ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠡᠵᠡᠩᠨᠡᠯᠲᠡ ᠠᠷᠠᠯᠵᠢᠶᠠᠨ ᠤ ᠣᠷᠴᠢᠨ ᠢ ᠰᠢᠯᠢᠳᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020/11/17
     ᠮᠠᠨ ᠤ ᠬᠤᠰᠢᠭᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠡᠵᠡᠩᠨᠡᠯᠲᠡ ᠠᠷᠠᠯᠵᠢᠶᠠᠨ ᠤ ᠣᠷᠴᠢᠨ ᠢ ᠰᠢᠯᠢᠳᠡᠭᠵᠢᠭᠦᠯᠵᠦ᠂ ᠬᠥᠭᠵᠢᠯᠲᠡ ᠵᠢᠨ‌ᠥᠷᠢᠰᠥᠯᠳᠦᠬᠦ ᠬᠦᠴᠦᠨ ᠢ ᠨᠡᠮᠡᠭᠳᠡᠭᠦᠯᠦᠨ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠪᠣᠯᠵᠤ ᠪᠠᠶᠢᠨ᠎ᠠ᠃      ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠯᠭ᠎ᠠ ᠪᠠ ᠡᠭᠦᠷᠭᠡᠯᠡᠯ ᠤᠨ ᠲᠣᠭᠤᠷᠢᠨ ᠳᠤ᠂ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠴᠢᠯᠡᠭᠡᠨ ᠤ ᠬᠡᠷᠡᠭᠴᠡᠭᠡ ᠪᠠᠷ ᠪᠥᠬᠦ ᠬᠤᠰᠢᠭᠤᠨ ᠤ ᠡᠵᠡᠩᠨᠡᠯᠲᠡ ᠠᠷᠠᠯᠵᠢᠶᠠᠨ ᠤ ᠣᠷᠴᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠵᠤ ᠪᠠᠶᠢᠨ᠎ᠠ᠃ ᠡᠩ ᠲᠡᠷᠢᠭᠦᠨ ᠳᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠠᠵᠢᠯ ᠭᠦᠢᠴᠡᠳᠬᠡᠬᠦ ᠴᠠᠭ ᠢ ᠨᠢ ᠪᠣᠭᠤᠨᠢᠰᠬᠠᠨ᠂ ᠵᠠᠰᠠᠭ ᠵᠠᠬᠢᠷᠭᠠᠨ ᠤ ᠠᠵᠢᠯ ᠢ ᠪᠠᠷᠢᠮᠵᠢᠶᠠᠵᠢᠭᠤᠯᠤᠨ ᠳᠦᠷᠢᠮᠵᠢᠭᠦᠯᠪᠡ᠃ ᠳᠠᠷᠠᠭ᠎ᠠ ᠨᠢ᠂ ᠬᠤᠲᠠ ᠶᠢᠨ ᠠᠷᠠᠳ ᠤᠨ ᠶᠡᠭᠡ ᠲᠢᠩᠬᠢᠮ ᠤᠨ ᠬᠠᠮᠢᠶᠠᠷᠤᠯᠲᠠ ᠪᠠ ᠦᠢᠯᠡᠴᠢᠯᠡᠭᠡ   ᠶᠢ ᠤᠯᠠᠮ ᠨᠢᠭᠡ ᠠᠯᠬᠤᠮ ᠴᠢᠩᠭᠠᠳᠬᠠᠪᠠ᠃ ᠶᠡᠭᠡ ᠲᠢᠩᠬᠢᠮ ᠳᠤ ᠰᠠᠭᠤᠭ᠎ᠠ ᠠᠵᠢᠯᠲᠠᠳ ᠤᠨ ᠠᠵᠢᠯ ᠤᠨ ᠰᠤᠷᠲᠠᠯ ᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠣᠯᠠᠨ ᠲᠦᠮᠡᠨ ᠳᠤ ᠳᠥᠭᠦᠮ ᠳᠥᠳᠡ᠂ ᠬᠠᠨᠤᠮᠵᠢᠲᠠᠶ ᠦᠢᠯᠡᠴᠢᠯᠡᠭᠡ ᠬᠠᠩᠭᠠᠬᠤ ᠪᠠᠷ ᠪᠡᠯᠡᠬᠡᠨ ᠪᠠᠶᠢᠨ᠎ᠠ᠃ ᠭᠤᠷᠪᠠ ᠳᠤ᠂ ᠲᠣᠣᠷ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠴᠢᠩᠭᠠᠳᠬᠠᠵᠤ᠂᠂ ᠨᠢᠭᠡ ᠰᠦᠯᠵᠢᠶ᠎ᠡ ᠪᠠᠷ ᠨᠡᠶᠢᠳᠡᠮ ᠰᠢᠶ᠋ᠳᠪᠦᠷᠢᠯᠡᠬᠦ ᠬᠡᠪᠴᠢᠶ᠎ᠡ ᠪᠠᠨ ᠥᠷᠭᠡᠳᠬᠡᠵᠡᠶ᠃ ᠨᠢᠭᠡ ᠲᠠᠯ᠎ᠠ ᠪᠠᠷ ᠮᠠᠨ ᠤ ᠬᠤᠰᠢᠭᠤᠨ ᠤ 42 ᠰᠠᠯᠠᠭ᠎ᠠ ᠮᠥᠴᠢᠷ ᠤᠨ 371 ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠬᠤ ᠲᠠᠪᠴᠠᠩ ᠳᠤ ᠭᠠᠷᠭᠠᠵᠤ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠤᠷᠢᠳᠴᠢᠯᠠᠨ ᠪᠣᠯᠵᠣᠬᠤ᠂ ᠭᠦᠢᠴᠡᠳᠬᠡᠬᠦ ᠴᠢᠳᠠᠮᠵᠢ ᠶᠢ ᠪᠦᠷᠢᠨ ᠨᠡᠪᠲᠡᠷᠡᠭᠦᠯᠦᠭᠰᠡᠨ ᠪᠠᠢᠨ᠎ᠠ᠃ ᠨᠥᠬᠦᠭᠡ ᠲᠠᠯ᠎ᠠ ᠪᠠᠷ ︽ᠮᠥᠩᠬᠡ ᠰᠤᠪᠠᠭ︾ APP ᠶᠢᠨ ᠭᠤᠣᠯ ᠴᠢᠳᠠᠮᠵᠢ ᠪᠠ ᠪᠠᠭᠤᠯᠭᠠᠬᠤ ᠠᠷᠭ᠎ᠠ ᠶᠢ ᠤᠬᠠᠭᠤᠯᠤᠨ ᠲᠦᠭᠡᠮᠡᠯᠵᠢᠭᠦᠯᠵᠦ᠂ ᠭᠠᠷ ᠤᠲᠠᠰᠤ ᠪᠠᠷ ᠬᠡᠷᠡᠭ ᠡᠷᠬᠢᠯᠡᠬᠦ ᠶᠢ ᠠᠬᠢᠭᠤᠯᠤᠭᠰᠠᠨ ᠪᠠᠶᠢᠨ᠎ᠠ᠃ ᠳᠥᠷᠪᠡ ᠳᠤ᠂ ᠡᠵᠡᠩᠨᠡᠯᠲᠡ ᠠᠷᠠᠯᠵᠢᠶᠠᠨ ᠤ ᠣᠷᠴᠢᠨ ᠢ  ᠰᠢᠯᠢᠳᠡᠭᠵᠢᠭᠦᠯᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠣᠯᠠᠨ  ᠲᠦᠮᠡᠨ ᠤ ᠮᠡᠳᠡᠷᠡᠮᠵᠢ ᠶᠢ ᠳᠡᠭᠡᠭᠰᠢᠯᠡᠭᠦᠯᠪᠡ᠃ ︽ᠦᠢᠯᠡᠴᠢᠯᠡᠭᠡ ᠶᠢ ᠦᠨᠡᠯᠡᠬᠦ︾᠄ ᠬᠦᠷᠢᠶ᠎ᠡ ᠬᠡᠪᠴᠢᠶ᠎ᠡ ᠶᠢ ᠢᠳᠡᠪᠬᠢᠲᠡᠶ ᠥᠷᠭᠡᠳᠬᠡᠵᠦ᠂ ᠶᠡᠭᠡ ᠲᠢᠩᠬᠢᠮ ᠳᠤ 26︽ᠦᠢᠯᠡᠴᠢᠯᠡᠭᠡ ᠶᠢ ᠦᠨᠡᠯᠡᠬᠦ︾ ᠲᠥᠬᠦᠭᠡᠷᠦᠮᠵᠢ ᠤᠭᠰᠠᠷᠠᠵᠤ᠂ ᠢᠯᠡᠴᠢᠯᠡᠨ ᠮᠡᠳᠡᠭᠦᠯᠬᠦ ᠤᠲᠠᠰᠤᠨ ᠨᠣᠮᠧᠷ ᠢ ᠨᠡᠶᠢᠳᠡᠯᠡᠨ᠂ ᠣᠯᠠᠨ ᠲᠦᠮᠡᠨ ᠤ ᠬᠦᠰᠡᠯ‌‍ᠱᠠᠭᠠᠷᠳᠠᠯᠭ᠎ᠠ ᠶᠢ ᠰᠠᠨᠠᠭᠠᠴᠢᠯᠭ᠎ᠠ ᠠᠴᠠ ᠪᠠᠨ ᠰᠣᠨᠣᠰᠴᠤ᠂ ᠵᠠᠰᠠᠭ ‍ᠤᠨ‌‍ᠶᠠᠪᠤᠳᠠᠯ ᠤᠨ ᠦᠢᠯᠡᠴᠢᠯᠡᠭᠡᠨ  ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ᠣᠪᠣᠷ ᠰᠤᠷᠲᠠᠯ ᠢᠶᠠᠨ ᠴᠢᠩᠭᠠᠳᠬᠠᠨ᠂ ᠦᠷᠭᠦᠯᠵᠢᠯᠡᠨ ᠠᠷᠠᠳ ᠤᠨ ᠲᠥᠯᠥᠭᠡ ᠪᠣᠳᠠᠲᠠᠶ ᠶᠠᠪᠤᠳᠠᠯ ᠪᠡᠶᠡᠯᠡᠭᠦᠯᠵᠦ᠂ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠦᠨ᠂ ᠪᠦᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠲᠠᠢ ᠪᠠᠲᠤᠯᠠᠭ᠎ᠠ ᠬᠠᠩᠭᠠᠬᠤ ᠪᠠᠷ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号