ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠬᠦ ᠲᠤᠬᠠᠶ ᠲᠣᠭᠲᠠᠭᠠᠯ
ᠨᠡᠶᠢᠲᠡᠯᠡᠭᠰᠡᠨ ᠴᠠᠭ᠄
2020/12/20
     ᠪᠤᠭᠤᠲᠤ ᠬᠤᠲᠠ ᠪᠣᠯᠤᠨ ᠮᠠᠨ ᠤ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ᠂ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191  ᠳ᠋ᠥᠭᠡᠷ‌‍ᠷ ᠲᠣᠭᠠᠲᠤ︶ ᠶᠢᠨ ᠲᠣᠭᠲᠠᠭᠠᠯ ᠢ ᠦᠨᠳᠦᠰᠦᠯᠡᠨ᠂ ᠬᠤᠰᠢᠭᠤᠨ ᠠᠷᠠᠳ ᠤᠨ ᠵᠠᠰᠠᠭ ᠤᠨ ᠣᠷᠳᠣᠨ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ︿ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠬᠦᠴᠦᠨ ᠥᠬᠡᠶ ᠪᠣᠯᠭᠠᠬᠤ ᠪᠠᠷ ᠨᠡᠶᠢᠲᠡᠯᠡᠪᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽︿ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠳᠠᠷᠬᠠᠨ ᠵᠠᠰᠠᠭ ᠠᠯᠪᠠᠨ ᠲᠠᠷᠬᠠᠭᠠᠭᠰᠠᠨ 201752 ᠳ᠋ᠤᠭᠠᠷ ᠲᠣᠭᠠᠲᠤ︶ ᠵᠡᠷᠭᠡ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠭᠰᠠᠨ 2 ᠬᠤᠪᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠦᠭᠡᠶ ᠪᠣᠯᠤᠭᠰᠠᠨ ᠢᠶᠠᠷ ᠨᠡᠶᠢᠲᠡᠯᠡᠭᠰᠡᠨ 2 ᠬᠤᠪᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ ᠪᠠᠨ ᠵᠣᠭᠰᠣᠭᠠᠨ᠎ᠠ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠡ ᠦᠷᠭᠦᠯᠵᠢᠯᠡᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃                           ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ                                ᠠᠷᠠᠳ ᠤᠨ ᠵᠠᠰᠠᠭ ᠤᠨ ᠣᠷᠳᠣᠨ                               2020 ᠣᠨ ᠤ 8 ᠳ᠋ᠤᠭᠠᠷ ᠰᠠᠷ᠎ᠠ ᠶᠢᠨ 14 ᠤ ᠡᠳᠦᠷ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号