ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ  ᠶᠢ ᠰᠠᠶᠢᠲᠤᠷ ᠬᠢᠶ᠎ᠡ
ᠨᠡᠶᠢᠲᠡᠯᠡᠭᠰᠡᠨ ᠴᠠᠭ᠄
2020/12/20
ᠰᠤᠷᠪᠤᠯᠵᠢᠯᠠᠭᠰᠠᠨ ᠵᠣᠴᠢᠨ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠠᠯᠲᠠᠨᠪᠠᠭᠠᠨ᠎ᠠ᠃
ᠰᠤᠷᠪᠤᠯᠵᠢᠯᠠᠭᠰᠠᠨ ᠴᠠᠭ᠄ 2020 ᠣᠨ ᠤ 12 ᠳ᠋ᠤᠭᠠᠷ ᠰᠠᠷ᠎ᠠ ᠶᠢᠨ 4 ᠤ ᠡᠳᠦᠷ ᠰᠣᠷᠪᠣᠯᠵᠢᠯᠠᠭᠴᠢ᠄ 2020 ᠣᠨ ᠤ ᠮᠠᠨ ᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ᠰᠤᠷᠪᠤᠯᠵᠢᠯᠠᠭᠰᠠᠨ ᠵᠣᠴᠢᠨ᠄ ᠡᠨᠡ ᠵᠢᠯ ᠠᠴᠠ ᠨᠠᠰᠢ᠂ ᠮᠠᠨ ᠤ ᠲᠣᠪᠴᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠷᠠᠳ ᠤᠨ ᠡᠷᠬᠡ ᠶᠢ ᠨᠠᠶᠢᠳᠠᠪᠤᠷᠢᠵᠢᠭᠤᠯᠬᠤ ᠪᠠᠷ ᠬᠠᠷᠠᠯᠲᠠ ᠪᠣᠯᠭᠠᠵᠤ᠂ ︽ᠬᠥᠮᠦᠨ ᠢᠶᠠᠷ ᠦᠨᠳᠦᠰᠦ ᠪᠣᠯᠭᠠᠬᠤ᠂ ᠠᠷᠠᠳ ᠤᠨ ᠬᠦᠴᠢᠷᠳᠡᠯ ᠢ ᠰᠢᠢᠳᠪᠥᠷᠢᠯᠡᠭᠦ᠂ ᠠᠷᠠᠳ ᠲᠦᠮᠡᠨ ᠳᠤ ᠦᠢᠯᠡᠴᠢᠯᠡᠭᠦ ᠠᠵᠢᠯ ᠤᠨ ᠵᠣᠷᠢᠯᠲᠠ︾ ᠶᠢ ᠪᠠᠷᠢᠮᠲᠠᠯᠠᠨ᠂ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ ᠤᠨ ᠲᠣᠭᠲᠠᠭᠤᠨ᠂ ᠵᠣᠬᠢᠴᠠᠩᠭᠤᠶ᠂ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠡᠳᠦᠭᠡ ᠨᠢᠭᠡ ᠵᠢᠯ ᠤᠨ ᠲᠤᠷᠰᠢᠬᠢ ᠠᠵᠢᠯ ᠢ ᠥᠷᠨᠢᠭᠦᠯᠦᠭᠰᠡᠨ ᠪᠠᠶᠢᠳᠠᠯ ᠢ ᠳᠣᠣᠷᠠᠬᠢ ᠮᠡᠲᠦ ᠳ᠋ᠦᠩᠨᠡᠶ᠎ᠡ᠃ ᠨᠢᠭᠡ᠂ 2020 ᠣᠨ ᠤ ᠠᠷᠠᠳ ᠤᠨ ᠶᠠᠪᠤᠳᠠᠯ ᠤᠨ ᠠᠵᠢᠯ ᠢ ᠥᠷᠨᠢᠭᠦᠯᠦᠭᠰᠡᠨ ᠪᠠᠶᠢᠳᠠᠯ1 . ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠯᠠᠪᠳᠠᠭᠤᠨ ᠪᠠᠲᠤᠲᠠᠶ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠨᠢᠭᠡ ᠳᠤ᠂ ︽ᠪᠤᠭᠤᠲᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ ᠢ ᠮᠠᠭᠠᠳᠯᠠᠨ ᠲᠣᠭᠲᠠᠭᠠᠬᠤ ᠠᠷᠭ᠎ᠠ︾ ᠶᠣᠰᠣᠭᠠᠷ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠵᠦ᠂ ᠣᠳᠣᠬᠠᠨ ᠳᠤ ᠪᠥᠬᠦ ᠬᠤᠰᠢᠭᠤᠨ ᠳᠤ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ 210 ᠡᠷᠦᠬᠡ ᠶᠢᠨ 317 ᠬᠥᠮᠦᠨ ᠪᠠᠶᠢᠵᠤ᠂ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ 209 . 32 ᠲᠦᠮᠡᠨ ᠲᠥᠭᠦᠷᠢᠭ ᠲᠠᠷᠬᠠᠭᠠᠪᠠ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ 1212 ᠡᠷᠦᠬᠡ 2184 ᠬᠥᠮᠦᠨ ᠪᠠᠶᠢᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ 931 . 12 ᠲᠦᠮᠡᠨ ᠲᠥᠭᠦᠷᠢᠭ ᠲᠠᠷᠬᠠᠭᠠᠪᠠ᠃ ᠬᠤᠶᠠᠷ ᠲᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠢᠭᠡᠳ ᠶᠠᠳᠠᠭᠤ ᠶᠢ ᠲᠡᠳᠬᠦᠬᠦ ᠶᠢ ᠲᠥᠷᠥ ᠶᠢᠨ ᠪᠣᠳᠣᠯᠭ᠎ᠠ᠂ ᠡᠲᠡᠭᠡᠳ᠂ ᠪᠠᠷᠢᠮᠵᠢᠶ᠎ᠠ᠂ ᠬᠠᠮᠢᠶᠠᠷᠤᠯᠲᠠ ᠵᠡᠷᠭᠡ ᠲᠠᠯ᠎ᠠ ᠪᠠᠷ ᠪᠦᠲᠦᠮᠵᠢᠲᠡᠶ ᠵᠣᠯᠭᠠᠭᠤᠯᠬᠤ ᠶᠢ ᠲᠦᠷᠭᠡᠳᠬᠡᠨ ᠠᠬᠢᠭᠤᠯᠵᠤ᠂ ᠦᠨᠳᠦᠰᠦᠨ ᠵᠦᠶ᠋ᠯ ᠢ ᠪᠠᠲᠤᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠨᠥᠬᠦᠴᠡᠯ ᠳᠤ ᠨᠡᠶᠢᠴᠡᠬᠦ ᠲᠠᠩᠰᠠ ᠪᠠ ᠺᠠᠷᠲ ᠲᠠᠢ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠬᠡᠷ ᠪᠦᠯᠢ ᠶᠢ ᠪᠦᠬᠦᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯᠲᠡᠶ ᠬᠥᠮᠦᠰ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠨ᠎ᠠ᠂ ᠣᠳᠣᠬᠠᠨ ᠳᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ ᠤᠨ ᠳᠣᠲᠣᠷ᠎ᠠ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ 245 ᠡᠷᠦᠬᠡ ᠶᠢᠨ 370 ᠬᠥᠮᠦᠨ ᠪᠣᠶ᠃ 16 ᠡᠷᠦᠬᠡ 29 ᠬᠥᠮᠦᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠬᠥᠮᠦᠨ ᠠᠮᠠ ︽ᠠᠭᠠᠵᠢᠮ ᠢᠶᠠᠷ ᠤᠬᠤᠷᠢᠨ ᠭᠠᠷᠬᠤ ᠬᠤᠭᠤᠴᠠᠭ᠎ᠠ︾ ᠳᠤ ᠣᠷᠣᠵᠤ᠂ ᠪᠦᠬᠦᠯᠢ 60 ᠨᠠᠰᠤᠨ ᠠᠴᠠ ᠳᠡᠭᠡᠭᠰᠢᠬᠢ ᠪᠤᠶᠤ ᠬᠤᠶᠠᠳᠤᠭᠠᠷ ᠳᠡᠰ ᠠᠴᠠ ᠳᠡᠭᠡᠭᠰᠢᠬᠢ ᠵᠡᠮᠳᠡᠭ ᠶᠠᠳᠠᠭᠤ ᠬᠦᠴᠢᠷᠳᠡᠯᠲᠡᠶ ᠡᠷᠦᠬᠡ ᠳᠤ ᠦᠨᠳᠦᠰᠦᠨ ᠵᠦᠢᠯ ᠢ ᠪᠠᠲᠤᠯᠠᠬᠤ ᠶᠢ ᠬᠡᠷᠡᠭᠵᠢᠭᠦᠯᠵᠦ᠂ 2019 ᠣᠨ ᠳᠤ 617 ᠬᠥᠮᠦᠨ ᠤ ᠦᠨᠳᠦᠰᠦᠨ ᠵᠦᠢᠯ ᠢ ᠪᠠᠲᠤᠯᠠᠵᠤ᠂ ᠠᠷᠠᠳ ᠤᠨ ᠶᠠᠪᠤᠳᠠᠯ ᠤᠨ ᠵᠠᠷᠤᠯᠭ᠎ᠠ ᠶᠢᠨ ᠨᠥᠬᠦᠪᠥᠷᠢ ᠮᠥᠩᠭᠦ 45 . 85 ᠲᠦᠮᠡᠨ ᠲᠥᠭᠦᠷᠢᠭ ᠲᠤ ᠬᠦᠷᠴᠡᠶ᠃ 2 . ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠠᠵᠢᠯ ᠢ ᠤᠷᠤᠭᠰᠢᠲᠠᠶ ᠥᠷᠨᠢᠭᠦᠯᠪᠡ᠃ ᠨᠢᠭᠡ ᠳᠤ᠂ ᠰᠢᠨ᠎ᠡ ︽ᠲᠠᠪᠤᠨ ᠪᠠᠲᠤᠯᠠᠭᠠᠲᠤ ᠡᠷᠦᠬᠡ ᠶᠢ ᠠᠰᠠᠷᠠᠨ ᠲᠡᠵᠢᠭᠡᠬᠦ ᠲᠦᠷᠢᠮ︾ ᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2020 ᠣᠨ ᠳᠤ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠢ ᠰᠠᠯᠭᠠᠨ ᠠᠰᠠᠷᠠᠨ ᠲᠡᠵᠢᠭᠡᠬᠦ ᠪᠠ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ ᠶᠢ ᠪᠦᠬᠦᠨ ᠢ ᠬᠥᠮᠦᠨ ᠪᠦᠷᠢ ᠵᠢᠯ ᠳᠤ 10000 ᠲᠥᠭᠦᠷᠢᠭ ᠲᠤ ᠬᠦᠷᠭᠡᠵᠦ᠂ ᠬᠤᠲᠠ ᠪᠠᠯᠭᠠᠰᠤᠨ ᠤ ︽ᠭᠤᠷᠪᠠ ᠥᠬᠡᠶ︾ ᠬᠥᠮᠦᠰ ᠢ ᠰᠠᠯᠭᠠᠨ ᠠᠰᠠᠷᠠᠨ ᠲᠡᠵᠢᠭᠡᠬᠦ ᠪᠠ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ ᠶᠢ ᠪᠦᠬᠦᠨ ᠢ ᠬᠥᠮᠦᠨ ᠪᠦᠷᠢ ᠰᠠᠷ᠎ᠠ ᠳᠤ 1600 ᠲᠥᠭᠦᠷᠢᠭ ᠲᠤ ᠬᠦᠷᠭᠡᠨ᠎ᠡ᠃ ᠬᠤᠶᠠᠷ ᠲᠤ᠂ ᠣᠨᠴᠠ ᠬᠦᠴᠢᠷᠳᠡᠯᠲᠡᠶ 680 ᠣᠨᠴᠠ ᠬᠦᠴᠢᠷᠳᠡᠯᠲᠡᠶ ᠬᠥᠮᠦᠰ ᠲᠤ 695 . 66 ᠲᠦᠮᠡᠨ ᠲᠥᠭᠦᠷᠢᠭ ᠤᠨ ᠠᠰᠠᠷᠠᠨ ᠲᠡᠵᠢᠭᠡᠬᠦ ᠮᠥᠩᠭᠦ ᠣᠯᠭᠤᠵᠤ᠂ 43 ᠬᠤᠲᠠ ᠪᠠᠯᠭᠠᠰᠤᠨ ᠤ ︽ᠭᠤᠷᠪᠠ ᠥᠬᠡᠶ︾ ᠬᠥᠮᠦᠰ ᠲᠤ 80 . 16 ᠲᠦᠮᠡᠨ ᠲᠥᠭᠦᠷᠢᠭ ᠤᠨ ᠠᠰᠠᠷᠠᠨ ᠲᠡᠵᠢᠭᠡᠬᠦ ᠮᠥᠩᠭᠦ ᠣᠯᠭᠤᠪᠠ᠃ ᠡᠭᠦᠨ ᠳᠤ ᠣᠨᠴᠠ ᠬᠦᠴᠢᠷᠳᠡᠯᠲᠡᠶ 19 ᠡᠷᠦᠬᠡ 19 ᠶᠢᠨ ᠶᠠᠳᠠᠭᠤ ᠬᠦᠴᠢᠷᠳᠡᠯᠲᠡᠶ ᠬᠥᠮᠦᠰ ᠪᠣᠶ᠃ 3 . ︽ᠣᠷᠤᠭ ᠤᠨ ᠬᠠᠤᠯᠢ︾ ᠪᠠ ︽ᠰᠢᠨ᠎ᠡ ᠣᠷᠤᠭ ᠳᠠᠩᠰᠠᠯᠠᠬᠤ ᠲᠦᠷᠢᠮ︾ ᠢ ᠶᠡᠬᠡᠪᠡᠷ ᠤᠬᠠᠭᠤᠯᠵᠤ᠂ ᠣᠷᠤᠭ ᠳᠠᠩᠰᠠᠯᠠᠬᠤ ᠠᠵᠢᠯ ᠢ ᠵᠢᠷᠤᠮᠵᠢᠭᠤᠯᠤᠨ᠂ ᠣᠷᠤᠭ ᠳᠠᠩᠰᠠᠯᠠᠬᠤ ᠪᠣᠭᠤᠮᠲᠠ ᠶᠢ ᠴᠢᠩᠭ᠎ᠠ ᠠᠳᠬᠤᠨ᠎ᠠ᠃ ᠣᠷᠤᠭ ᠳᠠᠩᠰᠠᠯᠠᠭᠤᠯᠬᠤ 577 ᠬᠤᠤᠰ᠂ ᠣᠷᠤᠭ ᠰᠠᠯᠬᠤ ᠳᠠᠩᠰᠠᠯᠠᠭᠤᠯᠤᠯᠲᠠ ᠬᠢᠬᠦ 253 ᠬᠤᠤᠰ᠂ ᠨᠥᠬᠦᠨ ᠭᠦᠶ᠋ᠴᠡᠳᠬᠡᠬᠦ 550 ᠬᠤᠤᠰ᠃4 . ᠣᠷᠣᠰᠢᠭᠤᠯᠭ᠎ᠠ ᠶᠢᠨ ᠭᠠᠵᠠᠷ ᠤᠨ ᠨᠥᠬᠦᠴᠡᠯ ᠢ ᠰᠠᠶᠢᠵᠢᠷᠠᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ 193 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠣᠷᠣᠰᠢᠭᠤᠯᠭ᠎ᠠ ᠶᠢᠨ ᠭᠠᠵᠠᠷ ᠲᠤ ᠮᠣᠳᠣ ᠲᠠᠷᠢᠬᠤ᠂ ᠭᠡᠷ ᠪᠠᠢᠰᠢᠩ ᠢ ᠰᠡᠯᠪᠢᠨ ᠵᠠᠰᠠᠬᠤ᠂ ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ ᠶᠢ ᠥᠷᠭᠡᠳᠬᠡᠬᠦ᠂ ᠬᠢᠨᠠᠨ ᠡᠵᠡᠮᠳᠡᠬᠦ᠂ ᠭᠠᠯ ᠢᠶᠠᠷ ᠳᠡᠭᠳᠡᠭᠡᠬᠦ ᠮᠠᠰᠢᠨ ᠬᠤᠳᠠᠯᠳᠤᠨ ᠠᠪᠬᠤ᠂ ᠵᠤᠤᠬ᠎ᠠ ᠰᠢᠲᠠᠭᠠᠬᠤ᠂ ᠬᠥᠯᠳᠡᠭᠡᠬᠦ ᠬᠤᠷᠭᠤ ᠰᠢᠲᠠᠭᠠᠨ᠎ᠠ᠃ 5 . ︽ᠨᠡᠶᠢᠭᠡᠮ ᠤᠨ ᠪᠦᠯᠬᠦᠮ ᠤᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ︾᠂ ︽ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠪᠠ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ 22 ᠠᠵᠢᠯ ᠲᠥᠷᠥᠯ ᠤᠨ ᠨᠡᠶᠢᠭᠡᠮᠯᠢᠭ ᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠠᠯᠭᠠᠬᠤ ᠡᠭᠦᠷᠭᠡ ᠶᠢ ᠪᠡᠶᠡᠯᠡᠭᠦᠯᠦᠨ᠎ᠡ᠃6 . ᠪᠦᠬᠦᠯᠢ 60 ᠨᠠᠰᠤᠨ ᠠᠴᠠ ᠳᠡᠭᠡᠭᠰᠢᠬᠢ 286 ᠨᠠᠰᠤᠲᠠᠶᠢᠴᠤᠳ ᠲᠤ ᠨᠠᠰᠤᠲᠠᠶᠢᠴᠤᠳ ᠤᠨ ᠬᠠᠶᠢᠷ᠎ᠠ ᠬᠠᠯᠠᠮᠵᠢ ᠶᠢᠨ ᠺᠠᠷᠲ ᠣᠯᠭᠤᠵᠤ᠂ ᠪᠦᠬᠦᠯᠢ 80 ᠨᠠᠰᠤᠨ ᠠᠴᠠ ᠳᠡᠭᠡᠭᠰᠢᠬᠢ 2641 ᠨᠠᠰᠤᠲᠠᠶᠢᠴᠤᠳ ᠲᠤ ᠥᠨᠳᠥᠷ ᠨᠠᠰᠤᠨ ᠤ ᠨᠡᠮᠡᠭᠦᠷᠢ 308 . 92 ᠲᠦᠮᠡᠨ ᠲᠥᠭᠦᠷᠢᠭ ᠣᠯᠭᠤᠪᠠ᠃ ᠰᠣᠷᠪᠣᠯᠵᠢᠯᠠᠭᠴᠢ᠄ ᠮᠠᠨ ᠤ ᠲᠣᠪᠴᠢᠶᠠᠨ ᠤ ᠳᠠᠷᠠᠭ᠎ᠠ ᠠᠯᠬᠤᠮ ᠤᠨ ᠠᠵᠢᠯ ᠶᠢᠨ ᠲᠥᠯᠥᠪᠯᠡᠭᠡ ᠶᠢ ᠶᠠᠷᠢᠭᠠᠷᠠᠶ︖ ᠰᠤᠷᠪᠤᠯᠵᠢᠯᠠᠭᠰᠠᠨ ᠵᠣᠴᠢᠨ᠄  ᠨᠢᠭᠡ ᠳᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠢ ᠵᠢᠷᠤᠮᠵᠢᠭᠤᠯᠵᠤ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ︾ ᠶᠢ ᠭᠦᠶ᠋ᠴᠡᠳᠬᠡᠨ᠎ᠡ᠃ ᠬᠤᠶᠠᠷ ᠲᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠡᠯ᠎ᠡ ᠵᠦᠢᠯ ᠤᠨ ᠲᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠠᠵᠢᠯ ᠤᠨ ᠬᠡᠪ ᠢᠶᠠᠷ ᠶᠠᠪᠤᠭᠳᠠᠬᠤ ᠶᠢ ᠪᠠᠲᠤᠯᠠᠨ᠎ᠠ᠃ ᠭᠤᠷᠪᠠ ᠳᠤ᠂ ︽ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠠᠷᠪᠠᠨ ᠨᠢᠭᠡᠳᠦᠭᠡᠷ ᠬᠤᠭᠤᠴᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠵᠦ᠂ ᠰᠢᠨ᠎ᠡ ᠨᠢᠭᠡᠨ ᠬᠤᠭᠤᠴᠠᠭᠠᠨ ᠤ ᠭᠠᠴᠠᠭ᠎ᠠ ᠲᠣᠰᠬᠤᠨ ᠤ ᠵᠥᠪᠯᠡᠯ ᠤᠨ ᠰᠣᠩᠭᠤᠭᠳᠠᠭᠰᠠᠨ ᠺᠠᠳ ᠷ᠊ ᠢ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠵᠦ᠂ ᠤᠯᠤᠰ ᠲᠥᠷᠥ ᠶᠢᠨ ᠣᠨᠣᠯ ᠤᠨ ᠬᠢᠷᠢ ᠬᠡᠮᠵᠢᠶ᠎ᠡ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃  ᠳᠥᠷᠪᠡ ᠳᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠦᠢᠯᠡᠴᠢᠯᠡᠭᠡᠨ ᠢ ᠵᠢᠷᠤᠮᠵᠢᠭᠤᠯᠬᠤ ᠶᠠᠪᠤᠳᠠᠯ ᠢ ᠠᠷᠠᠳ ᠤᠨ ᠶᠠᠪᠤᠳᠠᠯ ᠤᠨ ᠠᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠨ ᠠᠳᠬᠤᠬᠤ ᠬᠡᠷᠡᠭᠲᠡᠶ᠃  ᠳᠠᠪᠤ ᠳᠤ᠂ ︽ᠰᠢᠨ᠎ᠡ ᠤᠷᠤᠭ ᠤᠨ ᠪᠦᠷᠢᠳᠬᠡᠯ ᠤᠨ ᠳᠦᠷᠢᠮ︾ ᠢ ᠬᠢᠨᠠᠮᠠᠭᠠᠶ ᠲᠤᠤᠱᠯᠠᠭᠤᠯᠵᠤ᠂ ᠤᠷᠤᠭ ᠤᠨ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃ ᠵᠢᠷᠭᠤᠭ᠎ᠠ ᠳᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠹᠸᠤᠳᠠᠯ ᠤᠨ ᠮᠤᠬᠤᠷ ᠪᠢᠰᠢᠷᠡᠯ ᠤᠨ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠣᠷᠣᠰᠢᠭᠤᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠢ ᠢᠯᠭᠠᠷᠠᠭᠤᠯᠤᠨ ᠴᠡᠭᠴᠡᠯᠡᠬᠦ ᠠᠵᠢᠯ ᠢ ᠴᠢᠩᠭᠠᠳᠬᠠᠨ᠂ ︽ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠦᠷᠢᠮ︾ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠳᠥᠷᠪᠡ ᠳᠤ ᠣᠷᠣᠨ ᠬᠤᠪᠢᠶᠠᠷᠢᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠳᠤᠲᠠᠭᠤ ᠶᠢ ᠨᠢ ᠪᠠᠶᠢᠴᠠᠭᠠᠨ ᠨᠥᠬᠦᠪᠥᠷᠢᠯᠡᠵᠦ᠂ ᠬᠢᠯᠢ ᠶᠢᠨ ᠵᠢᠭᠤᠷᠠᠯᠳᠤᠭᠠᠨ ᠢ ᠡᠶᠡᠳᠡᠭᠦᠯᠦᠨ ᠰᠢᠶ᠋ᠳᠪᠦᠷᠢᠯᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号