ᠨᠠᠰᠤᠲᠠᠶᠢᠴᠤᠳ ᠢ ᠠᠰᠠᠷᠠᠨ ᠰᠤᠪᠢᠯᠠᠬᠤ ᠴᠢᠯᠥᠭᠡ ᠪᠠᠶᠢᠬᠤ ᠶᠢ ᠲᠠ ᠮᠡᠳᠡᠨ᠎ᠡ ᠤᠤ︖
ᠨᠡᠶᠢᠲᠡᠯᠡᠭᠰᠡᠨ ᠴᠠᠭ᠄
2020/12/19
     ᠨᠠᠶᠠᠭᠠᠳ ᠶᠡᠷᠡᠭᠡᠳ ᠣᠨ ᠠᠴᠠ ᠡᠬᠢᠯᠡᠨ ᠭᠠᠭᠴᠠ ᠬᠡᠦᠬᠡᠳ ᠠᠪᠤᠭᠰᠠᠨ ᠭᠡᠷ ᠪᠦᠯᠢ ᠤᠯᠠᠳᠴᠤ᠂ ᠣᠳᠣ ᠲᠡᠳᠡᠨ ᠤ ᠡᠴᠢᠭᠡ ᠡᠬᠡ ᠨᠢ ᠴᠦ ᠠᠭᠠᠵᠢᠮ ᠢᠶᠠᠷ ᠨᠠᠰᠤ ᠠᠬᠢᠭᠰᠠᠨ ᠪᠠᠶᠢᠨ᠎ᠠ᠃ ᠠᠩᠬᠠᠳᠤᠭᠠᠷ ᠪᠦᠯᠦᠭ ᠭᠡᠷ ᠤᠨ ᠭᠠᠭᠴᠠ ᠬᠡᠦᠬᠡᠳ ᠪᠣᠯᠣᠭᠰᠠᠨ ᠤ ᠬᠤᠪᠢ ᠳᠤ᠂ ᠲᠡᠳᠡᠨ ᠤ ᠠᠪᠤ ᠡᠵᠢ ᠪᠠᠨ ᠠᠴᠢᠯᠠᠨ ᠲᠡᠵᠢᠭᠡᠬᠦ ᠠᠰᠠᠭᠤᠳᠠᠯ ᠣᠯᠠᠨ ᠤ ᠠᠩᠬᠠᠷᠤᠯ ᠢ ᠲᠠᠲᠠᠵᠤ ᠪᠠᠶᠢᠳᠠᠭ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠡᠷᠬᠡ ᠠᠰᠢᠭ ᠢ ᠬᠠᠮᠠᠭᠠᠯᠠᠬᠤ ᠳᠦᠷᠢᠮ︾ ᠳᠤ ᠲᠣᠭᠲᠠᠭᠠᠭᠰᠠᠨ ᠨᠢ᠂ ᠨᠠᠰᠤᠲᠠᠶᠢᠴᠤᠳ ᠡᠪᠡᠳᠴᠢᠯᠡᠭᠡᠳ ᠪᠡᠶ᠎ᠡ ᠪᠠᠨ ᠳᠠᠭᠠᠭᠠᠵᠤ ᠳᠡᠶᠢᠯᠭᠦ ᠦᠭᠡᠢ ᠪᠣᠯᠬᠤ ᠦᠶ᠎ᠡ ᠳᠤ ᠬᠥᠮᠦᠨ ᠬᠡᠷᠡᠭᠯᠡᠬᠦ ᠨᠢᠭᠡᠴᠢ ᠠᠴᠠ ᠭᠡᠷ ᠤᠨ ᠭᠠᠭᠴᠠ ᠬᠡᠦᠬᠡᠳ ᠲᠤ 20 ᠡᠳᠦᠷ ᠤᠨ ᠠᠰᠠᠷᠠᠨ ᠰᠤᠪᠢᠯᠠᠬᠤ ᠴᠢᠯᠥᠭᠡ ᠥᠭᠬᠦ ᠬᠡᠷᠡᠭᠲᠡᠶ ᠭᠡᠵᠦ ᠲᠣᠭᠲᠠᠭᠠᠭᠰᠠᠨ ᠪᠠᠢᠨ᠎ᠠ᠃ 2019 ᠣᠨ ᠤ 1 ᠰᠠᠷ᠎ᠠ ᠶᠢᠨ 1 ᠤ ᠡᠳᠦᠷ ᠠᠴᠠ ᠳᠠᠷᠤᠢ ᠡᠬᠢᠯᠡᠵᠦ ᠬᠡᠷᠡᠭᠵᠢᠭᠦᠯᠪᠡ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号