ᠰᠤᠷᠪᠤᠯᠵᠢᠯᠠᠭᠰᠠᠨ ᠵᠣᠴᠢᠨ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠳᠠᠷᠤᠭ᠎ᠠ ᠴᠢᠩ | ᠯᠠᠨ | | | ᠰᠤᠷᠪᠤᠯᠵᠢᠯᠠᠭᠰᠠᠨ ᠴᠠᠭ᠄ 2020 ᠣᠨ ᠤ 11ᠰᠠᠷ᠎ᠠ ᠶᠢᠨ 13 ᠤ ᠡᠳᠦᠷ | ᠬᠥᠳᠥᠯᠥᠭᠴᠢ᠄ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠬᠡᠭᠦ ᠤᠬᠠᠭᠳᠠᠭᠤᠨ ᠨᠢ | ᠶᠠᠭᠤ ᠪᠤᠢ︖᠄ | ᠰᠤᠷᠪᠤᠯᠵᠢᠯᠠᠭᠰᠠᠨ ᠵᠣᠴᠢᠨ᠄ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠣᠯ ᠨᠢᠭᠡ | ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠴᠢᠬᠤᠯᠠᠢᠯᠡᠷᠡᠯ᠂ ᠮᠥᠨ ᠴᠦ ᠨᠢᠭᠡ ᠭᠠᠵᠠᠷ ᠤᠷᠤᠨ ᠤ | ᠠᠵᠤ ᠠᠬᠤᠢ ᠶᠢᠨ ᠥᠷᠢᠰᠥᠯᠳᠥᠬᠦ ᠬᠥᠴᠥᠨ ᠢᠶᠠᠨ ᠳᠡᠭᠡᠭᠰᠢᠯᠡᠭᠦᠯᠬᠦ ᠴᠢᠬᠤᠯᠠ ᠲᠠᠯ᠎ᠠ ᠮᠥᠨ᠃ ᠡᠶᠢᠮᠥ ᠠᠴᠠ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠮᠠᠨ ᠤ ᠬᠤᠰᠢᠭᠤᠨ ᠤ ᠰᠢᠨ᠎ᠡ | ᠬᠥᠭᠵᠢᠯᠲᠡ ᠶᠢᠨ ᠣᠢᠯᠠᠭᠠᠭᠳᠠᠬᠤᠨ ᠢ ᠶᠠᠪᠤᠭᠳᠠᠭᠤᠯᠬᠤ᠂ ᠬᠥᠭᠵᠢᠯᠲᠡ ᠶᠢᠨ ᠥᠷᠢᠰᠦᠯᠳᠦᠬᠦ ᠬᠦᠴᠦᠨ ᠢ ᠨᠡᠮᠡᠭᠳᠡᠭᠦᠯᠬᠦ | ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠪᠠᠳᠣᠯᠠᠭ᠎ᠠ ᠪᠣᠯᠤᠨ᠎ᠠ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠳᠥᠷᠢᠮ ᠳᠤ ᠬᠡᠯᠡᠵᠥ ᠪᠠᠶᠢᠭᠠᠬᠤᠳᠠᠯᠳᠤᠭᠠ ᠡᠵᠡᠩᠨᠡᠬᠦ ᠣᠷᠴᠢᠨ | ᠨᠥᠬᠦᠴᠡᠯ ᠪᠤᠯ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠠᠵᠢᠯᠯᠠᠭ᠎ᠠ ᠳᠣᠮᠳᠠ ᠬᠤᠯᠪᠤᠭᠳᠠᠬᠤ ᠪᠠᠶᠢᠭᠤᠯᠤᠯ | ᠳᠣᠭᠳᠠᠴᠠ ᠶᠢᠨ ᠴᠢᠨᠠᠷᠳᠠᠢ ᠬᠥᠴᠥᠨ ᠵᠦᠢᠯ ᠪᠠ ᠨᠥᠭᠦᠴᠡᠯ ᠢ ᠵᠢᠭᠠᠵᠤ ᠪᠠᠶᠢᠨ᠎ᠠ᠃ | ᠬᠥᠳᠥᠯᠥᠭᠴᠢ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠣᠪᠴᠢᠶ᠎ᠠ ᠨᠢ ᠶᠠᠮᠠᠷ ᠠᠷᠭ᠎ᠠ ᠠᠪᠴᠤ᠂ | ᠶᠠᠭᠠᠬᠢᠵᠤ ᠠᠵᠢᠯ ᠢᠶᠠᠨ ᠬᠢᠵᠥ ᠪᠠᠶᠢᠭ᠎ᠠ ᠪᠤᠢ︖ | ᠰᠤᠷᠪᠤᠯᠵᠢᠯᠠᠭᠰᠠᠨ ᠵᠣᠴᠢ᠊ᠨ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠣᠪᠴᠢᠶ᠎ᠠ ᠨᠢ 2019 | ᠣᠨ ᠤ3 ᠰᠠᠷ᠎ᠠ ᠳᠤ ᠪᠠᠶᠢᠭᠤᠯᠤᠭᠳᠠᠭᠰᠠᠨ ᠰᠢᠨ᠎ᠡ ᠪᠠᠶᠢᠭᠤᠯᠤᠮᠵᠢ ᠪᠤᠯᠤᠨ᠎ᠠ᠂ ᠪᠠᠶᠢᠭᠤᠯᠤᠭᠳᠠᠭᠰᠠᠨ ᠠᠴᠠ ᠨᠠᠰᠢ᠂ | ᠮᠠᠨ ᠤ ᠳᠣᠪᠴᠢᠶ᠎ᠠ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠷᠢᠭᠤᠴᠠᠯᠭ᠎ᠠ ᠪᠠ ᠡᠭᠦᠷᠭᠡᠯᠡᠯ ᠤᠨ | ᠳᠣᠭᠤᠷᠢᠨ ᠳᠤ᠂ ᠠᠵᠤ ᠠᠬᠤᠶᠢᠯᠠᠯ ᠪᠠ ᠤᠯᠠᠨ ᠳᠥᠮᠡᠨ ᠤ ᠠᠵᠢᠯ ᠡᠷᠬᠢᠯᠡᠭᠦ ᠬᠡᠷᠡᠭᠴᠡᠭᠡ ᠱᠠᠭᠠᠷᠳᠠᠯᠭ᠎ᠠ ᠶᠢ | ᠥᠨᠳᠥᠰᠥᠯᠡᠨ ᠭᠤᠤᠯᠳᠠᠭᠤ4 ᠲᠠᠯ᠎ᠠ ᠶᠢᠨ ᠠᠷᠭ᠎ᠠ ᠠᠪᠴᠠᠯ ᠢᠶᠠᠷ ᠪᠥᠭᠦ ᠬᠤᠰᠢᠭᠤᠨ ᠤ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠵᠤ ᠪᠠᠶᠢᠨ᠎ᠠ᠃ ᠨᠢᠭᠡᠳᠥᠭᠡᠷ ᠲᠤ ︽ᠪᠠᠭᠤᠯᠭᠠᠬᠤ᠂ | ᠬᠠᠮᠢᠶᠠᠷᠬᠤ ᠦᠢᠯᠡᠴᠢᠯᠡᠭᠦ︾ ᠥᠭᠡᠷᠡᠴᠢᠯᠡᠯᠡᠳᠡ ᠶᠢ ᠦᠷᠭᠦᠯᠵᠢᠯᠡᠨ ᠬᠢᠵᠥ᠂ ᠠᠷᠠᠳ ᠤᠯᠠᠨ ᠳᠤ ᠳᠥᠭᠦᠮ | ᠥᠵᠡᠭᠦᠯᠬᠦ ᠶᠢ ᠠᠬᠢᠭᠤᠯᠪᠠ᠃ ︵ᠵᠠᠰᠠᠭ ᠢ ᠴᠤᠮᠬᠠᠳᠬᠠᠨ ᠡᠷᠬᠡ ᠶᠢ ᠳᠣᠷᠤᠭᠰᠢ ᠪᠠᠭᠤᠯᠭᠠᠵᠤ᠂ ᠪᠠᠭᠤᠯᠭᠠᠬᠤ ᠪᠠ | ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︶ ᠠᠵᠤ ᠠᠬᠤᠶᠢᠯᠠᠯ ᠪᠠ ᠤᠯᠠᠨ ᠳᠥᠮᠡᠨ ᠤ | ᠬᠡᠷᠡᠭ ᠡᠷᠬᠢᠯᠡᠭᠦ ᠴᠠᠭ ᠢ ᠨᠢ ᠪᠤᠭᠤᠨᠢᠰᠬᠠᠵᠤ᠂ ᠮᠠᠲ᠋ᠧᠷᠢᠶᠠᠯ ᠢ ᠪᠠᠭᠠᠰᠬᠠᠵᠤ᠂ ᠵᠠᠰᠠᠭ ᠵᠠᠬᠢᠷᠭᠠᠨ ᠤ ᠬᠡᠷᠡᠭ ᠡᠷᠬᠢᠯᠡᠭᠦ | ᠠᠵᠢᠯ ᠢ ᠪᠡᠷᠢᠮᠵᠢᠶᠠᠭᠤᠯᠤᠨ ᠳᠥᠷᠢᠮᠵᠢᠭᠦᠯᠪᠠ᠃ ᠮᠠᠨ ᠤ ᠬᠤᠰᠢᠭᠤᠨ ᠤ ᠡᠷᠬᠡ ᠬᠠᠷᠢᠭᠤᠴᠠᠯᠭ᠎ᠠ ᠶᠢᠨ ᠳᠣᠳᠣᠷᠬᠠᠢ | ᠬᠠᠭᠤᠳᠠᠰᠣᠨ ᠳᠠᠬᠢ ᠡᠷᠬᠡᠳᠥ ᠬᠡᠷᠡᠭ ᠶᠠᠪᠤᠳᠠᠯ ᠨᠢ ᠥᠩᠭᠡᠷᠡᠭᠰᠡᠨ ᠵᠢᠯ ᠢᠶᠠᠨ ᠪᠤᠳᠤᠪᠠᠯ55 ᠪᠠᠭᠠᠰᠴᠠᠢ᠃ ᠡᠨᠡ ᠪᠣᠯ | ᠮᠠᠨ ᠤ ᠬᠤᠰᠢᠭᠤᠨ ᠤ ᠬᠡᠷᠡᠭ ᠡᠷᠬᠢᠯᠡᠭᠦ ᠵᠠᠰᠠᠭ ᠵᠠᠬᠢᠷᠭᠠᠨ ᠤ ᠵᠥᠪᠰᠢᠶᠡᠷᠡᠯ ᠢ ᠳᠥᠭᠦᠮᠴᠢᠯᠡᠭᠰᠡᠨ ᠪᠤᠳᠠᠳᠥ ᠵᠢᠱᠢᠶ᠎ᠠ | ᠪᠤᠯᠤᠨ᠎ᠠ᠃ ᠬᠤᠶᠠᠳᠣᠭᠠᠷ ᠲᠤ᠂ ᠬᠤᠳᠠ ᠶᠢᠨ ᠠᠷᠠᠳ ᠤᠨ ᠶᠡᠭᠡ ᠳᠠᠩᠬᠢᠮ ᠤᠨ ᠬᠠᠮᠢᠶᠠᠷᠣᠯᠳᠠ ᠪᠠ ᠦᠢᠯᠡᠴᠢᠯᠡᠭᠡ | ᠤᠯᠠᠮ ᠨᠢᠭᠡ ᠠᠯᠬᠤᠮ ᠴᠢᠩᠭᠠᠳᠬᠠᠪᠠ᠃ ᠶᠡᠭᠡ ᠳᠠᠩᠬᠢᠮ ᠳᠤ ᠰᠠᠭᠤᠵᠤ ᠪᠠᠶᠢᠭ᠎ᠠ ᠬᠤᠰᠢᠭᠤᠨ ᠤ 26 ᠰᠢᠭᠤᠳ | ᠬᠠᠷᠢᠶ᠎ᠠ ᠰᠠᠯᠠᠭ᠎ᠠ ᠮᠥᠴᠢᠷ᠂ ᠬᠤᠳᠠ ᠶᠢᠨ5ᠰᠢᠭᠤᠳ ᠬᠠᠷᠢᠶ᠎ᠠ ᠰᠠᠯᠠᠭ᠎ᠠ ᠮᠥᠴᠢᠷ᠂5 ᠦᠢᠯᠡᠴᠢᠯᠡᠭᠡᠨ ᠤ | ᠪᠠᠶᠢᠭᠤᠯᠤᠮᠵᠢ ᠶᠢᠨ68 ᠠᠵᠢᠯᠳᠡᠳ ᠤᠨ ᠠᠵᠢᠯ ᠤᠨ ᠰᠤᠷᠳᠠᠯ ᠢ ᠴᠢᠩᠭᠠᠳᠬᠠᠵᠤ᠂ ᠦᠢᠯᠡᠴᠢᠯᠡᠭᠡᠨ ᠤ ᠶᠠᠰᠣ ᠴᠢᠨᠠᠷ | ᠪᠠ ᠦᠷ᠎ᠡ ᠪᠥᠳᠥᠮᠵᠢ ᠪᠠᠨ ᠳᠡᠭᠡᠭᠰᠢᠯᠡᠭᠦᠵᠥ᠂ ᠤᠯᠠᠨ ᠳᠥᠮᠡᠨ ᠳᠤ ᠳᠥᠭᠦᠮ ᠳᠥᠳᠡ᠂ ᠬᠠᠨᠤᠮᠵᠢᠳᠡᠢ ᠦᠢᠯᠡᠴᠢᠯᠡᠭᠡ | ᠬᠠᠩᠭᠠᠬᠤ ᠪᠠᠷ ᠪᠡᠯᠡᠨ ᠪᠠᠶᠢᠨ᠎ᠠ᠃ ᠭᠤᠷᠪᠠᠳᠤᠭᠠᠷ ᠲᠤ ᠂ ᠳᠤᠤᠷ ᠰᠥᠯᠵᠢᠶᠡᠨ ᠳᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠢ ᠴᠢᠩᠭᠠᠳᠬᠠᠵᠤ᠂ ᠨᠢᠭᠡ ᠰᠥᠯᠵᠢᠶ᠎ᠡ ᠪᠠᠷ ᠨᠡᠶᠢᠳᠡᠮ ᠰᠢᠢᠳᠪᠥᠷᠢᠯᠡᠭᠦ ᠬᠡᠪᠴᠢᠶ᠎ᠡ ᠪᠠᠨ | ᠥᠷᠭᠡᠳᠬᠡᠵᠡᠢ᠃ ᠨᠢᠭᠡ ᠲᠠᠯ᠎ᠠ ᠪᠠᠷ ᠮᠠᠨ ᠤᠨ ᠬᠤᠰᠢᠭᠤᠨ ᠤ42 ᠰᠠᠯᠠᠭ᠎ᠠ ᠮᠥᠴᠢᠷ ᠤᠨ371 ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠭᠦ ᠵᠦᠢᠯ ᠢ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠨᠢᠭᠡ ᠴᠤᠭᠴᠠᠵᠢᠭᠤᠯᠬᠤ ᠳᠠᠪᠴᠠᠩ ᠳᠤ | ᠭᠠᠷᠭᠠᠵᠤ᠂ ᠰᠥᠯᠵᠢᠶᠡᠨ ᠳᠡᠭᠡᠷᠡᠬᠢ ᠠᠰᠠᠭᠤᠨ ᠯᠠᠪᠯᠠᠬᠤ᠂ ᠤᠷᠢᠳᠴᠢᠯᠠᠨ ᠪᠤᠯᠵᠤᠬᠤ᠂ ᠭᠦᠢᠴᠡᠳᠭᠡᠭᠦ ᠴᠢᠳᠠᠮᠵᠢ ᠶᠢ | ᠨᠡᠪᠳᠡᠷᠡᠭᠦᠯᠥᠭᠰᠡᠨ ᠪᠠᠶᠢᠨ᠎ᠠ᠃ ᠨᠥᠭᠦᠭᠡ ᠲᠠᠯ᠎ᠠ ᠪᠠᠷ ︽ᠮᠥᠩᠭᠡ ᠰᠤᠪᠠᠭ︾APP ︵ᠭᠠᠷ ᠣᠳᠠᠰᠤᠨ ᠤ | ᠥᠵᠥᠭᠦᠷ︶ ᠤᠨ ᠭᠤᠣᠯ ᠴᠢᠳᠠᠮᠵᠢ ᠪᠠ ᠪᠠᠭᠤᠯᠭᠠᠬᠤ ᠠᠷᠭ᠎ᠠ ᠶᠢ ᠤᠬᠠᠭᠤᠯᠤᠨ ᠳᠡᠯᠭᠡᠷᠡᠭᠦᠯᠬᠦ ᠠᠵᠢᠯ ᠢ ᠬᠢᠵᠥ᠂ | ᠭᠠᠷ ᠣᠳᠠᠰᠥ ᠪᠠᠷ ᠬᠡᠷᠡᠭ ᠡᠷᠬᠢᠯᠡᠭᠦ ᠶᠢ ᠠᠬᠢᠭᠤᠯᠤᠭᠰᠠᠨ ᠪᠠᠶᠢᠨ᠎ᠠ᠃ ᠳᠥᠷᠪᠡᠳᠥᠭᠡᠷ ᠲᠤ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠤᠬᠠᠭᠤᠯᠭ᠎ᠠ ᠶᠢᠨ ᠠᠵᠢᠯ ᠢ ᠰᠠᠶᠢᠨ ᠬᠢᠵᠥ᠂ ᠤᠯᠠᠨ ᠳᠥᠮᠡᠨ ᠤ ᠮᠡᠳᠡᠭᠦ | ᠬᠡᠮᠵᠢᠶ᠎ᠡ ᠶᠢ ᠳᠡᠭᠡᠭᠰᠢᠯᠡᠭᠦᠯᠪᠡ᠃ ︽ᠦᠢᠯᠡᠴᠢᠯᠡᠭᠡ ᠶᠢ ᠦᠨᠡᠯᠡᠭᠦ︾ ᠭᠥᠷᠢᠶ᠎ᠡ ᠬᠡᠪᠴᠢᠶ᠎ᠡ ᠶᠢ ᠢᠳᠡᠪᠬᠢᠳᠡᠢ | ᠥᠷᠭᠡᠳᠬᠡᠵᠥ᠂ ᠶᠡᠭᠡ ᠳᠡᠩᠭᠢᠮ ᠳᠤ26︽ᠦᠢᠯᠡᠴᠢᠯᠡᠭᠡ ᠶᠢ ᠦᠨᠡᠯᠡᠭᠦ︾ ᠳᠥᠬᠦᠭᠡᠷᠥᠮᠵᠢ ᠤᠭᠰᠠᠷᠠᠵᠤ᠂ ᠢᠯᠡᠴᠢᠯᠡᠨ | ᠵᠠᠭᠠᠯᠳᠣᠬᠤ ᠤᠳᠠᠰᠤᠨ ᠨᠤᠮᠧᠷ ᠢ ᠨᠡᠶᠢᠲᠡᠯᠡᠵᠤ᠂ ᠤᠯᠠᠨ ᠳᠥᠮᠡᠨ ᠤ ᠭᠥᠰᠡᠯ ᠱᠠᠭᠠᠷᠳᠠᠯᠭ᠎ᠠ ᠶᠢ ᠰᠠᠨᠠᠭᠠᠴᠢᠯᠭ᠎ᠠ ᠠᠴᠠ | ᠰᠣᠨᠣᠰᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠨᠣᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ |