ᠦᠨᠳᠤᠰᠤᠲᠡᠨ ᠤ ᠬᠡᠣᠬᠡᠳ ᠤᠨ ᠴᠡᠴᠡᠷᠯᠢᠭ ᠤᠨ  ︽ᠳᠡᠭᠳᠡᠭᠡᠬᠡᠢ ᠶᠢᠨ ᠳᠡᠪᠳᠡᠷᠢᠭᠡᠨ︾ ᠤᠯᠠᠮᠵᠢᠯᠠᠯᠳᠤ ᠨᠠᠭᠠᠳᠤᠮ ᠠᠮᠵᠢᠯᠳᠠ ᠳᠦᠭᠦᠷᠡᠩ ᠶᠠᠪᠤᠭᠳᠠᠪᠠ
ᠨᠡᠶᠢᠲᠡᠯᠡᠭᠰᠡᠨ ᠴᠠᠭ᠄
2020/11/25
     ᠤᠶᠢᠷ᠎ᠠ ᠳᠤ᠂ ᠳᠠᠷᠬᠠᠨ ᠮᠤᠤᠮᠢᠨᠩᠭᠠᠨ ᠬᠤᠯᠪᠤᠭᠠᠲᠤ  ᠬᠤᠰᠢᠭᠤᠨ ᠤ  ᠦᠨᠳᠤᠰᠤᠲᠡᠨ ᠤ ᠬᠡᠣᠬᠡᠳ ᠤᠨ ᠴᠡᠴᠡᠷᠯᠢᠭ ᠨᠠᠶᠢᠮᠠᠳᠤᠬᠢ ᠤᠳᠠᠭᠠᠨ ᠤ  ︽ᠳᠡᠭᠳᠡᠭᠡᠬᠡᠢ ᠶᠢᠨ ᠳᠡᠪᠳᠡᠷᠢᠭᠡᠨ︾ ᠤᠯᠠᠮᠵᠢᠯᠠᠯᠳᠤ ᠨᠠᠭᠠᠳᠤᠮ ᠢᠶᠠᠨ  ᠠᠮᠵᠢᠯᠲᠠ ᠲᠠᠢ ᠶᠠᠪᠤᠭᠳᠠᠭᠤᠯᠤᠯ᠎ᠠ᠃       ᠳᠤᠰ ᠤᠳᠠᠭᠠᠨ ᠤ  ᠨᠠᠭᠠᠳᠤᠮ ᠨᠢ ᠱᠠᠭ᠎ᠠ ᠳᠤᠭᠯᠠᠭᠠᠮ ᠢ ᠤᠷᠤᠯᠳᠤᠭᠤᠯᠬᠤ ᠬᠡᠯᠪᠡᠷᠢ ᠪᠠᠷ ᠶᠠᠪᠤᠭᠳᠠᠭᠤᠯᠵᠤ᠂ ᠭᠡᠷ ᠤᠨ ᠠᠬᠠᠮᠠᠳ᠂ ᠪᠢᠴᠢᠬᠠᠨ ᠪᠦᠤᠪᠠᠢ ᠨᠠᠷ ᠮᠠᠰᠢ ᠢᠳᠡᠪᠬᠢᠯᠡᠨ ᠤᠷᠤᠯᠴᠠᠭᠰᠠᠨ ᠪᠠᠶᠢᠨ᠎ᠠ  ᠃ ᠭᠡᠷ ᠤᠨ ᠠᠬᠠᠮᠠᠳ  ᠤᠨ ᠤᠷᠤᠯᠳᠤᠭᠠᠨ ᠱᠠᠭ᠎ᠠ ᠤᠷᠤᠯᠳᠤᠬᠤ᠂ ᠱᠠᠭ᠎ᠠ ᠬᠠᠷᠪᠤᠬᠤ ᠬᠤᠶᠠᠷ ᠵᠤᠶᠢᠯ ᠢᠶᠠᠷ ᠶᠠᠪᠤᠭᠳᠠᠵᠤ᠂ ᠬᠡᠤᠬᠡᠳ ᠤᠨ ᠤᠷᠤᠯᠳᠤᠭᠠᠨ ᠨᠢ ᠪᠠᠭ᠎ᠠ ᠠᠩᠭᠢ ᠶᠢᠨ ᠬᠡᠤᠬᠡᠳ ᠤᠨ ᠮᠤᠷᠢ ᠲᠡᠮᠡᠭᠡ ᠤᠷᠬᠢᠬᠤ᠂ ᠳᠦᠷᠪᠡᠨ ᠪᠡᠷᠬᠡ ᠤᠷᠬᠢᠬᠤ᠂ ᠮᠤᠷᠢ ᠤᠷᠤᠯᠳᠤᠬᠤ᠂ ᠳᠤᠮᠳᠠ ᠠᠩᠭᠢ ᠶᠢᠨ ᠬᠡᠤᠬᠡᠳ ᠰᠤᠪᠤᠷᠭ᠎ᠠ ᠪᠤᠰᠬᠠᠬᠤ᠂ ᠠᠯᠠᠭ ᠮᠡᠯᠡᠬᠡᠢ ᠤᠷᠤᠯᠳᠤᠬᠤ᠂ ᠶᠡᠭᠡ ᠠᠩᠭᠢ ᠶᠢᠨ ᠬᠡᠣᠬᠡᠳ ᠱᠠᠭ᠎ᠠ ᠨᠢᠰᠤᠯᠠᠬᠤ᠂ ᠵᠢᠷᠭᠤᠭᠠᠲᠠᠢ ᠤᠷᠤᠯᠳᠤᠬᠤ ᠵᠡᠷᠭᠡ ᠤᠯᠠᠨ ᠬᠡᠯᠪᠡᠷᠢ ᠮᠠᠶ᠋ᠢᠭ ᠢᠶᠠᠷ  ᠤᠳᠬ᠎ᠠ ᠳᠡᠭᠦᠯᠳᠡᠷ ᠶᠠᠪᠤᠭᠳᠠᠭᠰᠠᠨ ᠪᠠᠶᠢᠨ᠎ᠠ  ᠃       ᠦᠨᠳᠤᠰᠤᠳᠡᠨ ᠤ ᠬᠡᠤᠬᠡᠳ ᠤᠨ ᠴᠡᠴᠡᠷᠯᠢᠭ ᠤᠨ  ᠡᠨᠡᠬᠦ ᠤᠳᠠᠭᠠᠨ ᠤ ᠨᠠᠭᠠᠳᠤᠮ ᠨᠢ ᠦᠨᠳᠤᠰᠤᠳᠡᠨ ᠤ  ᠪᠠᠨ ᠤᠯᠠᠮᠵᠢᠯᠠᠯᠳᠤ ᠰᠤᠳᠤᠨ ᠰᠤᠶᠤᠯ ᠪᠤᠯᠬᠤ ᠱᠠᠭ᠎ᠠ ᠳᠤᠭᠯᠠᠭᠠᠮ ᠢ ᠬᠡᠣᠬᠡᠳ ᠪᠠᠭᠠᠴᠤᠳ ᠲᠤ ᠪᠠᠨ ᠳᠠᠨᠢᠭᠤᠯᠤᠨ ᠰᠤᠷᠤᠯᠴᠠᠭᠤᠯᠤᠭᠰᠠᠨ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号