ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠤᠨ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠢ ︽ᠠᠰᠠᠭᠤᠯᠳᠠ ᠳᠤ ᠦᠭᠬᠦ ᠬᠠᠷᠢᠭᠤᠯᠳᠠ︾ ︵ᠬᠤᠶᠠᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2020/12/20
1. ᠠᠰᠠᠭᠤᠯᠳᠠ᠄ ᠤᠳᠤ ᠶᠢᠨ ︽ᠮᠤᠩᠭᠤᠯ ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ ᠤᠷᠴᠢᠭᠤᠯᠭ᠎ᠠ ᠶᠢᠨ ᠠᠭᠤᠯᠭ᠎ᠠ ᠤᠯᠠᠨ᠂ ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠲᠠᠢ ᠲᠠᠪᠬᠤᠴᠠᠭᠰᠠᠨ ᠠᠭᠤᠯᠭ᠎ᠠ ᠪᠤᠢ᠂ ᠪᠠᠰᠠ ᠵᠠᠷᠢᠮ ᠠᠭᠤᠯᠭ᠎ᠠ ᠨᠢ ᠬᠠᠭᠤᠴᠢᠷᠠᠵᠤ᠂ ᠵᠠᠰᠠᠪᠤᠷᠢ ᠤᠷᠤᠭᠤᠯᠬᠤ ᠳᠠᠭᠠᠨ ᠦᠷᠭᠡᠨ ᠬᠡᠪᠴᠢᠶ᠎ᠡ ᠪᠠᠷ ᠰᠠᠨᠠᠯ ᠬᠤᠷᠢᠶᠠᠭᠰᠠᠨ ᠦᠭᠡᠢ᠃ ᠬᠡᠰᠡᠭ ᠭᠡᠷ ᠤᠨ ᠠᠬᠠᠮᠠᠳ᠂ ᠪᠠᠭᠰᠢ᠂ ᠮᠤᠩᠭᠤᠯ ᠦᠨᠳᠦᠰᠦᠳᠡᠨ ᠤ ᠤᠯᠠᠨ ᠲᠦᠮᠡᠨ ︽ᠮᠤᠩᠭᠤᠯ ᠬᠡᠯᠡ ᠪᠢᠴᠢᠭ︾ ᠤᠨ ᠬᠢᠴᠢᠶᠡᠯ ᠤᠨ ᠲᠡᠪᠳᠡᠷ ᠤᠨ ᠠᠭᠤᠯᠭ᠎ᠠ ᠶᠡᠭᠡ ᠦᠭᠡᠷᠡᠳᠡᠭᠰᠡᠨ ᠭᠡᠵᠤ ᠲᠤᠰᠬᠠᠵᠤ ᠪᠠᠶᠢᠭ᠎ᠠ ᠪᠦᠭᠡᠳ ᠤᠤᠯ ᠤᠨ ᠰᠤᠩᠭᠤᠳᠠᠭ ᠵᠤᠬᠢᠶᠠᠯ ᠢ ᠦᠯᠡᠳᠡᠭᠡᠬᠦ ᠪᠤᠯᠪᠠᠤ ᠭᠡᠵᠤ ᠰᠠᠨᠠᠭᠤᠯᠭ᠎ᠠ ᠭᠠᠷᠭᠠᠪᠠ᠃ ᠡᠨᠡ ᠠᠰᠠᠭᠤᠳᠠᠯ ᠢ ᠰᠢᠢᠳᠪᠦᠷᠢᠯᠡᠵᠦ ᠲᠡᠶᠢᠯᠦᠨ᠎ᠡ ᠤᠤ︖ ᠬᠠᠷᠢᠭᠤᠯᠳᠠ᠄ ᠤᠯᠤᠰ ᠤᠨ ᠵᠢᠭᠠᠬᠤ ᠮᠠᠲ᠋ᠧᠷᠢᠶᠠᠯ ᠨᠠᠶᠢᠷᠠᠭᠤᠯᠬᠤ ᠵᠦᠪᠯᠡᠯ ᠠᠴᠠ 2019 ᠤᠨ ᠳᠤ ᠳᠠᠷᠤᠮᠠᠯᠯᠠᠨ ᠲᠠᠷᠬᠠᠭᠠᠭᠰᠠᠨ ︽ᠪᠦᠬᠦ ᠤᠯᠤᠰ ᠤᠨ ᠶᠡᠭᠡ ᠲᠡᠭᠡᠳᠤ ᠰᠤᠷᠭᠠᠭᠤᠯᠢ ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠳᠠ ᠶᠢᠨ ᠲᠦᠯᠦᠪᠵᠢᠭᠦᠯᠭᠡ ︵2019 — 2022︶︾ ᠬᠢᠭᠡᠳ ︽ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠳᠠ ᠶᠢᠨ ᠠᠷᠭ᠎ᠠ︾ ᠶᠢ ᠦᠨᠳᠦᠰᠦᠯᠡᠵᠦ᠂ ᠮᠠᠨ ᠤ ᠤᠷᠤᠨ ᠡᠨᠡ ᠵᠢᠯ ᠤᠨ 4 ᠰᠠᠷ᠎ᠠ ᠳᠤ ᠳᠤᠰᠬᠠᠢ ᠮᠡᠷᠭᠡᠵᠢᠯᠳᠡᠳ ᠢ ᠵᠤᠬᠢᠶᠠᠨ ᠪᠠᠶᠢᠭᠤᠯᠵᠤ᠂ ︽ᠮᠤᠩᠭᠤᠯ ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ ᠵᠠᠰᠠᠯᠳᠠ ᠤᠷᠤᠭᠤᠯᠵᠦ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ᠂ ᠦᠨᠳᠦᠰᠦᠳᠡᠨ ᠤ ᠪᠦᠯᠬᠦᠮᠳᠡᠯ ᠲᠠᠪᠰᠢᠯᠲᠠ ᠶᠢᠨ ᠬᠦᠮᠦᠵᠢᠯ᠂ ᠬᠤᠪᠢᠰᠬᠠᠯ ᠤᠨ ᠤᠯᠠᠮᠵᠢᠯᠠᠯ ᠤᠨ ᠰᠤᠷᠭᠠᠨ ᠬᠦᠮᠦᠵᠢᠯ ᠵᠡᠷᠭᠡ ᠠᠭᠤᠯᠭ᠎ᠠ ᠪᠠ ᠵᠤᠬᠢᠶᠠᠯ ᠤᠨ ᠬᠠᠷᠢᠴᠠᠯ ᠢ ᠨᠡᠮᠡᠭᠳᠡᠭᠦᠯᠵᠦ᠂ ᠬᠡᠰᠡᠭ ᠵᠤᠬᠢᠶᠠᠯ ᠢ ᠬᠠᠰᠤᠪᠠ᠃ ᠡᠨᠡ ᠠᠵᠢᠯ ᠪᠣᠯ ᠬᠡᠪ ᠤᠨ ᠲᠤᠬᠠᠶᠢᠯᠠᠭᠰᠠᠨ ᠠᠵᠢᠯ ᠪᠤᠯᠬᠤ ᠪᠦᠭᠡᠳ ᠰᠤᠷᠤᠯᠭ᠎ᠠ ᠶᠢᠨ ᠬᠤᠭᠤᠴᠠᠭ᠎ᠠ ᠪᠦᠷᠢ ᠵᠢᠭᠠᠬᠤ ᠮᠠᠲ᠋ᠧᠷᠢᠶᠠᠯ ᠳᠤ ᠵᠠᠰᠠᠯᠳᠠ ᠤᠷᠤᠭᠤᠯᠳᠠᠭ ᠶᠤᠮ᠃ ︽ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠳᠠ ᠶᠢᠨ ᠠᠷᠭ᠎ᠠ︾ ᠶᠢᠨ ᠲᠤᠭᠳᠠᠭᠠᠯ ᠶᠤᠰᠤᠭᠠᠷ᠂ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠪᠠ ᠵᠠᠰᠠᠯᠳᠠ ᠤᠷᠤᠭᠤᠯᠬᠤ ᠳᠤ ᠵᠤᠬᠢᠬᠤ ᠨᠦᠬᠦᠴᠡᠯ ᠪᠤᠯᠤᠨ ᠬᠢᠷᠢ ᠬᠡᠮ ᠲᠠᠢ ᠨᠠᠶᠢᠷᠠᠭᠤᠯᠤᠨ ᠪᠢᠴᠢᠬᠦ ᠪᠠᠶᠢᠭᠤᠯᠤᠮᠵᠢ ᠠᠴᠠ ᠬᠤᠯᠪᠤᠭᠳᠠᠯ ᠪᠦᠬᠦᠢ ᠬᠢᠴᠢᠶᠡᠯ ᠲᠦᠷᠦᠯ ᠤᠨ ᠳᠤᠰᠬᠠᠢ ᠮᠡᠷᠭᠡᠵᠢᠯᠳᠡᠳ ᠢ ᠵᠤᠬᠢᠶᠠᠨ ᠪᠠᠶᠢᠭᠤᠯᠵᠤ ᠨᠠᠶᠢᠷᠠᠭᠤᠯᠤᠨ ᠪᠢᠴᠢᠪᠡ᠂ ᠨᠠᠶᠢᠷᠠᠭᠤᠯᠤᠨ ᠪᠢᠴᠢᠬᠦ ᠳᠡᠭᠡᠨ ᠭᠤᠤᠯ ᠨᠠᠶᠢᠷᠠᠭᠤᠯᠤᠭᠴᠢ ᠬᠠᠷᠢᠭᠤᠴᠠᠬᠤ ᠲᠦᠷᠢᠮ ᠢ ᠬᠡᠷᠡᠭᠵᠢᠭᠦᠯᠵᠤ᠂ ᠵᠢᠭᠠᠬᠤ ᠮᠠᠲ᠋ᠧᠷᠢᠶᠠᠯ ᠢ ᠬᠢᠨᠠᠨ ᠪᠠᠶᠢᠴᠠᠭᠠᠬᠤ ᠳᠤ ᠲᠤᠰᠬᠠᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠵᠢᠭᠠᠬᠤ ᠮᠠᠲ᠋ᠧᠷᠢᠶᠠᠯ ᠢ ᠬᠢᠨᠠᠨ ᠰᠢᠯᠭᠠᠬᠤ ᠬᠤᠷᠠᠯ ᠬᠤᠷᠠᠯᠳᠤᠭᠤᠯᠵᠤ᠂ ᠨᠡᠶᠢᠳᠡ ᠪᠠᠷ ᠢᠶᠠᠨ ᠶᠠᠷᠢᠯᠴᠠᠵᠤ ᠬᠢᠨᠠᠨ ᠪᠠᠲᠤᠯᠠᠭᠰᠠᠨ ᠤ ᠲᠠᠷᠠᠭ᠎ᠠ ᠬᠡᠷᠡᠭᠯᠡᠨ᠎ᠡ᠃ ᠵᠢᠭᠠᠬᠤ ᠮᠠᠲ᠋ᠧᠷᠢᠶᠠᠯ ᠤᠨ ᠠᠭᠤᠯᠭ᠎ᠠ ᠶᠢ ᠰᠤᠩᠭᠤᠬᠤ ᠳᠠᠭᠠᠨ ᠬᠢᠴᠢᠶᠡᠯ ᠤᠨ ᠪᠠᠷᠢᠮᠵᠢᠶ᠎ᠡ ᠳᠤ ᠲᠤᠭᠳᠠᠭᠠᠭᠰᠠᠨ ᠮᠡᠳᠡᠯᠭᠡ ᠶᠢᠨ ᠲᠦᠷᠦᠯ ᠵᠦᠢᠯ᠂ ᠪᠦᠷᠬᠦᠴᠡ ᠶᠢᠨ ᠦᠷᠭᠡᠴᠡ ᠶᠢᠨ ᠬᠡᠮᠵᠢᠶ᠎ᠡ᠂ ᠬᠦᠴᠢᠷ ᠬᠢᠯᠪᠡᠷ ᠤᠨ ᠬᠡᠮᠵᠢᠶ᠎ᠡ ᠵᠡᠷᠭᠡ ᠳᠤ ᠨᠡᠶᠢᠴᠡᠭᠰᠡᠨ ᠪᠠᠶᠢᠬᠤ ᠬᠡᠷᠡᠭᠳᠡᠢ ᠮᠦᠷᠳᠡᠭᠡᠨ ᠬᠠᠷᠢᠴᠠᠩᠭᠤᠢ ᠲᠤᠭᠳᠠᠭᠤᠨ᠂ ᠴᠠᠭ ᠦᠶ᠎ᠡ ᠶᠢ ᠲᠠᠭᠠᠨ ᠵᠡᠷᠬᠡ ᠪᠠᠷ ᠤᠷᠤᠭᠰᠢᠯᠠᠭᠰᠠᠨ᠂ ᠠᠵᠤ ᠠᠬᠤᠢ ᠶᠢᠨ ᠨᠡᠶᠢᠭᠡᠮ ᠤᠨ ᠬᠦᠭᠵᠢᠯᠳᠡ ᠶᠢᠨ ᠰᠢᠨ᠎ᠡ ᠬᠤᠪᠢᠷᠠᠯᠳᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠶᠢᠨ ᠰᠢᠨ᠎ᠡ ᠦᠷ᠎ᠡ ᠪᠦᠳᠦᠭᠡᠯ ᠢ ᠴᠠᠭ ᠲᠤᠬᠠᠢ ᠳᠤᠨᠢ ᠲᠤᠰᠬᠠᠵᠤ᠂ ᠰᠤᠷᠤᠭᠴᠢᠳ ᠤᠨ ᠪᠦᠬᠦ ᠲᠠᠯ᠎ᠠ ᠪᠠᠷ ᠬᠦᠭᠵᠢᠬᠦ ᠶᠢ ᠠᠩᠬᠠᠷᠴᠤ᠂ ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠬᠦ ᠶᠢ ᠴᠢᠬᠤᠯᠠᠴᠢᠯᠠᠵᠤ᠂ ᠰᠤᠷᠤᠭᠴᠢᠳ ᠤᠨ ᠦᠰᠦᠨ ᠪᠤᠶᠢᠵᠢᠬᠤ ᠵᠢᠮ᠎ᠡ ᠶᠤᠰᠤ ᠶᠢ ᠵᠢᠷᠤᠮᠯᠠᠵᠤ᠂ ᠰᠤᠷᠤᠭᠴᠢᠳ ᠤᠨ ᠦᠵᠡᠯ ᠰᠠᠨᠠᠭ᠎ᠠ᠂ ᠠᠮᠢᠳᠤᠷᠠᠯ᠂ ᠰᠤᠷᠤᠯᠴᠠᠯᠭ᠎ᠠ ᠵᠡᠷᠭᠡ ᠪᠤᠳᠠᠳᠤ ᠪᠠᠶᠢᠳᠠᠯ ᠲᠠᠢ ᠨᠢᠭᠳᠠ ᠬᠤᠯᠪᠤᠭᠳᠠᠭᠤᠯᠵᠤ᠂ ᠮᠡᠳᠡᠯᠭᠡ᠂ ᠴᠢᠳᠠᠪᠤᠷᠢ᠂ ᠰᠡᠳᠬᠢᠯᠭᠡ᠂ ᠦᠷᠳᠡᠭ ᠤᠨ ᠦᠵᠡᠯᠳᠡ ᠶᠢᠨ ᠬᠦᠮᠦᠵᠢᠯ ᠤᠨ ᠤᠷᠭᠠᠨᠢᠭ ᠤᠶᠠᠯᠳᠤᠯ ᠢ ᠠᠬᠢᠭᠤᠯᠵᠤ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢᠨ ᠲᠡᠷᠢᠭᠦᠨ ᠤ ᠤᠶᠢᠯᠠᠭᠠᠭᠳᠠᠬᠤᠨ ᠢ ᠪᠦᠷᠢᠨ ᠭᠦᠢᠴᠡᠳ ᠢᠯᠡᠷᠡᠭᠦᠯᠬᠦ ᠬᠡᠷᠡᠭᠳᠡᠢ᠃ 2. ᠠᠰᠠᠭᠤᠯᠳᠠ᠄ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢᠨ ᠦᠭᠡᠷᠡᠴᠢᠯᠡᠯᠳᠡ ᠳᠤ ︽3+3︾ ᠶᠢᠨ ᠵᠠᠭᠪᠤᠷ ᠢ ᠬᠡᠷᠡᠭᠵᠢᠭᠦᠯᠦᠭᠰᠡᠨ ᠤ ᠲᠠᠷᠠᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ ᠬᠤᠪᠢᠶᠠᠬᠤ ᠦᠭᠡᠢ᠃ ᠤᠯᠤᠰ ᠤᠨ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠮᠤᠩᠭᠤᠯ ᠢᠶᠠᠷ ᠬᠢᠴᠢᠶᠡᠯᠯᠡᠬᠦ ᠰᠤᠷᠤᠭᠴᠢᠳ ᠤᠨ ︽ᠬᠡᠯᠡ ᠪᠢᠴᠢᠭ︾ ︽ᠶᠤᠰᠤ ᠰᠤᠷᠳᠠᠬᠤᠨ ᠬᠢᠭᠡᠳ ᠬᠠᠤᠯᠢ ᠪᠠᠷ ᠵᠠᠰᠠᠬᠤᠢ︾ ︽ᠲᠡᠦᠬᠡ︾ ᠶᠢᠨ ᠬᠢᠴᠢᠶᠡᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠬᠡᠷᠡᠭᠵᠢᠬᠦᠯᠬᠦ ᠨᠢ ᠰᠤᠷᠤᠭᠴᠢᠳ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠤᠨ ᠬᠢᠴᠢᠶᠡᠯ ᠢ ᠰᠤᠩᠭᠤᠬᠤ ᠳᠤ ᠤᠯᠠᠮ ᠢᠯᠡᠭᠦᠦ ᠬᠡᠯᠪᠠᠶᠢᠵᠦ᠂ ᠬᠢᠴᠢᠶᠡᠯ ᠬᠡᠯᠪᠠᠶᠢᠬᠦ ᠦᠵᠡᠭᠳᠡᠯ ᠭᠠᠷᠬᠤ ᠳᠤ ᠬᠦᠷᠦᠭᠦᠯᠦᠨ᠎ᠡ ᠤᠤ ᠦᠭᠡᠢ ᠤᠤ︖ ᠬᠠᠷᠢᠭᠤᠯᠳᠠ᠄ ᠰᠢᠨ᠎ᠡ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢᠨ ᠦᠨᠡᠯᠡᠯᠳᠡ ᠶᠢᠨ ᠰᠢᠰᠲ᠋ᠧᠮ ᠨᠢ ︽ᠬᠦᠳᠦᠯᠬᠦ ᠵᠢᠭᠠᠨ ᠰᠤᠷᠭᠠᠯᠳᠠ︾ ᠶᠢ ᠲᠤᠭ ᠲᠡᠮᠳᠡᠭ ᠲᠤᠳᠤᠷᠬᠠᠢ ᠪᠠᠷ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢᠨ ᠠᠭᠤᠯᠭ᠎ᠠ ᠶᠢᠨ ᠦᠭᠡᠷᠡᠴᠢᠯᠡᠯᠳᠡ ᠶᠢᠨ ᠭᠤᠤᠯ ᠴᠢᠭᠯᠡᠯ ᠪᠤᠯᠭᠠᠵᠤ᠂ ᠵᠢᠭᠠᠬᠤ᠂ ᠰᠤᠷᠬᠤ᠂ ᠰᠢᠯᠭᠠᠬᠤ ᠶᠢᠨ ᠤᠷᠭᠠᠨᠢᠭ ᠨᠢᠭᠡᠳᠦᠯ ᠢ ᠤᠯᠠᠮ ᠢᠶᠠᠷ ᠴᠢᠬᠤᠯᠠᠴᠢᠯᠠᠭᠰᠠᠨ ᠪᠠᠶᠢᠨ᠎ᠠ᠃ ᠡᠭᠦᠨ ᠤ ᠭᠤᠤᠯᠯᠠᠭᠴᠢ ᠤᠶᠢᠯᠡᠳᠦᠯ ᠨᠢ ᠶᠤᠰᠤ ᠮᠤᠷᠠᠯ ᠢᠶᠠᠷ ᠬᠦᠮᠦᠨ ᠬᠦᠮᠦᠵᠢᠭᠦᠯᠬᠦ᠂ ᠴᠢᠳᠠᠪᠤᠷᠢᠳᠠᠨ ᠰᠤᠩᠭᠤᠬᠤ ᠳᠤ ᠦᠢᠯᠡᠴᠢᠯᠡᠬᠦ᠂ ᠬᠦᠳᠦᠯᠦᠨ ᠲᠠᠭᠠᠭᠤᠯᠵᠤ ᠵᠢᠭᠠᠨ ᠰᠤᠷᠭᠠᠬᠤ ᠳᠤ ᠤᠷᠤᠰᠢᠨ᠎ᠠ᠃ ᠤᠳᠤ ᠶᠢᠨ ᠮᠠᠨ ᠤ ᠤᠷᠤᠨ ᠤ ᠬᠡᠷᠡᠭᠵᠢᠭᠦᠯᠵᠦ ᠪᠠᠶᠢᠭ᠎ᠠ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢᠨ ᠦᠨᠡᠯᠡᠯᠳᠠ ᠶᠢᠨ ᠰᠢᠰᠲ᠋ᠧᠮ ᠲᠠᠢ ᠬᠠᠷᠢᠴᠠᠭᠤᠯᠪᠠᠯ᠂ ᠰᠤᠷᠤᠭᠴᠢᠳ ᠤᠨ ᠪᠡᠶ᠎ᠠ ᠪᠠᠨ ᠳᠠᠭᠠᠭᠠᠵᠤ ᠰᠤᠩᠭᠤᠬᠤ ᠡᠷᠬᠡ ᠶᠢ ᠤᠯᠠᠮ ᠢᠯᠡᠭᠦᠦ ᠴᠢᠩᠭᠠᠳᠬᠠᠵᠤ᠂ ᠳᠠᠪᠠᠭᠤᠯᠢᠭ ᠬᠢᠴᠢᠶᠡᠯ ᠲᠦᠷᠦᠯ ᠪᠤᠶᠤ ᠤᠨᠴᠠ ᠴᠢᠳᠠᠪᠤᠷᠢ ᠶᠢᠨ ᠳᠠᠯᠳᠠ ᠬᠦᠴᠦᠨ ᠲᠠᠢ ᠰᠤᠷᠤᠭᠴᠢᠳ ᠲᠤ ᠠᠪᠴᠤ ᠬᠡᠯᠡᠪᠡᠯ᠂ ᠤᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ ᠬᠤᠪᠢᠶᠠᠭᠰᠠᠨ ᠤ ︽ᠲᠠᠪᠠᠭᠤᠯᠢᠭ ᠲᠠᠯ᠎ᠠ ᠪᠠᠷ ᠢᠶᠠᠷ ᠲᠤᠳᠠᠭᠳᠠᠯ ᠲᠠᠢ ᠲᠠᠯ᠎ᠠ ᠶᠢ ᠪᠠᠨ ᠨᠦᠬᠦᠪᠦᠷᠢᠯᠡᠬᠦ︾ ᠶᠢ ᠦᠭᠡᠷᠡᠴᠢᠯᠡᠭᠰᠡᠨ ᠤ ᠲᠠᠷᠠᠭ᠎ᠠ ︽ᠳᠠᠪᠠᠭᠤᠯᠢᠭ ᠢᠶᠠᠨ ᠪᠠᠳᠠᠷᠠᠭᠤᠯᠵᠤ ᠳᠤᠳᠠᠭᠳᠠᠯ ᠢᠶᠠᠨ ᠳᠡᠪᠴᠢᠬᠦ︾ ᠪᠤᠯᠭᠠᠵᠤ᠂ ᠲᠠᠪᠠᠭᠤᠯᠢᠭ ᠬᠢᠴᠢᠶᠡᠯ ᠲᠦᠷᠦᠯ ᠢᠶᠠᠷ ᠲᠤᠷᠠᠳᠠᠢ ᠬᠢᠴᠢᠶᠡᠯ ᠲᠦᠷᠦᠯ ᠢ ᠢᠵᠢᠯᠢᠰᠢᠭᠦᠯᠵᠤ ᠡᠩ ᠤᠨ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠳᠤ ᠤᠷᠤᠯᠴᠠᠬᠤ ᠪᠤᠯᠭᠠᠵᠤ᠂ ᠰᠤᠷᠤᠭᠴᠢᠳ ᠤᠨ ᠬᠤᠪᠢ ᠪᠡᠶ᠎ᠡ ᠶᠢᠨ ᠲᠠᠪᠠᠭᠤᠯᠢᠭ ᠲᠠᠯ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠳᠤ ᠬᠦᠷᠦᠭᠦᠯᠦᠨ᠎ᠡ᠃ ᠡᠶᠢᠮᠦ ᠠᠴᠠ ᠰᠤᠷᠤᠭᠴᠢᠳ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠵᠠᠪᠠᠯ ᠰᠤᠷᠬᠤ ᠪᠦᠬᠦ ᠬᠢᠴᠢᠶᠡᠯ ᠢᠶᠠᠨ ᠰᠤᠷᠴᠤ ᠲᠠᠭᠤᠰᠬᠠᠭᠰᠠᠨ ᠤ ᠲᠠᠷᠠᠭ᠎ᠠ᠂ ᠶᠡᠭᠡ ᠲᠡᠭᠡᠳᠦ ᠰᠤᠷᠭᠠᠭᠤᠯᠢ ᠶᠢᠨ ᠱᠠᠭᠠᠷᠳᠠᠯᠭ᠎ᠠ ᠪᠠ ᠬᠤᠪᠢ ᠬᠦᠮᠦᠨ ᠤ ᠲᠠᠪᠠᠭᠤᠯᠢᠭ ᠲᠠᠯ᠎ᠠ ᠪᠠᠨ ᠦᠨᠳᠦᠰᠦᠯᠡᠵᠦ᠂ ᠪᠡᠶ᠎ᠡ ᠪᠠᠨ ᠲᠠᠭᠠᠭᠠᠨ ᠲᠠᠪᠠᠭᠤᠯᠢᠭ ᠬᠢᠴᠢᠶᠡᠯ ᠲᠦᠷᠦᠯ ᠢ ᠰᠤᠩᠭᠤᠵᠤ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠳᠤ ᠤᠷᠤᠯᠴᠠᠨ᠎ᠠ᠂ ᠡᠨᠡ ᠨᠢ ᠰᠤᠷᠤᠭᠴᠢᠳ ᠤᠨ ᠪᠦᠬᠦ ᠳᠠᠯ᠎ᠠ ᠶᠢᠨ ᠬᠦᠭᠵᠢᠯᠳᠠ ᠳᠤ ᠠᠰᠢᠭᠳᠠᠢ ᠪᠠᠶᠢᠳᠠᠭ᠃3. ᠠᠰᠠᠭᠤᠯᠳᠠ᠄ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠭᠰᠡᠨ ᠤ ᠲᠠᠷᠠᠭ᠎ᠠ᠂ ᠰᠤᠷᠤᠭᠴᠢᠳ ᠤᠨ ᠰᠤᠷᠤᠯᠭ᠎ᠠ ᠶᠢ ᠦᠨᠡᠯᠡᠬᠦ ᠪᠠᠷᠢᠮᠵᠢᠶ᠎ᠠ ᠶᠢ ᠬᠡᠷᠬᠢᠨ ᠲᠤᠭᠳᠠᠭᠠᠬᠤ ᠪᠤᠢ︖ ᠬᠠᠷᠢᠭᠤᠯᠳᠠ᠄ ᠬᠢᠴᠢᠶᠡᠯ ᠤᠨ ᠪᠠᠷᠢᠮᠵᠢᠶ᠎ᠠ ᠪᠣᠯ ᠰᠤᠷᠤᠭᠴᠢᠳ ᠤᠨ ᠰᠤᠷᠤᠯᠭ᠎ᠠ ᠳᠤ ᠦᠨᠡᠯᠡᠯᠳᠡ ᠬᠢᠬᠦ ᠦᠨᠳᠦᠰᠦᠨ ᠵᠢᠷᠤᠮᠯᠠᠯ ᠪᠤᠯᠬᠤ ᠶᠤᠮ᠃ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠡᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠰᠤᠷᠤᠭᠴᠢᠳ ᠤᠨ ᠰᠤᠷᠤᠯᠭ᠎ᠠ ᠶᠢ ᠦᠨᠡᠯᠡᠬᠦ ᠳᠤ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ ᠵᠢᠷᠤᠮᠯᠠᠭᠰᠠᠨ ᠤᠷᠢᠳᠠᠯ ᠲᠤᠤᠷ᠎ᠠ᠂ ᠭᠠᠵᠠᠷ ᠤᠷᠤᠨ ᠤ ᠬᠤᠭᠤᠷᠤᠨᠳᠤᠬᠢ᠂ ᠬᠤᠳᠠ ᠬᠦᠳᠡᠭᠡ ᠶᠢᠨ ᠬᠤᠭᠤᠷᠤᠨᠳᠤᠬᠢ᠂ ᠰᠤᠷᠭᠠᠭᠤᠯᠢ ᠰᠤᠷᠭᠠᠭᠤᠯᠢ ᠶᠢᠨ ᠬᠤᠭᠤᠷᠤᠨᠳᠤᠬᠢ ᠪᠠᠭᠰᠢ ᠪᠠ ᠰᠤᠷᠤᠭᠴᠢ ᠶᠢᠨ ᠬᠡᠯᠡᠨ ᠤ ᠰᠠᠭᠤᠷᠢ᠂ ᠤᠷᠴᠢᠨ ᠲᠤᠭᠤᠷᠢᠨ ᠤ ᠨᠦᠬᠦᠴᠡᠯ ᠲᠡᠩᠴᠡᠭᠦᠷᠢ ᠦᠭᠡᠢ ᠵᠡᠷᠭᠡ ᠬᠦᠴᠦᠨ ᠵᠦᠢᠯ ᠢ ᠭᠦᠢᠴᠡᠳ ᠪᠤᠳᠤᠯᠬᠢᠯᠠᠵᠤ᠂ ᠠᠭᠤᠯᠭ᠎ᠠ ᠪᠠ ᠮᠡᠳᠡᠯᠭᠡ ᠶᠢᠨ ᠰᠢᠰᠲ᠋ᠧᠮ ᠤᠨ ᠵᠠᠯᠭᠠᠯᠳᠠ ᠶᠢ ᠬᠠᠷᠠᠭᠠᠯᠵᠠᠬᠤ ᠬᠡᠷᠡᠭᠳᠡᠢ ᠮᠦᠷᠳᠡᠭᠡᠨ ᠪᠠᠭᠰᠢ ᠪᠠ ᠰᠤᠷᠤᠭᠴᠢ ᠶᠢᠨ ᠪᠤᠳᠠᠳᠤ ᠪᠠᠶᠢᠳᠠᠯ ᠢ ᠪᠤᠳᠤᠯᠬᠢᠯᠠᠵᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠠᠴᠠ ᠦᠨᠳᠦᠰᠦᠨ ᠵᠦᠢᠯ ᠢ ᠪᠠᠳᠤᠯᠠᠬᠤ ᠦᠨᠡᠯᠡᠯᠳᠡ ᠶᠢᠨ ᠭᠤᠤᠯᠳᠠᠯᠭ᠎ᠠ ᠶᠢ ᠲᠤᠭᠳᠠᠭᠠᠵᠤ᠂ ᠵᠢᠭᠠᠨ ᠰᠤᠷᠭᠠᠬᠤ ᠤᠶᠢᠯᠡᠳᠦᠯᠭᠡ ᠪᠠ ᠰᠤᠷᠤᠯᠭ᠎ᠠ ᠶᠢ ᠰᠢᠯᠭᠠᠨ ᠦᠨᠡᠯᠡᠬᠦ ᠳᠤ ᠰᠤᠷᠤᠭᠴᠢ ᠶᠢᠨ ᠰᠤᠷᠤᠯᠭ᠎ᠠ ᠶᠢ ᠦᠨᠡᠯᠡᠬᠦ ᠦᠨᠳᠦᠰᠦᠨ ᠱᠠᠭᠠᠷᠳᠠᠯᠭ᠎ᠠ ᠪᠤᠯᠭᠠᠨ᠎ᠠ᠃ ᠡᠯ᠎ᠡ ᠭᠠᠵᠠᠷ ᠤᠷᠤᠨ ᠡᠯ᠎ᠡ ᠰᠤᠷᠭᠠᠭᠤᠯᠢ ᠨᠢ ᠲᠤᠬᠠᠢ ᠶᠢᠨ ᠭᠠᠵᠠᠷ ᠤᠷᠤᠨ ᠪᠠ ᠰᠤᠷᠭᠠᠭᠤᠯᠢ ᠶᠢᠨ ᠢᠶᠠᠨ ᠪᠤᠳᠠᠳᠤ ᠪᠠᠶᠢᠳᠠᠯ ᠢ ᠦᠨᠳᠦᠰᠦᠯᠡᠨ ᠠᠮᠢᠳᠤᠯᠢᠭ ᠢᠶᠠᠷ ᠲᠤᠬᠢᠷᠠᠭᠤᠯᠵᠤ ᠪᠤᠯᠤᠨ᠎ᠠ᠃4. ᠠᠰᠠᠭᠤᠯᠳᠠ᠄ ᠰᠢᠨ᠎ᠡ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢᠨ ᠦᠭᠡᠷᠡᠴᠢᠯᠡᠯᠳᠡ ᠬᠢᠬᠦ ᠶᠢ ᠬᠡᠵᠢᠶ᠎ᠠ ᠲᠤᠭᠳᠠᠭᠠᠬᠤ ᠪᠤᠢ︖ ᠤᠳᠤᠬᠠᠨ᠎ᠠ ᠪᠠᠭ᠎ᠠ ᠰᠤᠷᠭᠠᠭᠤᠯᠢ ᠶᠢᠨ ᠪᠤᠰᠤᠳ ᠤᠨ ᠤ ᠵᠢᠭᠠᠬᠤ ᠮᠠᠲ᠋ᠧᠷᠢᠶᠠᠯ ᠬᠤᠪᠢᠷᠠᠭ᠎ᠠ ᠦᠭᠡᠢ᠂ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠬᠦ ᠶᠢ ᠬᠡᠷᠬᠢᠨ ᠵᠠᠯᠭᠠᠭᠤᠯᠬᠤ ᠪᠤᠢ︖ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠨᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠬᠡᠷᠬᠢᠨ ᠰᠢᠯᠭᠠᠬᠤ ᠪᠠ ᠦᠨᠡᠯᠡᠬᠦ ᠪᠤᠢ︖ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠬᠦ᠂ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠠᠴᠠ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠬᠦ ᠪᠠ ᠰᠤᠷᠤᠭᠴᠢᠳ ᠤᠨ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢ ᠬᠡᠷᠬᠢᠨ ᠦᠨᠡᠯᠡᠬᠦ ᠪᠤᠢ︖ᠬᠠᠷᠢᠭᠤᠯᠳᠠ᠄ ᠤᠯᠤᠰ ᠠᠴᠠ ᠶᠠᠭ ᠡᠩ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠭᠡᠳᠤᠯᠳᠠᠢ ᠰᠢᠯᠭᠠᠯᠳᠠ ᠳᠤ ᠦᠭᠡᠷᠡᠴᠢᠯᠡᠯᠳᠡ ᠬᠢᠵᠦ ᠪᠠᠶᠢᠨ᠎ᠠ᠃ ᠮᠠᠨ ᠤ ᠤᠷᠤᠨ ᠤᠯᠤᠰ ᠤᠨ ᠨᠢᠭᠡᠳᠦᠯᠳᠡᠢ ᠪᠠᠶᠢᠷᠢᠯᠠᠭᠤᠯᠤᠯᠳᠠ ᠶᠤᠰᠤᠭᠠᠷ 2022 ᠤᠨ ᠠᠴᠠ ᠡᠮᠦᠨ᠎ᠡ ᠡᠬᠢᠯᠡᠭᠦᠯᠦᠨ᠎ᠡ᠃ ᠡᠩ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠬᠡᠳᠤᠯᠳᠠᠢ ᠰᠢᠯᠭᠠᠯᠳᠠ ᠶᠢᠨ ᠰᠢᠨ᠎ᠠ ᠲᠦᠷᠢᠮ ᠢ ᠬᠡᠷᠡᠭᠵᠢᠭᠦᠯᠦᠭᠰᠡᠨ ᠤ ᠲᠠᠷᠠᠭ᠎ᠠ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ ᠬᠤᠪᠢᠶᠠᠬᠤ ᠦᠭᠡᠢ᠂ ᠲᠤᠬᠠᠢ ᠶᠢᠨ ᠦᠶ᠎ᠡ ᠳᠤ ︽ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠭᠡᠶᠢᠯᠡᠭᠰᠡᠨ ᠰᠢᠯᠭᠠᠯᠳᠠ︾ ᠪᠠ ︽ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠭᠡᠶᠢᠯᠡᠭᠰᠡᠨ ᠰᠢᠯᠭᠠᠯᠳᠠ︾ ᠶᠢᠨ ᠡᠩ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠭᠡᠳᠤᠯᠳᠠᠢ ᠰᠢᠯᠭᠠᠯᠳᠠ ᠶᠢᠨ ᠬᠢᠴᠢᠶᠡᠯ ᠤᠷᠤᠰᠢᠬᠤ ᠪᠠᠨ ᠪᠤᠯᠢᠨ᠎ᠠ᠃ ᠤᠳᠤᠬᠠᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠪᠤᠯᠤᠨ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠳᠤ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠴᠠ ᠭᠠᠳᠠᠨ᠎ᠠ᠂ ᠪᠤᠰᠤᠳ ᠰᠤᠷᠤᠯᠭ᠎ᠠ ᠶᠢᠨ ᠱᠠᠳᠤ ᠪᠤᠯᠤᠨ ᠤᠨ ᠤ ᠬᠢᠴᠢᠶᠡᠯ ᠤᠨ ᠵᠢᠭᠠᠬᠤ ᠮᠠᠲ᠋ᠧᠷᠢᠶᠠᠯ᠂ ᠬᠢᠴᠢᠶᠡᠯᠯᠡᠬᠦ ᠦᠬᠡ ᠬᠡᠯᠡᠨ ᠳᠤ ᠴᠦᠮ ᠬᠤᠪᠢᠷᠠᠯᠳᠠ ᠦᠭᠡᠢ ᠶᠤᠮ᠃ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠦᠭᠰᠡᠨ ᠤ ᠲᠠᠷᠠᠭ᠎ᠠ᠂ ᠰᠤᠷᠤᠭᠴᠢ ᠶᠢᠨ ᠰᠤᠷᠭᠠᠭᠤᠯᠢ ᠲᠡᠪᠰᠢᠬᠦ ᠳᠤ ︽ᠬᠠᠭᠤᠴᠢᠨ ᠬᠦᠮᠦᠨ ᠳᠤ ᠬᠠᠭᠤᠴᠢᠨ ᠠᠷᠭ᠎ᠠ᠂ ᠰᠢᠨ᠎ᠡ ᠬᠦᠮᠦᠨ ᠳᠤ ᠰᠢᠨ᠎ᠡ ᠠᠷᠭ᠎ᠠ︾ ᠶᠢᠨ ᠵᠠᠷᠴᠢᠮ ᠢᠶᠠᠷ ᠦᠨᠡᠯᠡᠯᠳᠡ ᠬᠢᠨ᠎ᠡ᠂ ᠲᠤᠬᠠᠶᠢᠯᠠᠪᠠᠯ ︽ᠶᠠᠭᠤ ᠰᠤᠷᠤᠭᠰᠠᠨ ᠪᠣᠯ ᠶᠠᠭᠤ ᠶᠢ ᠰᠢᠯᠭᠠᠨ᠎ᠠ︾᠃  5. ᠠᠰᠠᠭᠤᠯᠳᠠ᠄ ︽ᠮᠤᠩᠭᠤᠯ ᠬᠡᠯᠡ ᠪᠢᠴᠢᠭ︾ ᠪᠣᠯ ᠰᠤᠩᠭᠤᠨ ᠰᠤᠷᠬᠤ ᠬᠢᠴᠢᠶᠡᠯ ᠮᠦᠨ ᠭᠡᠵᠤ ᠵᠠᠷᠢᠮ ᠬᠦᠮᠦᠨ ᠬᠡᠯᠡᠵᠦ ᠪᠠᠶᠢᠨ᠎ᠠ᠂ ᠡᠨᠡ ᠦᠨᠡᠨ ᠤᠤ︖ ᠬᠠᠷᠢᠭᠤᠯᠳᠠ᠄ ᠮᠠᠨ ᠤ ᠤᠷᠤᠨ ᠤ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ ᠲᠤᠮᠳᠠᠳᠤ ᠪᠠᠭ᠎ᠠ ᠰᠤᠷᠭᠠᠭᠤᠯᠢ ᠶᠢᠨ ︽ᠮᠤᠩᠭᠤᠯ ᠬᠡᠯᠡ ᠪᠢᠴᠢᠭ︾ ᠪᠣᠯ ᠶᠡᠷᠤ ᠠᠴᠠ ᠪᠠᠨ ᠵᠠᠪᠠᠯ ᠰᠤᠷᠬᠤ ᠬᠢᠴᠢᠶᠡᠯ ᠮᠦᠨ᠂ ︽ᠮᠤᠩᠭᠤᠯ ᠬᠡᠯᠡ ᠪᠢᠴᠢᠭ︾ ᠤᠨ ᠬᠢᠴᠢᠶᠡᠯ ᠤᠨ ᠴᠠᠭ ᠤᠨ ᠲᠤᠬᠢᠷᠠᠭᠤᠯᠤᠯᠳᠠ ᠴᠦ ᠶᠡᠷᠤ ᠠᠴᠠ ᠪᠠᠨ ᠬᠤᠪᠢᠷᠠᠯᠳᠠ ᠦᠭᠡᠢ ᠶᠤᠮ᠃  6. ᠠᠰᠠᠭᠤᠯᠳᠠ᠄ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠭᠰᠡᠨ ᠤ ᠲᠠᠷᠠᠭ᠎ᠠ᠂ ᠮᠤᠩᠭᠤᠯ ᠬᠡᠯᠡ ᠪᠠᠷ ᠤᠷᠴᠢᠭᠤᠯᠤᠭᠰᠠᠨ ᠮᠠᠲ᠋ᠧᠷᠢᠶᠠᠯ ᠪᠤᠯᠤᠨ ᠬᠤᠤᠰ ᠬᠡᠯᠡᠨ ᠤ ᠲᠤᠯᠢ ᠪᠢᠴᠢᠭ ᠵᠡᠷᠭᠡ ᠬᠡᠷᠡᠭᠯᠡᠭᠡᠨ ᠤ ᠮᠠᠲ᠋ᠧᠷᠢᠶᠠᠯ ᠤᠨ ᠲᠠᠯ᠎ᠠ ᠪᠠᠷ ᠶᠠᠮᠠᠷᠰᠢᠤ ᠬᠠᠪᠰᠤᠷᠤᠯᠭ᠎ᠠ ᠦᠵᠡᠭᠦᠯᠬᠦ ᠪᠤᠢ︖ ᠬᠠᠷᠢᠭᠤᠯᠳᠠ᠄ ᠵᠢᠯ ᠪᠦᠷᠢ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠳᠤ ᠤᠷᠤᠭᠰᠠᠨ ᠰᠢᠨ᠎ᠡ ᠰᠤᠷᠤᠭᠴᠢᠳ ᠲᠤ ︽ᠰᠢᠨᠬᠤᠸᠠ ᠦᠰᠦᠭ ᠤᠨ ᠲᠤᠯᠢ︾ ᠪᠠ ︽ᠰᠤᠷᠤᠭᠴᠢ ᠶᠢᠨ ᠮᠤᠩᠭᠤᠯ ᠬᠡᠯᠡᠨ ᠤ ᠲᠤᠯᠢ︾ ᠬᠠᠩᠭᠠᠵᠦ᠂ ᠰᠤᠷᠤᠭᠴᠢᠳ ᠤᠨ ᠰᠤᠷᠤᠯᠭ᠎ᠠ ᠶᠢᠨ ᠶᠠᠪᠤᠴᠠ ᠳᠤ ᠯᠠᠪᠯᠠᠯᠲᠠ ᠪᠤᠯᠭᠠᠨ᠎ᠠ᠃ ᠡᠭᠦᠨ ᠤ ᠬᠠᠮᠲᠦ ᠦᠪᠡᠷᠲᠡᠭᠡᠨ ᠵᠠᠰᠠᠬᠤ ᠤᠷᠤᠨ ᠠᠴᠠ ᠦᠨᠳᠤᠰᠤᠲᠡᠨ ᠤ ᠦᠬᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠭᠡᠷ ᠤᠨ ᠪᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠤ ᠨᠢᠭᠡᠲᠦᠯᠲᠠᠢ ᠨᠠᠶᠢᠷᠠᠭᠤᠯᠤᠭᠰᠠᠨ ᠬᠡᠯᠡ ᠪᠢᠴᠢᠭ ᠤᠨ ︽ᠮᠤᠩᠭᠤᠯ ᠬᠢᠲᠠᠳ ᠬᠦᠨᠳᠦ ᠦᠭᠡᠰ ᠪᠠ ᠬᠡᠪᠰᠢᠮᠡᠯ ᠬᠡᠯᠡᠯᠭᠡ ᠶᠢᠨ ᠬᠠᠷᠢᠴᠠᠭᠤᠯᠤᠯ ᠬᠦᠰᠦᠨᠦᠭ︾  ᠢ ᠲᠤᠭᠲᠠᠭᠠᠨ ᠲᠠᠷᠤᠮᠠᠯᠯᠠᠨ ᠲᠠᠷᠬᠠᠭᠠᠵᠤ᠂ ᠰᠤᠷᠤᠭᠴᠢᠳ ᠤᠨ ᠰᠤᠷᠤᠯᠴᠠᠵᠤ ᠤᠢᠢᠯᠠᠭᠠᠬᠤ ᠳᠤ ᠬᠡᠷᠡᠭᠯᠡᠬᠦᠯᠦᠨ᠎ᠠ᠃ ︽ᠶᠤᠰᠤ ᠰᠤᠷᠳᠠᠬᠤᠨ ᠬᠢᠭᠡᠳ ᠬᠠᠤᠯᠢ ᠪᠠᠷ ᠵᠠᠰᠠᠬᠤᠢ︾ ︽ᠲᠡᠤᠬᠡ︾ ᠶᠢᠨ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠬᠠᠮᠲᠤ ᠳᠤᠨᠢ ᠮᠤᠩᠭᠤᠯ ᠦᠬᠡ ᠬᠡᠯᠡ ᠪᠠᠷ ᠤᠷᠴᠢᠭᠤᠯᠤᠭᠰᠠᠨ ᠬᠡᠪᠯᠡᠯ ᠤᠨ ᠵᠢᠭᠠᠬᠤ ᠮᠠᠲ᠋ᠧᠷᠢᠶᠠᠯ ᠢ ᠲᠠᠷᠬᠠᠭᠠᠵᠤ᠂ ᠰᠤᠷᠤᠭᠴᠢᠳ ᠤᠨ ᠯᠠᠪᠯᠠᠨ ᠤᠶᠢᠯᠠᠭᠠᠬᠤ ᠳᠤ ᠬᠠᠪᠰᠤᠷᠤᠯᠭ᠎ᠠ ᠪᠤᠯᠭᠠᠬᠤ ᠶᠢᠨ ᠬᠠᠮᠲᠤ ᠪᠤᠲᠠᠲᠠᠢ ᠪᠠᠶᠢᠳᠠᠯ ᠢ ᠦᠨᠳᠤᠰᠤᠯᠡᠨ ᠬᠤᠯᠪᠤᠭᠳᠠᠯ ᠪᠦᠬᠦᠢ ᠲᠤᠰᠠᠯᠠᠬᠤ ᠵᠢᠭᠠᠨ ᠰᠤᠷᠭᠠᠯᠳᠠ ᠶᠢᠨ ᠯᠠᠪᠯᠠᠯᠲᠠ ᠶᠢᠨ ᠮᠠᠲ᠋ᠧᠷᠢᠶᠠᠯ ᠢ ᠢᠵᠢ ᠪᠦᠷᠢᠳᠦᠭᠦᠯᠦᠨ ᠨᠠᠶᠢᠷᠠᠭᠤᠯᠵᠤ ᠳᠠᠷᠤᠮᠠᠯᠯᠠᠨ᠎ᠠ᠃ 7. ᠠᠰᠠᠭᠤᠯᠳᠠ᠄ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠬᠦᠯᠦᠭᠰᠡᠨ ᠤ ᠲᠠᠷᠠᠭ᠎ᠠ᠂ ᠶᠡᠭᠡ ᠲᠡᠭᠡᠳᠦ ᠰᠤᠷᠭᠠᠭᠤᠯᠢ ᠶᠢᠨ ᠲᠡᠤᠬᠡ᠂ ᠤᠯᠤᠰ ᠲᠦᠷᠦ ᠶᠢᠨ ᠲᠤᠰᠬᠠᠢ ᠮᠡᠷᠭᠡᠵᠢᠯ ᠤᠨ ᠮᠤᠩᠭᠤᠯ ᠬᠡᠯᠡ ᠪᠠᠷ ᠬᠢᠴᠢᠶᠡᠯᠯᠡᠵᠤ ᠲᠡᠭᠦᠰᠦᠭᠰᠡᠨ ᠤᠶᠤᠳᠠᠳ ᠤᠨ ᠠᠵᠢᠯ ᠤᠯᠬᠤ ᠳᠤ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ ᠬᠠᠷᠢᠭᠤᠯᠳᠠ᠄ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠤᠯ ᠠᠴᠠ ᠪᠠᠨ ᠮᠤᠩᠭᠤᠯ ᠬᠡᠯᠡ ᠪᠠᠷ ᠬᠢᠴᠢᠶᠡᠯᠯᠡᠭᠰᠡᠨ ᠶᠡᠭᠡ ᠲᠠᠬᠡᠳᠤ ᠰᠤᠷᠭᠠᠭᠤᠯᠢ ᠠᠴᠠ ᠲᠠᠬᠦᠰᠦᠭᠰᠡᠨ ᠤᠶᠤᠲᠠᠳ ᠤᠨ ᠠᠵᠢᠯ ᠤᠯᠵᠦ ᠦᠢᠯᠡᠰ ᠪᠤᠰᠬᠠᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ ᠤᠯᠠᠨ ᠲᠦᠷᠦ ᠶᠢᠨ ᠪᠤᠳᠤᠯᠭ᠎ᠠ ᠪᠠ ᠠᠷᠭ᠎ᠠ ᠠᠪᠴᠠᠯ ᠢ ᠲᠤᠭᠲᠠᠭᠠᠵᠤ᠂ ᠮᠤᠩᠭᠤᠯ ᠬᠡᠯᠡ ᠪᠠᠷ ᠬᠢᠴᠢᠶᠡᠯᠯᠡᠭᠰᠡᠨ ᠤᠶᠤᠲᠠᠳ ᠤᠨ ᠠᠵᠢᠯ ᠤᠯᠵᠦ ᠦᠢᠯᠡᠰ ᠪᠤᠰᠬᠠᠬᠤ ᠶᠢ ᠬᠦᠴᠦᠲᠡᠢ ᠪᠠᠳᠤᠯᠠᠭᠰᠠᠭᠠᠷ ᠢᠷᠡᠵᠠᠢ᠃ ᠲᠠᠷᠠᠭᠠᠴᠢ ᠶᠢᠨ ᠠᠯᠬᠤᠮ ᠳᠤ ᠦᠪᠡᠷᠲᠡᠭᠡᠨ ᠵᠠᠰᠠᠬᠤ ᠤᠷᠤᠨ ᠠᠴᠠ ᠠᠷᠭ᠎ᠠ ᠠᠪᠴᠠᠯ ᠢᠶᠠᠨ ᠦᠷᠭᠦᠯᠵᠢᠯᠡᠨ ᠲᠡᠭᠦᠯᠳᠡᠷᠵᠢᠭᠦᠯᠦᠨ ᠨᠠᠶᠢᠳᠠᠪᠦᠷᠢᠵᠢᠭᠤᠯᠵᠦ᠂ ᠮᠤᠩᠭᠤᠯ ᠬᠡᠯᠡ ᠪᠠᠷ ᠬᠢᠴᠢᠶᠡᠯᠯᠡᠭᠰᠡᠨ ᠶᠡᠭᠡ ᠲᠡᠬᠡᠳᠤ ᠰᠤᠷᠭᠠᠭᠤᠯᠢ ᠠᠴᠠ ᠲᠡᠭᠦᠰᠦᠭᠰᠡᠨ ᠤᠶᠤᠲᠠᠳ ᠤᠨ ᠠᠵᠢᠯ ᠤᠯᠵᠦ ᠦᠢᠯᠡᠰ ᠪᠤᠰᠬᠠᠬᠤ ᠶᠢ ᠲᠡᠮᠵᠢᠬᠦ ᠡᠷᠴᠢᠮ ᠪᠠᠨ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠮᠤᠩᠭᠤᠯ ᠬᠡᠯᠡ ᠪᠠᠷ ᠬᠢᠴᠢᠶᠡᠯᠯᠡᠭᠰᠡᠨ ᠲᠡᠤᠬᠡ᠂ ᠤᠯᠤᠰ ᠲᠦᠷᠦ ᠵᠡᠷᠭᠡ ᠲᠤᠰᠬᠠᠢ ᠮᠡᠷᠭᠡᠵᠢᠯ ᠠᠴᠠ ᠲᠡᠭᠦᠰᠦᠭᠰᠡᠨ ᠤᠶᠤᠲᠠᠳ ᠤᠨ ᠤᠯᠠᠩᠬᠢ ᠨᠢ ᠴᠦᠮ ᠶᠡᠭᠡ ᠲᠡᠭᠡᠳᠦ ᠰᠤᠷᠭᠠᠭᠤᠯᠢ ᠳᠤ ᠪᠠᠶᠢᠬᠤ ᠳᠠᠭᠠᠨ ᠰᠠᠶᠢᠨ ᠰᠠᠶᠢᠬᠠᠨ ᠤᠯᠤᠰ ᠤᠨ ᠨᠢᠭᠡᠲᠦᠯᠲᠡᠢ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠵᠡᠷᠭᠡ ᠳᠤᠨᠢ ᠬᠦᠷᠲᠡᠵᠤ᠂ ᠮᠠᠰᠢ ᠤᠯᠠᠨ ᠲᠡᠭᠦᠰᠬᠦ ᠤᠶᠤᠲᠠᠳ ᠤᠯᠤᠰ ᠤᠨ ᠨᠢᠭᠡᠲᠦᠯᠲᠡᠢ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠠᠭᠤᠷᠢ ᠪᠠ ᠴᠢᠳᠠᠪᠦᠷᠢ ᠶᠢ ᠪᠦᠷᠢᠯᠳᠦᠭᠦᠯᠦᠭᠰᠡᠨ ᠪᠠᠶᠢᠳᠠᠭ᠃ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠡᠯ᠎ᠡ ᠭᠠᠵᠠᠷ ᠤᠷᠤᠨ ᠤ ᠬᠢᠨ ᠲᠡᠤᠬᠡ ᠪᠠ ᠤᠯᠤᠰ ᠲᠦᠷᠦ ᠶᠢᠨ ᠬᠤᠤᠰ ᠬᠡᠯᠡᠨ ᠤ ᠪᠠᠭᠰᠢ ᠶᠢ ᠤᠷᠢᠬᠤ ᠡᠷᠴᠢᠮ ᠢᠶᠠᠨ ᠴᠢᠩᠭᠠᠷᠠᠭᠤᠯᠵᠤ᠂ ᠤᠯᠠᠮ ᠨᠢᠭᠡ ᠠᠯᠬᠤᠮ ᠪᠤᠯᠪᠠᠰᠤᠷᠠᠭᠤᠯᠤᠭᠰᠠᠨ ᠤ ᠲᠠᠷᠠᠭ᠎ᠠ ᠬᠤᠤᠰ ᠬᠡᠯᠡᠨ ᠤ ᠪᠠᠭᠰᠢ ᠶᠢ ᠨᠦᠬᠦᠪᠦᠷᠢᠯᠡᠨ ᠲᠡᠭᠦᠯᠳᠡᠷᠵᠢᠭᠦᠯᠦᠨ᠎ᠡ᠃ ᠡᠶᠢᠮᠦ ᠠᠴᠠ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠭᠦᠯᠦᠨ ᠬᠡᠷᠡᠭᠵᠢᠭᠦᠯᠬᠦ ᠨᠢ ᠶᠡᠭᠡ ᠰᠤᠷᠭᠠᠭᠤᠯᠢ ᠶᠢᠨ ᠤᠶᠤᠲᠠᠳ ᠤᠨ ᠠᠵᠢᠯ ᠤᠯᠬᠤ ᠳᠤ ᠬᠠᠪᠰᠤᠷᠤᠯᠭ᠎ᠠ ᠪᠤᠯᠬᠤ ᠶᠤᠮ᠃ 8. ᠠᠰᠠᠭᠤᠯᠳᠠ᠄ ᠡᠩ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠬᠡᠳᠤᠯᠳᠠᠢ ᠰᠢᠯᠭᠠᠯᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠰᠢᠯᠭᠠᠯᠲᠠ ᠶᠢᠨ ᠰᠡᠳᠦᠪ ᠢ ᠬᠤᠶᠠᠷ ᠵᠦᠢᠯ ᠤᠨ ᠦᠭᠡ ᠬᠡᠯᠡ ᠦᠰᠦᠭ ᠪᠢᠴᠢᠭ ᠢᠶᠠᠷ ᠭᠠᠷᠭᠠᠬᠤ ᠤᠤ︖ ᠬᠠᠷᠢᠭᠤᠯᠳᠠ᠄ ᠤᠳᠤᠬᠠᠨ ᠳᠤ ᠤᠯᠤᠰ ᠠᠴᠠ ᠶᠠᠭ ᠡᠩ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠬᠡᠳᠤᠯᠳᠠᠢ ᠰᠢᠯᠭᠠᠯᠲᠠ ᠶᠢᠨ ᠰᠢᠨ᠎ᠡ ᠦᠭᠡᠷᠡᠴᠢᠯᠡᠯᠲᠡ ᠶᠢ ᠠᠬᠢᠭᠤᠯᠵᠦ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ ᠬᠤᠪᠢᠶᠠᠬᠤ ᠦᠭᠡᠢ᠂ ︽ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠭᠡᠶᠢᠯᠡᠭᠰᠡᠨ ᠰᠢᠯᠭᠠᠯᠳᠠ︾ ᠶᠢᠨ ᠬᠠᠭᠤᠳᠠᠰᠤ ᠪᠠ ︽ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠭᠡᠶᠢᠯᠡᠭᠰᠡᠨ ᠰᠢᠯᠭᠠᠯᠳᠠ︾ ᠶᠢᠨ ᠬᠠᠭᠤᠳᠠᠰᠤ ᠭᠡᠵᠦ ᠤᠷᠤᠰᠢᠬᠤ ᠦᠭᠡᠢ ᠪᠤᠯᠤᠨ᠎ᠠ᠂ ᠠᠶᠠᠨᠳᠠᠭᠠᠨ ᠬᠤᠶᠠᠷ ᠵᠦᠢᠯ ᠤᠨ ᠦᠭᠡ ᠬᠡᠯᠡ ᠦᠰᠦᠭ ᠪᠢᠴᠢᠭ ᠤᠨ ᠰᠢᠯᠭᠠᠯᠲᠠ ᠶᠢᠨ ᠬᠠᠭᠤᠳᠠᠰᠤ ᠬᠡᠵᠤ ᠪᠠᠶᠢᠬᠤ ᠦᠬᠡᠢ ᠶᠤᠮ᠃ 9. ᠠᠰᠠᠭᠤᠯᠳᠠ᠄ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠭᠤᠷᠪᠠᠨ ᠲᠦᠷᠦᠯ ᠤᠨ ᠵᠢᠭᠠᠬᠤ ᠮᠠᠲ᠋ᠧᠷᠢᠶᠠᠯ ᠢ ᠬᠡᠷᠡᠭᠵᠢᠬᠦᠯᠦᠭᠰᠡᠨ ᠤ ᠲᠠᠷᠠᠭ᠎ᠠ᠂ ᠬᠢᠴᠢᠶᠡᠯ ᠤᠨ ᠪᠢᠴᠢᠭ ᠤᠨ ᠲᠤᠲᠤᠷᠠᠬᠢ ᠶᠡᠭᠡ ᠬᠡᠮᠵᠢᠶᠡᠨ ᠤ ᠲᠤᠰᠬᠠᠢ ᠮᠡᠷᠭᠡᠵᠢᠯ ᠤᠨ ᠨᠡᠷ᠎ᠡ ᠲᠤᠮᠢᠶ᠎ᠠ᠂ ᠨᠠᠷ᠎ᠠ ᠦᠬᠡ ᠶᠢ ᠬᠢᠴᠢᠶᠡᠯ ᠲᠡᠭᠡᠷ᠎ᠡ ᠨᠠᠷᠢᠯᠢᠭ ᠤᠨᠤᠴᠠᠲᠠᠢ ᠪᠠᠷ ᠤᠷᠴᠢᠭᠤᠯᠬᠤ ᠶᠢᠨ ᠠᠷᠭ᠎ᠠ ᠦᠭᠡᠢ ᠶᠤᠮ᠂ ᠡᠨᠡ ᠬᠦ ᠠᠰᠠᠭᠤᠳᠠᠯ ᠢ ᠬᠡᠷᠭᠢᠨ ᠰᠢᠢᠳᠪᠦᠷᠢᠯᠡᠬᠦ ᠪᠤᠢ︖ ᠬᠠᠷᠢᠭᠤᠯᠳᠠ᠄ ᠡᠨᠡ ᠵᠢᠯ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ ᠴᠢᠭᠯᠡᠭᠦᠯᠵᠤ᠂ ᠦᠪᠡᠷᠲᠡᠭᠡᠨ ᠵᠠᠰᠠᠬᠤ ᠤᠷᠤᠨ ᠠᠴᠠ ᠨᠢᠭᠡᠨᠲᠡ ᠦᠨᠳᠦᠰᠦᠲᠡᠨ ᠤ ᠦᠬᠡ ᠬᠡᠯᠡ ᠪᠠᠷ ᠬᠢᠴᠢᠶᠡᠯᠯᠡᠳᠡᠭ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠪᠤᠯᠤᠨ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠤ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ︽ᠮᠤᠩᠭᠤᠯ ᠬᠢᠲᠠᠳ ᠬᠦᠨᠳᠤ ᠦᠭᠡᠰ ᠪᠠ ᠬᠡᠪᠰᠢᠮᠡᠯ ᠬᠡᠯᠡᠯᠬᠡ ᠶᠢᠨ ᠬᠠᠷᠢᠴᠠᠭᠤᠯᠤᠯ ᠬᠦᠰᠦᠨᠦᠭ︾ ᠢ ᠲᠠᠷᠤᠮᠠᠯᠯᠠᠨ ᠲᠠᠷᠬᠠᠭᠠᠵᠤ᠂ ︽ᠶᠤᠰᠤ ᠰᠤᠷᠳᠠᠬᠤᠨ ᠬᠢᠭᠡᠳ ᠬᠠᠤᠯᠢ ᠪᠠᠷ ᠵᠠᠰᠠᠬᠤᠢ︾ ᠪᠤᠯᠤᠨ ︽ᠲᠡᠤᠬᠡ︾ ᠶᠢᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠤᠷᠴᠢᠭᠤᠯᠤᠭᠰᠠᠨ ᠬᠡᠪᠯᠡᠯ ᠤᠨ ᠵᠢᠭᠠᠬᠤ ᠮᠠᠲ᠋ᠧᠷᠢᠶᠠᠯ ᠪᠠ ᠴᠢᠬᠤᠯᠠ ᠪᠦᠬᠦᠢ ᠵᠢᠭᠠᠨ ᠰᠤᠷᠭᠠᠯᠳᠠ ᠶᠢᠨ ᠬᠠᠪᠰᠤᠷᠤᠮᠵᠢ ᠮᠠᠲ᠋ᠧᠷᠢᠶᠠᠯ ᠢ ᠬᠠᠮᠲᠤ ᠳᠤᠨᠢ ᠲᠠᠷᠬᠠᠭᠠᠨ᠎ᠠ᠃ ᠡᠭᠦᠨ ᠤ ᠬᠠᠮᠲᠦ ᠵᠢᠯ ᠪᠦᠷᠢ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ᠰᠢᠨ᠎ᠡ ᠰᠤᠷᠤᠭᠴᠢᠳ ᠲᠤ ︽ᠰᠢᠨᠬᠤᠸᠠ ᠦᠰᠦᠭ ᠤᠨ ᠲᠤᠯᠢ︾ ᠪᠠ ︽ᠰᠤᠷᠤᠭᠴᠢ ᠶᠢᠨ ᠮᠤᠩᠭᠤᠯ ᠬᠡᠯᠡᠨ ᠤ ᠲᠤᠯᠢ︾ ᠶᠢ ᠦᠨ᠎ᠠ ᠲᠦᠯᠦᠪᠦᠷᠢ ᠦᠭᠡᠢ ᠪᠠᠷ ᠬᠠᠩᠭᠠᠵᠦ᠂ ᠰᠤᠷᠤᠭᠴᠢᠳ ᠤᠨ ᠰᠤᠷᠤᠯᠴᠠᠵᠤ ᠤᠢᠢᠯᠠᠭᠠᠬᠤ ᠳᠤ ᠬᠡᠷᠡᠭᠯᠡᠭᠦᠯᠦᠨ᠎ᠡ᠃   10. ᠠᠰᠠᠭᠤᠯᠳᠠ᠄ ᠬᠡᠷᠪᠡ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠬᠦᠯᠬᠦ ᠶᠠᠪᠤᠴᠠ ᠳᠤ ᠵᠢᠭᠠᠬᠤ ᠠᠬᠢᠴᠠ ᠶᠢ ᠤᠳᠠᠭᠠᠰᠢᠷᠠᠭᠰᠠᠨ ᠠᠴᠠ ᠪᠤᠯᠵᠦ᠂ ᠲᠤᠭᠲᠠᠭᠰᠠᠨ ᠵᠢᠭᠠᠨ ᠰᠤᠷᠭᠠᠯᠲᠠ ᠶᠢᠨ ᠬᠤᠭᠤᠴᠠᠭᠠᠨ ᠲᠤᠲᠤᠷ᠎ᠠ ᠵᠢᠭᠠᠨ ᠰᠤᠷᠭᠠᠬᠤ ᠠᠭᠤᠯᠭ᠎ᠠ ᠪᠠᠨ ᠲᠤᠭᠲᠠᠭᠠᠯ ᠶᠤᠰᠤᠭᠠᠷ ᠪᠡᠶᠡᠯᠡᠭᠦᠯᠵᠦ ᠲᠡᠶᠢᠯᠬᠦ ᠦᠭᠡᠢ ᠪᠠᠶᠢᠳᠠᠯ ᠭᠠᠷᠤᠨ᠎ᠠ ᠤᠤ ᠦᠭᠡᠢ ᠤᠤ᠂ ᠡᠨᠡ ᠬᠦ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ ᠬᠠᠷᠢᠭᠤᠯᠳᠠ᠄ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠨᠢᠭᠡᠨᠲᠡ ᠦᠪᠡᠷᠲᠡᠭᠡᠨ ᠵᠠᠰᠠᠬᠤ ᠤᠷᠤᠨ ᠤ ᠵᠢᠭᠠᠬᠤ ᠶᠢ ᠰᠤᠳᠤᠯᠬᠤ ᠲᠠᠰᠤᠭ ᠤᠨ ᠵᠤᠬᠢᠶᠠᠨ ᠪᠠᠶᠢᠭᠤᠯᠤᠭᠰᠠᠨ ᠲᠤᠰᠬᠠᠢ ᠮᠡᠷᠭᠡᠵᠢᠯᠲᠡᠨ ᠤ ᠪᠦᠯᠬᠦᠮ ᠢ ᠲᠤᠬᠢᠷᠠᠭᠤᠯᠵᠦ᠂ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ᠠᠭᠤᠯᠭ᠎ᠠ ᠪᠠ ᠦᠨᠳᠤᠰᠤᠳᠡᠨ ᠤ ᠦᠬᠡ ᠬᠡᠯᠡ ᠪᠠᠷ ᠬᠢᠴᠢᠶᠡᠯᠯᠡᠬᠦ ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠢ ᠬᠦᠨᠵᠡᠬᠡᠢ ᠵᠠᠳᠠᠯᠤᠨ ᠰᠤᠳᠤᠯᠤᠯᠳᠠ ᠬᠢᠵᠤ᠂ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠳᠠ ᠶᠢᠨ ᠵᠢᠯᠤᠭᠤᠳᠬᠤ ᠰᠠᠨᠠᠭᠤᠯᠭ᠎ᠠ ᠪᠠ ᠦᠨᠡᠯᠡᠯᠲᠡ ᠶᠢᠨ ᠭᠤᠤᠯᠳᠠᠯᠭ᠎ᠠ ᠶᠢ ᠨᠠᠶᠢᠷᠠᠭᠤᠯᠤᠨ ᠵᠤᠬᠢᠶᠠᠵᠦ᠂ ᠪᠠᠭ᠎ᠠ ᠰᠤᠷᠭᠠᠭᠤᠯᠢ ᠶᠢᠨ ᠵᠢᠷᠭᠤᠭᠠᠨ ᠤᠨ ᠬᠦᠷᠲᠡᠯ᠎ᠡ ᠲᠡᠩᠴᠡᠭᠦᠷᠢᠲᠠᠢ ᠪᠠᠷ ᠬᠢᠴᠢᠶᠡᠯ ᠲᠤᠬᠢᠷᠠᠭᠤᠯᠤᠨ᠂ ᠬᠠᠷᠢᠴᠠᠯ ᠲᠠᠢ ᠪᠠᠷ ᠬᠢᠴᠢᠶᠡᠯᠯᠡᠬᠦ ᠴᠠᠭ ᠢ ᠬᠤᠪᠢᠶᠠᠷᠢᠯᠠᠬᠤ ᠰᠡᠳᠬᠢᠮᠵᠢ ᠶᠤᠰᠤᠭᠠᠷ᠂ ᠵᠢᠭᠠᠨ ᠰᠤᠷᠭᠠᠯᠳᠠ ᠶᠢᠨ ᠠᠬᠢᠴᠠ ᠪᠠ ᠴᠠᠭ ᠤᠨ ᠲᠠᠷᠠᠭᠠᠯᠠᠯ ᠢ ᠲᠤᠬᠢᠷᠠᠭᠤᠯᠬᠤ ᠶᠢᠨ ᠬᠠᠮᠲᠦ ︽ᠬᠢᠴᠢᠶᠡᠯ ᠤᠨ ᠪᠠᠷᠢᠮᠵᠢᠶ᠎ᠠ︾ ᠪᠠᠷ ᠦᠨᠳᠦᠰᠦᠯᠡᠯ ᠪᠤᠯᠭᠠᠨ᠂ ᠵᠢᠭᠠᠨ ᠰᠤᠷᠭᠠᠯᠳᠠ ᠶᠢᠨ ᠠᠭᠤᠯᠭ᠎ᠠ ᠪᠠ ᠮᠡᠳᠡᠯᠭᠡ ᠶᠢᠨ ᠰᠢᠰᠲ᠋ᠧᠮ ᠤᠨ ᠵᠤᠯᠭᠠᠯᠲᠠ ᠶᠢ ᠪᠠᠲᠤᠯᠠᠭᠰᠠᠨ ᠤᠷᠢᠳᠠᠯ ᠲᠤᠤᠷ᠎ᠠ᠂ ᠵᠢᠭᠠᠨ ᠰᠤᠷᠭᠠᠯᠳᠠ ᠶᠢᠨ ᠠᠭᠤᠯᠭ᠎ᠠ ᠪᠠ ᠵᠢᠭᠠᠨ ᠰᠤᠷᠭᠠᠬᠤ ᠬᠦᠴᠢᠷᠳᠡᠯ ᠳᠤ ᠵᠤᠬᠢᠰᠲᠠᠢ ᠪᠠᠷ ᠵᠤᠬᠢᠴᠠᠭᠤᠯᠤᠯᠲᠠ ᠬᠢᠪᠡ᠃ ᠢᠩᠬᠢᠵᠤ ᠲᠤᠬᠢᠷᠠᠭᠤᠯᠤᠨ ᠵᠤᠬᠢᠴᠠᠭᠤᠯᠤᠭᠰᠠᠨ ᠤ ᠲᠠᠷᠠᠭ᠎ᠠ᠂ ᠬᠢᠴᠢᠶᠡᠯᠯᠡᠬᠦ ᠴᠠᠭ ᠤᠨ ᠶᠡᠷᠦᠩᠬᠡᠢ ᠬᠡᠪᠴᠢᠶᠡᠨ ᠲᠤᠲᠤᠷ᠎ᠠ᠂ ᠲᠤᠭᠲᠠᠭᠰᠠᠨ ᠵᠢᠭᠠᠨ ᠰᠤᠷᠭᠠᠯᠲᠠ ᠶᠢᠨ ᠬᠤᠭᠤᠴᠠᠭᠠᠨ ᠳᠤ ᠲᠤᠭᠲᠠᠭᠰᠠᠨ ᠵᠢᠭᠠᠨ ᠰᠤᠷᠭᠠᠯᠲᠠ ᠶᠢᠨ ᠡᠭᠦᠷᠭᠡ ᠪᠠᠨ ᠪᠡᠶᠡᠯᠡᠭᠦᠯᠵᠦ ᠲᠡᠶᠢᠯᠬᠦ ᠦᠭᠡᠢ ᠪᠠᠶᠢᠳᠠᠯ ᠭᠠᠷᠬᠤ ᠦᠭᠡᠢ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号