ᠴᠠᠭᠠᠨ ᠰᠠᠷ᠎ᠠ ᠪᠤᠯ ᠮᠠᠨ ᠤ ᠳᠤᠮᠳᠠᠳᠤ ᠶᠢᠨ ᠦᠨᠳᠤᠰᠤᠳᠡᠨ ᠤ ᠤᠯᠠᠮᠵᠢᠯᠠᠯᠳᠤ ᠪᠠᠶᠠᠷ ᠤᠨ ᠡᠳᠤᠷ ᠪᠤᠯᠤᠨ᠎ᠠ᠃ | ᠴᠠᠭᠠᠨ ᠰᠠᠷ᠎ᠠ ᠶᠢᠨ ᠦᠳᠡᠰᠢᠯᠡᠭᠡ ᠪᠤᠯ ᠪᠠᠶᠠᠷ ᠤᠨ ᠡᠳᠤᠷ ᠪᠠᠨ ᠪᠡᠯᠭᠡᠯᠡᠬᠦ ᠳᠤ ᠳᠤᠳᠠᠭᠳᠠᠵᠤ ᠪᠤᠯᠤᠰᠢ ᠦᠭᠡᠢ | ᠤᠷᠠᠯᠢᠭ ᠤᠨ ᠬᠦᠷᠳᠡᠭᠡᠯ ᠪᠤᠯᠬᠤ ᠶᠤᠮ᠃ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠭᠦᠨᠵᠡᠭᠡᠢ ᠳᠤᠭᠤᠰᠢᠯᠡᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠤᠯᠠᠨ ᠳᠦᠮᠡᠨ ᠤ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠤᠨ᠂ ᠭᠦᠷ ᠬᠦᠭᠵᠢᠶᠡᠨ ᠲᠠᠢ ᠡᠶ᠎ᠡ ᠵᠤᠬᠢᠴᠠᠯᠳᠤ ᠪᠠᠶᠠᠷ ᠤᠨ ᠡᠳᠤᠷ ᠤᠨ ᠠᠭᠤᠷ | ᠠᠮᠢᠰᠬᠤᠯ ᠢ ᠪᠤᠢ ᠪᠤᠯᠭᠠᠬᠤ ᠶᠢᠨ ᠳᠦᠯᠤᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠭ ᠤᠨ ᠤᠷᠳᠤᠨ | ᠠᠴᠠ2021 ᠤᠨ ᠤ1 ᠰᠠᠷ᠎ᠠ ᠳᠤ ︽ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ 2021 ᠤᠨ ᠤ | ᠴᠠᠭᠠᠨ ᠰᠠᠷ᠎ᠠ ᠶᠢᠨ ᠦᠳᠡᠰᠢᠯᠡᠭᠡ ︾ ᠶᠢ ᠡᠷᠬᠢᠯᠡᠬᠦ ᠪᠠᠷ ᠰᠤᠳᠤᠯᠤᠨ ᠳᠤᠭᠳᠠᠭᠰᠠᠨ ᠪᠠᠶᠢᠨ᠎ᠠ᠃ ᠤᠳᠤ ᠠᠴᠠ | ᠡᠬᠢᠯᠡᠨ ᠪᠦᠬᠦ ᠨᠡᠶᠢᠭᠡᠮ ᠠᠴᠠ ᠰᠢᠯᠢᠳᠡᠭ ᠰᠠᠶᠢᠨ ᠤᠷᠠᠯᠢᠭ ᠤᠨ ᠳᠤᠭᠯᠠᠯᠳᠠ ᠶᠢ ᠢᠯᠡ ᠪᠠᠷ ᠡᠯᠰᠡᠬᠦ ᠪᠠᠷ ᠪᠠᠶᠢᠨ᠎ᠠ᠃ | ᠢᠢᠮᠤ ᠶᠢᠨ ᠳᠤᠯᠠᠳᠠ᠂ ᠪᠦᠬᠦ ᠬᠤᠰᠢᠭᠤᠨ ᠤ ᠡᠯ᠎ᠡ ᠦᠨᠳᠤᠰᠤᠳᠡᠨ ᠤ ᠤᠯᠠᠨ ᠳᠤᠮᠡᠨ ᠢ ᠢᠳᠡᠪᠬᠢᠯᠡᠨ ᠤᠷᠤᠯᠴᠠᠬᠤ | ᠶᠢ ᠤᠷᠢᠶᠠᠯᠡᠵᠤ᠂ ᠦᠪᠡᠷ ᠢᠶᠠᠨ ᠤᠷᠤᠯᠴᠠᠬᠤ ᠪᠤᠶᠤ ᠡᠷᠭᠢᠨ ᠳᠤᠭᠤᠷᠢᠨ ᠤ ᠰᠢᠯᠢᠳᠡᠭ ᠰᠠᠶᠢᠨ ᠤᠳᠬ᠎ᠠ ᠤᠷᠠᠯᠢᠭ | ᠤᠨ ᠳᠤᠭᠯᠠᠯᠳᠠ ᠪᠠᠨ ᠳᠠᠨᠢᠯᠴᠠᠭᠤᠯᠤᠨ ᠳᠡᠪᠰᠢᠭᠦᠯᠵᠤ᠂ ᠤᠯᠠᠨ ᠤ ᠤᠬᠠᠭᠠᠨ ᠬᠠᠮᠳᠤ ᠶᠢᠨ ᠬᠦᠴᠤᠨ ᠳᠤ ᠠᠰᠤᠷᠤ | ᠶᠡᠭᠡ ᠪᠦᠳᠤᠭᠡᠯᠴᠢ ᠤᠳᠬ᠎ᠠ ᠠᠭᠤᠯᠭ᠎ᠠ ᠲᠠᠢ ᠴᠠᠭᠠᠨ ᠰᠠᠷ᠎ᠠ ᠶᠢᠨ ᠦᠳᠡᠰᠢᠯᠡᠭᠡ ᠡᠷᠬᠢᠯᠡᠬᠦ ᠶᠢ ᠬᠦᠰᠠᠨ ᠱᠠᠭᠠᠷᠳᠠᠵᠤ | ᠪᠠᠶᠢᠨ᠎ᠠ᠃ | ᠡᠭᠦᠨ ᠤ ᠬᠠᠮᠳᠤ᠂ ᠲᠠ ᠪᠦᠬᠦᠨ ᠤ ᠡᠷᠬᠢᠮ ᠨᠠᠨᠳᠢᠨ ᠰᠠᠨᠠᠯ ᠵᠦᠪᠯᠡᠯᠭᠡ ᠪᠠ ᠦᠪᠡᠷᠮᠢᠴᠠ ᠤᠷᠠᠨ ᠰᠡᠳᠬᠢᠮᠵᠢ | ᠪᠠᠨ ᠳᠡᠪᠰᠢᠭᠦᠯᠬᠦ ᠶᠢ ᠪᠢᠳᠠ ᠮᠠᠰᠢ ᠬᠠᠯᠠᠭᠤᠨ ᠢᠶᠠᠷ ᠬᠦᠯᠢᠶᠡᠨ ᠠᠪᠬᠤ ᠪᠤᠯᠤᠨ᠎ᠠ᠃ | ᠨᠢᠭᠡ᠂ ᠳᠤᠭᠯᠠᠯᠳᠠ ᠡᠯᠰᠡᠬᠦ ᠬᠦᠷᠢᠶ᠎ᠡ ᠬᠡᠪᠴᠢᠶ᠎ᠡ ᠄ | ᠪᠦᠬᠦ ᠬᠤᠰᠢᠭᠤᠨ ᠤ ᠠᠵᠤ ᠠᠬᠤᠢ ᠠᠵᠢᠯ ᠦᠢᠯᠡᠰ ᠤᠨ ᠨᠢᠭᠡᠴᠢ ᠠᠯᠪᠠᠨ ᠪᠠᠶᠢᠭᠤᠯᠤᠭ᠎ᠠ᠂ ᠬᠤᠰᠢᠭᠤᠨ | ᠳᠤ ᠰᠠᠭᠤᠭ᠎ᠠ ᠴᠡᠷᠢᠭ ᠠᠩᠭᠢ᠂ ᠤᠯᠠᠨ ᠳᠦᠮᠡᠨᠴᠢ ᠤᠳᠬ᠎ᠠ ᠤᠷᠠᠯᠢᠭ ᠤᠨ ᠪᠦᠯᠬᠦᠮ ᠵᠢᠴᠢ ᠦᠷᠭᠡᠨ ᠤᠯᠠᠨ | ᠮᠠᠯᠴᠢᠨ ᠳᠠᠷᠢᠶᠠᠴᠢᠨ ᠪᠤᠯᠤᠨ᠎ᠠ᠃ | ᠬᠤᠶᠠᠷ᠄ ᠠᠭᠤᠯᠭ᠎ᠠ ᠶᠢᠨ ᠱᠠᠭᠠᠷᠳᠠᠯᠭ᠎ᠠ᠄ | ᠡᠷᠡᠭᠦᠯ ᠦᠭᠡᠳᠡᠷᠭᠡᠭ ᠴᠠᠭ ᠦᠶ᠎ᠡ ᠶᠢᠨ ᠬᠦᠭ ᠠᠶᠠᠰ ᠢ ᠳᠠᠭᠠᠵᠤ ᠂ ᠦᠨᠳᠤᠰᠤᠳᠡᠨ ᠤ ᠵᠤᠷᠢᠭ ᠰᠠᠨᠠᠭ᠎ᠠ᠂ | ᠴᠠᠭ ᠦᠶ᠎ᠡ ᠶᠢᠨ ᠵᠤᠷᠢᠭ ᠰᠠᠨᠠᠭ᠎ᠠ᠂ ᠪᠦᠯᠬᠦᠮᠳᠡᠯ ᠤᠨ ᠵᠤᠷᠢᠭ ᠰᠠᠨᠠᠭ᠎ᠠ᠂ ᠡᠶ᠎ᠡ ᠨᠠᠶᠢᠷᠰᠠᠭ ᠵᠤᠷᠢᠭ ᠰᠠᠨᠠᠭ᠎ᠠ ᠶᠢ | ᠪᠠᠳᠠᠷᠠᠭᠤᠯᠬᠤ ᠪᠠᠷ ᠬᠠᠷᠠᠯᠳᠠ ᠪᠠᠨ ᠪᠤᠯᠭᠠᠵᠤ᠂ ︽ᠦᠷᠭᠡᠨ ᠳᠡᠯᠭᠡᠷ ᠦᠷᠨᠢᠭᠦᠯᠵᠤ᠂ ᠪᠤᠷᠤᠭᠵᠢᠭᠤᠨ ᠦᠪᠳᠡᠭᠰᠢ | ᠪᠠᠶᠢᠬᠤ ︾ ᠵᠠᠷᠴᠢᠮ ᠢᠶᠠᠷ ᠨᠠᠮ ᠤᠨ ᠠᠷᠪᠠᠨ ᠶᠢᠰᠤᠳᠤᠭᠡᠷ ᠶᠡᠭᠡ ᠬᠤᠷᠠᠯ ᠢ ᠳᠤᠰᠬᠠᠨ᠂ ᠨᠡᠶᠢᠭᠡᠮ ᠵᠢᠷᠤᠮ ᠤᠨ | ᠭᠤᠤᠯᠯᠠᠭᠴᠢ ᠦᠷᠳᠡᠭ ᠤᠨ ᠦᠵᠡᠯᠳᠠ ᠶᠢ ᠦᠢᠯᠡᠳᠤᠯᠭᠡᠵᠢᠭᠦᠯᠬᠦ᠂ ︽ᠤᠭ ᠰᠠᠨᠠᠭ᠎ᠠ ᠪᠠᠨ ᠦᠯᠤ ᠮᠠᠷᠳᠠᠨ᠂ | ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠰᠤᠷᠭᠠᠨ ᠬᠦᠮᠦᠵᠢᠯ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠶᠢ ᠰᠢᠪᠳᠤᠯᠬᠤ ᠢᠯᠠᠯᠳᠠ ᠶᠢ ᠳᠡᠮᠡᠴᠡᠨ ᠤᠯᠬᠤ᠂ ᠦᠨᠳᠤᠰᠤᠳᠡᠨ ᠤ ᠪᠦᠯᠬᠦᠮᠳᠡᠯ ᠢ | ᠠᠬᠢᠭᠤᠯᠤᠨ ᠬᠠᠮᠳᠤᠪᠠᠷ ᠬᠦᠭᠵᠢᠬᠦ᠂ ᠬᠠᠷ᠎ᠠ ᠪᠦᠯᠤᠭ᠍ᠳᠠᠨ ᠢ ᠠᠷᠢᠯᠭᠠᠨ ᠬᠠᠷᠬᠢᠰ ᠬᠦᠴᠦᠨ ᠳᠤ ᠴᠤᠬᠢᠯᠳᠠ ᠦᠭᠬᠦ | ᠵᠡᠷᠭᠡ ᠶᠢ ᠤᠬᠠᠭᠤᠯᠬᠤ ᠪᠠᠷ ᠭᠤᠤᠯ ᠰᠡᠳᠤᠪ ᠪᠤᠯᠭᠠᠨ᠂ ᠨᠡᠯᠢᠶᠡᠳ ᠦᠨᠳᠤᠷ ᠤᠷᠠᠯᠢᠭ ᠤᠨ ᠬᠢᠷᠢ ᠳᠦᠪᠰᠢᠨ ᠲᠠᠢ | ᠤᠷᠤᠨ ᠨᠤᠳᠤᠭ ᠤᠨ ᠰᠤᠶᠤᠯ ᠤᠨ ᠤᠨᠴᠠᠯᠢᠭ ᠲᠠᠢ ᠪᠤᠶᠤ ᠰᠢᠨ᠎ᠡ ᠶᠢ ᠡᠭᠦᠳᠦᠭᠰᠡᠨ ᠪᠦᠳᠦᠭᠡᠯᠴᠢ ᠤᠯᠠᠨ ᠲᠦᠮᠡᠨ | ᠤ ᠤᠳᠬ᠎ᠠ ᠤᠷᠠᠯᠢᠭ ᠤᠨ ᠳᠤᠭᠯᠠᠯᠠᠳᠠ ᠶᠢ ᠰᠤᠩᠭᠤᠨ᠎ᠠ᠃ | ᠭᠤᠷᠪᠠ ᠂ ᠡᠯᠰᠡᠬᠦ ᠪᠦᠳᠤᠭᠡᠯ ᠤᠨ ᠵᠦᠢᠯ᠄ | ᠳᠠᠭᠤᠤ ᠬᠦᠭᠵᠢᠮ᠂ ᠪᠦᠵᠢᠭ᠂ ᠱᠤᠭ ᠶᠡᠷᠢᠶ᠎ᠠ ᠵᠢᠴᠢ ᠪᠤᠰᠤᠳ ᠦᠪᠡᠷᠮᠢᠴᠠ ᠤᠨᠴᠠᠯᠢᠭᠳᠤ ᠰᠢᠨ᠎ᠡ ᠤᠳᠬ᠎ᠠ | ᠤᠷᠠᠯᠢᠭ ᠤᠨ ᠳᠤᠭᠯᠠᠯᠳᠠ᠃ | ᠳᠦᠷᠪᠡ ᠂ ᠡᠯᠰᠡᠬᠦ ᠴᠠᠭ᠄ | 2020 ᠤᠨ ᠤ12 ᠰᠠᠷ᠎ᠠ ᠶᠢᠨ10 ᠤ ᠡᠳᠤᠷ ᠪᠤᠯᠳᠠᠯ᠎ᠠ ᠡᠯᠰᠡᠨ᠎ᠡ᠃ | ᠳᠠᠪᠤ᠂ ᠨᠡᠷ᠎ᠡ ᠮᠡᠳᠡᠭᠦᠯᠬᠦ ᠭᠠᠵᠠᠷ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠰᠤᠶᠤᠯ ᠤᠨ | ᠤᠷᠳᠤᠨ | ᠬᠠᠷᠢᠯᠴᠠᠬᠤ ᠬᠦᠮᠤᠨ᠄ ᠪᠠᠳᠤᠪᠦ᠋ᠬᠡ ᠳᠤᠭᠤᠰ | ᠬᠠᠷᠢᠯᠴᠠᠬᠤ ᠤᠳᠠᠰᠤ᠄0472 —8326123 | ᠭᠠᠷ ᠤᠳᠠᠰᠤᠨ ᠨᠤᠮᠧᠷ᠄13947211088 | 13488520402 |