ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶᠠᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠦᠷᠢᠮ
ᠨᠡᠶᠢᠲᠡᠯᠡᠭᠰᠡᠨ ᠴᠠᠭ᠄
2020/12/21
   ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠨᠡᠶᠢᠭᠡᠮ  ᠤᠨ ᠪᠠᠶᠢᠳᠠᠯ ᠠᠷᠠᠳ  ᠤᠨ ᠰᠠᠨᠠᠭᠠᠨ  ᠤ ᠮᠡᠳᠡᠭᠡ ᠵᠠᠩᠭᠢ  ᠶᠢᠨ ᠠᠵᠢᠯ  ᠤᠨ ᠤᠯᠤᠰ ᠲᠥᠷᠥ  ᠶᠢᠨ ᠵᠦᠪᠯᠡᠯᠭᠡᠨ  ᠤ ᠡᠭᠦᠷᠭᠡ ᠴᠢᠳᠠᠪᠤᠷᠢ  ᠪᠠᠨ ᠭᠦᠢᠴᠡᠳᠭᠡᠬᠦ ᠠᠵᠢᠯ  ᠳᠠᠬᠢ ᠰᠠᠭᠤᠷᠢ ᠴᠢᠨᠠᠷᠲᠠᠶ ᠦᠢᠯᠡᠳᠦᠯ  ᠢ ᠭᠦᠢᠴᠡᠳ ᠪᠠᠳᠠᠷᠠᠭᠤᠯᠵᠤ ︽ᠳᠤᠮᠳᠠᠳᠤ ᠤᠯᠤᠰ  ᠤᠨ ᠠᠷᠠᠳ  ᠤᠨ ᠤᠯᠤᠰ ᠲᠥᠷᠥ  ᠶᠢᠨ ᠵᠥᠪᠯᠡᠯᠭᠡᠨ  ᠤ ᠳᠦᠷᠢᠮ︾ ᠢ ᠦᠨᠳᠦᠰᠦᠯᠡᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠲᠣᠰ ᠳᠦᠷᠢᠮ ᠢ ᠲᠣᠭᠲᠠᠭᠠᠪᠠ᠃      ᠨᠢᠭᠡ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠠᠴᠢ ᠬᠤᠯᠪᠣᠭᠳᠠᠯ ᠪᠠ ᠦᠢᠯᠡᠳᠦᠯ    ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠭᠡᠳᠡᠭ ᠨᠢ ᠭᠤᠤᠯᠳᠠᠭᠤ ᠨᠡᠶᠢᠭᠡᠮ ᠤᠨ ᠠᠮᠢᠳᠤᠷᠠᠯ ᠤᠨ ᠦᠨᠳᠦᠰᠦᠨ ᠬᠥᠳᠡᠯᠦᠯ ᠪᠠᠶᠢᠳᠠᠯ ᠪᠠ ᠠᠷᠠᠳ ᠤᠯᠠᠨ ᠤ ᠰᠠᠨᠠᠯ ᠬᠦᠰᠡᠯ ᠢ ᠵᠢᠭᠠᠵᠤ ᠪᠠᠶᠢᠨ᠎ᠠ᠃ ᠨᠡᠶᠢᠭᠡᠮ  ᠤᠨ ᠪᠠᠶᠢᠳᠠᠯ ᠠᠷᠠᠳ  ᠤᠨ ᠰᠠᠨᠠᠭ᠎ᠠ  ᠶᠢ ᠲᠤᠰᠬᠠᠬᠤ ᠠᠵᠢᠯ ᠭᠡᠳᠡᠭ ᠨᠢ ᠤᠯᠤᠰ ᠲᠥᠷᠥ  ᠶᠢᠨ ᠵᠥᠪᠯᠡᠯᠭᠡᠨ  ᠤ ᠵᠣᠬᠢᠶᠠᠨ ᠪᠠᠶᠢᠭᠤᠯᠤᠯᠲᠠ  ᠶᠢᠨ ᠤᠯᠤᠰ ᠲᠥᠷᠥ  ᠶᠢᠨ ᠵᠥᠪᠯᠡᠯᠭᠡᠨ  ᠤ ᠭᠡᠰᠢᠭᠦᠳ  ᠢ ᠤᠳᠤᠷᠢᠳᠤᠨ ᠪᠦᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠵᠢᠴᠢ ᠬᠤᠰᠢᠭᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠴᠢᠬᠤᠯᠠᠴᠢᠯᠠᠨ ᠦᠵᠡᠵᠦ ᠪᠠᠶᠢᠭ᠎ᠠ ᠠᠵᠢᠯ᠂ ᠠᠷᠠᠳ ᠣᠯᠠᠨ ᠤ ᠠᠩᠬᠠᠷᠴᠤ ᠪᠠᠶᠢᠭ᠎ᠠ ᠴᠢᠬᠤᠯᠠ ᠠᠰᠠᠭᠤᠳᠠᠯ ᠤᠨ ᠲᠣᠭᠤᠷᠢᠨ ᠳᠤ᠂ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠠᠷᠭ᠎ᠠ ᠵᠠᠮ ᠢᠶᠠᠷ ᠳᠠᠮᠵᠢᠭᠤᠯᠤᠨ᠂ ᠨᠠᠶᠢᠭᠡᠮ ᠤᠨ ᠪᠠᠶᠢᠳᠠᠯ ᠠᠷᠠᠳ ᠤᠨ ᠰᠠᠨᠠᠯ ᠢ ᠴᠤᠭᠯᠠᠭᠤᠯᠵᠤ᠂ ᠵᠠᠳᠠᠯᠤᠯᠲᠠ ᠬᠢᠵᠦ᠂ ᠲᠤᠰᠬᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠬᠠᠪᠰᠤᠷᠤᠨ ᠪᠠᠶᠢᠳᠠᠯ ᠢ ᠵᠠᠳᠠᠯᠤᠨ ᠮᠠᠭᠠᠳᠯᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢᠭᠡ ᠵᠦᠢᠯ ᠤᠨ ᠪᠠᠶᠢᠩᠭᠤ ᠶᠢᠨ ᠴᠢᠨᠠᠷᠲᠠᠶ᠂ ᠰᠠᠭᠤᠷᠢ ᠴᠢᠨᠠᠷᠲᠠᠶ ᠠᠵᠢᠯ ᠪᠤᠯᠤᠨ᠎ᠠ᠃    ᠬᠤᠶᠠᠷ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠪᠠᠷᠢᠮᠲᠠᠯᠠᠬᠤ ᠵᠠᠷᠴᠢᠮ    ︵ᠨᠢᠭᠡ︶ ᠦᠨᠡᠨ ᠪᠣᠳᠠᠲᠤ ᠴᠢᠨᠠᠷ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠦᠨᠡᠨ ᠪᠣᠳᠠᠲᠠᠶ ᠪᠠᠶᠢᠬᠤ ᠪᠠᠷ ᠴᠢᠷᠮᠠᠶᠢᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠡᠰᠡᠷᠭᠦᠴᠡᠵᠦ᠂ ᠪᠠᠶᠠᠷ ᠪᠠᠶᠢᠪᠠᠯ ᠪᠠᠶᠠᠷ  ᠢᠶᠠᠨ ᠮᠡᠳᠡᠭᠳᠡᠵᠤ᠂ ᠪᠡᠷᠬᠡᠰᠢᠶᠡᠯ ᠪᠠᠶᠢᠪᠠᠯ ᠪᠡᠷᠭᠡᠰᠢᠶᠡᠯ ᠢᠶᠠᠨ ᠲᠤᠭᠠᠴᠢᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠨ ᠡᠯ᠎ᠡ ᠡᠲᠡᠭᠡᠳ ᠤᠨ ᠬᠥᠮᠦᠰ ᠤᠨ ᠰᠠᠨᠠᠯ ᠢ ᠦᠨᠡᠨ ᠪᠣᠳᠠᠲᠠᠶ ᠪᠠᠷ ᠲᠤᠰᠬᠠᠬᠤ ᠬᠡᠷᠡᠭᠲᠡᠢ᠃    ︵ᠬᠤᠶᠠᠷ︶ ᠴᠢᠨᠠᠷ ᠢ ᠴᠢᠬᠤᠯᠠᠴᠢᠯᠠᠬᠤ ᠬᠡᠷᠡᠭᠲᠡᠶ᠃ ᠴᠢᠨᠠᠷ ᠢ ᠴᠢᠬᠤᠯᠠᠴᠢᠯᠠᠵᠤ᠂ ᠶᠡᠭᠡ ᠲᠠᠯ᠎ᠠ ᠶᠢ ᠪᠣᠳᠣᠯᠬᠢᠯᠠᠨ ᠂ ᠪᠣᠳᠠᠲᠤ ᠪᠠᠶᠢᠳᠠᠯ ᠲᠠᠢ ᠣᠶᠢᠷᠠᠲᠤᠵᠤ᠂ ᠣᠯᠠᠨ ᠲᠦᠮᠡᠨ ᠲᠠᠢ ᠣᠶᠢᠷᠠᠲᠤᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶᠢᠯᠠᠭᠠᠬᠤ ᠴᠢᠬᠤᠯᠠ ᠲᠠᠢ᠂ ᠴᠢᠨᠠᠷ ᠰᠠᠶᠢᠲᠠᠶ᠂ ᠦᠨ᠎ᠡ ᠥᠷᠲᠡᠭ ᠲᠠᠢ ᠮᠡᠳᠡᠭᠡ ᠵᠠᠩᠭᠢ ᠶᠢ ᠭᠦᠢᠴᠡᠳ ᠲᠤᠰᠬᠠᠬᠤ ᠬᠡᠷᠡᠭᠲᠡᠢ᠃   ︵ᠭᠤᠷᠪᠠ︶ ᠥᠪᠡᠷᠮᠢᠴᠡ ᠣᠨᠴᠠᠯᠢᠭ ᠲᠠᠢ ᠴᠢᠨᠠᠷ᠃ ᠤᠯᠤᠰ ᠲᠦᠷᠦ ᠶᠢᠨ ᠵᠥᠪᠯᠡᠯᠭᠡᠨ ᠤ ᠣᠨᠴᠠᠯᠢᠭ ᠢ ᠲᠤᠪᠤᠶᠢᠯᠭᠠᠵᠤ᠂ ᠡᠯ᠎ᠡ ᠡᠲᠡᠭᠡᠳ ᠤᠨ ᠢᠯᠭᠠᠯ ᠢ ᠠᠩᠬᠠᠷᠴᠤ᠂ ᠶᠡᠷᠦᠮᠳᠡᠭ ᠪᠠᠶᠢᠳᠠᠯ ᠠᠴᠠ ᠵᠠᠶᠢᠯᠠᠰᠬᠢᠨ᠎ᠡ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠡᠯ᠎ᠡ ᠡᠲᠡᠭᠡᠳ ᠤᠨ ᠬᠥᠮᠦᠰ ᠤᠨ ᠰᠠᠨᠠᠯ ᠢ ᠲᠤᠰᠬᠠᠬᠤ ᠶᠢ ᠴᠢᠬᠤᠯᠠᠴᠢᠯᠠᠬᠤ ᠬᠡᠷᠡᠭᠲᠡᠶ᠃   ︵ᠲᠦᠷᠪᠡ︶ ᠲᠦᠷᠭᠡᠨ ᠴᠢᠨᠠᠷ᠃ ᠮᠡᠳᠡᠭᠡ ᠵᠠᠩᠭᠢ ᠶᠢ ᠴᠤᠭᠯᠠᠭᠤᠯᠬᠤ᠂ ᠰᠢᠢᠳᠪᠦᠷᠢᠯᠡᠬᠦ᠂ ᠮᠡᠳᠡᠭᠦᠯᠦᠨ ᠬᠦᠷᠭᠡᠬᠦ ᠠᠵᠢᠯ ᠢ ᠡᠷᠬᠡᠪᠰᠢ ᠦᠳᠲᠡᠷ ᠲᠦᠷᠭᠡᠨ ᠢᠶᠠᠷ ᠶᠠᠪᠤᠭᠳᠠᠭᠤᠯᠵᠤ᠂ ᠠᠯᠬᠤᠮ ᠳᠠᠷᠠᠭᠠᠯᠠᠯ ᠢ ᠴᠤᠮᠬᠤᠳᠬᠠᠵᠤ᠂ ᠦᠷ᠎ᠡ ᠪᠦᠲᠦᠮᠵᠢ ᠶᠢ ᠨᠢ ᠳᠡᠭᠡᠭᠰᠢᠯᠡᠭᠦᠯᠬᠦ ᠬᠡᠷᠡᠭᠲᠡᠶ᠃ ᠴᠢᠬᠤᠯᠠ ᠮᠡᠳᠡᠭᠡ ᠵᠠᠩᠭᠢ ᠨᠢᠭᠡᠪᠦᠷᠢ ᠶᠢ ᠲᠤᠰᠬᠠᠶᠢᠯᠠᠨ ᠮᠡᠳᠡᠭᠦᠯᠵᠦ ᠂ ᠪᠠᠴᠢᠮ ᠶᠠᠪᠤᠳᠠᠯ ᠢ ᠪᠠᠴᠢᠮ ᠮᠡᠳᠡᠭᠦᠯᠬᠦ ᠬᠡᠷᠡᠭᠲᠡᠢ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠴᠢᠬᠤᠯᠠ ᠮᠡᠳᠡᠭᠡ ᠵᠠᠩᠭᠢ ᠶᠢ ᠴᠢᠬᠤᠯᠠᠲᠠᠶ ᠦᠶ᠎ᠡ ᠳᠤ ᠮᠥᠷᠳᠡᠨ ᠮᠡᠳᠡᠭᠡᠯᠡᠵᠤ ᠪᠣᠯᠤᠨ᠎ᠠ᠃    ᠭᠤᠷᠪᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠲᠤᠰᠬᠠᠬᠤ ᠠᠯᠬᠤᠮ ᠳᠠᠷᠠᠭᠠᠯᠠᠯ    ︵ᠨᠢᠭᠡ︶ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢ ᠲᠤᠰᠬᠠᠬᠤ ᠡᠷᠬᠡ ᠪᠠ ᠡᠭᠦᠷᠭᠡ ᠲᠠᠢ᠃ ᠭᠡᠰᠢᠭᠦᠨ ᠨᠢᠭᠡᠪᠦᠷᠢ ᠵᠢᠯ ᠪᠦᠷᠢ ᠨᠠᠭᠠᠳᠤ ᠵᠠᠬ᠎ᠠ ᠳᠠᠭᠠᠨ 1 ᠵᠤᠷᠪᠤᠰ ᠠᠰᠢᠭᠯᠠᠭᠳᠠᠭᠰᠠᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠲᠠᠢ ᠪᠠᠶᠢᠵᠤ᠂ ᠪᠠᠶᠢᠩᠭᠤ ᠶᠢᠨ ᠭᠡᠰᠢᠭᠦᠨ ᠨᠢᠭᠡᠪᠦᠷᠢ ᠵᠢᠯ ᠪᠦᠷᠢ ᠠᠳᠠᠭ ᠲᠠᠭᠠᠨ 2 ᠵᠤᠷᠪᠤᠰ ᠠᠰᠢᠭᠯᠠᠭᠳᠠᠭᠰᠠᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠬᠢ ᠪᠠᠶᠢᠬᠤ ᠬᠡᠷᠡᠭᠲᠡᠢ᠃    ︵ᠬᠤᠶᠠᠷ︶ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ ᠠᠴᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠠᠵᠢᠯ ᠢ ᠲᠤᠰᠬᠠᠶ ᠬᠠᠷᠢᠭᠤᠴᠠᠬᠤ ᠳᠡᠳ᠋ ᠡᠷᠬᠢᠯᠡᠭᠴᠢ ᠲᠤᠬᠢᠷᠠᠭᠤᠯᠵᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠨᠠᠶᠢᠷᠠᠭᠤᠯᠤᠨ ᠳᠠᠷᠤᠮᠠᠯᠯᠠᠬᠤ᠂ ᠳᠡᠭᠡᠭᠰᠢ ᠮᠡᠳᠡᠭᠦᠯᠬᠦ ᠪᠠ ᠬᠠᠷᠢᠭᠤ ᠲᠤᠰᠬᠠᠬᠤ ᠵᠡᠷᠭᠡ ᠪᠣᠳᠠᠲᠠᠶ ᠠᠵᠢᠯ ᠢ ᠬᠢᠯᠭᠡᠨ᠎ᠡ᠃   ︵ᠭᠤᠷᠪᠠ︶ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠬᠠᠷᠢᠭᠤᠴᠠᠨ ᠲᠤᠰᠬᠠᠭᠰᠠᠨ ᠠᠵᠢᠯᠲᠠᠳ ᠴᠤᠭᠯᠠᠭᠤᠯᠤᠭᠰᠠᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ  ᠳᠤᠨᠢ᠂ ᠦᠨᠡᠨ ᠪᠤᠳᠠᠲᠠᠢ ᠪᠠᠷ ᠲᠤᠰᠬᠠᠬᠤ ᠪᠠ ᠰᠠᠶᠢᠲᠤᠷ ᠡᠮᠬᠢᠳᠬᠡᠵᠦ᠂ ᠰᠢᠢᠳᠪᠦᠷᠢᠯᠡᠬᠦ ᠰᠠᠨᠠᠯ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢ ᠰᠢᠯᠵᠢᠭᠦᠯᠦᠨ ᠬᠦᠷᠭᠡᠬᠦ ᠴᠢᠬᠤᠯᠠᠲᠠᠶ ᠪᠤᠯ᠂ ᠠᠯᠪᠠᠨ ᠭᠡᠷ ᠤᠨ ᠡᠷᠬᠢᠯᠡᠭᠴᠢ ᠭᠠᠷ ᠤᠨ ᠦᠰᠦᠭ ᠵᠢᠷᠤᠵᠤ ᠳᠠᠮᠵᠢᠭᠤᠯᠬᠤ ᠬᠡᠷᠡᠭᠲᠡᠶ︔ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠴᠢᠬᠤᠯᠠᠲᠠᠶ ᠪᠤᠯ᠂ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠠᠴᠠ ᠭᠠᠷ ᠤᠨ ᠦᠰᠦᠭ ᠵᠢᠷᠤᠵᠤ ᠳᠠᠮᠵᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠳᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠬᠦᠷᠭᠡᠬᠦ ᠴᠢᠬᠤᠯᠠᠲᠠᠢ ᠪᠤᠯ ᠲᠡᠷᠢᠭᠦᠯᠡᠭᠴᠢ ᠭᠠᠷ ᠤᠨ ᠥᠰᠥᠭ ᠵᠢᠷᠤᠵᠤ ᠳᠠᠮᠵᠢᠭᠤᠯᠤᠨ᠎ᠠ︔ ᠠᠭᠤᠯᠭ᠎ᠠ ᠨᠢ ᠣᠨᠴᠠ ᠴᠢᠬᠤᠯᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠢᠨᠠᠨ ᠲᠣᠭᠲᠠᠭᠠᠵᠤ ᠭᠠᠷ ᠤᠨ ᠦᠰᠦᠭ ᠵᠢᠷᠤᠵᠤ ᠳᠠᠮᠵᠢᠭᠤᠯᠤᠨ᠎ᠠ᠃    ︵ᠳᠦᠷᠪᠡ︶ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠡᠪᠴᠢᠶ᠎ᠡ ᠨᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠭᠤᠯᠭ᠎ᠠ ᠪᠠ ᠴᠢᠬᠤᠯᠠ ᠶᠢᠨ ᠬᠡᠮᠵᠢᠶ᠎ᠡ ᠠᠴᠠ ᠲᠤᠭᠲᠠᠭᠠᠭᠳᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠰᠢᠭᠤᠳ ᠮᠡᠳᠡᠭᠦᠯᠦᠨ ᠦᠵᠡᠭᠦᠯᠵᠦ ᠪᠣᠯᠤᠨ᠎ᠠ᠃ ᠮᠦᠨᠴᠤ ᠪᠠᠶᠢᠳᠠᠯ ᠢ ᠨᠢ ᠦᠵᠡᠵᠦ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠵᠤ ᠪᠣᠯᠤᠨ᠎ᠠ᠃    ᠲᠤᠰ ᠳᠦᠷᠢᠮ ᠢ ᠤᠯᠤᠰ ᠲᠦᠷᠦ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠩᠬᠠᠳᠤᠭᠠᠷ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号