ᠮᠢᠩᠭᠠᠨ ᠪᠠᠯᠭᠠᠰᠤ ᠵᠠᠮ ᠤᠨ ᠴᠠᠰᠤ ᠶᠢ ᠴᠡᠪᠡᠷᠯᠡᠨ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠳᠤ ᠳᠦᠭᠦᠮ ᠦᠵᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2020/11/27
      ᠤᠶᠢᠷ᠎ᠠ ᠳᠤ  ᠂ ᠮᠠᠨ ᠤ ᠬᠤᠰᠢᠭᠤᠨ ᠳᠤ ᠡᠪᠤᠯ ᠤᠨ ᠠᠭᠤᠷ ᠤᠷᠤᠭᠰᠠᠨ ᠠᠴᠠ ᠨᠠᠰᠢᠬᠢ ᠠᠩᠬᠠᠨ ᠤ ᠴᠠᠰᠤ ᠤᠷᠤᠵᠤ᠂ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠪᠤᠯᠤᠨ ᠵᠠᠮ ᠬᠠᠷᠢᠯᠴᠠᠭᠠᠨ ᠤ ᠠᠮᠤᠷ ᠲᠦᠪᠰᠢᠨ ᠳᠤ  ᠶᠡᠬᠡᠳᠡ ᠨᠦᠯᠤᠭᠡ ᠦᠵᠡᠭᠦᠯᠦᠭᠰᠠᠨ ᠪᠠᠶᠢᠨ᠎ᠠ᠃     ᠮᠢᠩᠭᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠤᠯᠭᠡᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ  ᠳᠤᠷᠠᠴᠤᠳ ᠠᠴᠠ ᠭᠠᠴᠠᠭᠠᠨ ᠤ ︽ᠬᠤᠶᠠᠷ ᠵᠦᠪᠯᠡᠯ︾ ᠤᠨ ᠬᠢᠨ ᠲᠠᠢ ᠬᠠᠷᠢᠴᠠᠭ᠎ᠠ ᠠᠪᠴᠤ᠂  ᠮᠠᠯᠴᠢᠨ ᠤᠯᠠᠨ ᠲᠦᠮᠡᠨ ᠤ ᠭᠠᠮᠰᠢᠭᠳᠠᠭᠰᠠᠨ ᠪᠠᠶᠢᠳᠠᠯ ᠢ ᠬᠤᠰᠢᠭᠤᠨ ᠤ ᠬᠤᠯᠪᠤᠭᠠᠯᠠᠨ ᠳᠠᠭᠠᠭᠠᠴᠢᠯᠠᠵᠤ ᠪᠠᠶᠢᠭ᠎ᠠ ᠤᠳᠤᠷᠢᠳᠤᠯᠭ᠎ᠠ ᠳᠤ ᠮᠡᠳᠡᠭᠦᠯᠬᠦ ᠶᠢᠨ ᠬᠠᠮᠳᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠳᠤᠪᠴᠢᠶ᠎ᠠ ᠠᠴᠠ ᠭᠠᠮᠰᠢᠭ ᠠᠴᠠ ᠠᠪᠤᠷᠠᠨ ᠳᠤᠰᠠᠯᠠᠬᠤ  ᠪᠡᠯᠡ ᠮᠦᠩᠭᠦ ᠤᠯᠵᠤ᠂ ᠮᠠᠯᠴᠢᠳ ᠤᠨ ᠬᠦᠴᠢᠷᠲᠠᠢ ᠠᠰᠠᠭᠤᠳᠠᠯ ᠢ ᠨᠢ ᠰᠢᠢᠳᠪᠤᠷᠢᠯᠡᠵᠤ ᠦᠭᠭᠦᠭᠰᠠᠨ ᠪᠠᠶᠢᠨ᠎ᠠ᠃ ᠬᠤᠰᠢᠭᠤᠨ   ᠤ ᠵᠠᠰᠠᠭ ᠤᠨ ᠤᠷᠳᠤᠨ  ᠠᠴᠠ ᠬᠤᠰᠢᠭᠤᠨ ᠤ ᠠᠵᠤ ᠦᠢᠯᠡᠳᠪᠤᠷᠢᠯᠡᠯ ᠪᠤᠯᠤᠨ ᠮᠡᠳᠡᠭᠡ ᠵᠠᠩᠬᠢᠵᠢᠯᠳᠠ ᠶᠢᠨ ᠳᠤᠪᠴᠢᠶ᠎ᠠ ᠲᠠᠢ ᠬᠠᠷᠢᠴᠠᠨ᠂ ᠴᠢᠮᠡᠭᠡ ᠨᠡᠪᠲᠡᠷᠡᠯᠭᠡ ᠶᠢᠨ ᠰᠤᠪᠤᠷᠭ᠎ᠠ ᠶᠢ ᠵᠠᠰᠠᠨ ᠰᠡᠯᠪᠢᠵᠤ᠂ ᠴᠢᠮᠡᠭᠡ ᠨᠡᠪᠲᠡᠷᠡᠯᠭᠡ ᠶᠢᠨ ᠳᠤᠬᠢᠶ᠎ᠠ ᠶᠢ ᠳᠤᠷᠰᠢᠨ ᠨᠡᠪᠲᠡᠷᠡᠭᠦᠯᠪᠡ  ᠃     11 ᠰᠠᠷ᠎ᠠ ᠶᠢᠨ22 ᠤ ᠡᠳᠤᠷ ᠠᠴᠠ ᠡᠬᠢᠯᠡᠨ᠂ ᠮᠢᠩᠭᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠤᠯᠪᠠᠰᠤᠨ  ᠢ ᠦᠢᠯᠡᠳᠤᠯᠭᠡᠵᠢᠭᠦᠯᠬᠦ ᠰᠠᠶᠢᠨ ᠳᠤᠷᠠᠴᠤᠳ ᠠᠴᠠ ᠡᠯ᠎ᠡ ᠵᠦᠢᠯ ᠤᠨ  ᠠᠷᠭ᠎ᠠ ᠪᠠᠷᠢᠯ ᠢ ᠰᠦᠪᠡᠭᠴᠢᠯᠡᠨ ᠰᠠᠯᠬᠢᠨ ᠬᠦᠴᠤᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠪᠤᠯᠤᠨ ᠵᠠᠮ ᠬᠠᠷᠢᠯᠴᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠭᠠᠵᠠᠷ ᠲᠠᠢ ᠬᠠᠷᠢᠴᠠᠵᠤ ᠳᠡᠭᠡᠭᠡᠪᠤᠷᠢ ᠶᠢᠨ ᠮᠠᠰᠢᠨ ᠵᠡᠷᠭᠡ ᠶᠢ ᠳᠤᠬᠢᠷᠠᠭᠤᠯᠵᠤ᠂ ᠭᠠᠴᠠᠭᠠᠨ ᠤ ᠭᠤᠤᠯ ᠵᠠᠮ ᠱᠤᠭᠤᠮ ᠤᠨ ᠴᠠᠰᠤ ᠶᠢ ᠴᠡᠪᠡᠷᠯᠡᠨ᠂ ᠦᠷᠭᠡᠨ ᠤᠯᠠᠨ ᠮᠠᠯᠴᠢᠨ ᠳᠦᠮᠡᠨ ᠤ ᠶᠠᠪᠤᠵᠤ ᠰᠠᠭᠤᠬᠤ ᠳᠤ ᠳᠦᠭᠦᠮ ᠦᠵᠡᠭᠦᠯᠤᠨ᠂ ᠭᠠᠴᠠᠭᠠᠨ ᠤ ᠸᠢᠴᠠᠲ ᠤᠨ ᠴᠤᠭᠯᠠᠷᠠᠯ ᠢ ᠠᠰᠢᠭᠯᠠᠨ ᠴᠠᠭ ᠠᠭᠤᠷ ᠤᠨ ᠮᠡᠳᠡᠭᠡ ᠶᠢ ᠴᠠᠭ ᠳᠤᠬᠠᠢ ᠳᠤ ᠨᠢ ᠮᠡᠳᠡᠭᠦᠯᠵᠤ᠂ ᠦᠷᠭᠡᠨ ᠤᠯᠠᠨ  ᠮᠠᠯᠴᠢᠳ ᠡᠪᠤᠯ ᠤᠨ ᠲᠡᠵᠢᠭᠡᠯ ᠪᠤᠷᠳᠤᠭ᠎ᠠ ᠪᠠᠨ ᠬᠤᠷᠳᠤᠬᠠᠨ ᠪᠡᠯᠡᠳᠭᠡᠵᠤ᠂ ᠲᠦᠯ ᠳᠤᠰᠤᠬᠤ ᠪᠡᠯᠡᠳᠭᠡᠯ ᠠᠵᠢᠯ ᠢᠶᠠᠨ ᠰᠠᠶᠢᠳᠤᠷ ᠬᠢᠬᠦ ᠶᠢ ᠰᠠᠨᠠᠭᠤᠯᠤᠨ᠂ ᠨᠠᠮ ᠪᠠ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠶᠢ ᠮᠠᠯᠴᠢᠨ ᠳᠦᠮᠡᠨ   ᠤ ᠰᠡᠳᠬᠢᠯ ᠳᠤ ᠭᠦᠷᠭᠡᠭᠰᠠᠨ ᠪᠠᠶᠢᠨ᠎ᠠ  ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号