ᠳᠡᠳ᠋ ᠬᠤᠰᠢᠭᠤᠨ ᠳᠠᠷᠤᠭ᠎ᠠ ᠯᠢ ᠵᠢᠶᠧ
ᠨᠡᠶᠢᠲᠡᠯᠡᠭᠰᠡᠨ ᠴᠠᠭ᠄
2020/12/2
ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠬᠤᠰᠢᠭᠤᠨ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠠᠷᠠᠳ ᠤᠨ ᠶᠠᠪᠤᠳᠠᠯ ᠤᠨ ᠲᠣᠪᠴᠢᠶ᠎ᠠ᠃ ᠬᠤᠰᠢᠭᠤᠨ ᠳᠠᠷᠤᠭ᠎ᠠ ᠶᠢ ᠬᠠᠮᠵᠢᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠬᠤᠰᠢᠭᠤᠨ ᠤ ᠳᠠᠷᠠᠭ᠎ᠠ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠃ᠲᠣᠪᠴᠢ ᠨᠠᠮᠲᠠᠷ᠄      ᠯᠢ ᠵᠢᠶᠧ᠂ ᠡᠷᠡᠭᠲᠡᠶ᠂ ᠬᠢᠲᠠᠳ ᠦᠨᠳᠦᠰᠦᠲᠡᠨ᠂ 1986 ᠣᠨ ᠤ 5 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠤᠯᠠᠭᠠᠨᠴᠠᠪ ᠤᠨ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷᠢᠩ ᠤᠨ ᠤᠬᠠᠭᠠᠨ ᠤ ᠪᠠᠴᠤᠯᠤᠷ᠂ 2013 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2007 ᠣᠨ ᠤ 11 ᠰᠠᠷ᠎ᠠ ᠳᠤ ᠠᠵᠢᠯ ᠳᠤ ᠣᠷᠣᠪᠠ᠂ ᠣᠲᠣ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠃      2003.09 — 2007.07 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠷᠣᠢ ᠮᠣᠳᠣᠨ ᠤ ᠢᠨᠵᠧᠨᠧᠷᠢᠩ ᠤᠨ ᠲᠤᠰᠬᠠᠢ ᠮᠡᠷᠭᠡᠵᠢᠯ ᠳᠤ ᠰᠤᠷᠤᠯᠴᠠᠪᠠ      2007.07 — 2007.11 ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠵᠢᠶᠠᠨ ᠠᠨ ᠺᠣᠮᠫᠠᠨᠢ ᠶᠢᠨ ᠠᠵᠢᠯᠳᠠᠨ      2007.11 — 2011.03 ᠥᠪᠥᠷ ᠮᠣᠩᠭᠤᠯ ᠤᠨ ᠪᠠᠷᠢᠯᠭ᠎ᠠ ᠶᠢᠨ ᠮᠠᠲᠧᠷᠢᠶᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠢᠷᠤᠭ ᠲᠥᠯᠥᠪᠯᠡᠭᠡᠨ ᠤ ᠬᠦᠷᠢᠶᠡᠯᠡᠩ ᠤᠨ ᠠᠵᠢᠯᠳᠠᠨ      2011.03 — 2013.01 ᠬᠤᠳᠠ ᠶᠢᠨ ᠬᠢᠨᠠᠨ ᠪᠤᠳᠤᠬᠤ ᠲᠣᠪᠴᠢ᠊ ᠡᠶ᠎ᠡ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠬᠢᠨᠠᠨ ᠪᠤᠳᠤᠬᠤ ᠰᠠᠯᠠᠭ᠎ᠠ ᠶᠢᠨ ᠭᠡᠰᠢᠭᠦᠴᠢ      2013.01 — 2015.12 ᠬᠤᠳᠠ ᠶᠢᠨ ᠬᠢᠨᠠᠨ ᠪᠤᠳᠤᠬᠤ ᠲᠣᠪᠴᠢ᠊ ᠡᠶ᠎ᠡ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠬᠢᠨᠠᠨ ᠪᠤᠳᠤᠬᠤ ᠰᠠᠯᠠᠭ᠎ᠠ ᠶᠢᠨ ᠳᠡᠳ᠋ ᠳᠠᠷᠤᠭ᠎ᠠ︵ᠡᠨᠡ ᠬᠤᠭᠤᠴᠠᠭᠠᠨ ᠳᠤ᠄ 2013.04 — 2013.12 ᠬᠢᠨᠠᠨ ᠪᠤᠳᠤᠬᠤ ᠵᠠᠬᠢᠷᠭ᠎ᠠ ᠶᠢᠨ ᠴᠧᠩᠳᠦ᠋ ᠳᠤ ᠰᠠᠭᠤᠭ᠎ᠠ ᠲᠤᠰᠬᠠᠶ ᠲᠣᠮᠢᠯᠠᠭᠰᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠨᠠᠨ ᠪᠤᠳᠤᠬᠤ ᠬᠤᠶᠠᠳᠤᠭᠠᠷ ᠭᠠᠵᠠᠷ ᠤᠨ ᠰᠣᠯᠢᠯᠴᠠᠭᠠᠨ ᠤ ᠠᠵᠢᠯ︶      2015. 12 — 2019.05 ᠬᠤᠲᠠ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠢᠨᠠᠨ ᠪᠤᠳᠤᠬᠤ ᠲᠥᠪ ︵ᠬᠢᠨᠠᠨ ᠪᠤᠳᠤᠬᠤ ᠪᠣᠯᠪᠠᠰᠤᠷᠠᠯ ᠤᠨ ᠲᠥᠪ︶ ᠤᠨ ᠡᠷᠬᠢᠯᠡᠭᠴᠢ ︵ᠡᠨᠡ ᠬᠤᠭᠤᠴᠠᠭᠠᠨ ᠳᠤ᠄ 2018.04 — 2019.04 ᠲᠤᠰᠢᠶᠠᠯ ᠡᠭᠦᠷᠭᠡᠯᠡᠨ ᠬᠢᠨᠠᠨ ᠪᠤᠳᠤᠬᠤ ᠵᠠᠬᠢᠷᠭ᠎ᠠ ᠶᠢᠨ ᠲᠠᠷᠢᠶᠠᠯᠠᠩ ᠤᠨ ᠬᠢᠨᠠᠨ ᠪᠤᠳᠤᠬᠤ ᠵᠤᠷᠭᠠᠨ ᠤ ᠨᠢᠭᠡᠳᠦᠭᠡᠷ ᠭᠠᠵᠠᠷ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ ᠡᠭᠦᠷᠭᠡᠯᠡᠨ᠎ᠡ︶       2019.05 — 2020.10 ᠬᠤᠲᠠ ᠶᠢᠨ ᠬᠢᠨᠠᠨ ᠪᠤᠳᠤᠬᠤ ᠲᠣᠪᠴᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠬᠢᠨᠠᠨ ᠪᠤᠳᠤᠬᠤ ᠰᠠᠯᠠᠭᠠᠨ ᠤ ᠳᠠᠷᠤᠭ᠎ᠠ ︵2019.04 — 2020.05 ᠬᠢᠨᠠᠨ ᠪᠤᠳᠤᠬᠤ ᠵᠠᠬᠢᠷᠭ᠎ᠠ ᠶᠢᠨ ᠲᠠᠷᠢᠶᠠᠯᠠᠩ ᠬᠥᠳᠡᠭᠡ ᠲᠣᠰᠬᠤᠨ ᠤ ᠬᠢᠨᠠᠨ ᠪᠤᠳᠤᠬᠤ ᠵᠤᠷᠭᠠᠨ ᠤ ᠲᠠᠪᠤᠳᠤᠭᠠᠷ ᠭᠠᠵᠠᠷ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ ᠲᠦᠷ ᠡᠭᠦᠷᠭᠡᠯᠡᠪᠡ︶       2020.10 — 2021.06 ᠬᠤᠳᠠ ᠶᠢᠨ ᠬᠢᠨᠠᠨ ᠪᠤᠳᠤᠬᠤ ᠲᠣᠪᠴᠢ᠊ ᠡᠶ᠎ᠡ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠬᠢᠨᠠᠨ ᠪᠤᠳᠤᠬᠤ ᠰᠠᠯᠠᠭ᠎ᠠ ᠶᠢᠨ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ︵ᠡᠨᠡ ᠬᠤᠭᠤᠴᠠᠭᠠᠨ ᠳᠤ᠄ 2021.04 — ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠮᠠᠶᠢᠳᠠᠷ ᠵᠤᠤ ᠪᠠᠯᠭᠠᠰᠤᠨ ᠤ ᠨᠠᠮ ᠤᠨ ᠬᠤᠷᠢ᠊ ᠡᠶ᠎ᠡ ᠶᠢᠨ ᠭᠡᠰᠢᠭᠦᠨ᠂ ᠳᠡᠳ᠋ ᠪᠠᠯᠭᠠᠰᠤᠨ ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠪᠡ︶       2021.06 — ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号