ᠤᠪᠤᠭᠠᠲᠠᠢ  ᠢᠰᠡᠭᠡᠢ  ᠬᠠᠳᠬᠤᠮᠠᠯ
ᠨᠡᠶᠢᠲᠡᠯᠡᠭᠰᠡᠨ ᠴᠠᠭ᠄
2020/11/29
    ᠮᠠᠨ ᠤ ᠬᠤᠰᠢᠭᠤᠨ ᠤ ᠳᠠᠷᠬᠠᠨ ᠰᠤᠮᠤ ᠪᠠᠷ ᠨᠤᠳᠤᠭᠲᠠᠢ ᠴᠡᠩᠭᠡᠯ ᠮᠤᠩᠭᠤᠯᠴᠤᠳ ᠤᠨ ᠤᠯᠠᠮᠵᠢᠯᠠᠯᠳᠤ ᠢᠰᠡᠭᠡᠢ ᠤᠷᠠᠯᠠᠯ ᠤᠨ ᠪᠦᠳᠤᠭᠡᠭᠳᠡᠭᠦᠨ ᠵᠠᠬ᠎ᠠ ᠳᠡᠯᠭᠡᠭᠦᠷ ᠲᠤ ᠭᠠᠷᠤᠭ᠎ᠠ ᠦᠭᠡᠢ ᠪᠠᠶᠢᠭ᠎ᠠ ᠪᠠᠶᠢᠳᠠᠯ ᠢ ᠰᠤᠷᠭᠤᠭ ᠮᠡᠳᠡᠷᠡᠮᠵᠢ ᠪᠠᠷ ᠠᠵᠢᠭᠯᠠᠨ ᠤᠯᠵᠤ  ᠂2007 ᠤᠨ ᠠᠴᠠ ᠡᠬᠢᠯᠡᠨ ︽ᠤᠪᠤᠭᠠᠲᠠᠢ︾ ᠢᠰᠡᠭᠡᠢ ᠬᠠᠳᠬᠤᠮᠠᠯ ᠤᠨ ᠺᠤᠮᠫᠠᠨᠢ ᠶᠢ ᠡᠬᠦᠰᠭᠡᠨ ᠪᠠᠶᠢᠭᠤᠯᠵᠤ᠂ ᠢᠰᠡᠭᠡᠢ ᠪᠠᠷ ᠡᠯᠳᠡᠪ ᠵᠦᠢᠯ ᠤᠨ  ᠪᠦᠳᠤᠭᠡᠭᠳᠡᠭᠦᠨ ᠶᠢ ᠰᠢᠨᠡᠴᠢᠯᠡᠨ ᠬᠢᠵᠤ ᠡᠬᠢᠯᠡᠵᠠᠢ᠃     ᠭᠡᠷ ᠤᠷᠤᠨ ᠤ ᠵᠠᠰᠠᠯ ᠴᠢᠮᠡᠭᠯᠡᠯ᠂ ᠳᠡᠷᠭᠡᠨ ᠰᠠᠭᠤᠳᠠᠯ ᠤᠨ ᠢᠰᠡᠭᠡᠢ ᠳᠡᠪᠢᠰᠭᠡᠷ᠂ ᠢᠰᠡᠭᠡᠢ ᠪᠤᠭᠴᠤ᠂ ᠳᠡᠮᠳᠡᠭᠯᠡᠯ ᠤᠨ ᠲᠡᠪᠲᠡᠷ᠂ ᠴᠡᠴᠡᠷᠯᠢᠭ ᠤᠨ ᠬᠡᠤᠬᠡᠳ ᠲᠤ ᠵᠤᠷᠢᠭᠤᠯᠤᠭᠰᠠᠨ ᠨᠠᠭᠠᠳᠣᠮ ᠳᠤᠭᠯᠠᠭᠠᠮ ᠵᠡᠷᠭᠡ87 ᠵᠦᠢᠯ  ᠤᠨ ᠢᠰᠡᠭᠡᠢ ᠦᠢᠯᠡᠳᠭᠦᠨ ᠢ ᠦᠢᠯᠡᠳᠪᠦᠷᠢᠯᠡᠨ ᠬᠢᠵᠤ᠂ ᠤᠳᠤᠬᠠᠨ ᠪᠦᠬᠦ ᠤᠷᠤᠨ ᠤ ᠡᠯ᠎ᠡ ᠠᠶᠢᠮᠠᠭ ᠬᠤᠲᠠ ᠳᠤ ᠴᠦᠮ ᠪᠤᠷᠤᠯᠠᠭᠤᠯᠬᠤ ᠴᠡᠭ ᠲᠠᠢ ᠪᠠᠶᠢᠵᠤ᠂ ᠭᠤᠶᠤ  ᠬᠢᠴᠢᠲᠠᠢ ᠢᠰᠡᠭᠡᠢ ᠤᠷᠠᠯᠠᠯ ᠨᠢ ᠬᠡᠷᠡᠭᠯᠡᠭᠴᠢᠳ ᠲᠤ ᠳᠠᠭᠠᠰᠢᠶᠠᠭᠳᠠᠨ᠂ ᠭᠠᠳᠠᠨ᠎ᠠ ᠮᠤᠵᠢ ᠤᠷᠤᠨ ᠴᠢᠨᠠᠭᠰᠢᠯᠠᠭᠠᠳ ᠤᠯᠤᠰ ᠤᠨ  ᠭᠠᠳᠠᠭᠠᠳᠤ ᠳᠤ ᠴᠤ ᠦᠷᠭᠡᠨ ᠬᠡᠪᠴᠢᠶ᠎ᠡ  ᠪᠠᠷ ᠪᠤᠷᠤᠯᠠᠭᠤᠯᠤᠭᠳᠠᠵᠤ ᠪᠠᠶᠢᠨ᠎ᠠ᠃     ᠪᠤᠷᠤᠯᠠᠭᠤᠯᠭ᠎ᠠ ᠶᠢᠨ ᠬᠡᠮᠵᠢᠶ᠎ᠡ ᠨᠡᠮᠡᠭᠳᠡᠬᠦ ᠶᠢ ᠳᠠᠭᠠᠯᠳᠤᠨ ᠳᠤᠰ ᠺᠤᠮᠫᠠᠨᠢ ᠨᠢ ᠮᠡᠨ ᠤ ᠬᠤᠰᠢᠭᠤᠨ ᠤ ᠡᠮᠡᠭᠲᠠᠶᠢᠴᠤᠳ ᠤᠨ ᠬᠤᠯᠪᠤᠭ᠎ᠠ ᠲᠠᠢ ᠬᠤᠷᠰᠢᠵᠤ᠂ ᠠᠵᠢᠯ ᠤᠷᠤᠯᠭ᠎ᠠ ᠦᠭᠡᠢ ᠪᠦᠰᠡᠭᠦᠶᠢᠴᠤᠳ ᠢ ᠦᠢᠯᠡᠳᠪᠤᠷᠢ ᠳᠤ  ᠪᠠᠨ ᠤᠷᠢᠨ ᠠᠵᠢᠯᠯᠠᠭᠤᠯᠵᠤ᠂ ᠭᠠᠷ  ᠣᠷᠠᠯᠢᠭ ᠤᠨ ᠵᠦᠢᠯ ᠢ ᠵᠢᠭᠠᠵᠤ ᠬᠢᠯᠭᠡᠨ ᠮᠠᠯᠴᠢᠨ ᠳᠦᠮᠡᠨ ᠳᠤ ᠪᠠᠨ ᠳᠤᠰᠠ ᠳᠡᠮᠵᠢᠯᠭᠡ ᠦᠵᠡᠭᠦᠯᠤᠨ ᠤᠷᠤᠯᠭ᠎ᠠ ᠶᠢ ᠨᠢ ᠨᠡᠮᠡᠭᠳᠡᠭᠦᠯᠵᠤ ᠠᠵᠢᠯ ᠤᠯᠭᠤᠯᠳᠠ ᠶᠢ ᠠᠬᠢᠭᠤᠯᠵᠤ ᠪᠠᠶᠢᠨ᠎ᠠ  ᠃     ᠮᠤᠩᠭᠤᠯᠴᠤᠳ ᠤᠨ ᠣᠯᠠᠮᠵᠢᠯᠠᠯᠳᠤ  ᠡᠳ᠋ᠯᠡᠯ ᠬᠡᠷᠡᠭᠯᠡᠭᠡ ᠪᠤᠯᠤᠭᠰᠠᠨ ᠢᠰᠡᠭᠡᠢ ᠶᠢ ᠰᠢᠨ᠎ᠡ ᠴᠠᠭ ᠦᠶ᠎ᠡ ᠶᠢᠨ ᠬᠡᠷᠡᠭᠯᠡᠭᠴᠢᠳ ᠤᠨ ᠱᠠᠭᠠᠷᠳᠠᠯᠭ᠎ᠠ ᠳᠤ ᠵᠤᠬᠢᠴᠠᠭᠤᠯᠤᠨ ᠤᠷᠠᠨ ᠭᠤᠶᠤ ᠬᠠᠳᠬᠤᠮᠠᠯ ᠤᠨ ᠬᠡᠯᠪᠡᠷᠢ ᠲᠠᠢ ᠪᠤᠯᠭᠠᠵᠤ ᠰᠢᠨᠡᠴᠢᠯᠡᠭᠰᠠᠨ ᠢᠶᠠᠷ ᠵᠠᠬ᠎ᠠ ᠳᠡᠯᠭᠡᠭᠦᠷ ᠲᠤ ᠢᠰᠡᠭᠡᠢ ᠤᠷᠠᠯᠠᠯ ᠤᠨ ᠦᠪᠡᠷ ᠤᠨ ᠬᠦᠭᠵᠢᠯᠳᠡ ᠶᠢᠨ ᠤᠷᠤᠨ ᠵᠠᠢ ᠲᠠᠢ ᠪᠤᠯᠤᠭᠠᠳ ᠪᠠᠶᠢᠭ᠎ᠠ ᠶᠤ‍ᠮ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号