ᠢ ᠬᠠᠯᠠᠮᠵᠢᠯᠠᠨ ᠬᠠᠶᠢᠷᠠᠯᠠᠵᠤ᠂  ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2020/12/20
ᠰᠤᠷᠪᠤᠯᠵᠢᠯᠠᠭᠰᠠᠨ ᠵᠣᠴᠢᠨ᠄ ᠴᠡᠷᠢᠭ ‍ᠤᠨ‌ᠬᠠᠯᠠᠭᠳᠠᠭᠰᠠᠳ  ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠸᠠᠩ ᠵᠢᠶᠦ᠋ᠨ᠃
ᠰᠤᠷᠪᠤᠯᠵᠢᠯᠠᠭᠰᠠᠨ ᠴᠠᠭ᠄ 2020 ᠣᠨ ᠤ 11 ᠳ᠋ᠦᠭᠡᠷ ᠰᠠᠷ᠎ᠠ ᠶᠢᠨ 16 ᠤ ᠡᠳᠦᠷ ᠰᠣᠷᠪᠤᠯᠵᠢᠯᠠᠭᠴᠢ᠄ 2020 ᠣᠨ ᠤ ᠮᠠᠨ ᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ ᠰᠤᠷᠪᠤᠯᠵᠢᠯᠠᠭᠰᠠᠨ ᠵᠣᠴᠢᠨ᠄  2020 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠲᠠᠯᠪᠢᠬᠤ ᠬᠠᠮᠢᠶᠠᠷᠬᠤ ᠦᠢᠯᠡᠴᠢᠯᠡᠭᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠰᠢᠢᠳᠪᠥᠷᠢᠳᠥ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠦᠨ ᠬᠥᠭᠵᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠷᠭᠦᠯᠵᠢᠯᠡᠨ ᠳᠣᠲᠣᠭᠠᠳᠤ ᠬᠥᠳᠡᠯᠭᠡᠬᠦ ᠬᠦᠴᠦᠨ ᠬᠠᠩᠭᠠᠬᠤ ᠪᠠᠷ ᠴᠢᠷᠮᠠᠶᠢᠨ᠎ᠠ᠃ ᠮᠠᠨ ᠤ ᠲᠣᠪᠴᠢᠶ᠎ᠠ ᠨᠡᠶᠢᠲᠡ 24 ᠵᠦᠶ᠋ᠯ ᠤᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠲᠠᠢ᠂ ᠡᠭᠦᠨ ᠳᠤ᠂ ᠵᠠᠰᠠᠭ ᠵᠠᠬᠢᠷᠭᠠᠨ ᠤ ᠲᠥᠯᠥᠪᠦᠷᠢ 16 ᠵᠦᠶ᠋ᠯ᠂ ᠵᠠᠰᠠᠭ ᠵᠠᠬᠢᠷᠭᠠᠨ ᠤ ᠨᠤᠲᠠᠯᠠᠯᠲᠠ 1  ᠵᠦᠢᠯ᠂ ᠵᠠᠰᠠᠭ ᠵᠠᠬᠢᠷᠭᠠᠨ ᠤ ᠰᠢᠢᠳᠭᠡᠯ 7 ᠵᠦᠢᠯ ᠪᠣᠶ᠃ ᠡᠮᠦᠨᠡᠬᠢ ᠬᠤᠭᠤᠴᠠᠭᠠᠨ ᠳᠤ ᠨᠢᠭᠡᠨᠲᠡ 1 ᠠᠵᠢᠯᠲᠠᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠴᠣᠩᠬᠤᠨ ᠳᠤ ᠲᠣᠬᠢᠷᠠᠭᠤᠯᠪᠠ᠃ ᠨᠢᠭᠡ ᠳᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠮᠠᠨ ᠤ ᠲᠣᠪᠴᠢᠶ᠎ᠠ ᠪᠠᠷᠢᠮᠵᠢᠶ᠎ᠠ ᠶᠣᠰᠣᠭᠠᠷ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠠᠬᠢ ᠥᠨᠳᠥᠷ ᠳᠠᠪᠲᠠᠮᠵᠢᠲᠤ ᠵᠦᠢᠯᠡᠰ ᠢ ᠲᠣᠭᠲᠠᠭᠠᠪᠠ᠄ 1 ᠵᠦᠢᠯ ᠤᠨ ᠵᠠᠰᠠᠭ ᠵᠠᠬᠢᠷᠭᠠᠨ ᠤ ᠨᠤᠲᠠᠯᠠᠯᠲᠠ ︵ᠵᠡᠮᠳᠡᠭ ᠤᠨ ᠲᠠᠰ ᠢ ᠦᠨᠡᠯᠡᠨ ᠲᠣᠭᠲᠠᠭᠠᠬᠤ︶᠂ 1 ᠵᠦᠢᠯ ᠤᠨ ᠵᠠᠰᠠᠭ ᠵᠠᠬᠢᠷᠭᠠᠨ ᠤ ᠥᠭᠭᠦᠯᠲᠡ ︵ᠪᠦᠬᠦᠯᠢ 60 ᠨᠠᠰᠤᠨ ᠠᠴᠠ ᠳᠡᠭᠡᠭᠰᠢᠬᠢ ᠬᠥᠳᠡᠭᠡ ᠲᠣᠰᠬᠤᠨ ᠤ ᠬᠠᠷᠢᠶ᠎ᠠ ᠲᠠᠢ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠳᠤ ᠬᠠᠷᠠᠭᠠᠯᠵᠠᠯ ᠦᠵᠡᠭᠦᠯᠬᠦ︶ ᠶᠢᠨ ᠦᠶ᠋ᠯᠡᠴᠢᠯᠡᠭᠡᠨ ᠤ ᠵᠦᠭᠯᠡᠭᠦᠷ ᠪᠣᠯᠤᠨ᠎ᠠ᠃ ᠲᠤᠰᠬᠠᠶ ᠬᠥᠮᠦᠨ ᠵᠢᠭᠠᠨ ᠲᠣᠭᠲᠠᠭᠠᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ ᠤᠨ ᠨᠠᠷᠢᠨ ᠲᠠᠩᠰᠠ ᠶᠢ 24 ᠵᠤᠷᠪᠤᠰ ᠡᠮᠬᠢᠯᠡᠬᠦ ᠶᠢᠨ ᠬᠠᠮᠲᠤ ᠪᠦᠬᠦᠨ ᠢ ᠲᠣᠭᠲᠠᠭᠠᠯ ᠶᠣᠰᠣᠭᠠᠷ ᠰᠢᠰᠲ᠋ᠧᠮ ᠳᠤ ᠣᠷᠣᠭᠤᠯᠬᠤ ᠠᠵᠢᠯ ᠢ ᠪᠡᠶᠡᠯᠡᠭᠦᠯᠪᠡ᠃  ᠬᠤᠶᠠᠷ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠠᠨ ᠤ ᠲᠣᠪᠴᠢᠶ᠎ᠠ ︽ᠬᠡᠰᠡᠭ ᠠᠰᠠᠷᠠᠨ ᠬᠠᠷᠠᠭᠠᠯᠵᠠᠬᠤ ᠡᠲᠡᠭᠡᠳ ᠢ ᠮᠠᠭᠠᠳᠯᠠᠨ ᠲᠣᠭᠲᠠᠭᠠᠬᠤ ᠬᠡᠪᠴᠢᠶ᠎ᠡ ᠵᠢᠴᠢ ᠠᠵᠢᠯ ᠤᠨ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ᠳᠤ ᠲᠣᠭᠲᠠᠭᠠᠭᠰᠠᠨ ᠠᠵᠢᠯ ᠤᠨ ᠵᠢᠷᠤᠮ ᠢ ᠴᠢᠩᠭ᠎ᠠ ᠵᠢᠷᠤᠮᠯᠠᠨ ᠪᠦᠬᠦᠯᠢ 60 ᠨᠠᠰᠤᠨ ᠠᠴᠠ ᠳᠡᠭᠡᠭᠰᠢᠬᠢ ᠬᠥᠳᠡᠭᠡ ᠲᠣᠰᠬᠤᠨ ᠤ ᠡᠷᠦᠬᠡ ᠠᠮᠠ ᠲᠠᠢ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠢ ᠮᠠᠭᠠᠳᠯᠠᠨ ᠲᠣᠭᠲᠠᠭᠠᠬᠤ᠂ ᠭᠥᠯᠢᠶᠡᠨ ᠠᠪᠴᠤ ᠰᠢᠶ᠋ᠳᠪᠦᠷᠢᠯᠡᠬᠦ ᠪᠠ ᠳᠡᠭᠡᠭᠰᠢ ᠮᠡᠳᠡᠭᠦᠯᠬᠦ ᠠᠵᠢᠯ ᠢ ᠥᠷᠨᠢᠭᠦᠯᠵᠦ᠂ ᠬᠥᠳᠡᠭᠡ ᠲᠣᠰᠬᠤᠨ ᠤ ᠡᠷᠦᠬᠡ ᠠᠮᠠ ᠲᠠᠢ ᠡᠨᠡ ᠬᠡᠰᠡᠭ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠲᠤ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠣᠯᠭᠤᠬᠤ ᠶᠢ ᠦᠨᠡᠨ ᠬᠦ ᠪᠠᠲᠤᠯᠠᠪᠠ᠃ 60 ᠪᠦᠬᠦᠯᠢ ᠨᠠᠰᠤᠨ ᠠᠴᠠ ᠳᠡᠭᠡᠭᠰᠢᠬᠢ ᠬᠥᠳᠡᠭᠡ ᠲᠣᠰᠬᠤᠨ ᠳᠤ ᠨᠤᠲᠤᠭ ᠲᠠᠢ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠤᠨ ᠲᠤᠰᠬᠠᠭᠰᠠᠨ ᠢᠶᠠᠷ᠂ ᠲᠠᠳᠠ ᠨᠠᠰᠤᠲᠠᠶᠢᠴᠤᠳ ᠤᠨ ᠠᠮᠢᠳᠤᠷᠠᠯ ᠤᠨ ᠨᠥᠬᠦᠪᠥᠷᠢ ᠭᠤᠶᠤᠴᠢᠯᠠᠬᠤ ᠦᠶ᠎ᠡ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠥᠬᠡᠶ ᠭᠡᠷᠡᠴᠢ ᠭᠠᠷᠭᠠᠬᠤ ᠴᠢᠬᠤᠯᠠᠲᠠᠶ᠂ ᠨᠡᠶᠢᠭᠡᠮ ᠤᠨ ᠪᠠᠲᠤᠯᠠᠭ᠎ᠠ ᠶᠢᠨ ᠲᠥᠪ ᠲᠤ ᠣᠴᠢᠵᠤ ᠭᠡᠷᠡᠴᠢ ᠭᠠᠷᠭᠠᠬᠤ ᠳᠤ ᠪᠡᠷᠬᠡᠰᠢᠶᠡᠬᠦ ᠰᠡᠳᠬᠢᠯᠭᠡ ᠲᠠᠢ ᠪᠠᠶᠢᠬᠤ ᠶᠢᠨ ᠳᠡᠭᠡᠷ᠎ᠡ ᠵᠠᠮ ᠬᠤᠯᠠ ᠤᠴᠢᠷ ᠶᠠᠪᠤᠳᠠᠯ ᠰᠢᠶ᠋ᠳᠪᠦᠷᠢᠯᠡᠬᠦ ᠳᠤ ᠳᠥᠭᠦᠮ ᠦᠭᠡᠢ ᠪᠠᠶᠢᠨ᠎ᠠ ᠃ ᠡᠲᠡᠭᠡᠷ ᠨᠡᠶᠢᠲᠡᠯᠢᠭ ᠴᠢᠨᠠᠷᠲᠠᠶ ᠠᠰᠠᠭᠤᠳᠠᠯ ᠳᠤ ᠴᠢᠭᠯᠡᠭᠦᠯᠦᠨ᠂ ᠮᠠᠨ ᠤ ᠲᠣᠪᠴᠢᠶ᠎ᠠ 2019 ᠣᠨ ᠤ 10 ᠰᠠᠷ᠎ᠠ ᠳᠤ ᠨᠢᠭᠡᠨᠲᠡ ᠴᠡᠭᠴᠡᠯᠡᠨ ᠰᠠᠶᠢᠵᠢᠷᠠᠭᠤᠯᠬᠤ ᠲᠣᠭᠲᠠᠭᠠᠯ ᠭᠠᠷᠭᠠᠵᠤ᠂ ᠭᠥᠯᠢᠶᠡᠨ ᠠᠪᠴᠤ ᠰᠢᠶ᠋ᠳᠪᠦᠷᠢᠯᠡᠭᠰᠡᠨ ᠪᠦᠬᠦᠯᠢ 60 ᠨᠠᠰᠤᠨ ᠠᠴᠠ ᠳᠡᠭᠡᠭᠰᠢᠬᠢ ᠬᠥᠳᠡᠭᠡ ᠲᠣᠰᠬᠤᠨ ᠤ ᠬᠠᠷᠢᠶ᠎ᠠ ᠲᠠᠢ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠤᠨ ᠳᠤᠷᠠᠳᠤᠭᠰᠠᠨ ᠭᠤᠶᠤᠴᠢᠯᠠᠯ ᠪᠦᠬᠦᠨ ᠳᠤ ᠴᠥᠮ ᠲᠣᠰ ᠬᠥᠮᠦᠨ ᠢ ᠨᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠥᠬᠡᠶ ᠭᠡᠷᠡᠴᠢ ᠬᠠᠩᠭᠠᠯᠭᠠᠬᠤ ᠪᠠᠷ ᠱᠠᠭᠠᠷᠳᠠᠬᠤ ᠥᠬᠡᠶ ᠪᠠᠶᠢᠵᠤ᠂ ᠨᠢᠭᠡᠳᠦᠯᠲᠡᠶ ᠪᠠᠷ ᠮᠠᠨ ᠤ ᠲᠣᠪᠴᠢᠶ᠎ᠠ ᠳᠤ ᠲᠤᠰᠢᠶᠠᠵᠤ ᠨᠡᠶᠢᠭᠡᠮ ᠤᠨ ᠳᠠᠭᠠᠳᠬᠠᠯ ᠤᠨ ᠲᠥᠪ ᠲᠤ ᠲᠥᠪᠯᠡᠷᠡᠭᠦᠯᠦᠨ ᠭᠤᠶᠤᠴᠢᠯᠠᠭᠴᠢ ᠳᠤ ᠭᠡᠷᠡᠴᠢ ᠰᠢᠯᠵᠢᠭᠦᠯᠦᠨ ᠠᠪᠴᠤ ᠥᠭᠭᠦᠨ᠎ᠡ᠃ᠰᠣᠷᠪᠤᠯᠵᠢᠯᠠᠭᠴᠢ᠄ ᠲᠠᠷᠠᠭᠠᠴᠢ ᠶᠢᠨ ᠠᠯᠬᠤᠮ ᠤᠨ ᠠᠬᠢᠭᠤᠯᠬᠤ ᠠᠷᠭ᠎ᠠ ᠬᠡᠮᠵᠢᠶ᠎ᠡ︖ ᠰᠤᠷᠪᠤᠯᠵᠢᠯᠠᠭᠰᠠᠨ ᠵᠣᠴᠢᠨ᠄ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ︽ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠨᠠᠶᠢᠳᠠᠪᠤᠷᠢᠵᠢᠭᠤᠯᠬᠤ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠨᠠᠷᠢᠨ ᠬᠢᠨᠠᠮᠠᠭᠠᠶ ᠰᠤᠳᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠵᠤᠷᠪᠤᠰ ᠳᠠᠷᠠᠭᠠᠯᠠᠨ ᠡᠮᠬᠢᠯᠡᠵᠦ᠂ ᠮᠠᠨ ᠤ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠯᠲᠠᠭᠠᠨ ᠢ ᠨᠠᠷᠢᠨ ᠬᠢᠨᠠᠮᠠᠭᠠᠶ ᠪᠠᠶᠢᠴᠠᠭᠠᠵᠤ᠂ ᠲᠥᠷᠥ ᠶᠢᠨ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠨᠠᠷᠢᠯᠢᠬᠵᠢᠭᠤᠯᠵᠤ᠂ ᠲᠥᠷᠥ ᠶᠢᠨ ᠪᠣᠳᠣᠯᠭ᠎ᠠ ᠶᠢ ᠦᠨᠡᠯᠡᠨ ᠵᠢᠱᠢᠵᠦ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠪᠠ᠃ᠵᠠᠰᠠᠭ ᠤᠨ ᠶᠠᠪᠤᠳᠠᠯ ᠢ ᠢᠯᠡ ᠪᠣᠯᠭᠠᠬᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯᠲᠠᠨ ᠢ ᠭᠦᠶ᠋ᠴᠡᠳ ᠪᠥᠭᠡᠳ ᠴᠢᠩᠭ᠎ᠠ ᠳᠣᠭᠢᠷᠠᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠶᠢᠰᠢᠳᠠ᠂ ᠢᠯᠡ ᠪᠠᠷ ᠨᠡᠶᠢᠲᠡᠯᠡᠬᠦ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠦᠬᠦᠨ ᠳᠤ ᠡᠷᠬᠡᠪᠰᠢ ᠪᠢᠴᠢᠭ ᠮᠠᠲ᠋ᠧᠷᠢᠶᠠᠯ ᠲᠤᠬᠢᠷᠠᠭᠤᠯᠤᠨ ᠤᠩᠰᠢᠨ ᠲᠠᠶᠢᠯᠪᠤᠷᠢᠯᠠᠬᠤ ᠬᠡᠷᠡᠭᠲᠡᠶ᠂ ᠡᠷᠬᠡᠪᠰᠢ ᠵᠠᠰᠠᠭ ᠣᠨ ᠣᠷᠳᠣᠨ ᠤ ᠫᠤᠷᠲ᠋ᠧᠯ ᠰᠦᠯᠵᠢᠶᠡᠨ ᠳᠡᠭᠡᠷ᠎ᠡ ᠨᠡᠶᠢᠲᠡᠯᠡᠵᠦ᠂ ᠵᠠᠰᠠᠭ ᠣᠨ ᠶᠠᠪᠤᠳᠠᠯ ᠢ ᠢᠯᠡ ᠪᠣᠯᠭᠠᠬᠤ ᠶᠢ ᠰᠠᠯᠭᠠᠬᠤ ᠥᠬᠡᠶ᠂ ᠨᠡᠶᠢᠲᠡᠯᠡᠬᠦ ᠠᠴᠠ ᠪᠢᠰᠢ ᠤᠩᠰᠢᠨ ᠲᠠᠶᠢᠯᠪᠤᠷᠢᠯᠠᠬᠤ ᠥᠬᠡᠶ ᠪᠠᠶ᠋ᠬᠤ ᠵᠡᠷᠭᠡ ᠠᠰᠠᠭᠤᠳᠠᠯ ᠢ ᠲᠦᠢᠯᠪᠤᠷᠢᠲᠠᠶ ᠰᠢᠶ᠋ᠳᠪᠦᠷᠢᠯᠡᠬᠦ ᠬᠡᠷᠡᠭᠲᠡᠶ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号