2020 ᠣᠨ ᠤ 4 ᠰᠠᠷ᠎ᠠ ᠶᠢᠨ 23 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠤᠳᠠᠭᠠᠨ ᠤ ᠬᠤᠷᠠᠯᠳᠤᠭᠠᠨ ᠳᠡᠭᠡᠷ᠎ᠡ | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠡᠨ ᠤ ᠡᠷᠬᠢᠯᠡᠭᠴᠢ ᠭᠥᠩ ᠬᠤᠸᠠ | ᠲᠥᠯᠥᠭᠡᠯᠡᠭᠴᠢᠳ ᠡ᠄ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠪᠢ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠤᠯᠪᠠ ᠤᠤ︕ | ᠦᠩᠭᠡᠷᠡᠭᠰᠡᠨ ᠵᠢᠯ ᠤᠨ ᠠᠵᠢᠯ ᠤᠨ ᠡᠷᠭᠢᠴᠡᠭᠦᠯᠦᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠣᠷᠣᠨ ᠨᠤᠲᠤᠭ | ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 40 ᠵᠢᠯ ᠤᠨ ᠣᠢ᠂ ᠪᠠᠰᠠ ᠴᠤ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠶᠳᠪᠦᠷᠢᠲᠦ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ | ᠶᠤᠮ᠃ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ᠂ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ ᠤᠳᠤᠷᠢᠳᠤᠯᠭ᠎ᠠ᠂ ᠠᠷᠠᠳ | ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ | ᠨᠢᠭᠡᠳᠦᠭᠦᠯᠬᠦ ᠶᠢ ᠪᠠᠷᠢᠮᠲᠠᠯᠠᠵᠤ᠂ ᠬᠤᠰᠢᠭᠤ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ | ᠠᠴᠠ ᠲᠣᠭᠲᠠᠭᠠᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠶᠡᠭᠡ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢ ᠬᠥᠭᠵᠢᠭᠦᠯᠬᠦ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ | ᠦᠩᠭᠡᠷᠡᠭᠰᠡᠨ ᠵᠢᠯ ᠠᠴᠠ ᠨᠠᠭᠠᠰᠢ᠂ ᠪᠠᠶᠢᠩᠭᠤ ᠶᠢᠨ ᠬᠤᠷᠢᠶ᠎ᠠ ᠲᠤᠰᠬᠠᠶ ᠠᠵᠢᠯ ᠤᠨ ᠮᠡᠳᠡᠭᠦᠯᠦᠯᠲᠡ 19 | ᠵᠦᠶᠯ᠂ ᠬᠢᠨᠠᠨ ᠶᠠᠷᠢᠯᠴᠠᠭᠰᠠᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ 8 ᠵᠦᠶᠯ᠂ | ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ 2 ᠵᠦᠶᠯ ᠢ ᠰᠣᠨᠣᠰᠴᠤ ᠬᠢᠨᠠᠨ ᠶᠠᠷᠢᠯᠴᠠᠪᠠ᠃ | 3 ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠠᠮᠲᠤ ᠪᠠᠷ ᠪᠠᠶᠢᠴᠠᠭᠠᠨ ᠦᠵᠡᠬᠦ ᠠᠵᠢᠯ | ᠢ 1 ᠤᠳᠠᠭ᠎ᠠ᠂ ᠲᠤᠰᠬᠠᠶ ᠰᠡᠳᠦᠪᠲᠦ ᠯᠠᠪᠯᠠᠨ ᠠᠰᠠᠭᠤᠬᠤ ᠠᠵᠢᠯ ᠢ 1 ᠤᠳᠠᠭ᠎ᠠ ᠵᠣᠬᠢᠶᠠᠨ ᠪᠠᠶᠢᠭᠤᠯᠵᠤ | ᠦᠷᠨᠢᠭᠦᠯᠦᠨ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠡ︾ ᠳᠤ ᠬᠢᠨᠠᠨ ᠵᠥᠪᠯᠡᠭᠰᠡᠨ ᠰᠠᠨᠠᠯ | 14 ᠵᠦᠶᠯ 49 ᠵᠤᠷᠪᠤᠰ ᠳᠤᠷᠠᠳᠪᠠ᠃ 5 ᠵᠦᠢᠯ ᠤᠨ ᠴᠢᠬᠤᠯᠠ ᠶᠡᠭᠡ ᠲᠣᠭᠲᠠᠭᠠᠯ ᠰᠢᠶᠳᠪᠦᠷᠢ ᠭᠠᠷᠭᠠᠵᠤ᠂ | ᠲᠥᠷᠦ ᠶᠢᠨ ᠪᠠᠶᠢᠭᠤᠯᠭ᠎ᠠ ᠶᠢᠨ ᠠᠵᠢᠯᠲᠠᠨ ᠢ 62 ᠬᠥᠮᠦᠨ ᠤᠳᠠᠭ᠎ᠠ ᠲᠣᠮᠢᠯᠠᠵᠤ ᠪᠠᠭᠤᠯᠭᠠᠨ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠣᠭᠲᠠᠭᠠᠭᠰᠠᠨ ᠠᠵᠢᠯ ᠤᠨ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ | ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠤᠯᠤᠰ ᠲᠥᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ | ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠪᠠ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠢᠮᠠᠭᠲᠠ ᠪᠠᠶᠢᠩᠭᠤ ᠶᠢᠨ ᠬᠤᠷᠢᠶᠠᠨ ᠤ ᠰᠢᠨ᠎ᠡ ᠴᠠᠭ ᠦᠶ᠎ᠡ | ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠤᠷᠢᠲᠠᠯ | ᠪᠠ ᠦᠨᠳᠦᠰᠦᠨ ᠪᠠᠲᠤᠯᠠᠭ᠎ᠠ ᠪᠣᠯᠭᠠᠵᠤ᠂ ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠪᠦᠬᠦ ᠶᠠᠪᠤᠴᠠ ᠳᠤ ᠤᠬᠠᠮᠰᠠᠷ ᠠᠴᠠ | ᠪᠠᠨ ᠲᠤᠭᠤᠰᠢᠯᠠᠭᠤᠯᠪᠠ᠃ | ᠨᠢᠭᠡ ᠳᠤ᠂ ᠤᠯᠤᠰ ᠲᠥᠷᠥ ᠶᠢᠨ ᠵᠥᠪ ᠴᠢᠭᠯᠡᠯ ᠢ ᠪᠠᠲᠤ ᠡᠵᠡᠮᠰᠢᠪᠠ᠃ ᠤᠯᠤᠰ ᠲᠥᠷᠦ ᠶᠢᠨ ᠪᠠᠶᠢᠭᠤᠯᠤᠯᠲᠠ | ᠶᠢ ᠲᠡᠷᠢᠭᠦᠨ ᠪᠠᠶᠢᠷᠢᠨ ᠳᠤ ᠲᠠᠯᠪᠢᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ︽ᠤᠭ ᠰᠠᠨᠠᠭ᠎ᠠ ᠪᠠᠨ | ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ | ᠠᠳᠬᠤᠬᠤ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠤᠷᠢᠭ ᠰᠠᠨᠠᠭ᠎ᠠ᠂ ᠶᠡᠷᠦᠩᠬᠡᠶ ᠱᠦᠵᠢ ᠶᠢᠨ | ᠰᠢᠷᠢᠰ ᠶᠠᠷᠢᠶᠠᠨ ᠤ ᠵᠣᠷᠢᠭ ᠰᠠᠨᠠᠭ᠎ᠠ ᠶᠢ ᠰᠤᠷᠣᠯᠴᠠᠵᠤ᠂ ᠤᠯᠤᠰ ᠲᠥᠷᠥ ᠶᠢᠨ ᠲᠡᠷᠢᠭᠦᠨ ᠴᠢᠬᠤᠯᠠ ᠡᠭᠦᠷᠭᠡ | ᠪᠤᠯᠭᠠᠭᠰᠠᠨ ᠤ ᠬᠤᠪᠢ ᠳᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠱᠠᠭᠠᠷᠳᠠᠯᠭ᠎ᠠ ᠶᠣᠰᠣᠭᠠᠷ᠂ | ᠰᠤᠷᠤᠯᠴᠠᠨ ᠰᠡᠳᠬᠢᠵᠦ ᠦᠶᠯᠡᠳᠦᠯᠭᠡᠵᠢᠭᠦᠯᠦᠨ ᠡᠵᠡᠮᠰᠢᠵᠦ᠂ ᠪᠠᠷᠢᠮᠵᠢᠶ᠎ᠠ ᠲᠠᠢ ᠬᠠᠷᠢᠴᠠᠭᠤᠯᠤᠨ ᠬᠠᠷᠭᠤᠭᠤᠯᠵᠤ᠂ | ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ ᠪᠠ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠭᠤᠤᠯ ᠰᠡᠳᠦᠪᠲᠦ ᠬᠥᠮᠦᠵᠢᠯ ᠤᠨ ᠪᠥᠬᠦ ᠶᠠᠪᠤᠴᠠ ᠳᠤ | ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠪᠤᠢ ᠪᠣᠯᠭᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ | ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ | ᠲᠠᠢ ᠳᠡᠭᠡᠲᠦ ᠬᠡᠮᠵᠢᠶ᠎ᠡ ᠪᠠᠷ ᠨᠢᠭᠡᠳᠦᠯᠲᠡᠶ ᠪᠠᠶᠢᠪᠠ᠃ ᠭᠤᠤᠯ ᠰᠡᠳᠦᠪᠲᠦ ᠬᠥᠮᠦᠵᠢᠯ ᠢᠶᠠᠷ ᠳᠠᠮᠵᠢᠨ᠂ ᠪᠠᠶᠢᠩᠭᠤ ᠶᠢᠨ | ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠤᠭ ᠰᠠᠨᠠᠭ᠎ᠠ ᠪᠠᠨ ᠦᠨᠡᠨ ᠬᠦ ᠪᠠᠲᠤᠳᠬᠠᠵᠤ᠂ ᠵᠣᠷᠢᠯᠲᠠ | ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ | ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳᠴᠢᠯᠠᠯ | ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠶᠢ ᠨᠠᠩ ᠴᠢᠩᠭᠠᠳᠬᠠᠪᠠ᠃ | ᠬᠤᠶᠠᠷ ᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠪᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠠᠵᠢᠯ ᠤᠨ ᠶᠡᠭᠡ ᠲᠠᠯ᠎ᠠ | ᠠᠴᠠ ᠪᠤᠳᠤᠯᠬᠢᠯᠠᠬᠤ ᠪᠠ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠦᠬᠦ ᠵᠢᠯ ᠳᠤ ᠨᠡᠶᠢᠲᠡ 8 ᠤᠳᠠᠭ᠎ᠠ ᠪᠠᠶᠢᠩᠭᠤ ᠶᠢᠨ ᠬᠤᠷᠢᠶᠠᠨ ᠤ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ 42 ᠤᠳᠠᠭ᠎ᠠ ᠡᠷᠬᠢᠯᠡᠭᠴᠢ ᠶᠢᠨ ᠬᠤᠷᠠᠯ ᠢ ᠬᠤᠷᠠᠯᠳᠤᠭᠤᠯᠵᠤ᠂ ᠪᠦᠬᠦ ᠬᠤᠰᠢᠭᠤᠨ ᠤ | ᠬᠥᠭᠵᠢᠯᠲᠡ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠢ 5 | ᠵᠦᠢᠯ ᠤᠨ ᠰᠢᠢᠳᠪᠦᠷᠢ ᠭᠠᠷᠭᠠᠵᠤ᠂ ᠨᠠᠮ ᠤᠨ ᠵᠣᠷᠢᠯᠲᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠪᠦᠬᠦ ᠬᠤᠰᠢᠭᠤᠨ ᠤ ᠠᠷᠠᠳ ᠲᠦᠮᠡᠨ ᠤ ᠬᠠᠮᠲᠤ ᠶᠢᠨ ᠬᠦᠰᠡᠯ | ᠵᠣᠷᠢᠯᠲᠠ ᠪᠤᠯᠭᠠᠪᠠ᠃ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠬᠤᠰᠢᠭᠤ ᠨᠠᠮ ᠤᠨ ᠬᠤᠷᠢᠶ᠎ᠠ ᠳᠤ ᠴᠢᠬᠤᠯᠠ | ᠶᠡᠭᠡ ᠤᠴᠢᠷ ᠶᠠᠪᠤᠳᠠᠯ ᠢ ᠮᠡᠳᠡᠭᠦᠯᠦᠨ ᠵᠢᠭᠠᠪᠤᠷᠢ ᠠᠪᠴᠤ᠂ ᠤᠬᠠᠮᠰᠠᠷ ᠠᠴᠠ ᠪᠠᠨ ᠬᠤᠰᠢᠭᠤ ᠨᠠᠮ ᠤᠨ ᠬᠤᠷᠢᠶ᠎ᠠ ᠲᠠᠢ | ᠠᠯᠬᠤᠮ ᠨᠢᠭᠡᠲᠡᠢ ᠪᠠᠶᠢᠪᠠ᠃ ᠬᠤᠰᠢᠭᠤᠨ ᠤ ᠨᠠᠮ ᠤᠨ ᠬᠤᠷᠢᠶ᠎ᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠮᠡᠳᠡᠭᠦᠯᠦᠯᠲᠡ ᠶᠢ ᠲᠤᠭᠲᠠᠭᠰᠠᠨ ᠬᠤᠭᠤᠴᠠᠭ᠎ᠠ ᠲᠠᠢ ᠰᠣᠨᠣᠰᠴᠤ᠂ ᠰᠢᠨ᠎ᠡ ᠴᠠᠭ ᠦᠶ᠎ᠡ | ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠲᠣᠳᠣᠷᠬᠠᠶ ᠱᠠᠭᠠᠷᠳᠠᠯᠭ᠎ᠠ ᠳᠤᠷᠠᠳᠪᠠ᠃ ᠬᠤᠰᠢᠭᠤ ᠨᠠᠮ ᠤᠨ | ᠬᠤᠷᠢᠶᠠᠨ ᠤ ᠭᠤᠣᠯ ᠤᠳᠤᠷᠢᠳᠤᠯᠭ᠎ᠠ ᠤᠷᠢᠳ ᠬᠤᠵᠢᠳ 3 ᠤᠳᠠᠭ᠎ᠠ ᠬᠤᠰᠢᠭᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠳᠤ ᠴᠢᠬᠤᠯᠠ ᠴᠤᠬᠤᠯᠠᠪᠤᠷᠢ ᠭᠠᠷᠭᠠᠭᠰᠠᠨ ᠪᠥᠭᠡᠳ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠬᠥᠲᠥᠯᠪᠦᠷᠢ ᠭᠠᠷᠭᠠᠵᠤ᠂ ᠰᠢᠨ᠎ᠡ ᠪᠠᠶᠢᠳᠠᠯ ᠳᠤ | ᠪᠦᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠢᠲᠤᠷ ᠬᠢᠬᠦ ᠶᠢᠨ ᠴᠢᠭᠯᠡᠯ | ᠢ ᠲᠤᠭᠲᠠᠭᠠᠪᠠ᠃ | ᠭᠤᠷᠪᠠ ᠳᠤ᠂ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠦᠶᠯᠡᠳᠦᠯ ᠢ ᠭᠦᠶᠴᠡᠳ | ᠪᠠᠳᠠᠷᠠᠭᠤᠯᠪᠠ᠃ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠴᠢᠭᠯᠡᠯ ᠢ ᠡᠵᠡᠮᠳᠡᠬᠦ᠂ ᠶᠡᠭᠡ | ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠬᠤ ᠶᠢ ᠪᠠᠲᠤᠯᠠᠬᠤ ᠶᠢ ᠪᠠᠷᠢᠮᠲᠠᠯᠠᠵᠤ᠂ ᠤᠳᠤᠷᠢᠳᠬᠤ ᠬᠠᠷᠢᠭᠤᠴᠠᠯᠭ᠎ᠠ | ᠪᠠᠨ ᠬᠢᠨᠠᠮᠠᠭᠠᠶ ᠭᠦᠶᠴᠡᠳᠬᠡᠵᠦ᠂ ᠠᠷᠠᠳᠴᠢᠯᠠᠯ ᠲᠥᠪᠯᠡᠷᠡᠯ ᠤᠨ ᠵᠠᠷᠴᠢᠮ ᠢ ᠪᠠᠷᠢᠮᠲᠠᠯᠠᠨ ᠲᠤᠭᠤᠰᠢᠯᠠᠭᠤᠯᠵᠤ᠂ ᠨᠠᠮ | ᠤᠨ ᠤᠳᠤᠷᠢᠳᠬᠤ ᠳᠤᠭᠤᠶᠢᠯᠠᠩ ᠤᠨ ᠬᠡᠷᠡᠭ ᠵᠥᠪᠯᠡᠬᠦ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠨᠠᠮ ᠤᠨ ᠤᠳᠤᠷᠢᠳᠬᠤ ᠳᠤᠭᠤᠶᠢᠯᠠᠩ ᠤᠨ ︽ᠭᠤᠷᠪᠠᠨ ᠴᠢᠬᠤᠯᠠ ᠨᠢᠭᠡ ᠶᠡᠭᠡ | ︾ ᠶᠢᠨ ᠬᠡᠷᠡᠭ ᠵᠥᠪᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ | ᠢ ᠤᠷᠢᠳ ᠬᠤᠵᠢᠳ 22 ᠤᠳᠠᠭ᠎ᠠ ᠬᠤᠷᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠳᠤᠮᠳᠠᠬᠢ ᠮᠠᠰᠢ ᠣᠯᠠᠨ ᠴᠢᠬᠤᠯᠠ ᠬᠡᠷᠡᠭ ᠶᠠᠪᠤᠳᠠᠯ ᠢ ᠬᠢᠨᠠᠨ ᠶᠠᠷᠢᠯᠴᠠᠪᠠ᠃ ᠤᠨᠤᠯ ᠤᠨ ᠰᠤᠷᠤᠯᠴᠠᠯᠭ᠎ᠠ | ᠶᠢ ᠴᠢᠩᠭᠠᠳᠬᠠᠵᠤ᠂ ᠤᠨᠤᠯ ᠤᠨ ᠭᠤᠤᠯ ᠳᠤᠭᠤᠢᠯᠠᠩ ᠤᠨ ᠰᠤᠷᠤᠯᠴᠠᠯᠭ᠎ᠠ ᠶᠢᠨ ᠬᠤᠷᠠᠯ ᠢ ᠨᠡᠶᠢᠲᠡ 35 ᠤᠳᠠᠭ᠎ᠠ | ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ | ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠴᠢᠬᠤᠯᠠ ᠶᠠᠷᠢᠶ᠎ᠠ᠂ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ ᠰᠤᠷᠤᠯᠴᠠᠵᠤ᠂ ᠨᠠᠮ ᠤᠨ ᠤᠳᠤᠷᠢᠳᠬᠤ ᠳᠤᠭᠤᠢᠯᠠᠩ ᠤᠨ | ᠪᠦᠷᠢᠯᠳᠦᠬᠦᠨ ᠤ ᠤᠨᠤᠯ ᠤᠨ ᠲᠦᠪᠰᠢᠨ ᠪᠠ ᠠᠵᠢᠯ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ | ᠳᠥᠷᠪᠡ ᠳᠤ᠂ ᠨᠠᠮ ᠠᠴᠠ ᠺᠠᠳ᠋ᠷ ᠢ ᠬᠠᠮᠢᠶᠠᠷᠬᠤ ᠶᠢ ᠪᠠᠷᠢᠮᠲᠠᠯᠠᠬᠤ ᠪᠤᠯᠤᠨ ᠺᠠᠳ᠋ᠷ ᠢ ᠲᠤᠰᠢᠶᠠᠯ ᠳᠤ ᠲᠣᠮᠢᠯᠠᠬᠤ | ᠪᠠ ᠲᠤᠰᠢᠶᠠᠯ ᠠᠴᠠ ᠪᠠᠭᠤᠯᠭᠠᠬᠤ ᠶᠢ ᠨᠢᠭᠡᠳᠭᠡᠬᠦ ᠶᠢ ᠪᠠᠷᠢᠮᠲᠠᠯᠠᠪᠠ᠃ ᠬᠤᠰᠢᠭᠤ ᠨᠠᠮ ᠤᠨ ᠬᠤᠷᠢᠶᠠᠨ ᠤ ᠠᠵᠢᠯᠲᠠᠨ | ᠤ ᠶᠠᠪᠤᠳᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠰᠢᠭᠤ ᠨᠠᠮ | ᠤᠨ ᠬᠤᠷᠢᠶᠠᠨ ᠤ ᠲᠤᠰᠢᠶᠠᠯ ᠬᠠᠷᠢᠭᠤᠴᠠᠬᠤ ᠮᠡᠳᠡᠭᠳᠡᠯ ᠪᠠ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ | ᠬᠤᠷᠢᠶ᠎ᠡ︾ ᠶᠢᠨ ᠲᠤᠰᠢᠶᠠᠯ ᠡᠭᠦᠷᠭᠡᠯᠡᠬᠦ ᠳᠤᠷᠠᠳᠤᠯᠭ᠎ᠠ ᠶᠣᠰᠣᠭᠠᠷ 8 ᠪᠠᠶᠢᠩᠭᠤ ᠶᠢᠨ ᠬᠤᠷᠢᠶᠠᠨ ᠤ ᠭᠡᠰᠢᠭᠦᠨ ᠤ | ᠲᠤᠰᠢᠶᠠᠯ ᠠᠴᠠ ᠪᠠᠨ ᠪᠠᠭᠤᠬᠤ ᠶᠢ ᠵᠦᠪᠰᠢᠶᠡᠷᠡᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠵᠥᠪᠯᠡᠯ ᠤᠨ ᠠᠯᠪᠠᠨ ᠭᠡᠷ ᠤᠨ ᠬᠠᠷᠢᠭᠤᠴᠠᠯᠭᠠᠲᠠᠨ 7 ᠬᠥᠮᠦᠨ ︵ | ᠤᠳᠠᠭ᠎ᠠ︶ ᠢ ᠲᠤᠮᠢᠯᠠᠵᠤ ᠪᠠᠭᠤᠯᠭᠠᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ 45 ᠬᠥᠮᠦᠨ ︵ᠤᠳᠠᠭ᠎ᠠ︶᠂ ᠬᠢᠨᠠᠨ ᠪᠠᠶᠢᠴᠠᠭᠠᠬᠤ ᠵᠥᠪᠯᠡᠯ ᠤᠨ | ᠭᠡᠰᠢᠭᠦᠨ 3 ᠬᠥᠮᠦᠨ ᠤᠳᠠᠭ᠎ᠠ᠂ ᠬᠤᠰᠢᠭᠤᠨ ᠠᠷᠠᠳ ᠤᠨ ᠰᠢᠭᠦᠬᠦ ᠬᠤᠷᠢᠶᠠᠨ ᠤ ᠰᠢᠭᠦᠨ ᠲᠠᠰᠤᠯᠬᠤ ᠵᠥᠪᠯᠡᠯ ᠤᠨ | ᠭᠡᠰᠢᠭᠦᠨ᠂ ᠬᠡᠷᠡᠭ ᠪᠣᠯᠭᠠᠨ ᠳᠠᠩᠰᠠᠯᠠᠬᠤ ᠲᠢᠩᠬᠢᠮ ᠤᠨ ᠳᠡᠳ᠋ ᠳᠠᠷᠤᠭ᠎ᠠ 3 ᠬᠥᠮᠦᠨ ︵ᠤᠳᠠᠭ᠎ᠠ︶᠂ ᠬᠤᠰᠢᠭᠤ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠵᠥᠪᠯᠡᠯ ᠤᠨ ᠭᠡᠰᠢᠭᠦᠨ᠂ ᠳᠡᠳ᠋ ᠪᠠᠶᠢᠴᠠᠭᠠᠭᠴᠢ ᠳᠠᠷᠤᠭ᠎ᠠ 4 | ᠬᠥᠮᠦᠨ ︵ᠤᠳᠠᠭ᠎ᠠ︶ ᠢ ᠬᠠᠤᠯᠢ ᠶᠣᠰᠣᠭᠠᠷ ᠲᠣᠮᠢᠯᠠᠵᠤ ᠪᠠᠭᠤᠯᠭᠠᠪᠠ᠃ ᠠᠵᠢᠯᠲᠠᠨ ᠤ ᠶᠠᠪᠤᠳᠠᠯ ᠤᠨ ᠲᠣᠮᠢᠯᠠᠵᠤ | ᠪᠠᠭᠤᠯᠭᠠᠬᠤ ᠳᠡᠰ ᠳᠠᠷᠠᠭᠠᠯᠠᠯ ᠢ ᠦᠨᠡᠨ ᠬᠦ ᠳᠦᠷᠢᠮᠵᠢᠭᠦᠯᠵᠤ᠂ ᠲᠤᠰᠢᠶᠠᠯ ᠳᠤ ᠲᠣᠮᠢᠯᠠᠬᠤ ᠠᠴᠠ ᠡᠮᠦᠨᠡᠬᠢ ᠬᠢᠷᠢ | ᠬᠡᠮ ᠢ ᠬᠢᠨᠠᠨ ᠪᠠᠶᠢᠴᠠᠭᠠᠬᠤ᠂ ᠲᠤᠰᠢᠶᠠᠯ ᠳᠤ ᠲᠣᠮᠢᠯᠠᠬᠤ ᠠᠴᠠ ᠡᠮᠦᠨ᠎ᠡ ᠪᠢᠯᠧᠲ ᠥᠭᠴᠦ ᠪᠠᠲᠤᠯᠠᠬᠤ᠂ ᠲᠤᠰᠢᠶᠠᠯ | ᠳᠤ ᠲᠣᠮᠢᠯᠠᠬᠤ ᠪᠢᠴᠢᠭ ᠣᠯᠭᠤᠬᠤ᠂ ᠪᠤᠳᠤᠯ ᠢᠶᠠᠨ ᠬᠡᠯᠡᠵᠤ ᠢᠯᠡᠳᠭᠡᠯ ᠬᠢᠬᠦ᠂ ᠦᠨᠳᠦᠰᠦᠨ ᠬᠠᠤᠯᠢ ᠳᠤ | ᠲᠠᠩᠭᠠᠷᠢᠭᠯᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠲᠤᠰᠢᠶᠠᠯ ᠳᠤ ᠲᠣᠮᠢᠯᠠᠭᠰᠠᠳ ᠤᠨ ᠦᠨᠳᠦᠰᠦᠨ | ᠬᠠᠤᠯᠢ ᠳᠤ ᠲᠠᠩᠭᠠᠷᠢᠭᠯᠠᠬᠤ ᠶᠣᠰᠣᠯᠠᠯ ᠢ ᠨᠠᠷᠢᠨ ᠨᠢᠮᠪᠠᠶ ᠵᠣᠬᠢᠶᠠᠨ ᠪᠠᠶᠢᠭᠤᠯᠪᠠ᠃ ᠺᠠᠳ᠋ᠷ ᠲᠤᠰᠢᠶᠠᠯ ᠳᠤ ᠭᠠᠷᠤᠭᠰᠠᠨ | ᠤ ᠳᠠᠷᠠᠭᠠᠬᠢ ᠬᠢᠨᠠᠯᠲᠠ ᠶᠢ ᠬᠦᠴᠦᠯᠡᠨ ᠴᠢᠩᠭᠠᠳᠬᠠᠵᠤ᠂ ︽ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ ᠶᠢᠨ ᠳᠦᠷᠢᠮ ᠢ | ᠬᠡᠷᠡᠭᠵᠢᠭᠦᠯᠬᠦ ᠲᠤᠬᠠᠢ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠵᠢᠯ ᠤᠨ ᠡᠬᠢᠨ ᠳᠤ ᠵᠠᠰᠠᠭ ᠤᠨ ᠣᠷᠳᠣᠨ ᠤ | ᠪᠦᠷᠢᠯᠳᠦᠬᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ ᠪᠠᠨ ᠪᠢᠴᠢᠭ ᠮᠠᠲ᠋ᠧᠷᠢᠶᠠᠯ ᠤᠨ ᠬᠡᠯᠪᠡᠷᠢ ᠪᠠᠷ | ᠮᠡᠳᠡᠭᠦᠯᠵᠦ᠂ ᠵᠢᠯ ᠤᠨ ᠡᠴᠦᠰ ᠲᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠳᠤ | ᠪᠠᠶᠢᠴᠠᠭᠠᠨ ᠰᠤᠳᠤᠯᠤᠯᠲᠠ ᠪᠠ ᠬᠠᠨᠤᠮᠵᠢ ᠶᠢᠨ ᠬᠡᠮᠵᠢᠶ᠎ᠡ ᠶᠢᠨ ᠦᠨᠡᠯᠡᠭᠡ ᠬᠢᠪᠡ᠃ | ᠬᠤᠶᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ | ᠶᠢ ᠴᠢᠩᠭᠠᠳᠬᠠᠵᠤ᠂ ᠪᠦᠬᠦ ᠬᠤᠰᠢᠭᠤᠨ ᠤ ᠬᠥᠭᠵᠢᠯᠲᠡ ᠪᠠ ᠠᠷᠠᠳ ᠤᠨ ᠠᠮᠢᠳᠤᠷᠠᠯ ᠲᠠᠢ ᠬᠤᠯᠪᠤᠭᠳᠠᠬᠤ ᠠᠵᠢᠯ | ᠤᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠬᠢᠭᠤᠯᠪᠠ | ᠦᠩᠭᠡᠷᠡᠭᠰᠡᠨ ᠵᠢᠯ ᠠᠴᠠ ᠨᠠᠭᠠᠰᠢ᠂ ᠪᠢᠳᠡ ᠥᠭᠡᠷᠡᠴᠢᠯᠡᠯᠲᠡ ᠬᠢᠵᠤ ᠬᠥᠭᠵᠢᠭᠦᠯᠬᠦ ᠲᠣᠭᠲᠠᠭᠤᠨ ᠪᠠᠶᠢᠯᠭᠠᠬᠤ ᠳᠤ | ᠬᠤᠯᠪᠣᠭᠳᠠᠬᠤ ᠴᠢᠬᠤᠯᠠ ᠶᠡᠭᠡ ᠠᠰᠠᠭᠤᠳᠠᠯ ᠪᠠ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢᠶᠠᠷ ᠭᠤᠤᠯ ᠪᠤᠯᠭᠠᠨ | ᠂ ᠬᠢᠨᠠᠯᠲᠠ ᠲᠠᠯᠪᠢᠬᠤ ᠭᠤᠤᠯᠳᠠᠯᠭ᠎ᠠ ᠪᠠᠨ ᠲᠣᠭᠲᠠᠭᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠠᠮᠲᠤ | ᠶᠢᠨ ᠪᠠᠶᠢᠴᠠᠭᠠᠯᠲᠠ᠂ ᠲᠤᠰᠬᠠᠶ ᠰᠡᠳᠦᠪᠲᠦ ᠯᠠᠪᠯᠠᠨ ᠠᠰᠠᠭᠤᠬᠤ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ | ᠬᠢᠬᠦ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠬᠢᠨᠠᠯᠲᠠ ᠲᠠᠯᠪᠢᠨ᠂ ᠬᠢᠨᠠᠯᠲᠠ ᠶᠢᠨ ᠬᠠᠨᠳᠤᠯᠭᠠᠲᠤ ᠴᠢᠨᠠᠷ | ᠪᠠ ᠪᠣᠳᠠᠲᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ | ᠨᠢᠭᠡ ᠳᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠲᠠᠢ ᠤᠶᠠᠯᠳᠤᠭᠤᠯᠤᠨ᠂ | ᠠᠵᠤ ᠠᠬᠤᠢ ᠶᠢᠨ ᠠᠵᠢᠯ ᠤᠨ ᠬᠢᠨᠠᠯᠲᠠ ᠪᠠᠨ ᠦᠨᠡᠨ ᠬᠦ ᠴᠢᠩᠭᠠᠳᠬᠠᠪᠠ᠃ ᠣᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ᠂ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ | ᠪᠠᠶᠢᠴᠠᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠤᠰᠢᠭᠤ ᠵᠠᠰᠠᠭ ᠤᠨ ᠣᠷᠳᠣᠨ ᠤ 2019 ᠣᠨ ᠤ | ᠲᠥᠯᠥᠪᠯᠡᠭᠡ᠂ ᠲᠥᠰᠦᠪ ᠤᠨ ᠳᠡᠭᠡᠷ᠎ᠡ ᠬᠠᠭᠠᠰ ᠵᠢᠯ ᠤᠨ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠶᠢ ᠬᠠᠤᠯᠢ | ᠶᠣᠰᠣᠭᠠᠷ ᠰᠣᠨᠣᠰᠴᠤ ᠬᠢᠨᠠᠨ ᠵᠥᠪᠯᠡᠪᠡ᠃ ᠵᠠᠰᠠᠭ ᠤᠨ ᠣᠷᠳᠣᠨ ᠤ ᠥᠷᠢ ᠦᠭᠴᠡᠭᠡ ᠳᠤ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠵᠠᠰᠠᠭ ᠤᠨ ᠣᠷᠳᠣᠨ ᠤ ᠴᠢᠨᠠᠷᠲᠠᠢ ᠥᠷᠢ ᠦᠭᠴᠡᠭᠡ ᠶᠢ ᠠᠷᠢᠯᠭᠠᠭᠰᠠᠨ ᠪᠠᠶᠢᠳᠠᠯ ᠤᠨ ᠲᠤᠬᠠᠢ | ᠮᠡᠳᠡᠭᠦᠯᠦᠯᠲᠡ ᠶᠢ ᠰᠣᠨᠣᠰᠪᠠ᠃ ᠬᠤᠰᠢᠭᠤ ᠵᠠᠰᠠᠭ ᠤᠨ ᠣᠷᠳᠣᠨ ᠤ 2018 ᠣᠨ ᠤ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠲᠥᠰᠦᠪ ᠤᠨ ᠭᠦᠶᠴᠡᠳᠬᠡᠯ ᠤᠨ ᠪᠠᠶᠢᠳᠠᠯ ᠤᠨ ᠮᠡᠳᠡᠭᠦᠯᠦᠯᠲᠡ᠂ 2018 ᠣᠨ ᠤ | ᠲᠥᠰᠦᠪ ᠢ ᠭᠦᠶᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ | ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠪᠡ᠃ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠮᠥᠷᠳᠡᠨ ᠬᠢᠨᠠᠯᠲᠠ ᠪᠠᠨ ᠴᠢᠩᠭᠠᠳᠬᠠᠵᠤ᠂ ᠬᠢᠨᠠᠨ ᠪᠣᠳᠣᠯᠲᠠ ᠪᠠᠷ | ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ | ᠲᠤᠬᠠᠶ ᠲᠤᠰᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ ᠤᠯᠤᠰ ᠤᠨ ᠦᠮᠴᠢᠯᠡᠯ ᠤᠨ ᠡᠳ᠋ ᠬᠥᠷᠥᠩᠭᠡ | ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠠᠰᠠᠭ ᠵᠠᠬᠢᠷᠭ᠎ᠠ ᠠᠵᠢᠯ ᠦᠢᠯᠡᠰ | ᠤᠨ ᠴᠢᠨᠠᠷᠲᠠᠢ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ | ᠬᠤᠰᠢᠭᠤ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠵᠤ᠂ ᠡᠳ᠋ ᠤᠨ ᠵᠠᠰᠠᠭ ᠠᠵᠤ | ᠠᠬᠤᠢ ᠶᠢᠨ ᠬᠦᠷᠢᠶᠡᠨ ᠳᠠᠬᠢ ᠬᠢᠨᠠᠯᠲᠠ ᠲᠠᠯᠪᠢᠬᠤ ᠡᠷᠴᠢᠮ ᠢᠶᠠᠨ ᠦᠨᠡᠨ ᠬᠦ ᠴᠢᠩᠭᠠᠳᠬᠠᠪᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠶᠢ ᠪᠦᠲᠦᠮᠵᠢᠲᠡᠢ ᠥᠷᠭᠡᠳᠬᠡᠵᠦ᠂ | ᠬᠤᠰᠢᠭᠤ ᠵᠠᠰᠠᠭ ᠤᠨ ᠣᠷᠳᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ | ᠲᠡᠮᠳᠡᠭᠴᠢᠯᠡᠭᠰᠡᠨ ᠬᠥᠭᠵᠢᠯᠲᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠡᠳ᠂ ᠮᠠᠨ | ᠤ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷ᠎ᠡ ᠨᠦᠯᠤᠭᠡ ᠪᠠ ᠵᠠᠬ᠎ᠠ | ᠳᠡᠯᠭᠡᠭᠦᠷ ᠲᠤ ᠡᠵᠡᠯᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠷᠠᠳ ᠤᠨ ᠡᠵᠡᠩᠨᠡᠭᠰᠡᠨ ᠠᠵᠤ | ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠠᠷᠠᠳ | ᠤᠨ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢ ᠦᠨᠡᠨ ᠬᠦ ᠳᠡᠮᠵᠢᠪᠡ᠃ | ᠬᠤᠶᠠᠷ ᠲᠤ᠂ ᠠᠷᠠᠳ ᠤᠨ ᠠᠮᠢᠳᠤᠷᠠᠯ ᠤᠨ ᠠᠵᠠ ᠵᠢᠷᠭᠠᠯᠲᠤ ᠪᠠᠶᠢᠳᠠᠯ ᠢ ᠠᠬᠢᠭᠤᠯᠬᠤ ᠲᠠᠢ ᠤᠶᠠᠯᠳᠤᠭᠤᠯᠤᠨ᠂ | ᠨᠡᠶᠢᠭᠡᠮ ᠤᠨ ᠠᠵᠢᠯ ᠤᠨ ᠬᠢᠨᠠᠯᠲᠠ ᠪᠠᠨ ᠦᠨᠡᠨ ᠬᠦ ᠴᠢᠩᠭᠠᠳᠬᠠᠪᠠ᠃ ᠪᠦᠬᠦ ᠬᠤᠰᠢᠭᠤᠨ ᠤ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠠᠵᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠷᠭᠡᠨ ᠬᠥᠭᠵᠢᠯᠲᠡ ᠶᠢ ᠠᠬᠢᠭᠤᠯᠬᠤ ᠰᠠᠨᠠᠯ | ᠰᠠᠨᠠᠭᠤᠯᠭ᠎ᠠ ᠳᠤᠷᠠᠳᠪᠠ᠃ ᠬᠤᠰᠢᠭᠤ ᠵᠠᠰᠠᠭ ᠤᠨ ᠣᠷᠳᠣᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ | ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠡᠳ | ᠂ ᠮᠠᠨ ᠤ ᠬᠤᠰᠢᠭᠤᠨ ᠤ ᠤᠰᠤᠨ ᠤ ᠣᠷᠴᠢᠨ ᠲᠣᠭᠤᠷᠢᠨ ᠪᠠ ᠤᠰᠤᠨ ᠤ ᠠᠮᠢ ᠠᠬᠤᠢ ᠶᠢ ᠰᠠᠶᠢᠵᠢᠷᠠᠭᠤᠯᠬᠤ ᠰᠠᠨᠠᠯ | ᠢ ᠪᠦᠲᠦᠮᠵᠢᠲᠡᠢ ᠨᠠᠶᠢᠳᠠᠪᠤᠷᠢᠵᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ | ᠶᠢᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ | ᠪᠠᠯᠭᠠᠰᠤ ᠶᠢᠨ ᠢᠯᠴᠢ ᠬᠠᠩᠭᠠᠬᠤ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠲᠤᠭᠤᠰᠢᠯᠠᠭᠤᠯᠬᠤ ᠲᠠᠢ ᠤᠶᠠᠯᠳᠤᠭᠤᠯᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠵᠦ᠂ ᠬᠤᠲᠠ | ᠪᠠᠯᠭᠠᠰᠤ ᠶᠢᠨ ᠵᠠᠰᠠᠨ ᠴᠡᠭᠴᠡᠯᠡᠯᠲᠡ ᠶᠢᠨ ᠬᠢᠷᠢ ᠬᠡᠮᠵᠢᠶ᠎ᠡ ᠶᠢ ᠬᠢᠨᠠᠨ ᠠᠬᠢᠭᠤᠯᠪᠠ᠃ ᠠᠷᠠᠳ ᠤᠯᠠᠨ ᠤ ᠨᠡᠶᠢᠳᠡᠮ | ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠤᠭᠤᠷᠢᠨ ᠳᠤ᠂ ᠳᠦᠭᠦᠮ ᠪᠦᠲᠦᠴᠡᠲᠦ ᠤᠷᠤᠨ ᠰᠠᠭᠤᠴᠠ ᠶᠢᠨ | ᠦᠭᠡᠷᠡᠴᠢᠯᠡᠯᠲᠡ ᠶᠢᠨ ᠠᠵᠢᠯ ᠤᠨ ᠲᠤᠰᠬᠠᠢ ᠠᠰᠠᠭᠤᠵᠤ ᠯᠠᠪᠯᠠᠬᠤ ᠠᠵᠢᠯ ᠢ ᠦᠷᠨᠢᠭᠦᠯᠪᠡ᠃ ︽ᠶᠠᠳᠠᠭᠤ ᠠᠴᠠ | ᠠᠩᠬᠢᠵᠢᠷᠠᠭᠤᠯᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠭᠤᠷᠪᠠᠨ ᠵᠢᠯ ᠤᠨ ᠠᠵᠢᠯᠯᠠᠭ᠎ᠠ | ᠶᠢᠨ ᠲᠤᠬᠠᠶ ᠵᠢᠯᠣᠭᠤᠳᠬᠤ ᠰᠠᠨᠠᠯ︾ ᠪᠣᠯᠤᠨ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢ ᠪᠡᠶᠡᠯᠡᠭᠦᠯᠬᠦ ᠠᠵᠢᠯ | ᠤᠨ ᠲᠣᠭᠤᠷᠢᠨ ᠳᠤ᠂ ᠪᠦᠬᠦ ᠬᠤᠰᠢᠭᠤᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ | ᠲᠥᠷᠥᠯ ᠵᠦᠶᠯ᠂ ᠤᠨᠤᠪᠴᠢᠲᠡᠢ ᠪᠠᠷ ᠶᠠᠳᠠᠭᠤ ᠠᠴᠠ ᠠᠩᠭᠢᠵᠢᠷᠠᠭᠤᠯᠬᠤ᠂ ᠬᠥᠮᠦᠰ ᠤᠨ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠬᠤᠲᠠ ᠬᠤᠰᠢᠭᠤ ᠬᠤᠶᠠᠷ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠠᠮᠲᠤ ᠪᠠᠷ ᠦᠨᠡᠮᠯᠡᠯ ᠠᠪᠴᠤ ᠲᠤᠭᠤᠷᠢᠨ | ᠪᠠᠶᠢᠴᠠᠭᠠᠯᠲᠠ ᠬᠢᠭᠰᠡᠨ ᠪᠥᠭᠡᠳ ᠤᠨᠤᠪᠴᠢᠲᠡᠢ ᠪᠠᠷ ᠶᠠᠳᠠᠭᠤ ᠠᠴᠠ ᠠᠩᠭᠢᠵᠢᠷᠠᠭᠤᠯᠬᠤ ︽ᠲᠠᠪᠤᠨ ᠨᠢᠭᠡ ᠪᠦᠯᠦᠭ︾ | ᠤᠨ ᠰᠠᠯᠠᠭ᠎ᠠ ᠮᠥᠴᠢᠷ ᠲᠤ ᠦᠨᠡᠯᠡᠯᠲᠡ ᠬᠢᠪᠠ᠃ | ᠭᠤᠷᠪᠠ ᠳᠤ᠂ ᠲᠥᠪ ᠭᠤᠤᠯᠴᠢ ᠪᠠᠷ ᠬᠠᠤᠯᠢ ᠪᠠᠷᠢᠬᠤ ᠪᠠ ᠬᠠᠤᠯᠢ ᠪᠠᠷ ᠵᠠᠰᠠᠵᠤ ᠠᠷᠠᠳ ᠲᠤ ᠠᠰᠢᠭ | ᠬᠦᠷᠲᠡᠭᠡᠬᠦ ᠶᠢ ᠲᠦᠯᠬᠢᠨ ᠠᠬᠢᠭᠤᠯᠬᠤ ᠲᠠᠢ ᠤᠶᠠᠯᠳᠤᠭᠤᠯᠤᠨ᠂ ᠬᠠᠤᠯᠢ ᠪᠠᠷ ᠵᠠᠰᠠᠬᠤ ᠠᠵᠢᠯ ᠤᠨ ᠬᠢᠨᠠᠯᠲᠠ ᠪᠠᠨ | ᠦᠨᠡᠨ ᠬᠦ ᠴᠢᠩᠭᠠᠳᠬᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠠᠵᠢᠯᠯᠠᠭ᠎ᠠ ᠶᠢᠨ | ᠠᠵᠢᠯ ᠤᠨ ᠪᠠᠶᠢᠳᠠᠯ ᠤᠨ ᠲᠤᠬᠠᠶ ᠬᠤᠰᠢᠭᠤ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠪᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢ | ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ | ᠥᠷᠨᠢᠭᠦᠯᠪᠡ᠃ ᠭᠦᠶᠴᠡᠳᠬᠡᠬᠦ ᠠᠵᠢᠯ ᠤᠨ ᠪᠠᠶᠢᠳᠠᠯ ᠤᠨ ᠲᠤᠬᠠᠶ ᠰᠢᠭᠦᠬᠦ ᠬᠤᠷᠢᠶᠠᠨ ᠤ ᠮᠡᠳᠡᠭᠦᠯᠦᠯᠲᠡ᠂ ᠨᠡᠶᠢᠲᠡ | ᠶᠢᠨ ᠠᠰᠠᠷᠠᠮᠵᠢ ᠶᠢᠨ ᠵᠠᠷᠭᠤ ᠶᠢᠨ ᠪᠠᠶᠢᠳᠠᠯ ᠤᠨ ᠲᠤᠬᠠᠶ ᠪᠠᠶᠢᠴᠠᠭᠠᠬᠤ ᠬᠤᠷᠢᠶᠠᠨ ᠤ ᠮᠡᠳᠡᠭᠦᠯᠦᠯᠲᠡ ᠶᠢ ᠰᠣᠨᠣᠰᠴᠤ᠂ | ᠰᠢᠭᠦᠭᠴᠢ ᠶᠢᠨ ᠤᠷᠤᠨ ᠲᠣᠭᠠᠨ ᠤ ᠰᠢᠭᠦᠬᠦ ᠲᠤᠰᠢᠶᠠᠯᠲᠠᠨ᠂ ᠪᠠᠶᠢᠴᠠᠭᠠᠭᠴᠢ ᠶᠢᠨ ᠤᠷᠤᠨ ᠲᠣᠭᠠᠨ ᠤ ᠪᠠᠶᠢᠴᠠᠭᠠᠬᠤ | ᠲᠤᠰᠢᠶᠠᠯᠲᠠᠨ ᠢ ᠦᠨᠡᠯᠡᠨ ᠶᠠᠷᠢᠯᠴᠠᠬᠤ ᠠᠵᠢᠯ ᠢ ᠥᠷᠨᠢᠭᠦᠯᠪᠡ᠃ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠪᠠ | ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠲᠢᠩᠬᠢᠮ | ᠤᠨ ᠰᠢᠭᠦᠯᠲᠡ ᠳᠤ ᠰᠤᠯᠠ ᠤᠷᠤᠯᠴᠠᠭᠤᠯᠵᠤ᠂ ᠰᠢᠭᠦᠬᠦ ᠬᠤᠷᠢᠶᠠᠨ ᠤ ᠰᠢᠭᠦᠨ ᠲᠠᠰᠤᠯᠬᠤ ᠠᠵᠢᠯ ᠤᠨ ᠲᠤᠬᠠᠶ | ᠣᠶᠢᠯᠠᠭᠠᠯᠲᠠ ᠶᠢ ᠨᠡᠮᠡᠭᠳᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠪᠠ | ᠲᠥᠯᠥᠭᠡᠯᠡᠭᠴᠢᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ ᠳᠦᠷᠢᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠤ᠂ | ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠡᠯ᠎ᠡ ᠵᠦᠶᠯ ᠤᠨ ᠠᠵᠢᠯ ᠢ | ᠬᠢᠨᠠᠮᠠᠭᠠᠶ ᠥᠷᠨᠢᠭᠦᠯᠦᠨ᠂ ᠬᠠᠮᠢᠶ᠎ᠠ ᠪᠦᠬᠦᠢ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ | ᠳᠠᠩᠰᠠᠯᠠᠵᠤ ᠬᠢᠨᠠᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ | ᠣᠯᠭᠤᠭᠰᠠᠨ ᠡᠯ᠎ᠡ ᠵᠦᠶᠯ ᠤᠨ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠡᠭᠦᠷᠭᠡᠯᠡᠨ᠂ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ᠃ | ᠳᠥᠷᠪᠡ ᠳᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠪᠠᠷ ᠭᠤᠤᠯ ᠪᠤᠯᠭᠠᠵᠤ᠂ | ᠬᠢᠨᠠᠨ ᠶᠠᠷᠢᠯᠴᠠᠭᠰᠠᠨ ᠰᠠᠨᠠᠯ ᠢ ᠱᠠᠭᠠᠷᠳᠠᠨ ᠰᠢᠶᠳᠪᠦᠷᠢᠯᠡᠭᠦᠯᠵᠦ ᠨᠠᠶᠢᠳᠠᠪᠤᠷᠢᠵᠢᠭᠤᠯᠬᠤ ᠶᠢ ᠦᠨᠡᠨ ᠬᠦ ᠴᠢᠩᠭᠠᠳᠬᠠᠪᠠ | ᠃ ᠪᠠᠶᠢᠩᠭᠤ ᠶᠢᠨ ᠬᠤᠷᠢᠶ᠎ᠠ ᠬᠤᠯᠪᠣᠭᠳᠠᠯ ᠪᠦᠬᠦᠢ ᠠᠵᠢᠯ ᠤᠨ ᠮᠡᠳᠡᠭᠦᠯᠦᠯᠲᠡ ᠪᠠ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠭᠰᠠᠨ ᠤ ᠳᠠᠷᠠᠭ᠎ᠠ᠂ ᠴᠠᠭ ᠲᠤᠬᠠᠶ ᠳᠤᠨᠢ ᠪᠢᠴᠢᠭ ᠮᠠᠲ᠋ᠧᠷᠢᠶᠠᠯ ᠤᠨ | ᠬᠡᠯᠪᠡᠷᠢ ᠪᠠᠷ ᠬᠢᠨᠠᠨ ᠶᠠᠷᠢᠯᠴᠠᠭᠰᠠᠨ ᠰᠠᠨᠠᠯ ᠢ ᠨᠠᠶᠢᠷᠠᠭᠤᠯᠵᠤ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ | ᠬᠤᠷᠢᠶ᠎ᠡ︾ ᠳᠤ ᠳᠠᠷᠤᠮᠠᠯᠯᠠᠨ ᠲᠠᠷᠬᠠᠭᠠᠵᠤ ᠨᠠᠶᠢᠳᠠᠪᠤᠷᠢᠵᠢᠭᠤᠯᠪᠠ᠃ 3 ᠰᠠᠷ᠎ᠠ ᠪᠠᠷ ᠰᠢᠢᠳᠪᠦᠷᠢᠯᠡᠬᠦ ᠪᠠ ᠬᠠᠷᠢᠭᠤ | ᠲᠤᠰᠬᠠᠬᠤ ᠴᠠᠭ ᠤᠨ ᠬᠢᠵᠠᠭᠠᠷᠯᠠᠯ ᠪᠣᠯᠭᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶ᠎ᠠ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠰᠠᠨᠠᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ᠂ ᠡᠭᠦᠨ ᠤ ᠰᠠᠭᠤᠷᠢᠨ ᠳᠡᠭᠡᠷ᠎ᠡ ᠪᠠᠶᠢᠩᠭᠤ ᠶᠢᠨ | ᠬᠤᠷᠢᠶ᠎ᠠ ᠶᠢ ᠬᠤᠷᠠᠯᠳᠤᠭᠤᠯᠤᠨ ᠬᠠᠨᠤᠮᠵᠢ ᠶᠢᠨ ᠬᠡᠮᠵᠢᠶ᠎ᠡ ᠶᠢ ᠪᠠᠲᠤᠯᠠᠵᠤ᠂ ᠪᠠᠲᠤᠯᠠᠯᠲᠠ ᠳᠤ ᠬᠠᠨᠤᠮᠵᠢ ᠦᠭᠡᠢ | ᠱᠠᠭᠠᠷᠳᠠᠯᠭ᠎ᠠ ᠶᠢ ᠳᠠᠬᠢᠨ ᠰᠢᠨ᠎ᠡ ᠪᠠᠷ ᠭᠦᠢᠴᠡᠳᠬᠡᠨ᠂ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠦᠨᠡᠨ ᠬᠦ | ᠨᠡᠮᠡᠭᠳᠡᠭᠦᠯᠪᠡ᠃ | ᠭᠤᠷᠪᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠶᠢ ᠪᠠᠷᠢᠮᠲᠠᠯᠠᠨ᠂ ᠲᠥᠯᠥᠭᠡᠯᠡᠭᠴᠢᠳ ᠤᠨ | ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠰᠠᠭᠤᠷᠢ ᠶᠢ ᠪᠠᠬᠢᠵᠢᠭᠦᠯᠵᠦ᠂ ᠲᠥᠯᠥᠭᠡᠯᠡᠭᠴᠢᠳ ᠤᠨ ᠬᠠᠤᠯᠢ | ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠳᠠᠮᠵᠢᠨ ᠪᠠᠲᠤᠯᠠᠪᠠ | ᠨᠢᠭᠡ ᠳᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠶᠳᠪᠦᠷᠢᠯᠡᠬᠦ ᠠᠷᠭ᠎ᠠ ᠮᠠᠶ᠋ᠢᠭ ᠢ ᠰᠠᠶᠢᠵᠢᠷᠠᠭᠤᠯᠪᠠ᠃ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ | ᠠᠴᠠ ᠴᠤᠭᠯᠠᠭᠤᠯᠤᠭᠰᠠᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ 55 | ᠬᠤᠪᠢ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠡᠮᠬᠢᠯᠡᠨ ᠪᠦᠷᠢᠳᠭᠡᠵᠤ᠂ ᠴᠠᠭ ᠲᠤᠬᠠᠢ ᠳᠤᠨᠢ ᠬᠤᠰᠢᠭᠤ | ᠵᠠᠰᠠᠭ ᠤᠨ ᠣᠷᠳᠣᠨ ᠳᠤ ᠰᠢᠯᠵᠢᠭᠦᠯᠦᠨ ᠰᠢᠢᠳᠪᠦᠷᠢᠯᠡᠭᠦᠯᠪᠡ᠃ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠢ | ᠰᠢᠯᠵᠢᠭᠦᠯᠦᠨ ᠲᠤᠰᠢᠶᠠᠭᠰᠠᠨ ᠠᠴᠠ ᠬᠠᠷᠢᠭᠤᠯᠲᠠ ᠥᠭᠬᠦ ᠬᠦᠷᠲᠡᠯᠡᠬᠢ ᠪᠦᠬᠦ ᠶᠠᠪᠤᠴᠠ ᠶᠢ ᠬᠢᠨᠠᠨ ᠰᠢᠶᠳᠪᠦᠷᠢᠯᠡᠭᠦᠯᠬᠦ | ᠲᠣᠭᠲᠠᠴᠠ ᠶᠢ ᠪᠠᠶᠢᠭᠤᠯᠵᠤ᠂ ᠭᠤᠤᠯ ᠪᠠ ᠬᠠᠮᠵᠢᠯᠴᠠᠨ ᠭᠦᠶᠴᠡᠳᠬᠡᠬᠦ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠲᠣᠳᠣᠷᠬᠠᠶᠢᠯᠠᠪᠠ᠃ ᠬᠢᠨᠠᠨ ᠰᠢᠶᠳᠪᠦᠷᠢᠯᠡᠭᠦᠯᠬᠦ ᠠᠷᠭ᠎ᠠ ᠮᠠᠶ᠋ᠢᠭ ᠢ ᠥᠭᠡᠷᠡᠴᠢᠯᠡᠨ | ᠰᠠᠶᠢᠵᠢᠷᠠᠭᠤᠯᠵᠤ᠂ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ ᠡᠷᠬᠢᠯᠡᠭᠴᠢ ᠲᠦᠷᠦᠭᠦᠯᠡᠨ ᠬᠢᠨᠠᠨ | ᠰᠢᠶᠳᠪᠦᠷᠢᠯᠡᠭᠦᠯᠬᠦ 5 ᠭᠤᠤᠯᠳᠠᠯᠭ᠎ᠠ ᠲᠠᠢ ᠰᠠᠨᠠᠭᠤᠯᠭ᠎ᠠ ᠭᠠᠷᠭᠠᠵᠤ᠂ ᠰᠢᠶᠳᠪᠦᠷᠢᠯᠡᠬᠦ ᠦᠷ᠎ᠡ ᠪᠦᠲᠦᠮᠵᠢ ᠪᠠ ᠶᠠᠰᠤ | ᠴᠢᠨᠠᠷ ᠢ ᠢᠯᠡᠳᠲᠡ ᠳᠡᠭᠡᠭᠰᠢᠯᠡᠭᠦᠯᠪᠡ᠃ | ᠬᠤᠶᠠᠷ ᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠪᠡ᠃ ᠪᠣᠯᠪᠠᠰᠤᠷᠠᠯ ᠤᠨ ᠡᠷᠴᠢᠮ ᠢᠶᠠᠨ | ᠴᠢᠩᠭᠠᠷᠠᠭᠤᠯᠵᠤ᠂ ᠲᠥᠯᠥᠭᠡᠯᠡᠭᠴᠢᠳ ᠤᠨ ᠵᠥᠪᠯᠡᠯᠭᠡ᠂ ᠰᠢᠭᠦᠮᠵᠢᠯᠡᠯ ᠪᠠ ᠰᠠᠨᠠᠭᠤᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠲᠣᠭᠤᠷᠢᠨ ᠳᠤ᠂ ᠠᠷᠠᠳ ᠤᠨ ᠲᠥᠯᠥᠭᠡᠯᠡᠭᠴᠢᠳ ᠤᠨ ᠪᠣᠯᠪᠠᠰᠤᠷᠠᠯ ᠤᠨ ᠠᠩᠭᠢ ᠶᠢ 1 | ᠬᠤᠭᠤᠴᠠᠭ᠎ᠠ ᠡᠷᠬᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠶᠢ 380 ᠬᠥᠮᠦᠨ ᠤᠳᠠᠭ᠎ᠠ ᠪᠣᠯᠪᠠᠰᠤᠷᠠᠭᠤᠯᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ | ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ᠲᠥᠯᠥᠭᠡᠯᠡᠭᠴᠢᠳ ᠤᠨ ᠤᠯᠠᠨ ᠲᠦᠮᠡᠨ ᠲᠠᠢ ᠬᠠᠷᠢᠯᠴᠠᠬᠤ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ | ᠲᠥᠯᠥᠭᠡᠯᠡᠭᠴᠢᠳ ᠲᠠᠢ ᠬᠠᠷᠢᠯᠴᠠᠬᠤ᠂ ᠲᠥᠯᠥᠭᠡᠯᠡᠭᠴᠢᠳ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ︽ᠬᠤᠤᠰ | ᠬᠤᠯᠪᠣᠭ᠎ᠠ︾ ᠶᠢᠨ ᠠᠵᠢᠯ ᠲᠠᠢ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠠᠶᠢᠯᠴᠢᠯᠠᠨ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠣᠩᠭᠤᠭᠤᠯᠢ ᠶᠢᠨ | ᠠᠷᠠᠳ ᠣᠯᠠᠨ ᠢ 210 ᠬᠥᠮᠦᠨ ᠤᠳᠠᠭ᠎ᠠ ᠰᠤᠷᠪᠤᠯᠵᠢᠯᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠯᠥᠭᠡᠯᠡᠭᠴᠢᠳ ᠢ ᠪᠠᠶᠢᠩᠭᠤ ᠤᠷᠢᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠤ ᠰᠤᠯᠠ ᠣᠷᠣᠯᠴᠠᠭᠤᠯᠬᠤ ᠪᠠ | ᠪᠠᠶᠢᠴᠠᠭᠠᠨ ᠰᠤᠳᠤᠯᠤᠯᠲᠠ ᠬᠢᠬᠦ᠂ ᠪᠠᠶᠢᠴᠠᠭᠠᠨ ᠦᠵᠡᠬᠦ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ | ᠲᠥᠯᠥᠭᠡᠯᠡᠭᠴᠢᠳ ᠲᠤ ᠬᠤᠰᠢᠭᠤᠨ ᠤ ᠪᠠᠶᠢᠳᠠᠯ ᠢ ᠴᠠᠭ ᠲᠤᠬᠠᠶ ᠳᠤᠨᠢ ᠣᠶᠢᠯᠠᠭᠠᠭᠤᠯᠵᠤ᠂ ᠰᠠᠨᠠᠯ ᠰᠠᠨᠠᠭᠤᠯᠭ᠎ᠠ | ᠳᠤᠷᠠᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠲᠥᠷᠥ ᠶᠢᠨ | ᠬᠡᠷᠡᠭ ᠢ ᠵᠥᠪᠯᠡᠬᠦ ᠠᠷᠭ᠎ᠠ ᠵᠠᠮ ᠢ ᠨᠢ ᠥᠷᠭᠡᠳᠬᠡᠪᠡ᠃ | ᠭᠤᠷᠪᠠ ᠳᠤ᠂ ᠲᠦᠯᠦᠭᠡᠯᠡᠭᠴᠢ ᠶᠢᠨ ᠭᠡᠷ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠪᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠢ ᠤᠯᠠᠮ ᠨᠢᠭᠡ | ᠠᠯᠬᠤᠮ ᠰᠠᠶᠢᠵᠢᠷᠠᠭᠤᠯᠤᠨ ᠪᠠᠶᠢᠭᠤᠯᠵᠤ ᠰᠠᠶᠢᠲᠤᠷ ᠬᠠᠮᠢᠶᠠᠷᠴᠤ ᠬᠡᠷᠡᠭᠯᠡᠬᠦ ᠲᠤᠬᠠᠢ ᠰᠠᠨᠠᠯ ᠢ ᠭᠦᠨᠵᠡᠭᠡᠢ | ᠨᠠᠶᠢᠳᠠᠪᠤᠷᠢᠵᠢᠭᠤᠯᠵᠤ᠂ ᠣᠳᠣᠨ ᠳᠡᠰ ᠢᠶᠠᠷ ᠦᠨᠡᠯᠡᠨ ᠲᠣᠭᠲᠠᠭᠠᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠳᠡᠭᠡᠭᠰᠢᠯᠡᠭᠦᠯᠵᠦ᠂ ᠲᠥᠯᠥᠭᠡᠯᠡᠭᠴᠢᠳ ᠤᠨ ᠭᠡᠷ ᠢ ᠳᠡᠰ ᠳᠡᠪᠰᠢᠭᠦᠯᠦᠨ ᠮᠡᠳᠡᠭᠦᠯᠵᠦ ᠰᠢᠯᠭᠠᠨ ᠠᠪᠬᠤ | ᠠᠵᠢᠯ ᠢ ᠥᠷᠨᠢᠭᠦᠯᠵᠦ᠂ ᠪᠦᠬᠦ ᠬᠤᠰᠢᠭᠤᠨ ᠤ ᠬᠡᠪᠴᠢᠶᠡᠨ ᠳᠤ ᠳᠥᠷᠪᠡᠨ ᠤᠳᠤᠳᠤ᠂ ᠲᠠᠪᠤᠨ ᠣᠳᠣᠲᠤ ᠠᠷᠠᠳ | ᠤᠨ ᠲᠥᠯᠥᠭᠡᠯᠡᠭᠴᠢᠳ ᠤᠨ ᠭᠡᠷ 14 ᠭᠡᠷ ᠲᠤ ᠬᠦᠷᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠭᠡᠷ ᠲᠤ ᠥᠭᠬᠦ ᠠᠵᠢᠯ ᠤᠨ ᠵᠠᠷᠤᠳᠠᠯ 36 ᠲᠦᠮᠡᠨ ᠲᠥᠭᠦᠷᠢᠭ ᠢ ᠤᠯᠭᠤᠵᠤ᠂ ᠡᠯ᠎ᠡ ᠰᠤᠮᠤ | ᠰᠢᠶᠠᠩ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠢ | ᠭᠦᠢᠴᠡᠳ ᠠᠰᠢᠭᠯᠠ᠂ ᠭᠤᠣᠯ ᠰᠡᠳᠦᠪ ᠨᠢ ᠲᠤᠪᠤᠶᠢᠮ᠎ᠠ᠂ ᠣᠯᠠᠨ ᠶᠠᠩᠵᠤ ᠬᠡᠯᠪᠡᠷᠢ ᠶᠢᠨ ᠲᠥᠯᠥᠭᠡᠯᠡᠭᠴᠢ ᠶᠢᠨ | ᠠᠵᠢᠯᠯᠠᠭ᠎ᠠ ᠶᠢ ᠥᠷᠨᠢᠭᠦᠯᠪᠡ᠃ | ᠳᠥᠷᠪᠡ ᠳᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠴᠠ ᠪᠢᠯᠧᠲ ᠥᠭᠬᠦ ᠳᠦᠷᠢᠮ ᠢ ᠥᠷᠨᠢᠭᠦᠯᠪᠡ᠃ | ᠲᠠᠷᠬᠠᠨ ᠰᠤᠮᠤᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠤᠨ ᠲᠤᠷᠰᠢᠯᠲᠠ ᠶᠢᠨ | ᠴᠡᠭ ᠤᠨ ᠠᠵᠢᠯ ᠢ ᠡᠬᠢᠯᠡᠭᠦᠯᠵᠦ᠂ ᠲᠥᠷᠥᠯ ᠵᠦᠶᠯ ᠢ ᠡᠯᠰᠡᠬᠦ ᠠᠴᠠ ᠡᠬᠢᠯᠡᠨ ᠲᠥᠷᠥᠯ ᠵᠦᠶᠯ ᠢ ᠬᠢᠨᠠᠨ ᠵᠥᠪᠯᠡᠬᠦ᠂ | ᠲᠥᠷᠥᠯ ᠵᠦᠶᠯ ᠢ ᠬᠢᠨᠠᠨ ᠵᠥᠪᠯᠡᠬᠦ ᠠᠴᠠ ᠬᠠᠮᠤᠭ ᠰᠡᠭᠦᠯᠴᠢ ᠶᠢᠨ ᠬᠢᠨᠠᠯᠲᠠ ᠲᠠᠯᠪᠢᠵᠤ ᠦᠨᠡᠯᠡᠨ ᠵᠢᠱᠢᠬᠦ ᠡᠯ᠎ᠡ ᠱᠠᠲᠤ | ᠦᠶ᠎ᠡ ᠶᠢᠨ ᠠᠵᠢᠯᠯᠠᠬᠤ ᠠᠷᠭ᠎ᠠ ᠶᠢ ᠰᠦᠪᠡᠭᠴᠢᠯᠡᠵᠦ᠂ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ | ᠲᠤᠬᠠᠢ ᠬᠡᠷᠡᠭᠵᠢᠭᠦᠯᠬᠦ ᠲᠥᠷᠥᠯ ᠵᠦᠶᠯ ᠤᠨ ᠪᠣᠶ ᠪᠣᠯᠬᠤ ᠶᠢ ︽ᠰᠠᠯᠠᠭ᠎ᠠ ᠮᠥᠴᠢᠷ ᠳᠤᠷᠠᠳᠬᠤ︾ ᠠᠴᠠ ︽ᠣᠯᠠᠨ | ᠢᠶᠠᠷ ᠢᠶᠠᠨ ᠳᠤᠷᠠᠳᠬᠤ︾ ᠪᠣᠯᠭᠠᠨ ᠬᠤᠪᠢᠷᠠᠭᠤᠯᠵᠤ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ | ᠲᠣᠭᠲᠠᠭᠠᠬᠤ ᠪᠠ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠬᠤ ᠪᠠ ᠳᠡᠭᠡᠲᠤ | ᠬᠡᠮᠵᠢᠶ᠎ᠡ ᠪᠠᠷ ᠠᠭᠤᠰᠤᠯᠴᠠᠭᠤᠯᠬᠤ ᠶᠢ ᠪᠡᠶᠡᠯᠡᠭᠦᠯᠵᠦ᠂ ᠪᠢᠯᠧᠲ ᠥᠭᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ | ᠠᠵᠢᠯ ᠳᠤ ᠲᠤᠷᠰᠢᠯᠭ᠎ᠠ ᠬᠤᠷᠠᠮᠳᠤᠭᠤᠯᠪᠠ᠃ 11 ᠰᠠᠷ᠎ᠠ ᠶᠢᠨ ᠳᠤᠮᠳᠠᠴᠢ ᠪᠠᠷ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ | 2020 ᠣᠨ ᠳᠤ ᠪᠢᠯᠧᠲ ᠥᠭᠬᠦ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠢ ᠲᠤᠬᠢᠷᠠᠭᠤᠯᠤᠨ ᠪᠠᠶᠢᠷᠢᠯᠠᠭᠤᠯᠪᠠ | ᠃ | ᠲᠠᠪᠤ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠤᠷᠮᠠᠰᠢᠭᠤᠯᠬᠤ | ᠲᠣᠭᠲᠠᠴᠠ ᠪᠠ ᠬᠥᠳᠡᠯᠦᠩᠭᠦᠶ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠢᠨᠠᠨ | ᠰᠢᠯᠭᠠᠵᠤ ᠨᠡᠢᠲᠡᠯᠡᠬᠦ ᠳᠦᠷᠢᠮ ᠤᠨ ᠲᠤᠷᠰᠢᠨ ᠬᠡᠷᠡᠭᠵᠢᠭᠦᠯᠬᠦ ᠠᠷᠭ᠎ᠠ ᠪᠠ ᠬᠤᠪᠢ ᠬᠤᠷᠠᠮᠳᠤᠭᠤᠯᠬᠤ ᠪᠠᠷᠢᠮᠵᠢᠶ᠎ᠠ ᠶᠢ | ᠲᠣᠭᠲᠠᠭᠠᠵᠤ᠂ ᠪᠦᠬᠦ ᠬᠤᠰᠢᠭᠤᠨ ᠳᠤ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠢᠨᠠᠨ | ᠰᠢᠯᠭᠠᠵᠤ ᠨᠡᠶᠢᠲᠡ ᠳᠤ ᠵᠠᠷᠯᠠᠬᠤ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠵᠤ᠂ ᠲᠥᠯᠥᠭᠡᠯᠡᠭᠴᠢᠳ ᠤᠨ ᠡᠭᠦᠷᠭᠡ | ᠲᠤᠰᠢᠶᠠᠯ ᠢᠶᠠᠨ ᠭᠦᠢᠴᠡᠳᠬᠡᠭᠰᠡᠨ ᠪᠣᠳᠠᠲᠤ ᠦᠷ᠎ᠡ ᠪᠦᠲᠦᠮᠵᠢ ᠶᠢ ᠦᠨᠡᠯᠡᠵᠤ ᠬᠡᠮᠵᠢᠭᠰᠡᠨ ᠬᠤᠪᠢ ᠶᠢᠨ ᠬᠡᠮᠵᠢᠭᠳᠡᠯ | ᠪᠣᠯᠭᠠᠨ ᠬᠤᠪᠢᠷᠠᠭᠤᠯᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠢᠳᠡᠪᠬᠢᠵᠢᠯ ᠢ ᠤᠯᠠᠮ | ᠨᠢᠭᠡ ᠠᠯᠬᠤᠮ ᠴᠢᠩᠭᠠᠳᠬᠠᠵᠤ᠂ ᠲᠥᠯᠥᠭᠡᠯᠡᠭᠴᠢᠳ ᠤᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠪᠠ᠃ | ᠨᠢᠳᠦᠨᠦᠨ ᠠᠴᠠ ᠨᠠᠭᠠᠰᠢ᠂ ᠨᠡᠶᠢᠲᠡ 3 ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠪᠠ᠃ 10 | ᠲᠥᠯᠥᠭᠡᠯᠡᠭᠴᠢ ᠲᠤᠰᠢᠶᠠᠯ ᠤᠨ ᠬᠠᠷᠠᠭ᠎ᠠ ᠪᠠᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠪᠠ᠃ 6 ᠬᠦᠮᠦᠨ ᠮᠠᠨ ᠤ ᠬᠤᠰᠢᠭᠤᠨ ᠠᠴᠠ ᠠᠵᠢᠯ ᠰᠢᠯᠵᠢᠵᠦ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠨᠢ | ᠠᠶᠠᠨᠳᠠᠭᠠᠨ ᠦᠭᠡᠢ ᠪᠤᠯᠪᠠ᠃ | ᠳᠦᠷᠪᠡ᠂ ᠴᠠᠭ ᠦᠶ᠎ᠡ ᠲᠠᠢ ᠵᠡᠷᠭᠡᠴᠡᠨ ᠤᠷᠤᠭᠰᠢᠯᠠᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ | ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠪᠠᠶᠢᠭᠤᠯᠭ᠎ᠠ ᠶᠢᠨ ᠠᠵᠢᠯ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ | ᠨᠢᠭᠡ ᠳᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠺᠠᠳ᠋ᠷ | ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ | ᠤᠨ ᠤᠳᠤᠷᠢᠳᠬᠤ ᠪᠠᠭ ᠢ ᠨᠥᠬᠦᠪᠥᠷᠢᠯᠡᠵᠦ᠂ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠤᠳᠤᠷᠢᠳᠬᠤ ᠪᠠᠭ ᠢ ᠴᠢᠩᠭᠠᠳᠬᠠᠨ᠂ ᠪᠠᠶᠢᠭᠤᠯᠭ᠎ᠠ ᠶᠢᠨ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠠᠵᠢᠯ ᠢ | ᠠᠮᠵᠢᠯᠲᠠ ᠲᠠᠢ ᠪᠡᠶᠡᠯᠡᠭᠦᠯᠵᠤ᠂ ᠪᠠᠶᠢᠭᠤᠯᠭ᠎ᠠ ᠶᠢᠨ ᠳᠣᠲᠣᠭᠠᠳᠤ ᠶᠢᠨ ᠪᠠᠶᠢᠭᠤᠯᠤᠮᠵᠢ ᠶᠢ ᠰᠢᠯᠢᠳᠡᠭᠵᠢᠭᠦᠯᠦᠨ᠂ | ᠪᠠᠶᠢᠭᠤᠯᠭ᠎ᠠ ᠶᠢᠨ ᠨᠠᠮ ᠤᠨ ᠡᠭᠦᠷ ᠤᠨ ᠤᠳᠤᠷᠢᠳᠬᠤ ᠪᠠᠭ ᠪᠠ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠠᠵᠢᠯ ᠤᠨ | ᠬᠤᠪᠢᠶᠠᠷᠢᠯᠠᠯ ᠳᠤ ᠳᠠᠬᠢᠨ ᠲᠣᠬᠢᠷᠠᠭᠤᠯᠤᠯᠲᠠ ᠬᠢᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ | ᠤᠯᠠᠮ ᠨᠢᠭᠡ ᠠᠯᠬᠤᠮ ᠴᠢᠩᠭᠠᠳᠬᠠᠪᠠ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ | ᠤᠶᠠᠯᠳᠤᠭᠤᠯᠤᠨ᠂ ᠠᠵᠢᠯ ᠤᠨ ᠲᠣᠭᠲᠠᠴᠠ ᠪᠠ ᠠᠵᠢᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ | ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ ᠪᠠ ︽ᠭᠤᠷᠪᠠᠨ ᠴᠢᠬᠤᠯᠠ ᠨᠢᠭᠡ ᠶᠡᠭᠡ︾ ᠬᠡᠷᠡᠭ | ᠵᠥᠪᠯᠡᠬᠦ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠳᠦᠷᠢᠮᠵᠢᠯ᠂ ᠪᠠᠷᠢᠮᠵᠢᠶᠠᠵᠢᠯ᠂ ᠳᠦᠷᠢᠮ ᠲᠤᠭᠲᠠᠭᠠᠯ ᠤᠨ ᠳᠦᠷᠢᠮᠵᠢᠯᠲᠡ ᠶᠢᠨ ᠬᠢᠷᠢ | ᠲᠦᠪᠰᠢᠨ ᠢ ᠳᠡᠭᠡᠭᠰᠢᠯᠡᠭᠦᠯᠪᠡ᠃ ᠭᠠᠷᠠᠭ ᠪᠤᠯᠭᠠᠨ ᠤ ᠭᠠᠷᠠᠭ ᠤᠨ ᠲᠠᠪᠤᠨ ᠳᠤ ᠲᠥᠪᠯᠡᠷᠡᠭᠦᠯᠦᠨ ᠰᠤᠷᠤᠯᠴᠠᠬᠤ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠦᠷᠦᠭᠦᠯᠡᠨ ᠨᠠᠮ ᠤᠨ ᠬᠢᠴᠢᠶᠡᠯ ᠣᠷᠣᠬᠤ᠂ ᠦᠨᠳᠦᠰᠦᠨ | ᠱᠠᠲᠤᠨ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠵᠡᠷᠭᠡ ᠳᠦᠷᠢᠮ ᠢ ᠪᠠᠷᠢᠮᠲᠠᠯᠠᠵᠤ᠂ 12 ᠤᠳᠠᠭ᠎ᠠ ᠨᠠᠮ | ᠤᠨ ᠭᠡᠰᠢᠭᠦᠨ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠰᠤᠷᠤᠯᠴᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ | ᠤᠨ ᠪᠦᠷᠢᠯᠳᠦᠬᠦᠨ ᠪᠠᠶᠢᠴᠠᠭᠠᠨ ᠰᠤᠳᠤᠯᠤᠯᠲᠠ ᠬᠢᠭᠰᠡᠨ ᠮᠡᠳᠡᠭᠦᠯᠦᠯᠲᠡ 5 ᠬᠤᠪᠢ᠂ ᠰᠤᠳᠤᠯᠤᠨ ᠶᠠᠷᠢᠯᠴᠠᠭᠰᠠᠨ | ᠮᠠᠲ᠋ᠧᠷᠢᠶᠠᠯ 15 ᠬᠤᠪᠢ ᠪᠢᠴᠢᠵᠦ᠂ 6 ᠤᠳᠠᠭ᠎ᠠ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠪᠠ᠃ ᠨᠠᠮ ᠠᠴᠠ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠮᠢᠶᠠᠷᠬᠤ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ | ᠨᠠᠶᠢᠳᠠᠪᠤᠷᠢᠵᠢᠭᠤᠯᠵᠤ᠂ ᠭᠤᠤᠯ ᠠᠵᠢᠯ ᠤᠨ ᠲᠣᠭᠤᠷᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠬᠢᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠫᠤᠷᠲ᠋ᠧᠯ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ | ᠳ᠋ᠤᠭᠠᠷ᠂ ᠮᠡᠳᠡᠭᠡ ᠵᠠᠩᠭᠢ ᠳᠠᠮᠵᠢᠭᠤᠯᠬᠤ ᠵᠡᠷᠭᠡ ᠰᠠᠭᠤᠷᠢᠨ ᠤᠨ ᠭᠠᠵᠠᠷ ᠤᠨ ᠪᠠᠶᠢᠭᠤᠯᠤᠯᠲᠠ ᠪᠠ ᠬᠠᠮᠢᠶᠠᠷᠤᠯᠲᠠ ᠶᠢ | ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠤᠳᠤᠷᠢᠳᠬᠤ ᠡᠷᠭᠡ ᠪᠠ ᠰᠠᠨᠠᠭᠠᠴᠢᠯᠠᠭ᠎ᠠ ᠶᠢᠨ ᠡᠷᠭᠡ ᠶᠢ | ᠪᠠᠲᠤ ᠡᠵᠡᠮᠳᠡᠪᠡ᠃ | ᠬᠤᠶᠠᠷ ᠲᠤ᠂ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ | ᠰᠠᠶᠢᠲᠤᠷ ᠠᠳᠬᠤᠪᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠭ ᠤᠨ ᠪᠦᠷᠢᠯᠳᠦᠬᠦᠨ ᠤ ︽ᠨᠢᠭᠡ | ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠨᠠᠶᠢᠳᠠᠪᠤᠷᠢᠵᠢᠭᠤᠯᠤᠨ᠂ ᠤᠳᠤᠷᠢᠳᠬᠤ | ᠺᠠᠳ᠋ᠷᠴᠤᠳ ᠤᠨ ᠴᠢᠬᠤᠯᠠ ᠶᠡᠭᠡ ᠤᠴᠢᠷ ᠶᠠᠪᠤᠳᠠᠯ ᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠪᠡ᠃ ᠲᠥᠪ | ᠬᠤᠷᠢᠶᠠᠨ ᠤ ᠨᠠᠶᠮᠠᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠪᠠ | ᠬᠤᠯᠪᠣᠭᠳᠠᠯ ᠪᠦᠬᠦᠢ ᠢᠵᠢ ᠪᠦᠷᠢᠳᠦᠭᠰᠡᠨ ᠲᠣᠭᠲᠠᠭᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ | ᠶᠢᠨ ᠰᠢᠶᠳᠬᠡᠯ ᠥᠭᠬᠦ ᠳᠦᠷᠢᠮ ᠪᠠ ᠠᠵᠢᠯ ᠤᠨ ᠰᠤᠷᠲᠠᠯ ᠢ ᠴᠡᠭᠴᠡᠯᠡᠨ ᠵᠠᠰᠠᠬᠤ ᠬᠤᠯᠪᠣᠭᠳᠠᠯ ᠪᠦᠬᠦᠢ ᠮᠡᠳᠡᠭᠳᠡᠯ | ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ | ᠲᠦᠭᠰᠢᠭᠦᠷᠢ ᠶᠢ ᠰᠡᠷᠭᠡᠶᠢᠯᠡᠬᠦ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠦᠵᠡᠵᠦ ᠪᠠᠶᠢᠴᠠᠭᠠᠨ ᠰᠤᠳᠤᠯᠤᠯᠲᠠ ᠬᠢᠬᠦ ᠳᠡᠭᠡᠨ ᠲᠡᠷᠭᠡ | ᠬᠥᠰᠬᠡ ᠶᠢ ᠴᠦᠭᠡᠴᠢᠯᠡᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠳᠦᠷᠢᠮ ᠢ ᠲᠣᠭᠲᠠᠭᠠᠵᠤ᠂ | ᠪᠠᠶᠢᠭᠤᠯᠭ᠎ᠠ ᠨᠢᠭᠡᠴᠢ ᠶᠢᠨ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢᠨ ᠬᠠᠮᠢᠶᠠᠷᠤᠯᠲᠠ ᠶᠢ | ᠴᠢᠭᠠᠳᠬᠠᠵᠤ᠂ ᠠᠯᠪᠠᠨ ᠵᠠᠷᠤᠳᠠᠯ ᠢ ᠪᠠᠭᠠᠰᠬᠠᠪᠠ᠃ ᠨᠠᠮ ᠤᠨ ᠭᠡᠰᠢᠭᠦᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ | ᠬᠥᠮᠦᠵᠢᠯ ᠢ ᠴᠢᠩᠭᠠᠳᠬᠠᠵᠤ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ | ᠹᠢᠯᠢᠮ ᠢ ᠦᠵᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ | ᠦᠵᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠤᠨ ᠰᠡᠷᠡᠮᠵᠢᠯᠡᠭᠦᠯᠬᠦ ᠬᠥᠮᠦᠵᠢᠯ ᠵᠡᠷᠭᠡ | ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠬᠠᠤᠯᠢ ᠲᠣᠭᠲᠠᠭᠠᠯ | ᠤᠨ ᠣᠶᠢᠯᠠᠭᠠᠭᠳᠠᠬᠤᠨ ᠪᠠ ᠠᠷᠢᠭᠤᠨ ᠴᠢᠬᠡᠴᠢ ᠶᠢᠨ ᠤᠬᠠᠮᠰᠠᠷ ᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ | ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠰᠠᠨᠠᠯ ᠢ ᠬᠢᠨᠠᠮᠠᠭᠠᠶ | ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ | ᠠᠮᠢᠳᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠬᠤᠷᠴᠠ ᠰᠢᠷᠦᠭᠦᠨ︾ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠢ ᠥᠷᠨᠢᠭᠦᠯᠪᠡ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ | ᠶᠢ ᠨᠠᠶᠢᠳᠠᠪᠤᠷᠢᠵᠢᠭᠤᠯᠵᠤ᠂ ᠨᠢᠭᠡ ᠠᠴᠠ ᠵᠦᠶᠴᠢᠯᠡᠨ ᠨᠥᠬᠦᠭᠡ ᠶᠢ ᠡᠷᠢᠵᠦ ᠬᠦᠷᠦᠯᠴᠡᠬᠦ ᠦᠭᠡᠢ ᠲᠠᠯ᠎ᠠ ᠪᠠᠨ | ᠨᠦᠬᠦᠪᠦᠷᠢᠯᠡᠨ᠂ ᠢᠳᠡᠪᠬᠢᠲᠡᠢ ᠴᠡᠭᠴᠡᠯᠡᠨ ᠰᠠᠶᠢᠵᠢᠷᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠠᠷᠢᠨ ᠬᠢᠨᠠᠮᠠᠭᠠᠢ ᠬᠢᠵᠦ᠂ ᠬᠤᠰᠢᠭᠤ ᠱᠠᠲᠤᠨ ᠤ ᠤᠳᠤᠷᠢᠳᠤᠯᠭ᠎ᠠ ᠶᠢᠨ | ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠦᠬᠦ ᠵᠢᠯ ᠳᠤ | 23 ᠬᠤᠪᠢ ︵ᠤᠳᠠᠭ᠎ᠠ︶ 130 ᠬᠥᠮᠦᠨ ︵ᠤᠳᠠᠭ᠎ᠠ︶ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠬᠦᠯᠢᠶᠡᠨ ᠠᠪᠴᠤ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ 100 % ᠳᠤ ᠬᠦᠷᠪᠡ᠃ | ᠭᠤᠷᠪᠠ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷᠴᠤᠳ ᠤᠨ ᠴᠢᠳᠠᠪᠤᠷᠢ ᠬᠡᠪ ᠴᠢᠨᠠᠷ | ᠢ ᠬᠦᠴᠦᠯᠡᠨ ᠳᠡᠭᠡᠭᠰᠢᠯᠡᠭᠦᠯᠪᠡ᠃ ᠪᠠᠶᠢᠩᠭᠤ ᠶᠢᠨ ᠬᠤᠷᠢᠶᠠᠨ ᠤ ᠭᠡᠰᠢᠭᠦᠳ ᠢ ᠵᠣᠬᠢᠶᠠᠨ ᠪᠠᠶᠢᠭᠤᠯᠵᠤ ᠣᠷᠳᠣᠰ᠂ | ᠱᠠᠨᠰᠢ᠂ ᠵᠢᠶᠠᠩᠰᠤ ᠵᠡᠷᠭᠡ ᠭᠠᠵᠠᠷ ᠲᠤ ᠤᠴᠢᠭᠤᠯᠵᠤ ᠰᠤᠷᠤᠯᠴᠠᠭᠤᠯᠤᠨ ᠪᠠᠶᠢᠴᠠᠭᠠᠯᠲᠠ ᠬᠢᠯᠭᠡᠵᠦ᠂ ᠬᠡᠰᠡᠭ ᠺᠠᠳ᠋ᠷ ᠢ | ᠰᠣᠩᠭᠤᠨ ᠲᠣᠮᠢᠯᠠᠵᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠰᠡᠨ ᠪᠣᠯᠪᠠᠰᠤᠷᠠᠯ ᠤᠨ ᠠᠩᠭᠢ ᠳᠤ | ᠣᠷᠣᠯᠴᠠᠭᠤᠯᠪᠠ᠃ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ | ᠶᠢᠨ ᠠᠵᠢᠯ ᠤᠨ ᠪᠣᠯᠪᠠᠰᠤᠷᠠᠯ ᠤᠨ ᠬᠤᠷᠠᠯ ᠢ ᠡᠷᠬᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠭ᠎ᠠ ᠶᠢᠨ ᠺᠠᠳ᠋ᠷ᠂ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ ᠪᠠ ᠠᠵᠢᠯᠲᠠᠨ᠂ ︽ᠲᠥᠯᠥᠭᠡᠯᠡᠭᠴᠢ ᠶᠢᠨ ᠭᠡᠷ︾ ᠤᠨ ᠬᠠᠷᠢᠭᠤᠴᠠᠯᠭᠠᠲᠠᠨ ᠳᠤ ᠪᠣᠯᠪᠠᠰᠤᠷᠠᠯ | ᠡᠷᠬᠢᠯᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠣᠷᠣᠨ ᠨᠤᠲᠤᠭ ᠤᠨ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠶᠢᠭᠤᠯᠤᠭᠳᠠᠭᠰᠠᠨ 40 ᠵᠢᠯ ᠤᠨ ᠤᠢ ᠶᠢ | ᠪᠡᠯᠭᠡᠯᠡᠬᠦ ᠰᠢᠷᠢᠰ ᠠᠵᠢᠯᠯᠠᠭ᠎ᠠ ᠶᠢ ᠥᠷᠨᠢᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠠᠶᠢᠭᠤᠯᠤᠭᠳᠠᠭᠰᠠᠨ ᠠᠴᠠ ᠨᠠᠭᠠᠰᠢ 65 ᠵᠢᠯ ᠤᠨ ᠲᠤᠷᠰᠢᠬᠢ ᠠᠵᠢᠯ ᠤᠨ ᠶᠠᠪᠤᠴᠠ ᠶᠢᠨ ᠲᠤᠰᠬᠠᠶ ᠰᠡᠳᠦᠪᠲᠦ | ᠹᠢᠯᠢᠮ 1 ᠢ ᠰᠡᠭᠦᠳᠡᠷᠯᠡᠵᠦ᠂ ᠪᠤᠭᠤᠲᠤ ᠶᠢᠨ ᠡᠳᠦᠷ ᠤᠨ ᠰᠣᠨᠢᠨ ᠳᠡᠭᠡᠷ᠎ᠡ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠶᠢᠨ ᠲᠤᠰᠬᠠᠶ ᠬᠡᠪᠯᠡᠯ ᠢ 1 ᠬᠤᠭᠤᠴᠠᠭ᠎ᠠ ᠨᠡᠶᠢᠲᠡᠯᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠬᠠᠮᠠᠳ ᠺᠠᠳ᠋ᠷᠴᠤᠳ ᠤᠨ ᠶᠠᠷᠢᠯᠴᠠᠬᠤ ᠬᠤᠷᠠᠯ ᠢ 1 ᠤᠳᠠᠭ᠎ᠠ ᠬᠤᠷᠠᠯᠳᠤᠭᠤᠯᠵᠤ᠂ ᠮᠡᠳᠡᠯᠭᠡ ᠶᠢᠨ | ᠤᠷᠤᠯᠳᠤᠭᠠᠨ ᠢ 1 ᠤᠳᠠᠭ᠎ᠠ ᠵᠣᠬᠢᠶᠠᠨ ᠪᠠᠶᠢᠭᠤᠯᠵᠤ᠂ ᠬᠤᠰᠢᠭᠤ ᠲᠡᠰ ᠤᠨ ᠵᠠᠭᠤᠴᠢᠯᠠᠭᠤᠷ ᠢᠶᠠᠷ ᠳᠠᠮᠵᠢᠨ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠶᠴᠡᠳᠬᠡᠭᠰᠡᠨ ᠪᠠᠶᠢᠳᠠᠯ ᠢ ᠰᠠᠶᠢᠲᠤᠷ ᠮᠡᠳᠡᠭᠡᠯᠡᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ | ᠪᠣᠯᠤᠨ ᠲᠥᠯᠥᠭᠡᠯᠡᠭᠴᠢᠳ ᠤᠨ ᠢᠳᠡᠪᠬᠢᠲᠡᠢ ᠤᠷᠤᠭᠰᠢᠯᠠᠨ ᠳᠠᠪᠰᠢᠵᠤ᠂ ᠴᠢᠷᠮᠠᠶᠢᠨ ᠳᠠᠪᠰᠢᠵᠤ ᠪᠠᠶᠢᠭ᠎ᠠ ᠰᠠᠶᠢᠨ | ᠰᠠᠶᠢᠬᠠᠨ ᠳᠦᠷᠢ ᠲᠥᠷᠬᠦ ᠶᠢ ᠲᠥᠪᠯᠡᠷᠡᠩᠭᠦᠶ ᠢᠯᠡᠷᠡᠭᠦᠯᠪᠡ᠃ | ᠳᠥᠷᠪᠡ ᠳᠤ᠂ ᠬᠤᠲᠠ ᠬᠤᠰᠢᠭᠤ ᠰᠤᠮᠤ ᠰᠢᠶᠠᠩ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ ᠦᠨᠡᠨ ᠬᠦ ᠴᠢᠩᠭᠠᠳᠬᠠᠪᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠢᠳᠡᠪᠬᠢᠲᠡᠢ | ᠬᠠᠮᠵᠢᠯᠴᠠᠵᠤ᠂ ︽ᠪᠤᠭᠤᠲᠤ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ | ᠵᠠᠯᠭᠠᠮᠵᠢᠯᠠᠬᠤ ᠳᠦᠷᠢᠮ︾ ᠢ ᠲᠣᠭᠲᠠᠭᠠᠬᠤ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠪᠠᠶᠢᠳᠠᠯ᠂ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ | ᠰᠢᠢᠳᠪᠦᠷᠢᠯᠡᠭᠰᠡᠨ ᠪᠠᠶᠢᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠦᠭᠰᠡᠨ ᠪᠠᠶᠢᠳᠠᠯ᠂ ᠵᠢᠴᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠮᠣᠩᠭᠤᠯ ᠬᠡᠯᠡ | ᠪᠢᠴᠢᠭ ᠤᠨ ᠠᠵᠢᠯ᠂ ᠳᠡᠰ ᠢᠯᠭᠠᠨ ᠡᠮᠴᠢᠯᠡᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠪᠠᠶᠢᠩᠭᠤ | ᠶᠢᠨ ᠬᠤᠷᠢᠶᠠᠨ ᠤ ᠪᠦᠷᠢᠯᠳᠦᠬᠦᠨ ᠨᠡᠷ ᠳᠠᠭᠠᠭᠠᠴᠢᠯᠠᠨ ᠬᠤᠯᠪᠤᠭᠠᠯᠠᠵᠤ ᠬᠠᠪᠰᠤᠷᠤᠨ ᠲᠡᠳᠬᠦᠬᠦ ᠡᠭᠦᠷᠭᠡ ᠶᠢ | ᠢᠳᠡᠪᠬᠢᠲᠡᠢ ᠨᠠᠶᠢᠳᠠᠪᠤᠷᠢᠵᠢᠭᠤᠯᠵᠤ᠂ ᠲᠤᠰ ᠲᠤᠰ ᠳᠠᠭᠠᠭᠠᠴᠢᠯᠠᠨ ᠬᠤᠯᠪᠣᠭᠠᠯᠠᠬᠤ ᠭᠠᠵᠠᠷ ᠣᠷᠣᠨ ᠳᠤ ᠪᠠᠨ | ᠭᠦᠨᠵᠡᠭᠡᠶᠢᠷᠡᠨ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠵᠢᠯᠣᠭᠤᠳᠴᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠵᠤ᠂ ᠪᠠᠶᠢᠴᠠᠭᠠᠨ ᠰᠤᠳᠤᠯᠤᠯᠲᠠ ᠬᠢᠵᠤ᠂ | ᠲᠥᠯᠥᠭᠡᠯᠡᠭᠴᠢ ᠶᠢᠨ ᠪᠣᠯᠪᠠᠰᠤᠷᠠᠯ ᠥᠷᠨᠢᠭᠦᠯᠵᠦ᠂ ᠰᠤᠮᠤ ᠰᠢᠶᠠᠩ ᠪᠠᠯᠭᠠᠰᠤ ᠶᠢ ᠳᠠᠮᠵᠢᠵᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ | ᠰᠢᠢᠳᠪᠦᠷᠢᠯᠡᠵᠦ ᠥᠭᠪᠡ᠃ ᠰᠤᠮᠤ ᠰᠢᠶᠠᠩ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠠᠵᠢᠯ ᠤᠨ ᠭᠠᠷᠠᠭ | ᠤᠨ ᠮᠡᠳᠡᠭᠦᠯᠦᠯᠲᠡ ᠬᠢᠬᠦ ᠳᠦᠷᠢᠮ ᠢ ᠪᠠᠶᠢᠭᠤᠯᠪᠠ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢ ᠵᠣᠬᠢᠶᠠᠨ ᠪᠠᠶᠢᠭᠤᠯᠤᠨ ᠲᠦᠮᠡᠳ ᠪᠠᠷᠠᠭᠤᠨ ᠬᠤᠰᠢᠭᠤ᠂ | ᠪᠠᠶ᠋ᠬᠠᠤᠪᠤᠭ᠎ᠠ ᠲᠣᠭᠤᠷᠢᠭ ᠲᠤ ᠬᠦᠷᠴᠦ ᠰᠤᠷᠤᠯᠴᠠᠵᠤ ᠲᠤᠭᠤᠷᠢᠨ ᠪᠠᠶᠢᠴᠠᠭᠠᠯᠲᠠ ᠬᠢᠪᠠ᠃ ᠬᠤᠲᠠ ᠬᠤᠰᠢᠭᠤ ᠰᠤᠮᠤ | ᠰᠢᠶᠠᠩ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠭᠡᠲᠦ ᠳᠣᠣᠷᠠᠳᠤ ᠱᠠᠲᠤ | ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ︽ | ᠰᠢᠲᠠᠷ᠎ᠠ ᠶᠢᠨ ᠬᠦᠯᠭᠡ︾ ᠶᠢᠨ ᠪᠠᠶᠢᠷᠢᠰᠢᠯ ᠢ ᠦᠷᠭᠦᠯᠵᠢᠯᠡᠨ ᠭᠦᠨᠵᠡᠭᠡᠶᠢᠷᠡᠪᠡ᠃ | ᠲᠠᠪᠤ ᠳᠤ᠂ ᠰᠢᠨ᠎ᠡ ᠬᠡᠯᠪᠡᠷᠢ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ | ᠬᠤᠷᠢᠭᠯᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠪᠠ᠃ ᠭᠡᠨᠡᠳᠲᠡ ᠡᠭᠦᠰᠦᠭᠰᠡᠨ ᠠᠭᠤᠰᠬᠢᠨ | ᠦᠷᠪᠢᠰᠦᠯ ᠤᠨ ᠬᠢᠵᠢᠭ ᠤᠨ ᠡᠮᠦᠨ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠨᠠᠮ ᠤᠨ ᠲᠥᠪ ᠬᠤᠷᠢᠶᠠᠨ ᠤ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ | ᠬᠠᠮᠤᠭ ᠤᠨ ᠲᠡᠷᠢᠭᠦᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠵᠤ᠂ ᠪᠠᠶᠢᠩᠭᠤ ᠶᠢᠨ | ᠬᠤᠷᠢᠶᠠᠨ ᠤ ᠪᠠᠭ ᠤᠨ ᠪᠦᠷᠢᠯᠳᠦᠬᠦᠨ ᠡᠮᠦᠨ᠎ᠡ ᠹᠷᠣᠨᠲ ᠲᠤ ᠭᠦᠨᠵᠡᠭᠡᠶᠢᠷᠡᠨ ᠵᠢᠯᠣᠭᠤᠳᠴᠤ᠂ ᠰᠤᠮᠤ ᠰᠢᠶᠠᠩ | ᠪᠠᠯᠭᠠᠰᠤ ᠪᠠ ᠳᠠᠭᠠᠭᠠᠴᠢᠯᠠᠨ ᠬᠤᠯᠪᠤᠭᠠᠯᠠᠵᠤ ᠪᠠᠶᠢᠭ᠎ᠠ ᠠᠵᠤ ᠠᠬᠤᠶᠢᠯᠠᠯ ᠢ ᠪᠠᠶᠢᠴᠠᠭᠠᠨ ᠬᠢᠨᠠᠨ ᠵᠢᠯᠣᠭᠤᠳᠴᠤ᠂ | ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠢᠳᠡᠪᠬᠢᠲᠡᠶ ᠪᠠᠷ | ᠬᠠᠪᠰᠤᠷᠤᠨ ᠦᠶᠯᠡᠳᠪᠦᠷᠢᠯᠡᠯ ᠢ ᠨᠢ ᠰᠡᠷᠭᠦᠭᠡᠪᠡ᠃ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠺᠠᠳ᠋ᠷᠴᠤᠳ | ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠡᠷᠭᠡᠶᠢᠯᠡᠨ ᠡᠵᠡᠮᠳᠡᠬᠦ ᠳᠤ ᠣᠷᠣᠯᠴᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠬᠠᠤᠯᠢ ᠴᠠᠭᠠᠵᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠢᠳᠡᠪᠬᠢᠲᠡᠶ | ᠤᠬᠠᠭᠤᠯᠪᠠ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ | ᠨᠢᠭᠡᠳᠦᠭᠡᠷ ᠹᠷᠣᠨᠲ ᠲᠤ ᠤᠷᠤᠰᠢᠵᠤ᠂ ᠣᠯᠠᠨ ᠲᠦᠮᠡᠨ ᠲᠠᠢ ᠬᠠᠷᠢᠯᠴᠠᠬᠤ ᠳᠠᠪᠠᠭᠤᠯᠢᠭ ᠢᠶᠠᠨ ᠭᠦᠶᠴᠡᠳ | ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ | ᠲᠠᠪᠴᠠᠩ ᠪᠣᠯᠭᠠᠵᠤ᠂ ︽ᠬᠢᠵᠢᠭ︾ ᠢ ᠡᠰᠡᠷᠭᠦᠴᠡᠬᠦ ᠨᠢᠭᠡᠳᠦᠭᠡᠷ ᠹᠷᠣᠨᠲ ᠲᠤ ᠢᠳᠡᠪᠬᠢᠲᠡᠶ ᠠᠵᠢᠯᠯᠠᠵᠤ᠂ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ | ᠢᠶᠠᠨ ᠡᠷᠭᠦᠪᠡ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠬᠢᠴᠡᠭᠦᠯᠪᠡᠯ᠂ ᠮᠠᠨ ᠤ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠣᠯᠤᠭᠰᠠᠨ | ᠠᠮᠵᠢᠯᠲᠠ ᠪᠦᠲᠦᠮᠵᠢ ᠪᠣᠯ ᠬᠤᠰᠢᠭᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ | ᠶᠤᠮ᠂ ᠮᠦᠨᠴᠤ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠠᠮᠲᠤ ᠪᠠᠷ | ᠴᠢᠷᠮᠠᠶᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠹᠷᠣᠨᠲ ᠤᠨ ᠪᠦᠬᠦ ᠨᠥᠬᠦᠳ ᠤᠨ ᠬᠠᠮᠲᠤ ᠪᠠᠷ | ᠴᠢᠷᠮᠠᠶᠢᠭᠰᠠᠨ ᠤ ᠦᠷ᠎ᠡ ᠳ᠋ᠦᠩ ᠮᠥᠨ᠂ ᠬᠤᠰᠢᠭᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠢᠨᠠᠨ | ᠪᠠᠶᠢᠴᠠᠭᠠᠬᠤ ᠵᠥᠪᠯᠡᠯ᠂ ᠬᠤᠰᠢᠭᠤ ᠠᠷᠠᠳ ᠤᠨ ᠰᠢᠭᠦᠬᠦ ᠬᠤᠷᠢᠶ᠎ᠠ᠂ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ | ᠶᠢᠨ ᠨᠢᠭᠲᠠ ᠬᠠᠮᠵᠢᠯᠴᠠᠭᠰᠠᠨ ᠤ ᠦᠷ᠎ᠡ ᠳ᠋ᠦᠩ ᠮᠥᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠥᠨ | ᠭᠡᠳᠡᠭ ᠢ ᠭᠦᠨᠵᠡᠭᠡᠢ ᠣᠶᠢᠯᠭᠠᠭᠰᠠᠨ ᠪᠠᠶᠢᠨ᠎ᠠ᠃ ᠠᠲᠠ ᠪᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠲᠠ ᠪᠦᠬᠦᠨ ᠳᠤ ᠡᠷᠬᠢᠮ ᠳᠡᠭᠡᠲᠦ ᠬᠦᠨᠳᠦᠳᠬᠡᠯ ᠪᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠪᠢᠳᠡ ᠵᠤᠬᠢᠬᠤ ᠠᠮᠵᠢᠯᠲᠠ ᠤᠯᠤᠭᠰᠠᠨ ᠪᠤᠯᠪᠠᠴᠤ ᠪᠠᠶᠢᠩᠭᠤ ᠶᠢᠨ ᠬᠤᠷᠢᠶᠠᠨ ᠤ ᠠᠵᠢᠯ ᠢ ᠰᠢᠨ᠎ᠡ ᠴᠠᠭ ᠦᠶ᠎ᠡ | ᠶᠢᠨ ᠱᠠᠭᠠᠷᠳᠠᠯᠭ᠎ᠠ ᠲᠠᠢ ᠬᠠᠷᠢᠴᠠᠠᠭᠤᠯᠵᠤ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ | ᠪᠠᠰᠠ ᠴᠥᠭᠡᠨ ᠪᠤᠰᠤ ᠵᠥᠷᠢᠶ᠎ᠡ ᠲᠠᠢ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠃ ᠡᠨᠡ ᠨᠢ ᠭᠤᠤᠯᠳᠠᠭᠤ᠄ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠷᠭ᠎ᠠ ᠮᠠᠶ᠋ᠢᠭ ᠪᠠᠰᠠ ᠬᠦᠷᠦᠯᠴᠡᠬᠦ ᠦᠭᠡᠢ | ᠪᠠᠶᠢᠵᠤ᠂ ᠬᠢᠨᠠᠯᠲᠠ ᠲᠠᠯᠪᠢᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠶ ᠪᠠᠶᠢᠨ᠎ᠠ᠃ | ᠲᠥᠯᠥᠭᠡᠯᠡᠭᠴᠢᠳ ᠤᠨ ᠠᠵᠢᠯ ᠳᠤ ᠪᠠᠰᠠ ᠪᠠᠭᠤᠷᠠᠶ ᠲᠠᠯ᠎ᠠ ᠣᠷᠣᠰᠢᠵᠤ᠂ ᠲᠤᠰᠢᠶᠠᠯ ᠬᠠᠷᠢᠭᠤᠴᠠᠯᠭ᠎ᠠ ᠪᠠᠨ | ᠭᠦᠶᠴᠡᠳᠬᠡᠬᠦ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠨ᠎ᠠ᠃ ᠪᠠᠶᠢᠩᠭᠤ ᠶᠢᠨ | ᠬᠤᠷᠢᠶᠠᠨ ᠤ ᠲᠤᠰ ᠪᠡᠶ᠎ᠡ ᠶᠢᠨ ᠣᠨᠣᠯ ᠤᠨ ᠬᠢᠷᠢ ᠬᠡᠮᠵᠢᠶ᠎ᠡ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠᠲᠠᠶ ᠪᠠᠶᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠠᠰᠠᠨ ᠴᠡᠭᠴᠡᠯᠡᠯᠲᠡ ᠶᠢᠨ ᠰᠢᠰᠲ᠋ᠧᠮ | ᠪᠠ ᠵᠠᠰᠠᠨ ᠴᠡᠭᠴᠡᠯᠡᠯᠲᠡ ᠶᠢᠨ ᠴᠢᠳᠠᠪᠤᠷᠢ ᠶᠢ ᠮᠥᠨ ᠬᠦ ᠦᠷᠭᠦᠯᠵᠢᠯᠡᠨ ᠰᠠᠶᠢᠵᠢᠷᠠᠭᠤᠯᠤᠨ ᠳᠡᠭᠡᠭᠰᠢᠯᠡᠭᠦᠯᠬᠦ | ᠴᠢᠬᠤᠯᠠᠲᠠᠶ ᠪᠠᠶᠢᠨ᠎ᠠ᠃ ᠡᠶᠢᠮᠦ ᠠᠴᠠ ᠪᠢᠳᠡ ᠲᠠᠷᠠᠭᠠᠴᠢ ᠶᠢᠨ ᠠᠵᠢᠯ ᠤᠨ ᠳᠤᠮᠳᠠ ᠪᠠᠨ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠵᠤ᠂ | ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠪᠠ ᠠᠵᠢᠯ ᠤᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ | ᠬᠡᠷᠡᠭᠲᠡᠶ᠃ | 2020 ᠣᠨ ᠤ ᠭᠤᠤᠯ ᠡᠭᠦᠷᠭᠡ | ᠲᠥᠯᠥᠭᠡᠯᠡᠭᠴᠢᠳ ᠡ︕ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠶᠢᠨ ᠲᠡᠤᠬᠡᠲᠦ ᠴᠢᠨᠠᠷᠲᠠᠶ ᠠᠮᠵᠢᠯᠲᠠ ᠣᠯᠬᠤ ᠶᠢ ᠠᠬᠢᠭᠤᠯᠪᠠ᠃ ᠶᠡᠷᠦᠩᠬᠡᠶ ᠱᠦᠵᠢ ᠰᠢ ᠶᠢᠨ | ᠫᠢᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ᠂ ᠨᠡᠶᠢᠭᠡᠮ | ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢ ᠬᠥᠭᠵᠢᠭᠦᠯᠬᠦ ᠲᠤᠬᠠᠶ ᠮᠠᠰᠢ ᠣᠯᠠᠨ ᠴᠢᠬᠤᠯᠠ ᠰᠢᠷᠢᠰ ᠶᠠᠷᠢᠶ᠎ᠡ | ᠢᠯᠡᠳᠭᠡᠯ ᠬᠢᠵᠦ᠂ ᠤᠯᠤᠰ ᠤᠨ ᠦᠨᠳᠦᠰᠦᠨ ᠤᠯᠤᠰ ᠲᠥᠷᠦ ᠶᠢᠨ ᠪᠠᠶᠢᠭᠤᠯᠤᠯ ᠤᠨ ᠲᠡᠦᠬᠡ ᠶᠢᠨ ᠵᠠᠶᠢᠯᠠᠰᠢ ᠦᠭᠡᠢ | ᠴᠢᠨᠠᠷ᠂ ᠣᠨᠴᠠᠯᠢᠭ ᠳᠠᠪᠠᠭᠤᠯᠢᠭ ᠪᠠ ᠦᠶᠯᠡᠳᠦᠯᠭᠡ ᠶᠢᠨ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ | ᠲᠠᠶᠢᠯᠪᠤᠷᠢᠯᠠᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ | ᠰᠡᠳᠬᠢᠴᠡ ᠠᠷᠭ᠎ᠠ ᠬᠡᠮᠵᠢᠶ᠎ᠡ ᠪᠣᠯᠤᠨ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶ ᠳᠤᠷᠠᠳᠴᠤ᠂ ᠪᠢᠳᠡᠨ ᠤ ᠰᠢᠨ᠎ᠡ | ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ | ᠵᠢᠷᠤᠮᠯᠠᠯ ᠬᠠᠩᠭᠠᠪᠠ᠃ ᠣᠳᠣᠬᠠᠨ ᠳᠤ᠂ ᠪᠢᠳᠡ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠳᠣᠤᠷᠠᠬᠢ ᠬᠡᠳᠦᠨ ᠲᠠᠯ᠎ᠠ ᠶᠢ ᠭᠦᠨᠵᠡᠭᠡᠶ ᠤᠶᠢᠯᠠᠭᠠᠨ ᠡᠵᠡᠮᠰᠢᠬᠦ | ᠬᠡᠷᠡᠭᠲᠡᠶ᠄ | — ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠠᠵᠢᠯ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠠᠤᠯᠢ ᠳᠤ ᠲᠣᠭᠲᠠᠭᠠᠭᠰᠠᠨ ᠳᠦᠷᠢᠮ ᠶᠣᠰᠣᠭᠠᠷ ᠨᠠᠮ | ᠤᠨ ᠵᠣᠷᠢᠯᠲᠠ ᠪᠣᠯᠤᠨ ᠠᠷᠠᠳ ᠲᠦᠮᠡᠨ ᠤ ᠬᠦᠰᠡᠯ ᠵᠣᠷᠢᠯᠲᠠ ᠶᠢᠨ ᠨᠢᠭᠡᠳᠦᠯ ᠢ ᠪᠡᠶᠡᠯᠡᠭᠦᠯᠬᠦ ᠬᠡᠷᠡᠭᠲᠡᠶ᠃ | — ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠢᠯᠡᠷᠬᠡᠶ ᠳᠠᠪᠠᠭᠤᠯᠢᠭ ᠢ ᠭᠦᠨᠵᠡᠭᠡᠶ | ᠤᠶᠢᠯᠠᠭᠠᠨ ᠡᠵᠡᠮᠰᠢᠬᠦ ᠳᠤ ᠡᠷᠬᠡᠪᠰᠢ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠶᠢ ᠪᠠᠷᠢᠮᠲᠠᠯᠠᠵᠤ᠂ ᠠᠷᠠᠳ | ᠲᠦᠮᠡᠨ ᠤ ᠠᠷᠠᠳᠴᠢᠯᠠᠯ ᠤᠨ ᠡᠷᠬᠡ ᠶᠢ ᠦᠨᠡᠨ ᠬᠦ ᠪᠠᠲᠤᠯᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ | ᠲᠣᠭᠲᠠᠭᠰᠠᠨ ᠬᠠᠷᠠᠯᠲᠠ ᠪᠠᠨ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠶ᠃ | — ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢ ᠭᠦᠨᠵᠡᠭᠡᠶ | ᠤᠶᠢᠯᠠᠭᠠᠨ ᠡᠵᠡᠮᠰᠢᠬᠦ ᠳᠤ ᠡᠷᠬᠡᠪᠰᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ | ᠴᠢᠩᠭᠠᠳᠬᠠᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠠᠷᠠᠳ ᠤᠨ ᠲᠦᠯᠦᠭᠡ | ᠬᠠᠤᠯᠢ ᠬᠡᠷᠡᠭᠵᠢᠭᠦᠯᠵᠤ᠂ ᠠᠷᠠᠳ ᠤᠨ ᠲᠦᠯᠦᠭᠡ ᠲᠤᠰᠢᠶᠠᠯ ᠡᠭᠦᠷᠭᠡᠯᠡᠨ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ | ᠠᠷᠠᠳ ᠲᠦᠮᠡᠨ ᠳᠤ ᠦᠢᠯᠡᠴᠢᠯᠡᠬᠦ ᠬᠡᠷᠡᠭᠲᠡᠢ᠃ | — ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠤᠷᠠᠳᠤᠭᠰᠠᠨ ᠰᠢᠨ᠎ᠡ | ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠬᠦ ᠳᠤ᠂ ᠡᠷᠬᠡᠪᠰᠢ ︽ᠬᠤᠶᠠᠷ ᠪᠠᠶᠢᠭᠤᠯᠭ᠎ᠠ︾ ᠶᠢᠨ ᠪᠠᠶᠢᠷᠢ | ᠲᠣᠭᠲᠠᠭᠠᠯᠲᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ | ᠴᠠᠭ ᠦᠶ᠎ᠡ ᠠᠴᠠ ᠣᠯᠭᠤᠭᠰᠠᠨ ᠡᠷᠬᠢᠮ ᠳᠡᠭᠡᠲᠦ ᠲᠡᠦᠬᠡᠲᠦ ᠡᠭᠦᠷᠭᠡ ᠶᠢ ᠦᠨᠡᠨ ᠬᠦ ᠡᠭᠦᠷᠭᠡᠯᠡᠬᠦ ᠬᠡᠷᠡᠭᠲᠡᠶ᠃ | ᠲᠥᠯᠥᠭᠡᠯᠡᠭᠴᠢᠳ ᠡ︕ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠣᠯᠬᠤ ᠵᠢᠯ ᠪᠣᠯᠤᠨ᠎ᠠ᠃ 2020 ᠣᠨ | ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠠᠵᠢᠯ ᠤᠨ ᠡᠷᠴᠢᠮ ᠢ ᠥᠴᠦᠬᠡᠨ | ᠴᠦ ᠰᠤᠯᠠᠷᠠᠭᠤᠯᠵᠤ ᠪᠣᠯᠬᠤ ᠦᠭᠡᠢ᠃ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ | ᠬᠡᠳᠦᠶᠢᠪᠡᠷ ᠢᠳᠡᠪᠬᠢᠲᠡᠢ ᠰᠠᠶᠢᠵᠢᠷᠠᠵᠤ ᠪᠠᠶᠢᠭ᠎ᠠ ᠪᠣᠯᠪᠠᠴᠤ ᠰᠡᠷᠭᠡᠶᠢᠯᠡᠨ ᠡᠵᠡᠮᠳᠡᠬᠦ ᠡᠭᠦᠷᠭᠡ ᠮᠥᠨ ᠬᠦ ᠪᠡᠷᠬᠡ | ᠬᠠᠲᠠᠭᠤᠵᠢᠯᠲᠠᠶ ᠪᠠᠶᠢᠨ᠎ᠠ᠃ ᠪᠢᠳᠡ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠶᠢᠨ ᠪᠠᠶᠢᠳᠠᠯ ᠤᠨ ᠬᠤᠪᠢᠷᠠᠯᠲᠠ ᠶᠢ ᠴᠠᠭ ᠲᠤᠬᠠᠶ ᠳᠤᠨᠢ ᠣᠨᠣᠪᠴᠢᠲᠠᠶ ᠡᠵᠡᠮᠳᠡᠵᠦ᠂ | ᠴᠠᠭ ᠦᠶ᠎ᠡ ᠳᠤ ᠲᠤᠬᠢᠷᠠᠭᠤᠯᠬᠤ ᠠᠵᠢᠯ ᠤᠨ ᠬᠦᠴᠦᠯᠡᠬᠦ ᠴᠡᠭ ᠪᠣᠯᠤᠨ ᠠᠷᠭᠠᠴᠠᠬᠤ ᠠᠷᠭ᠎ᠠ ᠬᠡᠮᠵᠢᠶ᠎ᠡ ᠶᠢ ᠴᠠᠭ | ᠲᠤᠬᠠᠶ ᠳᠤᠨᠢ ᠣᠨᠣᠪᠴᠢᠲᠠᠶ ᠡᠵᠡᠮᠳᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ | ᠤᠨ ᠬᠥᠭᠵᠢᠯᠲᠡ ᠶᠢᠨ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠤᠭ ᠤᠨ ᠶᠡᠭᠡ | ᠴᠢᠷᠮᠠᠶᠢᠯᠭ᠎ᠠ ᠪᠠᠷ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠪᠠᠭᠠᠰᠬᠠᠵᠤ᠂ ᠪᠦᠬᠦ ᠵᠢᠯ ᠤᠨ ᠬᠠᠷᠠᠯᠲᠠ | ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠡᠶᠢᠮᠤ ᠠᠴᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠡᠨᠡ ᠵᠢᠯ ᠤᠨ ᠠᠵᠢᠯ ᠤᠨ ᠶᠡᠷᠦᠩᠬᠡᠢ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ | ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ | ᠠᠷᠪᠠᠨ ᠨᠢᠭᠡᠳᠦᠭᠡᠷ ᠪᠥᠬᠦᠳᠡ ᠬᠤᠷᠠᠯ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠬᠤᠷᠠᠯᠳᠤᠭᠠᠨ ᠤ ᠵᠤᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ | ᠨᠠᠶᠮᠠᠳᠤᠭᠠᠷ ᠪᠥᠬᠦᠳᠡ ᠬᠤᠷᠠᠯ᠂ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠳᠦᠷᠪᠡᠳᠦᠭᠡᠷ ᠪᠥᠬᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠲᠣᠰ ᠤᠳᠠᠭᠠᠨ ᠤ ᠬᠤᠷᠠᠯ | ᠤᠨ ᠡᠯ᠎ᠡ ᠵᠦᠢᠯ ᠤᠨ ᠰᠢᠢᠳᠪᠦᠷᠢ ᠶᠣᠰᠣᠭᠠᠷ᠂ ᠵᠣᠷᠢᠯᠲᠠ ᠶᠢᠨ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠡᠭᠦᠷᠭᠡ | ᠬᠠᠷᠢᠭᠤᠴᠠᠯᠭ᠎ᠠ ᠪᠠᠨ ᠴᠢᠩᠭᠠᠳᠬᠠᠵᠤ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠵᠤ ᠪᠠᠭᠤᠯᠭᠠᠬᠤ | ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ ᠶᠢ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ | ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠡᠭᠦᠷᠭᠡᠯᠡᠬᠦ ᠠᠵᠢᠯ ᠤᠨ ᠪᠠᠶᠢᠭᠤᠯᠭ᠎ᠠ ᠪᠣᠯᠭᠠᠨ ᠪᠦᠲᠦᠭᠡᠨ ᠪᠠᠶᠢᠭᠤᠯᠵᠤ᠂ | ᠠᠷᠠᠳ ᠣᠯᠠᠨ ᠲᠠᠢ ᠨᠢᠭᠲᠠ ᠬᠠᠷᠢᠯᠴᠠᠭ᠎ᠠ ᠲᠠᠢ ᠲᠥᠯᠥᠭᠡᠯᠡᠬᠦ ᠪᠠᠶᠢᠭᠤᠯᠭ᠎ᠠ ᠪᠤᠯᠭᠠᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ | ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠴᠢᠩᠭ᠎ᠠ ᠠᠷᠠᠳᠴᠢᠯᠠᠯ ᠪᠠ ᠬᠠᠤᠯᠢ ᠪᠠᠷ ᠵᠠᠰᠠᠬᠤ ᠪᠠᠲᠤᠯᠠᠭ᠎ᠠ | ᠬᠠᠩᠭᠠᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢ ᠦᠨᠡᠨ ᠬᠦ | ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ | ᠂ ᠢᠮᠠᠭᠲᠠ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠢᠶᠠᠷ ᠭᠤᠤᠯ | ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠶᠡᠷᠦᠩᠬᠡᠶ | ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠤᠯ ᠰᠢᠵᠢᠮ ᠪᠣᠯᠭᠠᠵᠤ᠂ ᠨᠠᠮ ᠤᠨ ᠬᠠᠮᠤᠭ ᠤᠨ ᠰᠢᠨ᠎ᠡ | ᠣᠨᠣᠯ ᠤᠨ ᠦᠷ᠎ᠡ ᠪᠦᠲᠦᠭᠡᠯ ᠢᠶᠠᠷ ᠺᠠᠳ᠋ᠷ ᠢ ᠰᠤᠷᠭᠠᠨ ᠬᠥᠮᠦᠵᠢᠭᠦᠯᠵᠦ᠂ ᠠᠵᠢᠯ ᠢ ᠵᠢᠯᠣᠭᠤᠳᠤᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠵᠡᠯ ᠰᠠᠨᠠᠭᠠᠨ ᠤ ᠰᠠᠭᠤᠷᠢ ᠪᠠ ᠤᠯᠤᠰ ᠲᠥᠷᠦ ᠶᠢᠨ | ᠰᠠᠭᠤᠷᠢ ᠶᠢ ᠪᠠᠲᠤᠳᠬᠠᠬᠤ ᠶᠢ ᠪᠠᠷᠢᠮᠲᠠᠯᠠᠨ᠎ᠠ᠃ ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠡᠯ᠎ᠡ ᠲᠥᠷᠥᠯ ᠤᠨ ᠠᠵᠢᠯ ᠤᠨ ᠦᠨᠳᠦᠰᠦᠨ ᠪᠠᠲᠤᠯᠠᠭ᠎ᠠ ᠪᠣᠯᠭᠠᠬᠤ ᠶᠢ ᠪᠠᠷᠢᠮᠲᠠᠯᠠᠵᠤ᠂ ᠲᠥᠪ | ᠤᠨ ᠠᠵᠢᠯ ᠪᠠ ᠪᠦᠬᠦ ᠬᠤᠰᠢᠭᠤᠨ ᠤ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠥᠷᠥᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ | ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠲᠠᠢ | ᠰᠡᠳᠬᠢᠯ ᠨᠢᠭᠡᠲᠡᠢ᠂ ᠴᠢᠭᠯᠡᠯ ᠨᠢᠭᠡᠲᠡᠢ᠂ ᠠᠯᠬᠤᠮ ᠨᠢᠭᠡᠲᠡᠢ ᠪᠠᠶᠢᠬᠤ ᠶᠢ ᠪᠠᠲᠤᠯᠠᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠥᠷᠥᠯ ᠤᠨ ᠠᠵᠢᠯ ᠢ ᠲᠦᠯᠬᠢᠨ ᠠᠬᠢᠭᠤᠯᠬᠤ ᠳᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠤᠳᠤᠷᠢᠳᠤᠯᠭ᠎ᠠ ᠶᠢ ᠭᠦᠢᠴᠡᠳ ᠪᠠᠳᠠᠷᠠᠭᠤᠯᠵᠤ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠶᠡᠭᠡ | ᠶᠠᠪᠤᠳᠠᠯ ᠢ ᠵᠥᠪᠯᠡᠬᠦ᠂ ᠨᠠᠶᠢᠳᠠᠪᠤᠷᠢᠵᠢᠭᠤᠯᠬᠤ ᠶᠢ ᠪᠠᠲᠤᠯᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠢ ᠢᠮᠠᠭᠲᠠ ᠬᠤᠰᠢᠭᠤ ᠨᠠᠮ ᠤᠨ ᠬᠤᠷᠢᠶᠠᠨ ᠤ ᠭᠤᠣᠯ ᠠᠵᠢᠯ ᠳᠤ ᠲᠥᠪᠯᠡᠷᠡᠭᠦᠯᠬᠦ ᠶᠢ | ᠠᠬᠢᠭᠤᠯᠵᠤ᠂ ᠨᠠᠮ ᠤᠨ ᠵᠣᠷᠢᠯᠲᠠ ᠪᠠ ᠠᠵᠢᠯ ᠤᠨ ᠱᠠᠭᠠᠷᠳᠠᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ ᠲᠠᠯᠪᠢᠬᠤ᠂ ᠰᠢᠢᠳᠪᠦᠷᠢ ᠲᠣᠭᠲᠠᠭᠠᠬᠤ᠂ ᠲᠤᠰᠢᠶᠠᠯ ᠳᠤ ᠲᠣᠮᠢᠯᠠᠬᠤ ᠲᠤᠰᠢᠶᠠᠯ ᠠᠴᠠ | ᠪᠠᠭᠤᠯᠭᠠᠬᠤ᠂ ᠲᠥᠯᠥᠭᠡᠯᠡᠭᠴᠢ ᠵᠡᠷᠭᠡ ᠡᠯ᠎ᠡ ᠲᠥᠷᠥᠯ ᠤᠨ ᠠᠵᠢᠯ ᠤᠨ ᠳᠤᠮᠳᠠ ᠠᠭᠤᠰᠬᠠᠵᠤ᠂ ᠬᠤᠰᠢᠭᠤ ᠨᠠᠮ ᠤᠨ | ᠬᠤᠷᠢᠶ᠎ᠠ ᠶᠠᠭᠠᠬᠢᠵᠤ ᠪᠠᠶᠢᠷᠢᠯᠠᠭᠤᠯᠪᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠡᠵᠤ ᠠᠵᠢᠯᠯᠠᠬᠤ ᠶᠢ | ᠪᠡᠶᠡᠯᠡᠭᠦᠯᠦᠨ᠎ᠡ᠃ | ᠬᠤᠶᠠᠷ᠂ ᠶᠡᠭᠡ ᠶᠠᠪᠤᠳᠠᠯ ᠴᠢᠬᠤᠯᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ | ᠭᠦᠢᠴᠡᠳᠭᠡᠨ᠎ᠡ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠲᠠᠢ ᠤᠶᠠᠯᠳᠤᠭᠤᠯᠤᠨ᠂ ᠬᠤᠰᠢᠭᠤ | ᠨᠠᠮ ᠤᠨ ᠬᠤᠷᠢᠶᠠᠨ ᠤ ᠭᠤᠣᠯ ᠠᠵᠢᠯ ᠤᠨ ᠲᠣᠭᠤᠷᠢᠨ ᠳᠤ᠂ ᠠᠷᠠᠳ ᠤᠨ ᠠᠮᠢᠳᠤᠷᠠᠯ ᠤᠨ ᠠᠩᠬᠠᠷᠤᠯ ᠳᠤ | ᠬᠠᠷᠢᠭᠤᠯᠲᠠ ᠥᠭᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢᠨ ᠬᠦᠴᠦᠯᠡᠬᠦ ᠴᠡᠭ ᠢ | ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠰᠢᠨ᠎ᠡ ᠣᠶᠢᠯᠠᠭᠠᠭᠳᠠᠬᠤᠨ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠲᠥᠪᠯᠡᠷᠡᠭᠦᠯᠵᠦ᠂ ᠭᠤᠷᠪᠠᠨ ᠶᠡᠭᠡ ᠬᠦᠴᠢᠷ ᠠᠰᠠᠭᠤᠳᠠᠯ ᠢ | ᠰᠢᠶᠳᠪᠦᠷᠢᠯᠡᠬᠦ ᠳᠠᠶᠢᠯᠠᠯᠳᠤᠭᠠᠨ᠂ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠦᠷᠦᠯ ᠵᠦᠶᠯ ᠵᠡᠷᠭᠡ ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ | ᠲᠠᠢ ᠬᠤᠯᠪᠣᠭᠳᠠᠬᠤ ᠴᠢᠬᠤᠯᠠ ᠶᠡᠭᠡ ᠤᠴᠢᠷ ᠶᠠᠪᠤᠳᠠᠯ ᠳᠡᠭᠡᠷ᠎ᠡ ᠲᠥᠪᠯᠡᠷᠡᠭᠦᠯᠦᠨ᠎ᠡ᠂ ︽ᠨᠢᠭᠡ ᠵᠠᠰᠠᠭ ᠤᠨ ᠣᠷᠳᠣᠨ | ᠨᠢᠭᠡ ᠵᠥᠪᠯᠡᠯ ᠬᠤᠶᠠᠷ ᠬᠤᠷᠢᠶ᠎ᠡ︾ ᠶᠢᠨ ᠠᠵᠢᠯ ᠤᠨ ᠪᠠᠭᠤᠷᠠᠢ ᠲᠠᠯ᠎ᠠ ᠳᠡᠭᠡᠷ᠎ᠡ ᠲᠥᠪᠯᠡᠷᠡᠭᠦᠯᠵᠦ᠂ ᠮᠠᠨ ᠤ | ᠬᠤᠰᠢᠭᠤᠨ ᠤ ᠨᠡᠶᠢᠭᠡᠮ ᠤᠨ ᠭᠤᠣᠯ ᠵᠥᠷᠢᠴᠡᠯ ᠳᠤᠮᠳᠠᠬᠢ ᠲᠤᠪᠤᠶᠢᠮ᠎ᠠ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠨ᠎ᠡ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠶ ᠠᠵᠢᠯ ᠤᠨ ᠮᠡᠳᠡᠭᠦᠯᠦᠯᠲᠡ ᠶᠢ | ᠰᠣᠨᠣᠰᠬᠤ ᠪᠠ ᠬᠢᠨᠠᠨ ᠶᠠᠷᠢᠯᠴᠠᠬᠤ᠂ ᠲᠤᠰᠬᠠᠶ ᠰᠡᠳᠦᠪᠲᠦ ᠯᠠᠪᠯᠠᠨ ᠠᠰᠠᠭᠤᠬᠤ᠂ ᠲᠥᠯᠥᠪᠯᠡᠭᠡ ᠪᠠ ᠲᠥᠰᠦᠪ ᠤᠨ | ᠭᠦᠶᠴᠡᠳᠬᠡᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ᠂ ᠳᠠᠩᠰᠠᠯᠠᠵᠤ ᠬᠢᠨᠠᠨ ᠪᠠᠶᠢᠴᠠᠭᠠᠬᠤ ᠵᠡᠷᠭᠡ ᠬᠢᠨᠠᠯᠲᠠ | ᠲᠠᠯᠪᠢᠬᠤ ᠬᠡᠯᠪᠡᠷᠢ ᠶᠢ ᠭᠦᠶᠴᠡᠳ ᠬᠡᠷᠡᠭᠯᠡᠨ᠂ ᠬᠢᠨᠠᠨ ᠰᠢᠶᠳᠪᠦᠷᠢᠯᠡᠭᠦᠯᠬᠦ ᠡᠷᠴᠢᠮ ᠢᠶᠠᠨ ᠴᠢᠩᠭᠠᠳᠬᠠᠵᠤ᠂ ᠦᠷ᠎ᠡ | ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠨ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ | ᠨᠡᠮᠡᠭᠳᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠨᠠᠩ ᠡᠷᠴᠢᠮ ᠲᠠᠢ᠂ ᠨᠠᠩ | ᠡᠷᠬᠡ ᠰᠦᠷ ᠲᠠᠢ ᠪᠣᠯᠭᠠᠬᠤ ᠬᠡᠷᠡᠭᠲᠡᠶ᠃ | ᠨᠢᠭᠡ ᠳᠤ᠂ ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠬᠢᠨᠠᠯᠲᠠ ᠲᠠᠯᠪᠢᠨ᠎ᠠ᠃ | ᠪᠥᠬᠦ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ | ᠬᠡᠰᠡᠭ ᠭᠦᠶᠴᠡᠳᠬᠡᠯ ᠲᠤᠭ᠎ᠠ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠦᠯᠦᠯᠲᠡ᠂ ᠪᠥᠬᠦ ᠬᠤᠰᠢᠭᠤᠨ ᠤ 2019 | ᠣᠨ ᠤ ᠭᠤᠤᠯ ᠪᠣᠯᠬᠤ ᠠᠵᠤ ᠠᠬᠤᠢ ᠶᠢᠨ ᠭᠦᠶᠴᠡᠳᠬᠡᠯ ᠲᠤᠭ᠎ᠠ ᠳᠤ ᠲᠣᠬᠢᠷᠠᠭᠤᠯᠤᠯᠲᠠ ᠬᠢᠬᠦ ᠲᠤᠬᠠᠶ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠠᠷᠠᠯᠲᠠ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠨ᠎ᠠ᠃ 2020 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ᠂ ᠲᠥᠰᠦᠪ ᠤᠨ ᠡᠬᠢᠨ ᠤ ᠱᠠᠲᠤᠨ ᠤ ᠭᠦᠢᠴᠡᠳᠬᠡᠭᠰᠡᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ᠂ 2019 ᠣᠨ ᠤ ᠬᠤᠰᠢᠭᠤᠨ ᠤ ᠲᠣᠰ ᠱᠠᠲᠤᠨ ᠤ ᠲᠥᠰᠦᠪ | ᠤᠨ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠮᠡᠳᠡᠭᠦᠯᠦᠯᠲᠡ ᠶᠢ | ᠰᠣᠨᠣᠰᠴᠤ ᠬᠢᠨᠠᠨ ᠵᠥᠪᠯᠡᠨ᠎ᠡ᠂ 2018 ᠣᠨ ᠤ ᠬᠤᠰᠢᠭᠤᠨ ᠤ ᠲᠣᠰ ᠱᠠᠲᠤᠨ ᠤ ᠲᠥᠰᠦᠪ ᠢ ᠭᠦᠢᠴᠡᠳᠬᠡᠭᠰᠡᠨ | ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠪᠠᠶᠢᠴᠠᠭᠠᠨ ᠭᠠᠷᠭᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠨ᠎ᠡ᠃ 2019 ᠣᠨ ᠤ ᠲᠤᠰ ᠱᠠᠲᠤᠨ ᠤ ᠲᠥᠰᠦᠪ ᠤᠨ ᠭᠦᠶᠴᠡᠳᠬᠡᠯ ᠤᠨ ᠮᠡᠳᠡᠭᠦᠯᠦᠯᠲᠡ ᠶᠢ ᠰᠣᠨᠣᠰᠴᠤ | ᠬᠢᠨᠠᠨ ᠵᠥᠪᠯᠡᠬᠦ ᠶᠢᠨ ᠬᠠᠮᠲᠤ 2019 ᠣᠨ ᠤ ᠲᠤᠰ ᠱᠠᠲᠤᠨ ᠤ ᠲᠥᠰᠦᠪ ᠤᠨ ᠭᠦᠶᠴᠡᠳᠬᠡᠯ ᠤᠨ ᠲᠥᠰᠦᠯ ᠢ | ᠬᠢᠨᠠᠨ ᠪᠠᠶᠢᠴᠠᠭᠠᠵᠤ ᠵᠥᠪᠰᠢᠶᠡᠷᠡᠨ᠎ᠡ᠃ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ | ᠤᠨ ᠡᠳ᠋ ᠬᠥᠷᠥᠩᠭᠡ ᠶᠢ ᠬᠠᠤᠯᠢ ᠶᠣᠰᠣᠭᠠᠷ ᠪᠦᠲᠦᠮᠵᠢᠲᠡᠶ ᠬᠢᠨᠠᠨ ᠬᠠᠮᠢᠶᠠᠷᠬᠤ ᠬᠠᠮᠢᠶᠠᠷᠤᠯᠲᠠ ᠪᠠᠨ ᠴᠢᠩᠭᠠᠳᠬᠠᠨ᠎ᠠ᠃ | | ᠬᠤᠶᠠᠷ ᠲᠤ᠂ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ | ᠬᠢᠨᠠᠯᠲᠠ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠤᠰᠢᠭᠤᠨ ᠤ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ | ᠬᠢᠨᠠᠨ ᠵᠥᠪᠯᠡᠨ᠎ᠡ︔ ᠬᠤᠰᠢᠭᠤ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠨ᠎ᠡ᠃ | ᠭᠤᠷᠪᠠ ᠳᠤ᠂ ᠬᠠᠤᠯᠢ ᠴᠠᠭᠠᠵᠠ ᠶᠢᠨ ᠲᠦᠪ ᠭᠤᠤᠯᠴᠢ ᠬᠡᠷᠡᠭᠵᠢᠭᠦᠯᠦᠯᠲᠠ ᠳᠤ ᠠᠩᠬᠠᠷᠤᠯ ᠢᠶᠠᠨ | ᠲᠦᠪᠯᠡᠷᠡᠭᠦᠯᠵᠤ ᠬᠢᠨᠠᠯᠲᠠ ᠲᠠᠯᠪᠢᠨ᠎ᠠ᠃ ᠰᠢᠭᠦᠬᠦ ᠬᠤᠷᠢᠶᠠᠨ ᠤ ᠡᠷᠡᠭᠦᠦ ᠶᠢᠨ ᠬᠡᠷᠡᠭ ᠤᠨ ᠰᠢᠭᠦᠨ ᠲᠠᠰᠤᠯᠤᠯᠲᠠ ᠶᠢᠨ | ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠪᠠᠶᠢᠴᠠᠭᠠᠬᠤ ᠬᠤᠷᠢᠶᠠᠨ ᠤ ᠡᠷᠡᠭᠦᠦ ᠶᠢᠨ ᠵᠠᠷᠭᠤ ᠶᠢᠨ ᠠᠵᠢᠯ | ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠨ᠎ᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠤᠨ ᠪᠠᠶᠢᠳᠠᠯ ᠤᠨ ᠲᠤᠬᠠᠶ ᠬᠤᠰᠢᠭᠤ ᠠᠷᠠᠳ ᠤᠨ ᠵᠠᠰᠠᠭ | ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ᠃ ︽ᠳᠣᠯᠣᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ ᠤᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠬᠦ | ᠶᠢᠨ ᠬᠠᠮᠲᠤ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠨ᠎ᠠ᠃ ᠵᠠᠰᠠᠭ ᠤᠨ ᠣᠷᠳᠣᠨ ᠤ | ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠳᠠᠩᠰᠠᠯᠠᠯᠲᠠ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ | ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ᠃ | ᠳᠥᠷᠪᠡ ᠳᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠳᠤ ᠠᠩᠬᠠᠷᠤᠯ ᠢᠶᠠᠨ ᠲᠦᠪᠯᠡᠷᠡᠭᠦᠯᠵᠤ ᠬᠢᠨᠠᠯᠲᠠ | ᠲᠠᠯᠪᠢᠨ᠎ᠠ᠃ ᠬᠤᠰᠢᠭᠤ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠵᠦ ᠲᠤᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ ᠬᠤᠲᠠ | ᠬᠤᠰᠢᠭᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ | ᠵᠣᠬᠢᠶᠠᠨ ᠪᠠᠶᠢᠭᠤᠯᠵᠤ ᠬᠠᠮᠲᠤ ᠪᠠᠷ ᠦᠨᠡᠮᠯᠡᠯ ᠲᠠᠢ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠨ᠎ᠡ︔ ᠬᠤᠰᠢᠭᠤ ᠵᠠᠰᠠᠭ ᠤᠨ ᠣᠷᠳᠣᠨ ᠤ ᠪᠥᠬᠦ | ᠬᠤᠰᠢᠭᠤᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠲᠤᠰᠬᠠᠶ ᠠᠵᠢᠯ ᠤᠨ ᠮᠡᠳᠡᠭᠦᠯᠦᠯᠲᠡ | ᠶᠢ ᠰᠣᠨᠣᠰᠴᠤ ᠬᠢᠨᠠᠨ ᠵᠥᠪᠯᠡᠬᠦ ᠶᠢᠨ ᠬᠠᠮᠲᠤ ᠲᠤᠰᠬᠠᠶ ᠰᠡᠳᠦᠪᠲᠦ ᠠᠰᠠᠭᠤᠯᠲᠠ ᠦᠷᠨᠢᠭᠦᠯᠦᠨ᠎ᠡ︔ ︽ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ | ᠂ ︽ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠠᠷᠭ᠎ᠠ︾ | ᠶᠢ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠨ᠎ᠡ᠃ | ᠭᠤᠷᠪᠠ᠂ ᠰᠢᠨᠵᠢᠯᠡᠬᠦ ᠤᠬᠠᠭᠠᠨᠴᠢ ᠠᠷᠠᠳᠴᠢᠯᠠᠯ ᠳᠦᠷᠢᠮᠵᠢᠯ ᠲᠠᠢ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ | ᠪᠠᠷᠢᠮᠲᠠᠯᠠᠵᠤ᠂ ᠴᠢᠬᠤᠯᠠ ᠶᠡᠭᠡ ᠬᠡᠷᠡᠭ ᠶᠠᠪᠤᠳᠠᠯ ᠢ ᠲᠣᠭᠲᠠᠭᠠᠬᠤ ᠵᠢᠴᠢ ᠠᠵᠢᠯᠲᠠᠨ ᠢ ᠲᠣᠮᠢᠯᠠᠵᠤ ᠪᠠᠭᠤᠯᠭᠠᠬᠤ ᠠᠵᠢᠯ | ᠢ ᠰᠠᠶᠢᠲᠤᠷ ᠠᠳᠬᠤᠨ᠎ᠠ | ᠨᠢᠭᠡ ᠳᠤ᠂ ᠴᠢᠬᠤᠯᠠ ᠶᠡᠭᠡ ᠬᠡᠷᠡᠭ ᠶᠠᠪᠤᠳᠠᠯ ᠳᠤ ᠰᠢᠢᠳᠪᠦᠷᠢ ᠲᠣᠭᠲᠠᠭᠠᠬᠤ ᠡᠷᠬᠡ ᠶᠢ ᠬᠢᠨᠠᠮᠠᠭᠠᠶ | ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠶᠡᠭᠡ ᠬᠡᠷᠡᠭ ᠶᠠᠪᠤᠳᠠᠯ ᠢ | ᠶᠠᠷᠢᠯᠴᠠᠨ ᠲᠣᠭᠲᠠᠭᠠᠬᠤ ᠳᠦᠷᠢᠮ ᠢ ᠲᠡᠭᠦᠯᠳᠡᠷᠵᠢᠭᠦᠯᠬᠦ ᠵᠢᠴᠢ ᠵᠠᠰᠠᠭ ᠤᠨ ᠣᠷᠳᠣᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠳᠤ ᠮᠡᠳᠡᠭᠦᠯᠬᠦ ᠲᠤᠬᠠᠢ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ | ᠪᠠ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ ᠳᠤᠮᠳᠠᠬᠢ ᠴᠢᠬᠤᠯᠠ ᠶᠡᠭᠡ ᠠᠰᠠᠭᠤᠳᠠᠯ᠂ ᠠᠷᠠᠳ ᠣᠯᠠᠨ ᠤ | ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠵᠢᠴᠢ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ | ᠬᠤᠷᠢᠶ᠎ᠡ︾ ᠶᠢᠨ ᠳᠡᠪᠰᠢᠭᠦᠯᠦᠭᠰᠡᠨ ᠴᠢᠬᠤᠯᠠ ᠶᠡᠭᠡ ᠬᠡᠷᠡᠭ ᠶᠠᠪᠤᠳᠠᠯ ᠢ ᠠᠳᠬᠤᠵᠤ᠂ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠶᠢᠴᠠᠭᠠᠨ | ᠰᠤᠳᠤᠯᠵᠤ ᠦᠨᠡᠯᠡᠨ ᠵᠢᠱᠢᠬᠦ ᠶᠢ ᠴᠠᠭ ᠲᠤᠬᠠᠢ ᠳᠤᠨᠢ ᠥᠷᠨᠢᠭᠦᠯᠵᠦ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ | ᠢᠶᠠᠷ ᠳᠠᠮᠵᠢᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ | ᠬᠤᠰᠢᠭᠤᠨ ᠤ ᠠᠷᠠᠳ ᠲᠦᠮᠡᠨ ᠤ ᠬᠠᠮᠲᠤ ᠶᠢᠨ ᠵᠣᠷᠢᠭ ᠪᠣᠯᠤᠨ ᠤᠬᠠᠮᠰᠠᠷᠲᠤ ᠴᠢᠨᠠᠷ ᠪᠣᠯᠭᠠᠨ ᠬᠤᠪᠢᠷᠠᠭᠤᠯᠤᠨ᠎ᠠ᠃ | ᠬᠤᠶᠠᠷ ᠲᠤ᠂ ᠰᠣᠩᠭᠤᠬᠤ ᠡᠷᠬᠡ ᠪᠠ ᠲᠣᠮᠢᠯᠠᠵᠤ ᠪᠠᠭᠤᠯᠭᠠᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠦᠨ᠎ᠡ | ᠃ ᠺᠠᠳ᠋ᠷ ᠢ ᠬᠠᠤᠯᠢ ᠶᠣᠰᠣᠭᠠᠷ ᠰᠣᠩᠭᠤᠬᠤ ᠪᠠ ᠲᠣᠮᠢᠯᠠᠵᠤ ᠪᠠᠭᠤᠯᠭᠠᠬᠤ ᠶᠢ ᠨᠢᠭᠡᠳᠦᠭᠦᠯᠬᠦ ᠶᠢ ᠪᠠᠷᠢᠮᠲᠠᠯᠠᠵᠤ᠂ | ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠺᠠᠳ᠋ᠷ ᠢ ᠰᠣᠩᠭᠤᠬᠤ ᠪᠠ ᠲᠣᠮᠢᠯᠠᠵᠤ᠂ | ᠬᠤᠰᠢᠭᠤ ᠨᠠᠮ ᠤᠨ ᠬᠤᠷᠢᠶᠠᠨ ᠤ ᠲᠠᠨᠢᠯᠴᠠᠭᠤᠯᠤᠭᠰᠠᠨ ᠵᠢᠱᠢᠭᠳᠡᠭᠴᠢ ᠶᠢᠨ ᠠᠮᠵᠢᠯᠲᠠ ᠲᠠᠢ ᠰᠣᠩᠭᠤᠭᠳᠠᠨ ᠲᠤᠰᠢᠶᠠᠯ | ᠡᠭᠦᠷᠭᠡᠯᠡᠬᠦ ᠶᠢ ᠪᠠᠲᠤᠯᠠᠨ᠎ᠠ᠃ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠡ︾ ᠶᠢᠨ ᠲᠣᠮᠢᠯᠠᠬᠤ | ᠪᠠᠷ ᠪᠠᠶᠢᠭ᠎ᠠ ᠬᠥᠮᠦᠰ ᠲᠤ ᠲᠤᠰᠢᠶᠠᠯ ᠳᠤ ᠭᠠᠷᠬᠤ ᠠᠴᠠ ᠡᠮᠦᠨᠡᠬᠢ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ | ᠮᠡᠳᠡᠯᠭᠡ ᠶᠢᠨ ᠰᠢᠯᠭᠠᠯᠲᠠ ᠬᠢᠵᠦ᠂ ᠦᠨᠳᠦᠰᠦᠨ ᠬᠠᠤᠯᠢ ᠳᠤ ᠲᠠᠩᠭᠠᠷᠢᠭᠯᠠᠬᠤ ᠠᠵᠢᠯ ᠢ ᠵᠤᠬᠢᠶᠠᠨ ᠪᠠᠶᠢᠭᠤᠯᠵᠤ | ᠶᠠᠪᠤᠳᠠᠭᠤᠯᠤᠨᠠ᠃ ᠵᠠᠰᠠᠭ ᠤᠨ ᠣᠷᠳᠣᠨ ᠤ ᠪᠦᠷᠢᠯᠳᠦᠬᠦᠨ ᠤ ᠲᠤᠰᠢᠶᠠᠯ ᠳᠤ ᠭᠠᠷᠤᠭᠰᠠᠨ ᠤ ᠳᠠᠷᠠᠭᠠᠬᠢ ᠬᠢᠨᠠᠯᠲᠠ | ᠶᠢ ᠴᠢᠩᠭᠠᠳᠬᠠᠵᠤ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠠᠮᠠᠯᠠᠭᠰᠠᠨ ᠲᠤᠰᠢᠶᠠᠯ ᠤᠨ ᠮᠡᠳᠡᠭᠦᠯᠦᠯᠲᠡ ᠬᠢᠬᠦ ᠶᠢ ᠤᠯᠠᠮ | ᠨᠢᠭᠡ ᠠᠯᠬᠤᠮ ᠴᠢᠩᠭᠠᠳᠬᠠᠵᠤ᠂ ᠠᠵᠢᠯᠳᠠᠨ ᠤ ᠤᠷᠤᠨ ᠲᠤᠭ᠎ᠠ ᠶᠢ ᠡᠵᠡᠯᠡᠵᠤ ᠪᠠᠶᠢᠭ᠎ᠠ ᠰᠢᠭᠦᠬᠦ ᠲᠤᠰᠢᠶᠠᠯᠲᠠᠨ | ᠪᠠᠶᠢᠴᠠᠭᠠᠬᠤ ᠲᠤᠰᠢᠶᠠᠯᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠦᠨᠡᠯᠡᠨ ᠶᠠᠷᠢᠯᠴᠠᠨ᠎ᠠ᠃ | | ︵ᠳᠦᠷᠪᠠ︶ ᠲᠥᠯᠥᠭᠡᠯᠡᠭᠴᠢᠳ ᠤᠨ ᠭᠤᠤᠯ ᠴᠣᠭᠴᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ | ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ ᠃ | ᠨᠢᠭᠡ ᠳᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠬᠡᠷᠡᠭᠵᠢᠭᠦᠯᠬᠦ ᠳᠤ | ᠲᠥᠯᠥᠭᠡᠯᠡᠭᠴᠢᠳ ᠠᠴᠠ ᠪᠢᠯᠧᠲ ᠥᠭᠬᠦ ᠳᠦᠷᠢᠮ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠤᠨ ᠠᠵᠢᠯ ᠢ ᠡᠨᠡ ᠵᠢᠯ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠦᠶᠯᠡᠴᠢᠯᠡᠭᠡᠨ ᠤ ᠭᠤᠤᠯᠳᠠᠯᠭ᠎ᠠ | ᠪᠣᠯᠭᠠᠨ᠎ᠠ᠃ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠰᠤᠩᠭᠤᠭᠴᠢᠳ ᠲᠠᠢ ᠬᠠᠷᠢᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠷᠠᠯ ᠠᠴᠠ ᠡᠮᠦᠨ᠎ᠡ ᠪᠠᠶᠢᠴᠠᠭᠠᠨ ᠦᠵᠡᠵᠦ᠂ ᠲᠥᠯᠥᠭᠡᠯᠡᠭᠴᠢᠳ ᠤᠨ ᠭᠡᠷ ᠤᠨ ᠠᠵᠢᠯᠯᠠᠭ᠎ᠠ ᠶᠢ ᠥᠷᠨᠢᠭᠦᠯᠬᠦ ᠳᠡᠭᠡᠨ | ᠴᠥᠮ ᠡᠨᠡᠬᠦ ᠠᠵᠢᠯ ᠢ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠶ᠃ ᠲᠥᠯᠥᠭᠡᠯᠡᠭᠴᠢᠳ ᠢ ᠪᠦᠬᠦ ᠶᠠᠪᠤᠴᠠ ᠳᠤ | ᠵᠣᠬᠢᠶᠠᠨ ᠪᠠᠶᠢᠭᠤᠯᠤᠨ ᠪᠢᠯᠧᠲ ᠢᠶᠠᠷ ᠲᠣᠭᠲᠠᠭᠠᠬᠤ ᠳᠦᠷᠢᠮ ᠤᠨ ᠡᠯ᠎ᠡ ᠭᠤᠭᠴᠣᠭᠠᠨ ᠤ ᠠᠵᠢᠯ ᠳᠤ | ᠣᠷᠣᠯᠴᠠᠭᠤᠯᠵᠤ᠂ ᠴᠠᠭ ᠤᠨ ᠵᠠᠩᠭᠢᠯᠠᠭ᠎ᠠ ᠶᠢ ᠠᠳᠬᠤᠵᠤ ᠂ ᠠᠯᠬᠤᠮ ᠳᠠᠷᠠᠭ᠎ᠠ ᠶᠢ ᠡᠵᠡᠮᠳᠡᠵᠦ᠂ ᠠᠷᠠᠳ ᠤᠨ | ᠰᠠᠨᠠᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ ᠤᠶᠤᠨ ᠤᠬᠠᠭᠠᠨ ᠢ ᠴᠢᠳᠠᠮᠠᠭᠠᠢ ᠪᠠᠷ ᠬᠦᠯᠢᠶᠡᠨ ᠠᠪᠴᠤ᠂ | ᠬᠠᠤᠯᠢ ᠪᠠᠷ ᠲᠣᠭᠲᠠᠭᠠᠭᠰᠠᠨ ᠵᠢᠷᠤᠮ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠲᠦᠭᠡᠮᠡᠯ ᠬᠠᠷᠠᠭᠠᠯᠵᠠᠯᠲᠤ ᠴᠢᠨᠠᠷ᠂ | ᠪᠣᠳᠠᠲᠤ ᠦᠷ᠎ᠡ ᠪᠦᠲᠦᠮᠵᠢᠲᠦ ᠴᠢᠨᠠᠷ ᠪᠠ ᠬᠠᠨᠤᠮᠵᠢ ᠶᠢᠨ ᠬᠡᠮᠵᠢᠶ᠎ᠡ ᠶᠢ ᠪᠠᠲᠤᠯᠠᠬᠤ ᠬᠡᠷᠡᠭᠲᠡᠢ᠃ | ᠬᠤᠶᠠᠷ ᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ | ᠰᠠᠨᠠᠭᠤᠯᠭ᠎ᠠ ᠶᠢ ᠰᠢᠶᠳᠪᠦᠷᠢᠯᠡᠬᠦ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠪᠠᠶᠢᠩᠭᠤ ᠶᠢᠨ ᠬᠤᠷᠢᠶᠠᠨ ᠤ | ᠤᠳᠤᠷᠢᠳᠤᠯᠭ᠎ᠠ ᠲᠥᠯᠥᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ ᠶᠢ ᠤᠳᠤᠷᠢᠳᠤᠨ ᠬᠢᠨᠠᠬᠤ ᠠᠵᠢᠯ ᠢ ᠤᠯᠠᠮ | ᠨᠢᠭᠡ ᠠᠯᠬᠤᠮ ᠴᠢᠩᠭᠠᠳᠬᠠᠵᠤ᠂ ᠬᠤᠯᠪᠣᠭᠠᠲᠤ ᠵᠥᠪᠯᠡᠯ ᠤᠨ ᠪᠦᠬᠦ ᠶᠠᠪᠤᠴᠠ ᠳᠤ ᠲᠥᠯᠥᠭᠡᠯᠡᠭᠴᠢᠳ ᠤᠨ | ᠰᠠᠨᠠᠭᠤᠯᠭ᠎ᠠ ᠶᠢ ᠱᠠᠭᠠᠷᠳᠠᠨ ᠰᠢᠢᠳᠪᠦᠷᠢᠯᠡᠭᠦᠯᠬᠦ ᠠᠵᠢᠯ ᠤᠨ ᠲᠣᠭᠲᠠᠴᠠ ᠶᠢ ᠴᠢᠩᠭᠠᠳᠬᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠤᠰᠢᠭᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠰᠢᠢᠳᠪᠦᠷᠢᠯᠡᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠬᠡᠰᠡᠭ ᠳᠠᠭᠠᠭᠠᠨ ᠭᠦᠢᠴᠡᠳᠬᠡᠬᠦ ᠨᠢᠭᠡᠴᠡ ᠶᠢᠨ | ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ | ᠪᠠ ᠬᠠᠨᠤᠮᠵᠢ ᠶᠢᠨ ᠬᠡᠮᠵᠢᠶᠡᠨ ᠤ ᠪᠠᠲᠤᠯᠠᠯᠲᠠ ᠬᠢᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ | ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠲᠥᠯᠥᠭᠡᠯᠡᠭᠴᠢᠳ ᠤᠨ ᠳᠤᠷᠠᠳᠤᠭᠰᠠᠨ | ᠰᠠᠨᠠᠭᠤᠯᠭ᠎ᠠ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠬᠦ᠂ ᠶᠠᠪᠤᠳᠠᠯ ᠪᠣᠯᠭᠠᠨ ᠳᠤ ᠬᠠᠷᠢᠭᠤᠯᠲᠠ ᠥᠭᠬᠦ᠂ ᠭᠠᠵᠠᠷ | ᠪᠣᠯᠭᠠᠨ ᠳᠤ ᠴᠢᠬᠤᠯᠠᠴᠢᠯᠠᠭᠳᠠᠬᠤ ᠶᠢ ᠪᠠᠲᠤᠯᠠᠨ᠎ᠠ᠃ | ᠭᠤᠷᠪᠠ ᠳᠤ᠂ ᠲᠥᠯᠥᠭᠡᠯᠡᠭᠴᠢᠳ ᠲᠠᠢ ᠬᠠᠷᠢᠯᠴᠠᠬᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠲᠥᠯᠥᠭᠡᠯᠡᠭᠴᠢᠳ ᠲᠠᠢ ᠬᠠᠷᠢᠯᠴᠠᠬᠤ᠂ | ᠲᠥᠯᠥᠭᠡᠯᠡᠭᠴᠢᠳ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠳᠦᠷᠢᠮ ᠢ ᠦᠷᠭᠦᠯᠵᠢᠯᠡᠨ ᠪᠠᠷᠢᠮᠲᠠᠯᠠᠵᠤ᠂ | ᠲᠥᠯᠥᠭᠡᠯᠡᠭᠴᠢᠳ ᠢ ᠤᠷᠢᠵᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠰᠤᠯᠠ ᠣᠷᠣᠯᠴᠠᠭᠤᠯᠬᠤ᠂ | ᠪᠠᠶᠢᠴᠠᠭᠠᠨ ᠦᠵᠡᠵᠦ ᠪᠠᠶᠢᠴᠠᠭᠠᠨ ᠰᠤᠳᠤᠯᠤᠯᠲᠠ ᠬᠢᠬᠦ ᠳᠤ ᠣᠷᠣᠯᠴᠠᠭᠤᠯᠬᠤ ᠵᠡᠷᠭᠡ ᠠᠵᠢᠯᠯᠠᠭ᠎ᠠ ᠶᠢ ᠪᠠᠷᠢᠮᠲᠠᠯᠠᠵᠤ᠂ | ᠲᠥᠯᠥᠭᠡᠯᠡᠭᠴᠢᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠦᠲᠦᠮᠵᠢᠲᠡᠶ ᠪᠠᠷ | ᠣᠷᠣᠯᠴᠠᠬᠤ ᠶᠢ ᠠᠬᠢᠭᠤᠯᠬᠤ ᠬᠡᠷᠡᠭᠲᠡᠶ᠃ ᠲᠥᠯᠥᠭᠡᠯᠡᠭᠴᠢᠳ ᠤᠨ ᠬᠠᠷᠢᠯᠴᠠᠬᠤ ᠠᠷᠭ᠎ᠠ ᠵᠠᠮ ᠢ ᠤᠯᠠᠮ ᠨᠢᠭᠡ | ᠠᠯᠬᠤᠮ ᠥᠷᠭᠡᠳᠬᠡᠵᠦ᠂ ᠲᠥᠯᠥᠭᠡᠯᠡᠭᠴᠢᠳ ᠤᠨ ᠭᠡᠷ ᠪᠦᠯᠢ᠂ ᠰᠤᠷᠪᠤᠯᠵᠢᠯᠠᠬᠤ ᠰᠠᠷ᠎ᠠ ᠶᠢᠨ ᠠᠵᠢᠯᠯᠠᠭ᠎ᠠ᠂ ᠫᠤᠷᠲ᠋ᠧᠯ | ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠨᠣᠮᠧᠷ ᠵᠡᠷᠭᠡ ᠠᠷᠭ᠎ᠠ ᠵᠠᠮ ᠢ ᠭᠦᠶᠴᠡᠳ ᠠᠰᠢᠭᠯᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠭᠤᠤᠯ ᠰᠡᠳᠦᠪᠲᠦ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠲᠥᠯᠥᠭᠡᠯᠡᠭᠴᠢᠳ ᠤᠨ ᠣᠶᠢᠯᠠᠭᠠᠯᠲᠠ ᠶᠢ ᠠᠬᠢᠭᠤᠯᠤᠨ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠲᠤᠰᠬᠠᠵᠤ᠂ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠤᠨ᠂ ᠴᠢᠨᠠᠷ ᠰᠠᠶᠢᠲᠠᠶ ᠰᠠᠨᠠᠯ ᠰᠠᠨᠠᠭᠤᠯᠭ᠎ᠠ ᠳᠤᠷᠠᠳᠴᠤ᠂ ᠲᠥᠯᠥᠭᠡᠯᠡᠭᠴᠢᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠶᠴᠡᠳᠬᠡᠬᠦ ᠰᠠᠭᠤᠷᠢ ᠪᠠ ᠨᠡᠶᠢᠭᠡᠮ ᠤᠨ ᠦᠶᠯᠡᠳᠦᠯᠭᠡ ᠶᠢᠨ ᠰᠠᠭᠤᠷᠢ ᠶᠢ ᠲᠠᠰᠤᠷᠠᠯᠲᠠ ᠦᠭᠡᠢ | ᠵᠤᠵᠠᠭᠠᠳᠬᠠᠨ᠎ᠠ᠃ | ᠳᠥᠷᠪᠡ ᠳᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠦᠨ᠎ᠡ᠃ ᠲᠥᠯᠥᠭᠡᠯᠡᠭᠴᠢᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢᠳ | ᠤᠨ ᠪᠣᠯᠪᠠᠰᠤᠷᠠᠯ ᠤᠨ ᠡᠷᠴᠢᠮ ᠢ ᠰᠠᠶᠢᠵᠢᠷᠠᠭᠤᠯᠤᠨ᠂ ᠨᠢᠭᠡ ᠬᠤᠭᠤᠴᠠᠭᠠᠨ ᠤ ᠰᠢᠨ᠎ᠡ ᠪᠠᠷ ᠰᠣᠩᠭᠤᠭᠳᠠᠭᠰᠠᠨ | ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠰᠢᠨ᠎ᠡ ᠪᠠᠷ ᠲᠣᠮᠢᠯᠠᠭᠳᠠᠭᠰᠠᠨ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠵᠥᠪᠯᠡᠯ ᠠᠯᠪᠠᠨ ᠭᠡᠷ ᠤᠨ | ᠬᠠᠷᠢᠭᠤᠴᠠᠯᠭᠠᠲᠠᠨ᠂ ᠲᠥᠯᠥᠭᠡᠯᠡᠭᠴᠢ ᠶᠢᠨ ᠭᠡᠷ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠬᠢᠯᠡᠨ᠎ᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ | ᠪᠠᠶᠢᠳᠠᠯ ᠤᠨ ᠲᠤᠬᠠᠢ ᠬᠤᠪᠢ ᠲᠡᠮᠳᠡᠭᠯᠡᠵᠦ ᠵᠠᠷᠯᠠᠨ ᠨᠡᠶᠢᠲᠡᠯᠡᠬᠦ ᠳᠦᠷᠢᠮ ᠤᠨ ᠠᠵᠢᠯ ᠢ ᠤᠯᠠᠮ ᠨᠢᠭᠡ ᠠᠯᠬᠤᠮ | ᠪᠠᠬᠢᠵᠢᠭᠦᠯᠵᠦ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠭᠦᠶᠴᠡᠳᠬᠡᠬᠦ ᠶᠢ ᠦᠨᠡᠨ ᠬᠦ | ᠵᠣᠷᠢᠭᠵᠢᠭᠤᠯᠬᠤ ᠬᠡᠷᠡᠭᠲᠡᠶ᠃ ᠲᠥᠯᠥᠭᠡᠯᠡᠭᠴᠢ ᠶᠢᠨ ᠭᠡᠷ ᠤᠨ ᠣᠳᠣᠨ ᠳᠡᠰ ᠢ ᠦᠨᠡᠯᠡᠨ ᠲᠣᠭᠲᠠᠭᠠᠭᠰᠠᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ 2020 ᠣᠨ ᠳᠤ ᠲᠠᠪᠤᠨ ᠣᠳᠣᠨ ᠳᠡᠰ᠂ | ᠳᠥᠷᠪᠡᠨ ᠣᠳᠣᠨ ᠲᠡᠰ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ | ᠤᠨ ᠡᠵᠡᠯᠡᠬᠦ ᠬᠠᠷᠢᠴᠠᠯ ᠢ 60 % ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ | ᠲᠠᠪᠤ᠂ ︽ᠬᠤᠶᠠᠷ ᠪᠠᠶᠢᠭᠤᠯᠭ᠎ᠠ︾ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠣᠰ ᠪᠡᠶ᠎ᠡ ᠶᠢᠨ | ᠴᠢᠳᠠᠪᠤᠷᠢ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ | ︽ᠬᠤᠶᠠᠷ ᠪᠠᠶᠢᠭᠤᠯᠭ᠎ᠠ︾ ᠶᠢ ᠪᠠᠶᠢᠭᠤᠯᠬᠤ ᠬᠠᠷᠠᠯᠲᠠ ᠶᠣᠰᠣᠭᠠᠷ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠪᠠᠶᠢᠭᠤᠯᠭ᠎ᠠ ᠶᠢᠨ ᠲᠤᠰ ᠪᠡᠶ᠎ᠡ ᠶᠢᠨ | ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ᠃ ᠪᠠᠶᠢᠩᠭᠤ ᠶᠢᠨ ᠬᠤᠷᠢᠶ᠎ᠠ ᠵᠢᠴᠢ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ | ᠤᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠳᠠᠮᠵᠢᠵᠤ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ | ᠠᠴᠠ ᠪᠠᠨ ᠬᠦᠯᠢᠶᠡᠨ ᠠᠪᠤᠨ᠎ᠠ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠤᠨ ᠦᠨᠡᠨᠴᠢ ᠰᠢᠳᠤᠷᠭᠤ | ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠦ ᠶᠢᠨ ᠵᠠᠩ ᠴᠢᠨᠠᠷ ᠢ ᠳᠠᠪᠲᠠᠨ ᠪᠣᠯᠪᠠᠰᠤᠷᠠᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠰᠠᠶᠢᠨ ᠰᠠᠶᠢᠬᠠᠨ ᠤᠯᠤᠰ ᠲᠥᠷᠦ ᠶᠢᠨ ᠠᠮᠢ | ᠠᠬᠤᠶ ᠶᠢ ᠪᠣᠶ ᠪᠤᠯᠭᠠᠨ᠎ᠠ᠃ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ | ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠠᠵᠢᠯ ᠤᠨ ᠲᠤᠬᠠᠶ ᠲᠠᠨᠢᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ | ᠦᠶᠯᠡᠳᠦᠯᠭᠡ ᠶᠢ ᠬᠡᠷᠡᠭᠵᠢᠭᠦᠯᠬᠦ᠂ ᠪᠡᠷᠬᠡ ᠠᠰᠠᠭᠤᠳᠠᠯ ᠢ ᠰᠢᠶᠳᠪᠦᠷᠢᠯᠡᠬᠦ᠂ ᠠᠵᠢᠯ ᠢᠶᠠᠨ ᠠᠬᠢᠭᠤᠯᠬᠤ ᠴᠢᠳᠠᠪᠤᠷᠢ ᠪᠠᠨ | ᠦᠨᠡᠨ ᠬᠦ ᠳᠡᠭᠡᠭᠰᠢᠯᠡᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠵᠡᠯ ᠤᠬᠠᠮᠰᠠᠷ | ᠤᠨ ᠬᠡᠯᠪᠡᠷᠢ ᠶᠢᠨ ᠰᠠᠭᠤᠷᠢᠨ ᠭᠠᠵᠠᠷ ᠢ ᠰᠠᠶᠢᠲᠤᠷ ᠰᠠᠬᠢᠵᠤ᠂ ᠡᠯ᠎ᠡ ᠲᠥᠷᠥᠯ ᠤᠨ ᠵᠠᠭᠤᠴᠢᠯᠠᠭᠤᠷ ᠤᠨ ᠡᠬᠢ ᠪᠠᠶᠠᠯᠢᠭ | ᠢ ᠬᠡᠷᠡᠭᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡ ᠠᠵᠢᠯᠯᠠᠭ᠎ᠠ ᠶᠢ ᠰᠠᠶᠢᠲᠤᠷ ᠤᠬᠠᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠳᠠᠪᠠᠭᠤᠯᠢᠭ ᠴᠢᠨᠠᠷ ᠢ ᠭᠦᠢᠴᠡᠳ | ᠢᠯᠡᠷᠡᠭᠦᠯᠦᠨ᠎ᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷᠴᠤᠳ ᠤᠨ ᠪᠣᠯᠪᠠᠰᠤᠷᠠᠯ ᠢ ᠴᠢᠩᠭᠠᠳᠬᠠᠵᠤ᠂ | ᠨᠢᠭᠡ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠ ᠰᠤᠮᠤ ᠰᠢᠶᠠᠩ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠣᠯᠪᠠᠰᠤᠷᠠᠯ ᠤᠨ ᠠᠩᠭᠢ ᠶᠢ ᠡᠷᠬᠢᠯᠡᠵᠤ᠂ | ᠪᠠᠶᠢᠭᠤᠯᠭ᠎ᠠ ᠶᠢᠨ ᠺᠠᠳ᠋ᠷ ᠢ ᠰᠣᠩᠭᠤᠨ ᠲᠣᠮᠢᠯᠠᠵᠤ ᠳᠡᠭᠡᠲᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠪᠣᠯᠪᠠᠰᠤᠷᠠᠯ | ᠤᠨ ᠠᠩᠭᠢ ᠳᠤ ᠢᠳᠡᠪᠬᠢᠲᠡᠢ ᠣᠷᠣᠯᠴᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠭ᠎ᠠ ᠶᠢᠨ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠦᠨ᠎ᠡ᠃ ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ | ᠂ ᠬᠡᠰᠡᠭ ᠣᠷᠣᠨ ᠨᠤᠲᠤᠭ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠤᠷᠢᠵᠤ᠂ ᠬᠠᠤᠯᠢ ᠴᠠᠭᠠᠵᠠ ᠪᠠ ᠡᠳ᠋ | ᠤᠨ ᠵᠠᠰᠠᠭ ᠠᠵᠤ ᠠᠬᠤᠢ ᠶᠢᠨ ᠬᠤᠶᠠᠷ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ᠎ᠠ᠃ ︽ | ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ ᠰᠢᠰᠲ᠋ᠧᠮ ᠪᠠ OA ᠠᠵᠢᠯᠯᠠᠬᠤ ᠰᠢᠰᠲ᠋ᠧᠮ ᠢ | ᠢᠳᠡᠪᠬᠢᠲᠡᠢ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠡ | ᠵᠠᠩᠭᠢᠵᠢᠯᠲᠠ᠂ ᠤᠶᠤᠨᠴᠢᠯᠠᠯᠲᠠ᠂ ᠳᠦᠭᠦᠮᠴᠢᠯᠡᠯᠲᠡ ᠶᠢ ᠲᠦᠯᠬᠢᠨ ᠠᠬᠢᠭᠤᠯᠤᠨ᠎ᠠ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠮᠲᠤᠷᠠᠨ ᠬᠥᠳᠡᠯᠦᠯᠴᠡᠬᠦ ᠪᠠ ᠰᠤᠮᠤ ᠰᠢᠶᠠᠩ ᠪᠠᠯᠭᠠᠰᠤ ᠶᠢᠨ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠢ ᠵᠢᠯᠤᠭᠤᠳᠬᠤ ᠶᠢ ᠦᠨᠡᠨᠬᠦ ᠴᠢᠩᠭᠠᠳᠬᠠᠵᠤ᠂ ᠳᠡᠭᠡᠲᠦ ᠳᠣᠣᠷᠠᠳᠤ ᠱᠠᠲᠤ | ᠬᠠᠮᠲᠤᠷᠠᠨ ᠬᠥᠳᠡᠯᠦᠯᠴᠡᠬᠦ᠂ ᠵᠣᠬᠢᠴᠠᠭᠤᠯᠤᠨ ᠠᠬᠢᠭᠤᠯᠬᠤ ᠠᠵᠢᠯ ᠤᠨ ᠬᠡᠪ ᠪᠠᠶᠢᠳᠠᠯ ᠢ ᠪᠤᠢ ᠪᠣᠯᠭᠠᠨ᠎ᠠ᠃ | ᠲᠥᠯᠥᠭᠡᠯᠡᠭᠴᠢᠳ ᠡ᠂ ᠰᠠᠯᠬᠢᠨ ᠤ ᠠᠶᠠᠰ ᠢᠶᠠᠷ ᠰᠠᠭᠠᠲᠠᠯ ᠦᠭᠡᠢ ᠤᠷᠤᠭᠰᠢᠯᠠᠵᠤ᠂ ᠠᠯᠤᠰ ᠤᠨ ᠵᠠᠮ ᠳᠤ | ᠠᠶᠠᠨ ᠤ ᠵᠢᠯᠤᠭᠤ ᠰᠤᠩᠭᠤᠶᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠵᠥᠪ | ᠣᠨᠣᠪᠴᠢᠲᠠᠢ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ | ᠵᠣᠷᠢᠭᠲᠠᠢ ᠪᠠᠷ ᠡᠭᠦᠷᠭᠡᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ︽ᠠᠷᠪᠠᠨ ᠭᠤᠷᠪᠠᠳᠤᠭᠠᠷ ᠲᠠᠪᠤᠨ ᠵᠢᠯ | ︾ ᠤᠨ ᠲᠥᠯᠥᠪᠵᠢᠭᠦᠯᠭᠡ ᠶᠢᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | | |