— — 2020 ᠣᠨ ᠤ 4 ᠰᠠᠷ᠎ᠠ ᠶᠢᠨ 22 ᠤᠨ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠳᠡᠭᠡᠷ᠎ᠡ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠱᠢ ᠵᠦᠩ ᠴᠢᠨ | | ᠲᠥᠯᠥᠭᠡᠯᠡᠭᠴᠢᠳ ᠡ᠄ | ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ 2020 ᠣᠨ ᠤ ᠠᠷᠠᠳ ᠤᠨ | ᠠᠮᠢᠳᠤᠷᠠᠯ ᠤᠨ ᠪᠣᠳᠠᠲᠤ ᠠᠵᠢᠯ ᠤᠨ ᠲᠥᠷᠥᠯ ᠵᠦᠢᠯ ᠤᠨ ᠵᠢᠱᠢᠭᠳᠡᠭᠰᠡᠨ ᠲᠥᠷᠥᠯ ᠵᠦᠶᠯ ᠤᠨ ᠪᠦᠷᠢᠯᠳᠦᠭᠰᠡᠨ | ᠪᠠᠶᠢᠳᠠᠯ ᠤᠨ ᠲᠤᠬᠠᠶ ᠮᠡᠳᠡᠭᠦᠯᠦᠯᠲᠡ ᠬᠢᠶ᠎ᠠ᠂ ᠬᠢᠨᠠᠨ ᠵᠥᠪᠯᠡᠬᠦ ᠪᠤᠯᠪᠠᠤ᠃ | ᠬᠤᠰᠢᠭᠤ ᠨᠠᠮ ᠤᠨ ᠬᠤᠷᠢᠶ᠎ᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ ᠳᠤ ᠴᠤᠬᠤᠯᠠᠪᠤᠷᠢᠯᠠᠨ ᠳᠠᠮᠵᠢᠭᠤᠯᠤᠭᠰᠠᠨ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠦᠷᠦᠯ ᠵᠦᠶᠯ ᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠠᠴᠠ ᠪᠢᠯᠧᠲ ᠥᠭᠴᠦ ᠰᠢᠢᠳᠪᠦᠷᠢᠯᠡᠬᠦ ᠲᠦᠷᠢᠮ ᠢ ᠬᠡᠷᠡᠭᠵᠢᠭᠦᠯᠬᠦ ᠰᠠᠨᠠᠯ︾ ᠶᠣᠰᠣᠭᠠᠷ | ᠂ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠠᠷᠠᠳ ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ | ᠠᠮᠢᠳᠤᠷᠠᠯ ᠢ ᠳᠣᠪᠣᠶᠢᠯᠭᠠᠬᠤ᠂ ᠨᠡᠶᠢᠲᠡ ᠶᠢᠨ ᠠᠰᠠᠷᠠᠮᠵᠢ ᠶᠢ ᠠᠳᠠᠯᠢ ᠲᠡᠭᠰᠢ ᠪᠠᠶᠢᠯᠭᠠᠬᠤ᠂ ᠨᠡᠶᠢᠳᠡᠮ ᠠᠰᠢᠭ | ᠬᠦᠷᠲᠡᠵᠦ ᠬᠠᠮᠲᠤ ᠪᠠᠷ ᠡᠳ᠋ᠯᠡᠬᠦ᠂ ᠴᠢᠳᠠᠯ ᠤᠨ ᠢᠶᠠᠨ ᠬᠢᠷᠢ ᠪᠠᠷ ᠬᠢᠬᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ | ᠵᠠᠷᠴᠢᠮ ᠢ ᠪᠠᠷᠢᠮᠲᠠᠯᠠᠵᠤ᠂ ᠣᠯᠠᠨ ᠲᠦᠮᠡᠨ ᠤ ᠬᠠᠮᠤᠭ ᠤᠨ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠲᠤᠯᠭᠠᠮ᠎ᠠ᠂ | ᠵᠠᠰᠠᠭ ᠤᠨ ᠣᠷᠳᠣᠨ ᠨᠢ ᠰᠢᠶᠳᠪᠦᠷᠢᠯᠡᠬᠦ ᠴᠢᠳᠠᠪᠤᠷᠢ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠤᠰᠤᠨ | ᠴᠠᠬᠢᠯᠭᠠᠨ ᠵᠠᠮ ᠤᠨ ᠰᠠᠭᠤᠷᠢ ᠲᠦᠬᠦᠭᠡᠷᠦᠮᠵᠢ᠂ ᠰᠣᠶᠣᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠲᠠᠯ᠎ᠠ | ᠪᠠᠷ ᠥᠷᠭᠡᠨ ᠢᠶᠠᠷ ᠰᠠᠨᠠᠯ ᠴᠤᠭᠯᠠᠭᠤᠯᠬᠤ ᠪᠠᠷ ᠳᠠᠮᠵᠢᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠢ ᠰᠢᠯᠢᠨ ᠰᠣᠩᠭᠤᠪᠠ᠃ | ᠲᠥᠷᠥᠯ ᠵᠦᠶᠯ ᠢ ᠡᠯᠰᠡᠬᠦ ᠶᠠᠪᠤᠴᠠ ᠳᠤ᠂ ᠠᠷᠠᠳᠴᠢᠯᠠᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠠᠷᠠᠳ ᠤᠨ | ᠰᠠᠨᠠᠭ᠎ᠠ ᠶᠢ ᠰᠣᠨᠣᠰᠴᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠵᠦ᠂ 2019 ᠣᠨ ᠤ 11 ᠰᠠᠷ᠎ᠠ᠂ | 2020 ᠣᠨ ᠤ 3 ᠰᠠᠷ᠎ᠠ ᠳᠤ ᠲᠣᠰ ᠲᠣᠰ ᠬᠤᠶᠠᠷ ᠡᠭᠡᠯᠵᠢ ᠶᠢᠨ ᠠᠷᠠᠳ ᠤᠨ ᠠᠮᠢᠳᠤᠷᠠᠯ ᠤᠨ ᠪᠣᠳᠠᠲᠤ ᠠᠵᠢᠯ | ᠤᠨ ᠲᠥᠷᠥᠯ ᠵᠦᠶᠯ ᠢ ᠡᠯᠰᠡᠬᠦ ᠠᠵᠢᠯᠯᠠᠭ᠎ᠠ ᠥᠷᠨᠢᠭᠦᠯᠵᠦ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ | ᠭᠦᠶᠴᠡᠳ ᠬᠤᠷᠢᠶᠠᠵᠤ᠂ ᠨᠡᠶᠢᠲᠡ 17 ᠰᠠᠯᠠᠭ᠎ᠠ ᠮᠥᠴᠢᠷ᠂ ᠭᠠᠵᠠᠷ ᠣᠷᠣᠨ ᠤ ᠮᠡᠳᠡᠭᠦᠯᠦᠨ ᠬᠦᠷᠭᠡᠭᠰᠡᠨ ᠠᠷᠠᠳ | ᠤᠨ ᠠᠮᠢᠳᠤᠷᠠᠯ ᠤᠨ 34 ᠲᠥᠷᠥᠯ ᠵᠦᠶᠯ ᠢ ᠴᠤᠭᠯᠠᠭᠤᠯᠵᠠᠶ᠃ ᠠᠩᠬ᠎ᠠ ᠠᠯᠬᠤᠮ ᠬᠢᠨᠠᠨ ᠬᠠᠷᠭᠤᠭᠤᠯᠤᠭᠠᠳ | ᠵᠢᠱᠢᠭᠳᠡᠬᠦ ᠲᠥᠷᠥᠯ ᠵᠦᠶᠯ ᠤᠨ ᠰᠠᠨᠠᠭᠤᠯᠭ᠎ᠠ ᠶᠢᠨ ᠲᠥᠰᠦᠯ ᠢ ᠪᠦᠷᠢᠯᠳᠦᠭᠦᠯᠵᠤ᠂ ᠬᠤᠰᠢᠭᠤ ᠠᠷᠠᠳ ᠤᠨ ᠵᠠᠰᠠᠭ | ᠤᠨ ᠣᠷᠳᠣᠨ ᠤ 2020 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠳᠠᠮᠵᠢᠨ᠂ ᠬᠤᠰᠢᠭᠤ | ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 111 ᠳ᠋ᠦ᠋ᠭᠡᠷ ᠤᠳᠠᠭ᠎ᠠ ᠶᠢᠨ ᠪᠠᠶᠢᠩᠭᠤ ᠶᠢᠨ | ᠬᠤᠷᠢᠶᠠᠨ ᠤ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ 2020 ᠣᠨ ᠤ ᠠᠷᠠᠳ ᠤᠨ ᠠᠮᠢᠳᠤᠷᠠᠯ ᠤᠨ | ᠪᠣᠳᠠᠲᠠᠶ ᠠᠵᠢᠯ ᠤᠨ ᠵᠢᠱᠢᠭᠳᠡᠭᠴᠢ 14 ᠲᠥᠷᠥᠯ ᠵᠦᠶᠯ ᠢ ᠲᠣᠭᠲᠠᠭᠠᠵᠤ᠂ ᠶᠡᠷᠦᠩᠬᠡᠶ ᠪᠠᠯᠠ ᠣᠷᠣᠭᠤᠯᠤᠯᠲᠠ | 30418.02 ᠲᠦᠮᠡᠨ ᠲᠥᠭᠦᠷᠢᠭ ᠪᠣᠯᠪᠠ᠃ | ᠵᠢᠱᠢᠭᠳᠡᠭᠰᠡᠨ ᠲᠦᠷᠦᠯ ᠵᠦᠢᠯ ᠨᠢ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ | ᠴᠢᠨᠠᠷ ᠪᠠ ᠨᠡᠶᠢᠭᠡᠮ ᠤᠨ ᠦᠷ᠎ᠡ ᠠᠰᠢᠭ ᠢ ᠴᠢᠬᠤᠯᠠᠴᠢᠯᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ | ᠬᠤᠯᠪᠤᠭᠳᠠᠵᠤ᠂ ᠪᠠᠴᠢᠮ ᠰᠢᠢᠳᠪᠦᠷᠢᠯᠡᠬᠦ ᠴᠢᠬᠤᠯᠠᠲᠠᠢ ᠪᠣᠳᠠᠲᠠᠢ ᠠᠰᠠᠭᠤᠳᠠᠯ ᠢ ᠲᠤᠬᠠᠢ ᠶᠢᠨ ᠵᠢᠯ ᠳᠤ | ᠬᠡᠷᠡᠭᠵᠢᠭᠦᠯᠵᠦ᠂ ᠲᠤᠬᠠᠢ ᠶᠢᠨ ᠵᠢᠯ ᠳᠤ ᠦᠷ᠎ᠡ ᠪᠦᠲᠦᠮᠵᠢ ᠣᠯᠵᠤ᠂ ᠲᠤᠬᠠᠢ ᠶᠢᠨ ᠵᠢᠯ ᠳᠤ ᠠᠰᠢᠭ ᠬᠦᠷᠳᠡᠵᠦ | ᠴᠢᠳᠠᠨ᠎ᠠ︔ ᠵᠢᠱᠢᠭᠳᠡᠭᠰᠡᠨ ᠲᠥᠷᠥᠯ ᠵᠦᠶᠯ ᠤᠨ ᠪᠠᠯᠠ ᠮᠥᠩᠭᠦ ᠨᠢ ᠨᠠᠶᠢᠳᠠᠪᠤᠷᠢᠲᠠᠶ ᠢᠷᠡᠯᠲᠡ ᠲᠠᠢ ᠪᠠᠶᠢᠵᠤ᠂ ᠴᠥᠮ | ᠳᠡᠭᠡᠳᠦ ᠱᠠᠲᠤᠨ ᠤ ᠲᠤᠰᠬᠠᠶ ᠪᠠᠯᠠ ᠮᠥᠩᠭᠦ᠂ ᠣᠷᠣᠨ ᠨᠤᠲᠤᠭ ᠤᠨ ᠡᠳ᠋ ᠤᠨ ᠵᠠᠰᠠᠭ ᠤᠨ ᠢᠵᠢ ᠪᠥᠷᠢᠳᠦᠭᠦᠯᠬᠦ ᠪᠠ | ᠠᠵᠤ ᠠᠬᠤᠶᠢᠯᠠᠯ᠂ ᠣᠯᠠᠨ ᠲᠦᠮᠡᠨ ᠥᠪᠡᠰᠦᠪᠡᠨ ᠴᠤᠭᠯᠠᠭᠤᠯᠵᠤ ᠰᠢᠶᠳᠪᠦᠷᠢᠯᠡᠬᠦ ᠪᠠᠷ ᠳᠡᠮᠵᠢᠨ ᠪᠦᠷᠢᠯᠳᠦᠵᠤ᠂ | ᠵᠠᠰᠠᠭ ᠤᠨ ᠣᠷᠳᠣᠨ ᠤ ᠥᠷᠢ ᠥᠭᠴᠡᠭᠡ ᠪᠤᠯᠬᠤ ᠥᠬᠡᠶ︔ ᠵᠢᠱᠢᠭᠳᠡᠭᠰᠡᠨ ᠲᠥᠷᠥᠯ ᠵᠦᠶᠯ ᠨᠢ ᠮᠠᠨ ᠤ ᠬᠤᠰᠢᠭᠤᠨ | ᠤ ᠪᠣᠳᠠᠲᠤ ᠪᠠᠶᠢᠳᠠᠯ ᠲᠠᠢ ᠨᠡᠶᠢᠴᠡᠵᠦ᠂ ᠨᠡᠯᠢᠶᠡᠳ ᠴᠢᠩᠭ᠎ᠠ ᠴᠢᠬᠤᠯᠠ ᠴᠢᠨᠠᠷ ᠪᠠ ᠪᠣᠯᠤᠮᠵᠢᠲᠤ ᠴᠢᠨᠠᠷ ᠲᠠᠢ ᠪᠠᠶᠢᠵᠤ᠂ | ᠡᠬᠢᠨ ᠤ ᠬᠤᠭᠤᠴᠠᠭᠠᠨ ᠤ ᠠᠵᠢᠯ ᠯᠠᠪᠳᠠᠭᠤᠨ ᠪᠠᠳᠤᠲᠠᠢ ᠪᠠᠶᠢᠵᠤ᠂ ᠰᠤᠳᠤᠯᠵᠤ ᠨᠤᠲᠠᠯᠠᠬᠤ ᠪᠠᠷ ᠳᠠᠮᠵᠢᠨ᠂ | ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠳᠤ ᠨᠡᠶᠢᠴᠡᠪᠡ᠃ ᠪᠣᠳᠠᠲᠠᠢ ᠲᠥᠷᠥᠯ ᠵᠦᠢᠯ | ᠤᠨ ᠪᠠᠶᠢᠳᠠᠯ ᠨᠢ ᠳᠣᠣᠷᠠᠬᠢ ᠮᠡᠲᠦ᠄ | ᠨᠢᠭᠡ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠳᠤᠲᠠᠭᠳᠠᠯ ᠢ ᠨᠥᠬᠦᠪᠥᠷᠢᠯᠡᠵᠦ ᠪᠠᠭᠤᠷᠠᠶ ᠶᠢ | ᠴᠢᠩᠭᠠᠳᠬᠠᠬᠤ ᠲᠥᠷᠥᠯ ᠵᠦᠶᠯ᠃ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠣᠰᠬᠤᠨ ᠤ ᠣᠯᠠᠨ ᠨᠡᠶᠢᠲᠡ | ᠶᠢᠨ ᠦᠶᠯᠡᠴᠢᠯᠡᠭᠡᠨ ᠤ ᠲᠦᠬᠦᠭᠡᠷᠦᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠦᠷᠭᠦᠯᠵᠢᠯᠡᠨ ᠭᠤᠤᠯᠳᠠᠯᠭ᠎ᠠ ᠶᠢ | ᠠᠳᠬᠤᠵᠤ᠂ ᠳᠤᠲᠠᠭᠳᠠᠯ ᠢ ᠨᠦᠬᠦᠪᠦᠷᠢᠯᠡᠵᠤ᠂ ᠨᠡᠭᠦᠭᠰᠡᠨ ᠣᠯᠠᠨ ᠲᠦᠮᠡᠨ ᠤ ᠣᠷᠣᠰᠢᠨ ᠰᠠᠭᠤᠬᠤ ᠣᠷᠴᠢᠨ | ᠨᠥᠬᠦᠴᠡᠯ ᠢ ᠢᠯᠡᠳᠲᠡ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠨᠳᠣᠤ ᠭᠠᠵᠠᠷ ᠨᠡᠭᠦᠯᠭᠡᠨ | ᠶᠠᠳᠠᠭᠤ ᠶᠢ ᠲᠡᠳᠬᠦᠬᠦ ᠳᠤᠲᠠᠭᠳᠠᠯ ᠢ ᠨᠥᠬᠦᠪᠥᠷᠢᠯᠡᠬᠦ ᠪᠠᠭᠤᠷᠠᠶ ᠵᠦᠶᠯᠡᠰ ᠢ ᠴᠢᠩᠭᠠᠳᠬᠠᠬᠤ ᠲᠥᠷᠥᠯ ᠵᠦᠶᠯ ᠢ | ᠬᠡᠷᠡᠭᠵᠢᠭᠦᠯᠬᠦ ᠪᠠᠷ ᠪᠠᠶᠢᠨ᠎ᠠ᠃ ᠬᠡᠷᠡᠭᠵᠢᠭᠦᠯᠬᠦ ᠨᠢᠭᠡᠴᠢ ᠨᠢ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠶᠡᠷᠦᠩᠬᠡᠢ ᠪᠡᠯᠡ ᠣᠷᠣᠭᠤᠯᠤᠯᠲᠠ ᠨᠢ 1310.5 ᠲᠦᠮᠡᠨ ᠲᠥᠭᠦᠷᠢᠭ᠂ ᠪᠡᠯᠡ ᠮᠥᠩᠭᠦ ᠶᠢᠨ ᠢᠷᠡᠯᠲᠡ | ᠨᠢ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠪᠡᠯᠡ ᠮᠥᠩᠭᠦ | ᠪᠣᠯᠤᠨ᠎ᠠ᠃ ᠭᠤᠤᠯ ᠪᠣᠯᠬᠤ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠨᠢ᠄ ᠰᠢᠪᠠᠷᠬᠦ᠋ᠷᠢᠶ᠎ᠡ ᠪᠠᠯᠭᠠᠰᠤᠨ ᠳᠤ | ᠬᠤᠲᠠ ᠶᠢᠨ ᠬᠦᠷᠢᠶ᠎ᠡ ᠠᠴᠠ ᠳᠤᠪᠤ ᠬᠦᠷᠬᠦ ᠱᠦᠶᠨᠢ ᠵᠠᠮ 4500 ᠮᠧᠲᠷ ᠪᠠᠶᠢᠭᠤᠯᠵᠤ᠂ ᠳᠠᠷᠠᠰᠤᠨ ᠪᠤᠯᠠᠭ ᠵᠡᠷᠭᠡ | 4 ᠲᠣᠰᠬᠤᠨ ᠳᠤ 80 ᠬᠤᠭ ᠨᠣᠪᠰᠢ ᠶᠢᠨ ᠬᠠᠶᠢᠷᠴᠠᠭ ᠬᠤᠳᠠᠯᠳᠤᠨ ᠠᠪᠴᠤ ᠥᠭᠭᠦᠨ᠎ᠡ︔ ᠦᠬᠡᠷ ᠬᠤᠳᠳᠤᠭ | ᠪᠠᠯᠭᠠᠰᠤᠨ ᠳᠤ ᠪᠣᠣ ᠡᠯ ᠬᠤᠣ ᠠᠴᠠ ᠵᠢᠨᠱᠠᠨ ᠬᠦᠷᠬᠦ ᠱᠦᠢᠨᠢ ᠵᠠᠮ 4200 ᠮᠧᠲᠷ ᠵᠠᠰᠠᠵᠤ᠂ ᠯᠢᠶᠠᠩ ᠰᠢ ᠠᠴᠠ | ᠰᠠᠶᠢᠷ ᠤᠨ ᠬᠤᠳᠳᠤᠭ ᠬᠦᠷᠬᠦ ᠱᠦᠢᠨᠢ ᠵᠠᠮ 4500 ᠮᠧᠲᠷ ᠵᠠᠰᠠᠵᠤ᠂ ᠾᠧᠦ ᠳ᠋ᠠ ᠱᠢ ᠯᠢᠨ ᠠᠴᠠ ᠵᠢᠭᠤᠯᠴᠢᠯᠠᠯ | ᠤᠨ ᠵᠠᠰᠠᠮᠠᠯ ᠵᠠᠮ ᠬᠦᠷᠬᠦ ᠱᠦᠢᠨᠢ ᠵᠠᠮ 1500 ᠮᠧᠲᠷ ᠵᠠᠰᠠᠨ᠎ᠠ︔ ᠪᠠᠭ᠎ᠠ ᠤᠩᠭᠤᠨ ᠰᠢᠶᠠᠩ ᠤᠨ ᠱᠠᠨ ᠾᠧᠦ | ᠠᠴᠠ ᠴᠣᠬᠤᠢ ᠶᠢᠨ ᠤᠭᠤᠷᠬᠠᠢ ᠬᠦᠷᠬᠦ ᠱᠦᠢᠨᠢ ᠵᠠᠮ 3500 ᠮᠧᠲᠷ ᠵᠠᠰᠠᠵᠤ᠂ ᠪᠤᠮᠪᠠᠲᠠᠢ ᠠᠴᠠ ᠡᠦ ᠹᠦ᠋ ᠳᠠᠩ | ᠬᠦᠷᠬᠦ ᠱᠦᠢᠨᠢ ᠵᠠᠮ 4600 ᠮᠧᠲᠷ ᠵᠠᠰᠠᠵᠤ᠂ ᠰᠢ ᠭᠤᠸᠠᠶ ᠽᠢ ᠲᠣᠰᠬᠤᠨ ᠤ ᠠᠷᠠᠳ ᠤᠨ ᠵᠥᠪᠯᠡᠯ ᠠᠴᠠ | ᠱᠦᠢᠨᠢ ᠵᠠᠮ ᠬᠦᠷᠬᠦ 300 ᠮᠧᠲᠷ ᠵᠠᠮ ᠢ ᠵᠠᠰᠠᠵᠤ᠂ ᠰᠢ ᠴᠢᠤᠸᠠᠨ ᠽᠢ ᠰᠢᠨ᠎ᠡ ᠲᠣᠰᠬᠤᠨ ᠳᠤ 2 ᠠᠷᠢᠭᠤᠨ | ᠴᠡᠪᠡᠷ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ |