ᠂ ᠰᠢᠨ᠎ᠡ ᠶᠢ ᠡᠭᠦᠳᠬᠦ ᠴᠢᠨᠠᠷᠲᠠᠶ ᠪᠠᠷ ᠠᠵᠢᠯ ᠢᠶᠠᠨ ᠥᠷᠨᠢᠭᠦᠯᠵᠦ᠂ ᠰᠢᠨ᠎ᠡ ᠪᠠᠶᠢᠳᠠᠯ ᠳᠤ ᠵᠣᠬᠢᠴᠠᠭᠤᠯᠤᠨ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠠᠵᠢᠯ ᠤᠨ ᠵᠥᠩᠨᠡᠯᠲᠡ ᠶᠢᠨ ᠴᠢᠨᠠᠷ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠬᠢᠮᠤᠷᠠᠯ ᠤᠨ ᠳᠤᠮᠳᠠ ᠰᠢᠨ᠎ᠡ ᠳᠤᠬᠢᠶᠠᠯ ᠢ ᠡᠷᠢᠯᠬᠢᠯᠡᠵᠥ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠵᠥ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠶᠡᠭᠡ ᠪᠠᠷ ᠠᠬᠢᠭᠤᠯᠵᠤ᠂ ᠬᠠᠤᠯᠢ ᠪᠠᠷ  ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠴᠢᠭᠯᠡᠯ᠂ ᠠᠰᠠᠭᠤᠳᠠᠯ ᠢ ᠲᠣᠳᠣᠷᠬᠠᠶ ᠪᠣᠯᠭᠠᠵᠤ᠂ ᠠᠷᠭ᠎ᠠ ᠰᠦᠪᠡᠭᠴᠢᠯᠡᠵᠦ᠂ ᠬᠦᠴᠦᠯᠡᠨ ᠴᠢᠷᠮᠠᠶᠢᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠠᠬᠢᠭᠤᠯᠤᠨ᠎ᠠ᠃ ᠭᠦᠢᠴᠡᠳᠬᠡᠬᠦ ᠲᠤᠭ᠎ᠠ ᠲᠠᠢ ᠬᠠᠷᠢᠴᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠠᠮᠵᠢᠯᠳᠡ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠵᠤ᠂ ᠠᠭᠤᠯᠭ᠎ᠠ ᠶᠢ ᠨᠠᠷᠢᠯᠢᠬᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠭᠦ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠢ ᠠᠩᠬᠠᠷᠴᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠳᠠᠶᠢᠨ ᠤ ᠠᠭᠤᠤ ᠶᠡᠭᠡ ᠢᠯᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠭᠠᠨ ᠡᠵᠡᠮᠰᠢᠵᠦ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠭᠵᠢᠯᠳᠡ ᠶᠢᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠵᠤ᠂ ᠵᠠᠷᠴᠢᠮ ᠢ ᠪᠠᠷᠢᠮᠲᠠᠯᠠᠨ᠂ ᠵᠣᠷᠢᠭᠲᠠᠶ ᠠᠳᠬᠤᠵᠤ ᠵᠣᠷᠢᠭᠲᠠᠶ ᠬᠠᠮᠢᠶᠠᠷᠬᠤ᠂ ᠬᠤᠶᠢᠰᠢᠳᠠ ᠶᠢᠨ ᠠᠵᠢᠯ ᠢᠶᠠᠨ ᠰᠠᠶᠢᠲᠤᠷ ᠬᠢᠭᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠳᠡᠢ᠃      ᠬᠤᠷᠠᠯ ᠠᠴᠠ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠤᠯᠠᠮᠵᠢᠯᠠᠨ ᠰᠣᠷᠣᠯᠴᠠᠵᠤ᠂ ᠪᠦᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠱᠠᠲᠤᠨ ᠤ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠵᠦ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠳᠥᠷᠪᠡᠳᠦᠭᠡᠷ ᠤᠯᠠᠷᠢᠯ ᠢ ᠱᠠᠯᠠᠪᠳᠠᠨ ᠪᠣᠳᠠᠲᠠᠶ ᠠᠳᠬᠤᠵᠤ᠂ ᠠᠷᠪᠠᠨ ᠭᠤᠷᠪᠠᠳᠣᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠡᠯ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠦᠨᠡᠨ ᠬᠦ ᠪᠠᠲᠤᠯᠠᠨ᠎ᠠ᠃ ᠢᠲᠡᠭᠡᠯ ᠵᠣᠷᠢᠭ ᠢᠶᠠᠨ ᠪᠠᠲᠤᠳᠬᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠳᠣᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠥᠷᠢᠵᠢᠭᠤᠯᠬᠤ᠂ ᠠᠵᠤ ᠠᠬᠤᠶ ᠶᠢᠨ ᠠᠵᠢᠯᠯᠠᠭᠠᠨ ᠤ ᠲᠤᠬᠢᠷᠠᠭᠤᠯᠤᠯᠲᠠ ᠶᠢ ᠥᠨᠳᠥᠷ ᠪᠦᠲᠦᠮᠵᠢᠲᠡᠶ ᠪᠥᠭᠡᠳ ᠨᠠᠷᠢᠯᠢᠭ ᠣᠨᠣᠴᠠᠲᠠᠶ ᠪᠠᠷ ᠰᠠᠶᠢᠲᠤᠷ ᠠᠳᠬᠤᠨ᠎ᠠ᠃ ᠬᠢᠨᠠᠨ ᠰᠢᠯᠭᠠᠬᠤ ︽ᠳᠣᠬᠢᠭᠤᠷ︾ ᠢ ᠰᠠᠶᠢᠲᠤᠷ ᠬᠡᠷᠡᠭᠯᠡᠵᠦ᠂ ᠪᠦᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠪᠠ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠬᠦᠴᠢᠷ ᠠᠰᠠᠭᠤᠳᠠᠯ ᠢ ᠳᠠᠰᠣᠷᠠᠯᠳᠡ ᠦᠭᠡᠢ ᠰᠢᠢᠳᠪᠦᠷᠢᠯᠡᠬᠦ ᠳᠤᠮᠳᠠ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠨ᠎ᠠ᠃ ᠤᠷᠢᠳᠴᠢᠯᠠᠨ ᠠᠷᠭ᠎ᠠ ᠰᠦᠪᠡᠭᠴᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ  ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠠᠳᠬᠤᠵᠤ᠂ ᠠᠷᠭ᠎ᠠ ᠬᠡᠮᠵᠢᠶ᠎ᠡ ᠶᠢ ᠨᠠᠩ ᠪᠣᠳᠠᠲᠠᠶ ᠲᠥᠯᠥᠪᠯᠡᠵᠦ᠂ ᠨᠠᠶᠢᠳᠠᠪᠤᠷᠢᠵᠢᠭᠤᠯᠤᠯᠲᠠ ᠶᠢ ᠨᠠᠩ ᠴᠢᠩᠭ᠎ᠠ ᠠᠳᠬᠤᠵᠤ᠂ ᠡᠯ᠎ᠡ ᠵᠦᠢᠯ ᠤᠨ ᠲᠥᠯᠥᠪᠵᠢᠭᠦᠯᠪᠡ ᠨᠢ ᠴᠠᠭ ᠦᠶ᠎ᠡ ᠶᠢᠨ ᠱᠠᠭᠠᠷᠳᠠᠯᠭ᠎ᠠ ᠳᠤ ᠨᠠᠩ ᠵᠣᠬᠢᠴᠠᠬᠤ᠂ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠦ ᠶᠢ ᠦᠨᠡᠨᠬᠦ ᠪᠠᠲᠤᠯᠠᠵᠤ᠂ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠰᠠᠨᠠᠭ᠎ᠠ ᠶᠢ ᠨᠠᠩ ᠢᠯᠡᠷᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号