— 2020 ᠣᠨ 4 ᠰᠠᠷ᠎ᠠ ᠶᠢᠨ 21 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ | ᠬᠤᠷᠠᠯᠳᠤᠭᠠᠨ ᠳᠡᠭᠡᠷ᠎ᠡ ᠰᠤᠳᠤ | | ᠭᠡᠰᠢᠭᠦᠳ ᠡ᠄ | ᠪᠢ ᠤᠯᠤᠰ ᠲᠥᠷᠦ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ | ᠳᠦᠷᠪᠡᠳᠦᠭᠡᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠡ᠂ ᠪᠦᠬᠦᠳᠡᠭᠡᠷ ᠬᠢᠨᠠᠨ ᠵᠦᠪᠯᠡᠬᠦ ᠪᠤᠯᠪᠠ ᠤᠤ︕ ᠮᠦᠨᠴᠤ ᠬᠤᠷᠠᠯ ᠳᠤ ᠰᠤᠯᠠ | ᠤᠷᠤᠯᠴᠠᠭᠰᠠᠳ ᠰᠠᠨᠠᠯ ᠢᠶᠠᠨ ᠳᠡᠪᠰᠢᠭᠦᠯᠬᠦ ᠪᠤᠯᠪᠠ ᠤᠤ︕ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠣᠨ ᠪᠣᠯ ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠷᠪᠠᠨ ᠳᠦᠷᠪᠡᠳᠦᠭᠡᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠵᠦᠪᠯᠡᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠭᠰᠡᠨ ᠴᠢᠬᠤᠯᠠ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠤᠯᠤᠰ ᠲᠥᠷᠥ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠷᠢᠨ ᠨᠢᠮᠪᠠᠶ | ᠵᠢᠯᠣᠭᠤᠳᠣᠯᠭ᠎ᠠ ᠪᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ | ᠬᠦᠴᠦᠲᠡᠶ ᠳᠡᠮᠵᠢᠯᠭᠡ ᠪᠠ ᠡᠯ᠎ᠡ ᠰᠠᠯᠠᠭ᠎ᠠ ᠮᠥᠴᠢᠷ ᠤᠨ ᠢᠳᠡᠪᠬᠢᠲᠡᠢ ᠬᠠᠮᠵᠢᠯᠴᠠᠭ᠎ᠠ ᠪᠠᠷ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠦ | ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠤᠯ ᠰᠡᠳᠦᠪ ᠢ | ᠪᠠᠷᠢᠮᠲᠠᠯᠠᠵᠤ᠂ ᠤᠯᠤᠰ ᠲᠥᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠡᠷᠬᠡ ᠲᠤᠰᠢᠶᠠᠯ | ᠢᠶᠠᠨ ᠬᠢᠨᠠᠮᠠᠭᠠᠶ ᠭᠦᠶᠴᠡᠳᠬᠡᠵᠦ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠵᠦᠪᠯᠡᠭᠦ ᠴᠢᠬᠤᠯᠠ | ᠠᠷᠭ᠎ᠠ ᠵᠠᠮ ᠪᠠ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠳᠠᠷᠬᠠᠨ | ᠮᠤᠤᠮᠢᠩᠭᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ | ᠪᠠ ᠬᠦᠴᠦᠨ ᠴᠢᠳᠠᠯ ᠢᠶᠠᠨ ᠡᠷᠭᠦᠪᠡ᠃ | ᠨᠢᠭᠡ ᠵᠢᠯ ᠤᠨ ᠲᠤᠷᠰᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠᠷ ᠤᠭ ᠰᠠᠨᠠᠭ᠎ᠠ ᠪᠠᠨ ᠦᠯᠦ ᠮᠠᠷᠲᠠᠨ ᠠᠷᠠᠳ ᠤᠨ ᠲᠥᠯᠥᠭᠡ | ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠰᠢᠨ᠎ᠡ ᠡᠭᠦᠷᠭᠡ ᠶᠢ ᠪᠠᠲᠤ ᠰᠠᠬᠢᠵᠤ᠂ ᠰᠠᠭᠤᠷᠢ ᠲᠠᠯᠪᠢᠬᠤ᠂ ᠠᠯᠤᠰ | ᠬᠡᠲᠦ ᠳᠤ ᠠᠰᠢᠭᠲᠠᠢ ᠪᠠᠶᠢᠯᠭᠠᠬᠤ ᠶᠢᠨ ᠲᠣᠭᠤᠷᠢᠨ ᠳᠤ ᠭᠤᠤᠯᠳᠠᠯᠭ᠎ᠠ ᠶᠢ ᠳᠣᠪᠣᠶᠢᠯᠭᠠᠨ ᠭᠤᠷᠪᠠᠨ ᠵᠦᠶᠯ ᠤᠨ | ᠠᠵᠢᠯ ᠢ ᠠᠳᠬᠤᠪᠠ᠃ | ᠨᠢᠭᠡ ᠳᠤ ᠰᠢᠨ᠎ᠡ ᠴᠠᠭ ᠦᠶ᠎ᠡ ᠶᠢᠨ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢᠨ ᠠᠵᠢᠯ | ᠢ ᠴᠢᠩᠭᠠᠳᠬᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠠᠷᠠᠳ ᠤᠨ ᠤᠯᠤᠰ | ᠲᠥᠷᠦ ᠶᠢᠨ ᠵᠥᠪᠯᠡᠯᠭᠡᠨ ᠪᠠᠶᠢᠭᠤᠯᠤᠭᠳᠠᠬᠤ ᠦᠶ᠎ᠡ ᠶᠢᠨ ᠤᠭ ᠰᠠᠨᠠᠭ᠎ᠠ ᠮᠥᠨ᠂ ᠠᠷᠠᠳ ᠤᠨ ᠤᠯᠤᠰ ᠲᠥᠷᠦ ᠶᠢᠨ | ᠵᠥᠪᠯᠡᠯᠭᠡᠨ ᠤ ᠦᠢᠯᠡᠰ ᠤᠨ ᠬᠥᠭᠵᠢᠯᠲᠡ ᠳᠠᠪᠰᠢᠯᠲᠠ ᠶᠢᠨ ᠦᠨᠳᠦᠰᠦᠨ ᠪᠠᠲᠤᠯᠠᠭ᠎ᠠ ᠶᠤᠮ᠃ ᠬᠤᠰᠢᠭᠤ ᠤᠯᠤᠰ | ᠲᠥᠷᠥ ᠶᠢᠨ ᠵᠥᠪᠯᠡᠯᠭᠡᠨ ᠲᠥᠪ ᠬᠤᠷᠢᠶᠠᠨ ᠤ ︽ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠶ ᠰᠠᠨᠠᠯ ᠤᠳ︾ ᠤᠨ ᠵᠣᠷᠢᠭ ᠰᠠᠨᠠᠭ᠎ᠠ | ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠪᠤᠢ ᠪᠣᠯᠭᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ | ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠳᠠᠭᠠᠵᠤ᠂ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠢᠶᠠᠨ ᠤ ᠠᠵᠢᠯ ᠤᠨ | ᠮᠡᠳᠡᠭᠦᠯᠦᠯᠲᠡ᠂ ᠵᠥᠪᠳᠡᠯᠴᠡᠬᠦ ᠲᠥᠯᠥᠪᠯᠡᠭᠡ ᠶᠢ ᠴᠥᠮ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ | ᠳᠤ ᠳᠡᠪᠰᠢᠭᠦᠯᠦᠨ ᠬᠢᠨᠠᠨ ᠶᠠᠷᠢᠯᠴᠠᠭᠤᠯᠵᠤ ᠪᠠᠲᠤᠯᠠᠭᠤᠯᠤᠨ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠶᠢ ᠢᠮᠠᠭᠲᠠ ᠬᠤᠰᠢᠭᠤ ᠨᠠᠮ ᠤᠨ ᠬᠤᠷᠢᠶᠠᠨ ᠤ ᠭᠤᠤᠯ ᠠᠵᠢᠯ ᠲᠠᠢ ᠨᠢᠭᠡ | ᠰᠡᠳᠬᠢᠯ ᠨᠢᠭᠡ ᠴᠢᠭᠯᠡᠯ ᠲᠠᠢ ᠪᠤᠯᠭᠠᠪᠠ᠃ ᠤᠯᠤᠰ ᠲᠥᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠡᠭᠦᠷ | ᠤᠨ ᠬᠤᠭᠤᠴᠠᠭ᠎ᠠ ᠰᠣᠯᠢᠬᠤ ᠠᠵᠢᠯ ᠢ ᠵᠢᠯᠣᠭᠤᠳᠴᠤ᠂ ᠲᠤᠰᠬᠠᠶ ᠵᠥᠪᠯᠡᠯ ᠤᠨ ᠡᠭᠦᠷ ᠤᠨ ᠱᠦᠵᠢ ᠳᠤ ᠠᠵᠢᠯ ᠤᠨ | ᠲᠣᠬᠢᠷᠠᠭᠤᠯᠤᠯᠲᠠ ᠬᠢᠵᠦ᠂ ᠨᠠᠮ ᠤᠨ ᠡᠭᠦᠷ ᠤᠨ ᠤᠳᠤᠷᠢᠳᠬᠤ ᠪᠠᠭ ᠤᠨ ᠪᠦᠷᠢᠯᠳᠦᠬᠦᠨ ᠢ ᠴᠢᠩᠭᠠᠳᠬᠠᠵᠤ᠂ | ᠲᠤᠰᠬᠠᠶ ᠵᠥᠪᠯᠡᠯ ᠤᠨ ᠡᠭᠦᠷ ᠢᠶᠠᠷ ᠳᠠᠮᠵᠢᠭᠤᠯᠤᠨ ᠨᠠᠮ ᠤᠨ ᠭᠡᠰᠢᠭᠦᠨ ᠳᠤ ᠳᠠᠪᠬᠤᠷ ᠰᠤᠷᠭᠠᠨ ᠬᠥᠮᠦᠵᠢᠯ ᠤᠨ | ᠬᠠᠮᠢᠶᠠᠷᠤᠯᠲᠠ ᠶᠠᠪᠤᠭᠳᠠᠭᠤᠯᠵᠤ᠂ ᠭᠡᠰᠢᠭᠦᠳ ᠢ ᠳᠠᠶᠢᠴᠢᠯᠠᠨ ᠨᠠᠮ ᠤᠨ ᠵᠣᠷᠢᠯᠲᠠ ᠶᠢ ᠪᠡᠶᠡᠯᠡᠭᠦᠯᠪᠡ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ | ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠰᠠᠶᠢᠲᠤᠷ ᠡᠵᠡᠮᠰᠢᠪᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠢᠴᠢ | ︽ᠳᠥᠷᠪᠡᠨ ᠨᠣᠶᠠᠨ︾ ᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠠ ᠰᠠᠶᠢᠨ ᠰᠠᠶᠢᠬᠠᠨ ᠤᠯᠤᠰ ᠲᠥᠷᠦ ᠶᠢᠨ | ᠠᠮᠢ ᠠᠬᠤᠢ ᠶᠢᠨ ᠣᠨ ᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠤ᠂ ︽ᠤᠭ ᠰᠠᠨᠠᠭ᠎ᠠ ᠪᠠᠨ ᠦᠯᠦ ᠮᠠᠷᠲᠠᠨ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠠᠵᠢᠯ ᠲᠠᠢ | ᠤᠶᠠᠯᠳᠤᠭᠤᠯᠤᠨ᠂ ᠡᠯ᠎ᠡ ᠲᠥᠷᠥᠯ ᠤᠨ ᠠᠰᠠᠭᠤᠳᠠᠯ ᠤᠨ ᠰᠠᠨᠠᠭᠤᠯᠭ᠎ᠠ 113 ᠵᠤᠷᠪᠤᠰ ᠴᠤᠭᠯᠠᠭᠤᠯᠵᠤ᠂ 41 | ᠵᠤᠷᠪᠤᠰ ᠲᠥᠷᠥᠯᠵᠢᠭᠦᠯᠦᠨ ᠡᠮᠬᠢᠯᠡᠵᠦ᠂ ︽15 + N︾ ᠶᠢᠨ ᠲᠣᠭᠤᠷᠢᠨ ᠳᠤ ᠴᠡᠭᠴᠡᠯᠡᠨ ᠰᠠᠶᠢᠵᠢᠷᠠᠭᠤᠯᠬᠤ | ᠳᠠᠩᠰᠠ ᠡᠪᠬᠡᠮᠡᠯ ᠪᠠᠶᠢᠭᠤᠯᠵᠤ᠂ ᠲᠤᠰᠬᠠᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ | ᠥᠷᠨᠢᠭᠦᠯᠦᠨ᠂ ᠠᠵᠢᠯ ᠤᠨ ᠰᠤᠷᠲᠠᠯ ᠢᠶᠠᠨ ᠦᠨᠡᠨ ᠭᠦ ᠰᠠᠶᠢᠵᠢᠷᠠᠭᠤᠯᠪᠠ᠃ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠨ᠂ | ᠲᠥᠪ ᠬᠤᠷᠢᠶᠠᠨ ᠤ ᠨᠠᠶᠮᠠᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ | ᠵᠢᠷᠤᠮᠯᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠦ ᠶᠢᠨ ᠠᠮᠢᠳᠤᠷᠠᠯ ᠢ ᠲᠦᠪ ᠴᠢᠩᠭ᠎ᠠ ᠪᠤᠯᠭᠠᠵᠤ᠂ ᠤᠯᠤᠰ | ᠲᠥᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢ ᠡᠩ ᠤᠨ ᠨᠠᠮ ᠤᠨ | ᠭᠡᠰᠢᠭᠦᠨ ᠤ ᠬᠤᠪᠢ ᠪᠠᠷ ᠪᠠᠶᠢᠭᠤᠯᠭ᠎ᠠ ᠶᠢᠨ ᠨᠠᠮ ᠤᠨ ᠡᠭᠦᠷ ᠤᠨ ᠵᠤᠬᠢᠶᠠᠨ ᠪᠠᠶᠢᠭᠤᠯᠤᠯᠲᠠ ᠠᠮᠢᠳᠤᠷᠠᠯ ᠳᠤ | ᠤᠷᠤᠯᠴᠠᠭᠤᠯᠵᠤ᠂ ᠨᠠᠮ ᠤᠨ ᠤᠳᠤᠷᠢᠳᠤᠯᠭ᠎ᠠ ᠶᠢ ᠡᠷᠡᠰ ᠪᠠᠷᠢᠮᠲᠠᠯᠠᠬᠤ ᠶᠢ ᠤᠯᠤᠰ ᠲᠥᠷᠦ ᠶᠢᠨ ᠵᠥᠪᠯᠡᠯᠭᠡᠨ ᠤ ᠪᠦᠬᠦ | ᠠᠵᠢᠯ ᠳᠤ ᠦᠨᠡᠨ ᠬᠦ ᠲᠤᠭᠤᠰᠢᠯᠠᠭᠤᠯᠪᠠ᠃ | ᠬᠤᠶᠠᠷ ᠲᠤ ᠦᠨᠳᠦᠰᠦᠨ ᠱᠠᠲᠤᠨ ᠤ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠵᠦᠪᠯᠡᠭᠦ | ᠪᠠᠶᠢᠭᠤᠯᠤᠯᠲᠠ ᠶᠢ ᠴᠢᠩᠭᠠᠳᠬᠠᠪᠠ᠃ ᠠᠷᠠᠳᠴᠢᠯᠠᠯ ᠢᠶᠠᠷ ᠵᠥᠪᠯᠡᠬᠦ ᠪᠣᠯ ᠨᠠᠮ ᠤᠨ ᠤᠳᠤᠷᠢᠳᠤᠯᠭ᠎ᠠ ᠶᠢ ᠪᠡᠶᠡᠯᠡᠭᠦᠯᠬᠦ | ᠴᠢᠬᠤᠯᠠ ᠠᠷᠭ᠎ᠠ ᠬᠡᠯᠪᠡᠷᠢ ᠮᠥᠨ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠦ | ᠶᠢᠨ ᠣᠨᠴᠠᠭᠠᠢ ᠬᠡᠯᠪᠡᠷᠢ ᠪᠠ ᠥᠪᠡᠷᠮᠢᠴᠡ ᠳᠠᠪᠠᠭᠤᠯᠢᠭ ᠶᠤᠮ᠃ ᠨᠢᠭᠡ ᠵᠢᠯ ᠤᠨ ᠲᠤᠷᠰᠢ᠂ ᠬᠤᠰᠢᠭᠤ ᠤᠯᠤᠰ | ᠲᠥᠷᠥ ᠶᠢᠨ ᠵᠥᠪᠯᠡᠯᠭᠡᠨ ᠠᠷᠠᠳᠴᠢᠯᠠᠯ ᠢᠶᠠᠷ ᠵᠥᠪᠯᠡᠬᠦ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠢᠳᠡᠪᠬᠢᠲᠡᠢ | ᠰᠦᠪᠡᠭᠴᠢᠯᠡᠯᠲᠡ ᠬᠢᠵᠦ᠂ ᠵᠥᠪᠯᠡᠬᠦ ᠲᠣᠭᠲᠠᠴᠠ ᠶᠢ ᠲᠠᠰᠤᠷᠠᠯᠲᠠ ᠥᠬᠡᠶ ᠰᠠᠶᠢᠵᠢᠷᠠᠭᠤᠯᠤᠨ᠂ ᠵᠥᠪᠯᠡᠬᠦ ᠠᠵᠢᠯ ᠤᠨ | ᠳᠦᠷᠢᠮ ᠢ ᠲᠡᠭᠦᠯᠳᠡᠷᠵᠢᠭᠦᠯᠵᠦ᠂ ︽ᠤᠨᠤᠪᠴᠢᠲᠠᠢ ᠪᠠᠷ ᠰᠡᠳᠦᠪ ᠰᠣᠩᠭᠤᠬᠤ — ᠨᠠᠷᠢᠨ ᠬᠢᠨᠠᠮᠠᠭᠠᠶ ᠰᠤᠷᠤᠯᠴᠠᠬᠤ | — ᠬᠦᠨᠵᠡᠭᠡᠢ ᠰᠤᠳᠤᠯᠬᠤ — ᠲᠡᠷᠢᠭᠦᠨ ᠤ ᠬᠢ ᠪᠠᠷ ᠲᠣᠯᠢ ᠪᠣᠯᠭᠠᠬᠤ — ᠵᠥᠪᠯᠡᠯᠭᠡ ᠬᠢᠵᠦ ᠲᠥᠷᠥ ᠶᠢᠨ ᠬᠡᠷᠡᠭ ᠢ | ᠵᠥᠪᠯᠡᠬᠦ︾ ᠲᠠᠪᠤᠨ ᠠᠯᠬᠤᠮ ᠢᠶᠠᠷ ᠶᠠᠪᠤᠭᠳᠠᠬᠤ ᠵᠥᠪᠯᠡᠬᠦ ᠳᠡᠰ ᠳᠠᠷᠠᠭᠠᠯᠠᠯ ᠢ ᠪᠠᠷᠢᠮᠲᠠᠯᠠᠵᠤ᠂ ᠰᠤᠷᠤᠯᠴᠠᠬᠤ ᠪᠠ | ᠪᠠᠶᠢᠴᠠᠭᠠᠨ ᠰᠤᠳᠤᠯᠬᠤ ᠶᠢ ᠵᠥᠪᠯᠡᠬᠦ ᠠᠴᠠ ᠡᠮᠦᠨᠡᠬᠢ ᠪᠠᠶᠢᠷᠢᠨ ᠳᠤ ᠲᠠᠯᠪᠢᠪᠠ᠃ ︽ᠬᠢᠴᠢᠶᠡᠯ ᠠᠴᠠ ᠡᠮᠦᠨᠡᠬᠢ︾ | ᠤᠨᠤᠯ ᠤᠨ ᠰᠤᠷᠤᠯᠴᠠᠯᠭ᠎ᠠ ᠶᠢ ᠨᠠᠩ ᠴᠢᠬᠤᠯᠠᠴᠢᠯᠠᠵᠤ᠂ ᠰᠡᠳᠦᠪ ᠤᠨ ᠳᠤᠭᠤᠶᠢᠯᠠᠩ ᠤᠨ ᠭᠡᠰᠢᠭᠦᠳ ᠢ ᠵᠣᠬᠢᠶᠠᠨ | ᠪᠠᠶᠢᠭᠤᠯᠤᠨ ᠰᠡᠳᠦᠪ ᠲᠤ ᠬᠤᠯᠪᠣᠭᠳᠠᠭᠰᠠᠨ ᠣᠨᠣᠯ ᠤᠨ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠨᠠᠷᠢᠨ ᠬᠢᠨᠠᠮᠠᠭᠠᠶ ᠰᠤᠷᠤᠯᠴᠠᠭᠤᠯᠵᠤ᠂ ᠰᠡᠳᠦᠪ ᠲᠤ ᠬᠤᠯᠪᠣᠭᠳᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ | ᠴᠤᠭᠯᠠᠭᠤᠯᠤᠨ᠂ ᠬᠢᠴᠢᠶᠡᠯ ᠠᠴᠠ ᠡᠮᠦᠨᠡᠬᠢ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠤᠨ | ᠦᠨᠳᠦᠰᠦᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠠᠩᠬ᠎ᠠ ᠠᠯᠬᠤᠮ ᠣᠶᠢᠯᠠᠭᠠᠵᠤ᠂ ᠭᠦᠨᠵᠡᠭᠡᠶ | ᠪᠠᠶᠢᠴᠠᠭᠠᠨ ᠰᠤᠳᠤᠯᠬᠤ ᠣᠨᠣᠯ ᠤᠨ ᠰᠠᠭᠤᠷᠢ ᠶᠢ ᠰᠠᠶᠢᠲᠤᠷ ᠲᠠᠯᠪᠢᠵᠤ᠂ ᠠᠰᠠᠭᠤᠳᠠᠯ ᠤᠨ ᠰᠦᠪᠡᠭᠴᠢ ᠶᠢ ᠬᠠᠩᠭᠠᠵᠤ | ᠂ ᠵᠥᠪᠳᠡᠯᠴᠡᠬᠦ ᠳᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠤᠯᠤᠰ ᠤᠨ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠳᠤ ᠨᠡᠶᠢᠴᠡᠭᠦᠯᠬᠦ ᠶᠢ ᠦᠨᠠᠨ ᠭᠦ ᠪᠠᠲᠤᠯᠠᠪᠠ᠃ ᠰᠡᠳᠦᠪ ᠲᠤ ᠬᠤᠯᠪᠣᠭᠳᠠᠭᠰᠠᠨ ᠠᠰᠠᠭᠤᠳᠠᠯ ᠤᠨ | ᠲᠣᠭᠤᠷᠢᠨ ᠳᠤ ᠭᠦᠨᠵᠡᠭᠡᠶ ᠪᠠᠶᠢᠴᠠᠭᠠᠨ᠂ ᠠᠩᠬ᠎ᠠ ᠠᠯᠬᠤᠮ ᠤᠨ ᠵᠤᠭᠢᠰᠳᠠᠢ ᠠᠷᠭ᠎ᠠ ᠪᠣᠳᠣᠯᠭ᠎ᠠ ᠶᠢᠨ ᠰᠠᠨᠠᠭᠤᠯᠭ᠎ᠠ | ᠳᠤᠷᠠᠳᠬᠤ ᠶᠢᠨ ᠬᠠᠮᠲᠤ᠂ ᠠᠬᠤᠢ ᠪᠠᠶᠢᠳᠠᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠬᠠᠨᠳᠤᠭᠤᠯᠤᠨ ᠪᠤᠰᠤᠳ | ᠤᠷᠤᠨ ᠨᠤᠳᠤᠭ ᠢᠶᠠᠷ ᠳᠤᠷᠰᠢᠯᠭ᠎ᠠ ᠰᠤᠷᠤᠯᠴᠠᠬᠤ ᠶᠢᠨ ᠬᠠᠮᠳᠤ᠂ ᠪᠤᠰᠤᠳ ᠤᠨ ᠲᠡᠷᠢᠭᠦᠨ ᠤ ᠲᠤᠷᠰᠢᠯᠭ᠎ᠠ ᠶᠢ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠳᠤ ᠪᠠᠨ ᠢᠯᠡᠷᠡᠭᠦᠯᠵᠦ᠂ ᠵᠤᠭᠢᠰᠳᠠᠢ ᠠᠷᠭ᠎ᠠ ᠪᠣᠳᠣᠯᠭ᠎ᠠ ᠶᠢᠨ | ᠰᠠᠨᠠᠭᠤᠯᠭ᠎ᠠ ᠶᠢᠨ ᠬᠠᠨᠳᠤᠯᠭᠠᠲᠤ ᠴᠢᠨᠠᠷ ᠪᠠ ᠬᠡᠷᠡᠭᠵᠢᠭᠦᠯᠵᠤ ᠪᠤᠯᠬᠤ ᠪᠤᠳᠠᠳᠤ ᠴᠢᠨᠠᠷ ᠢ ᠪᠠᠲᠤᠯᠠᠪᠠ᠃ ᠵᠥᠪᠯᠡᠬᠦ | ᠰᠡᠳᠦᠪ ᠪᠠᠨ ᠰᠤᠩᠭᠤᠬᠤ᠂ ᠵᠣᠬᠢᠶᠠᠨ ᠪᠠᠶᠢᠭᠤᠯᠤᠨ ᠵᠥᠪᠳᠡᠯᠴᠡᠬᠦ᠂ ᠵᠦᠪᠯᠡᠯᠭᠡᠨ ᠤ ᠳ᠋ᠦᠩ ᠢᠶᠠᠨ | ᠨᠠᠶᠢᠳᠠᠪᠤᠷᠢᠵᠢᠭᠤᠯᠬᠤ ᠪᠦᠷᠢᠨ ᠪᠦᠲᠦᠨ ᠠᠵᠢᠯ ᠤᠨ ᠠᠷᠭ᠎ᠠ ᠶᠢ ᠪᠤᠢ ᠪᠣᠯᠭᠠᠪᠠ᠃ ︽ᠲᠠᠪᠤᠨ ᠠᠯᠬᠤᠮ ᠢᠶᠠᠷ ᠶᠠᠪᠤᠬᠤ | ︾ ᠵᠥᠪᠯᠡᠬᠦ ᠬᠡᠪ ᠵᠠᠭᠪᠤᠷ ᠢ ᠪᠠᠷᠢᠮᠵᠢᠶᠠᠯᠠᠬᠰᠠᠨ ᠨᠡᠶᠢᠲᠡᠯᠢᠭ ᠵᠢᠱᠢᠶ᠎ᠡ ᠪᠤᠯᠭᠠᠭᠰᠠᠨ ᠤ ᠬᠤᠪᠢ ᠳᠤ᠂ ᠬᠤᠲᠠ ᠶᠢᠨ ᠨᠠᠮ | ᠤᠨ ᠬᠤᠷᠢᠶᠠᠨ ᠤ ᠤᠯᠤᠰ ᠲᠥᠷᠦ ᠶᠢᠨ ᠵᠥᠪᠯᠡᠯᠭᠡᠨ ᠤ ᠠᠵᠢᠯ ᠤᠨ ᠬᠤᠷᠠᠯ ᠳᠡᠭᠡᠷ᠎ᠡ ᠲᠤᠷᠰᠢᠯᠭ᠎ᠠ ᠪᠠᠨ ᠰᠤᠯᠢᠯᠴᠠᠬᠤ | ᠢᠯᠡᠳᠭᠡᠯ ᠬᠢᠵᠤ᠂ ᠤᠨᠤᠯ ᠤᠨ ᠦᠬᠦᠯᠡᠯ ︽︿ᠲᠠᠪᠤᠨ ᠠᠯᠬᠤᠮ ᠢᠶᠠᠷ ᠶᠠᠪᠤᠬᠤ﹀ ᠶᠢ ᠪᠠᠷᠢᠮᠲᠠᠯᠠᠵᠤ᠂ ᠵᠥᠪᠯᠡᠯᠭᠡ | ᠬᠢᠵᠦ ᠵᠠᠰᠠᠭ ᠤᠨ ᠶᠠᠪᠤᠳᠠᠯ ᠢ ᠵᠥᠪᠯᠡᠬᠦ ᠲᠦᠪᠰᠢᠨ ᠢ ᠦᠨᠡᠨᠬᠦ ᠳᠡᠭᠡᠭᠰᠢᠯᠡᠭᠦᠯᠦᠶ᠎ᠡ︾ ᠭᠡᠬᠦ ᠦᠭᠦᠯᠡᠯ ᠨᠢ ︽ᠰᠡᠳᠬᠢᠯ | ᠨᠢᠭᠡᠲᠠᠢ︾ ᠰᠡᠳᠬᠦᠯ ᠳᠤ ᠨᠠᠶᠢᠳᠡᠯᠡᠭᠳᠡᠪᠡ᠃ | ᠭᠤᠷᠪᠠ ᠳᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠦᠷᠨᠢᠭᠦᠯᠪᠡ᠃ ᠪᠢᠳᠡ ᠬᠡᠳᠦᠶ ᠬᠤᠯᠠ ᠠᠶᠠᠯᠠᠭᠰᠠᠨ ᠴᠤ | ᠦᠩᠭᠡᠷᠡᠭᠰᠡᠨ ᠢᠶᠠᠨ ᠮᠠᠷᠲᠠᠵᠤ ᠪᠣᠯᠬᠤ ᠦᠭᠡᠢ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠨᠢ ᠬᠤᠰᠢᠭᠤ ᠨᠠᠮ | ᠤᠨ ᠬᠤᠷᠢᠶᠠᠨ ᠤ ᠭᠤᠤᠯ ᠰᠡᠳᠦᠪᠲᠦ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ | ᠶᠢ ᠴᠢᠩᠭ᠎ᠠ ᠵᠢᠷᠤᠮᠯᠠᠨ᠂ 9 ᠰᠠᠷ᠎ᠠ ᠶᠢᠨ 17 ᠤ ᠡᠳᠦᠷ ᠬᠠᠮᠤᠭ ᠤᠨ ᠲᠠᠷᠢᠭᠦᠨ ᠳᠤ ᠭᠤᠤᠯ ᠰᠡᠳᠦᠪᠲᠦ ᠰᠤᠷᠭᠠᠨ | ᠬᠥᠮᠦᠵᠢᠯ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠤᠤᠯ | ᠰᠡᠳᠦᠪᠲᠦ ᠰᠤᠷᠭᠠᠨ ᠬᠥᠮᠦᠵᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠨᠠᠮ ᠤᠨ ᠭᠡᠰᠢᠭᠦᠳ ᠢ ᠭᠤᠤᠯ | ᠰᠡᠳᠦᠪᠲᠦ ᠰᠤᠷᠭᠠᠨ ᠬᠥᠮᠦᠵᠢᠯ ᠤᠨ ᠰᠤᠷᠤᠯᠴᠠᠬᠤ ᠡᠲᠡᠭᠡᠳ ᠲᠤ ᠣᠷᠣᠭᠤᠯᠵᠤ᠂ ᠨᠠᠮ ᠤᠨ ᠬᠡᠰᠢᠭᠦᠨ ᠪᠤᠰᠤ | ᠬᠡᠰᠢᠭᠦᠨ᠂ ᠪᠠᠶᠢᠩᠭᠤ ᠶᠢᠨ ᠭᠡᠰᠢᠭᠦᠨ᠂ ᠳᠡᠳ᠋ ᠲᠡᠷᠢᠭᠦᠯᠡᠭᠴᠢ ᠶᠢ ᠤᠷᠢᠵᠤ ᠭᠤᠤᠯ ᠰᠡᠳᠦᠪᠲᠦ ᠰᠤᠷᠭᠠᠨ ᠬᠥᠮᠦᠵᠢᠯ | ᠳᠤ ᠣᠷᠣᠯᠴᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠤᠤᠯ ᠰᠡᠳᠦᠪᠲᠦ ᠰᠤᠷᠭᠠᠨ ᠬᠥᠮᠦᠵᠢᠯ ᠢ ᠨᠡᠶᠢᠳᠡᠮ | ᠶᠠᠪᠤᠭᠳᠠᠭᠤᠯᠪᠠ᠃ ᠡᠳᠦᠷ ᠪᠦᠷᠢ 1 ᠴᠠᠭ ᠲᠥᠪᠯᠡᠷᠡᠭᠦᠯᠦᠨ ᠰᠤᠷᠤᠯᠴᠠᠬᠤ ᠶᠢ ᠪᠠᠷᠢᠮᠲᠠᠯᠠᠵᠤ᠂ ︽ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠬᠤ ᠬᠥᠲᠥᠯᠪᠦᠷᠢ︾᠂ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠤᠨ ᠠᠵᠢᠯ | ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ | ᠰᠤᠷᠤᠯᠴᠠᠪᠠ᠃ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠢ ᠡᠷᠬᠢᠯᠡᠵᠦ᠂ ᠪᠤᠭᠤᠲᠤ ᠶᠢᠨ ᠲᠧᠯᠸᠢᠰ | ᠬᠤᠷᠢᠶ᠎ᠠ ᠪᠠ ︽ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠰᠣᠨᠢᠨ︾ ᠳᠡᠭᠡᠷ᠎ᠡ ᠤᠬᠠᠭᠤᠯᠤᠨ ᠮᠡᠳᠡᠭᠡᠯᠡᠪᠡ᠃ | ᠰᠤᠮᠤ ᠰᠢᠶᠠᠩ ᠪᠠᠯᠭᠠᠰᠤ ᠠᠴᠠ ᠰᠠᠨᠠᠯ ᠬᠤᠷᠢᠶᠠᠵᠤ᠂ ᠰᠤᠷᠤᠯᠴᠠᠯᠭ᠎ᠠ ᠶᠢ ᠬᠥᠳᠡᠭᠡ ᠳᠤ ᠬᠦᠷᠭᠡᠬᠦ ᠠᠵᠢᠯ ᠢ | ᠥᠷᠨᠢᠭᠦᠯᠦᠨ᠂ ᠺᠠᠳ᠋ᠷ ᠣᠯᠠᠨ ᠲᠦᠮᠡᠨ 441 ᠬᠥᠮᠦᠨ ᠠᠴᠠ ᠰᠠᠨᠠᠯ ᠬᠤᠷᠢᠶᠠᠵᠤ᠂ 66 ᠵᠤᠷᠪᠤᠰ ᠠᠰᠠᠭᠤᠳᠠᠯ ᠢ | ᠴᠤᠭᠯᠠᠭᠤᠯᠤᠨ᠂ 31 ᠵᠤᠷᠪᠤᠰ ᠠᠰᠠᠭᠤᠳᠠᠯ ᠢ ᠡᠮᠬᠢᠳᠬᠡᠵᠦ᠂ ᠦᠨᠳᠤᠰᠤᠨ ᠱᠠᠳᠤᠨ ᠤ ᠰᠠᠯᠠᠭ᠎ᠠ ᠮᠦᠴᠢᠷ ᠲᠤ | ᠬᠤᠯᠪᠤᠬᠳᠠᠬᠤ 8 ᠵᠤᠷᠪᠤᠰ ᠤᠴᠢᠷ ᠶᠠᠪᠤᠳᠠᠯ ᠢ ᠰᠢᠢᠳᠪᠤᠷᠢᠯᠠᠨ᠂ ᠨᠠᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠲᠤᠰᠬᠠᠭᠰᠠᠨ 8 ᠰᠤᠷᠠᠭ ᠵᠠᠩᠭᠢ ᠡᠮᠭᠢᠳᠭᠡᠨ᠂ 5 ᠬᠤᠪᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ | ᠨᠠᠶᠢᠷᠠᠭᠤᠯᠪᠠ᠃ ᠰᠤᠮᠤ ᠰᠢᠶᠠᠩ ᠪᠠᠯᠭᠠᠰᠤ ᠪᠠ ᠦᠨᠳᠦᠰᠦᠨ ᠱᠠᠲᠤᠨ ᠤ ᠭᠡᠰᠢᠭᠦᠳ ᠲᠤ ᠬᠠᠨᠳᠤᠭᠤᠯᠤᠨ ︽ᠡᠭᠦᠳᠡ | ᠪᠠᠨ ᠨᠡᠭᠡᠭᠡᠨ ᠰᠠᠨᠠᠯ ᠬᠤᠷᠢᠶᠠᠬᠤ︾ ᠠᠵᠢᠯ ᠢ ᠭᠦᠨᠵᠡᠭᠡᠶᠢᠷᠡᠭᠦᠯᠦᠨ᠂ ᠦᠨᠳᠦᠰᠦᠨ ᠱᠠᠲᠤᠨ ᠤ ᠣᠯᠠᠨ ᠲᠦᠮᠡᠨ ᠪᠠ | ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠠᠩᠰᠠ ᠡᠪᠬᠡᠮᠡᠯ ᠪᠠᠶᠢᠭᠤᠯᠤᠨ᠂ ᠠᠰᠠᠭᠤᠳᠠᠯ ᠢ ᠰᠢᠢᠳᠪᠤᠷᠢᠯᠡᠵᠤ᠂ | ᠳᠠᠩᠰᠠᠨ ᠠᠴᠠ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠤᠰᠢᠭᠤ ᠤᠯᠤᠰ ᠲᠥᠷᠦ ᠶᠢᠨ ᠵᠥᠪᠯᠡᠯᠭᠡᠨ ᠤ | ᠭᠤᠣᠯ ᠰᠡᠳᠦᠪᠲᠦ ᠬᠥᠮᠦᠵᠢᠯ ᠤᠨ ᠠᠵᠢᠯ ᠬᠤᠲᠠ ᠶᠢᠨ ᠨᠠᠮ ᠤᠨ ᠬᠤᠷᠢᠶᠠᠨ ᠤ ᠵᠢᠯᠣᠭᠤᠳᠬᠤ ᠳᠤᠭᠤᠶᠢᠯᠠᠩ ᠤᠨ | ᠦᠨᠳᠤᠷ ᠦᠨᠡᠯᠠᠯᠳᠠ ᠶᠢ ᠣᠯᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠪᠠ᠃ | ᠨᠢᠭᠡ ᠵᠢᠯ ᠤᠨ ᠲᠤᠷᠰᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ ᠪᠦᠯᠬᠦᠮᠳᠡᠯ ᠪᠠ ᠠᠷᠠᠳᠴᠢᠯᠠᠯ | ᠭᠡᠬᠦ ᠬᠤᠶᠠᠷ ᠶᠡᠭᠡ ᠭᠤᠤᠯ ᠰᠡᠳᠦᠪ ᠢ ᠪᠠᠷᠢᠮᠲᠠᠯᠠᠵᠤ᠂ ᠭᠤᠤᠯᠳᠠᠭᠤ ᠳᠣᠤᠷᠠᠬᠢ ᠬᠡᠳᠦᠨ ᠲᠠᠯ᠎ᠠ ᠶᠢᠨ ᠠᠵᠢᠯ ᠢ ᠬᠢᠪᠠ᠃ | | ︵ᠨᠢᠭᠡ︶ ᠤᠨᠤᠯᠵᠢᠭᠤᠯᠬᠤ ᠶᠢ ᠴᠢᠩᠭᠠᠳᠬᠠᠵᠤ᠂ ᠬᠠᠮᠲᠤ ᠶᠢᠨ ᠦᠵᠡᠯ ᠰᠠᠨᠠᠭ᠎ᠠ ᠤᠯᠤᠰ ᠲᠥᠷᠦ ᠶᠢᠨ | ᠰᠠᠭᠤᠷᠢ ᠪᠠᠨ ᠨᠠᠩ ᠡᠷᠡᠰ ᠪᠠᠲᠤ ᠪᠤᠯᠭᠠᠪᠠ | ᠤᠨᠤᠯ ᠤᠨ ᠰᠤᠷᠤᠯᠴᠠᠯᠭ᠎ᠠ ᠪᠠᠷ ᠬᠦᠲᠦᠴᠢ ᠪᠤᠯᠭᠠᠬᠤ ᠶᠢ ᠲᠤᠪᠤᠶᠢᠯᠭᠠᠪᠠ᠃ ᠤᠯᠤᠰ ᠲᠥᠷᠦ ᠶᠢᠨ ᠵᠥᠪᠯᠡᠯᠭᠡᠨ | ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠢ ᠪᠠᠶᠢᠭᠤᠯᠵᠤ᠂ ᠬᠠᠮᠲᠤ | ᠶᠢᠨ ᠰᠤᠷᠤᠯᠴᠠᠯᠭ᠎ᠠ ᠶᠢᠨ ᠳᠦᠷᠢᠮ ᠢ ᠴᠢᠩᠭᠠᠳᠬᠠᠵᠤ᠂ ᠲᠤᠰᠬᠠᠶ ᠵᠥᠪᠯᠡᠯ ᠤᠨ ᠨᠠᠮ ᠤᠨ ᠡᠭᠦᠷ ᠤᠨ ︽ᠭᠤᠷᠪᠠᠨ | ᠬᠤᠷᠠᠯ ᠨᠢᠭᠡ ᠬᠢᠴᠢᠶᠡᠯ︾ ᠤᠨ ᠦᠶᠯᠡᠳᠦᠯ ᠢ ᠪᠠᠳᠠᠷᠠᠭᠤᠯᠵᠤ᠂ ᠪᠠᠶᠢᠭᠤᠯᠭ᠎ᠠ ᠶᠢᠨ ᠺᠠᠳ᠋ᠷ ᠪᠣᠯᠤᠨ ᠤᠯᠤᠰ ᠲᠥᠷᠦ | ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ | ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ | ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠠᠵᠢᠯ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠵᠡᠷᠭᠡ ᠠᠭᠤᠯᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ | ᠵᠡᠷᠭᠡ ᠲᠠᠯ᠎ᠠ ᠪᠠᠷ ᠬᠢ ᠴᠢᠬᠤᠯᠠ ᠶᠠᠷᠢᠶᠠᠨ ᠤ ᠭᠤᠤᠯ ᠠᠭᠤᠯᠭ᠎ᠠ᠂ ᠵᠤᠷᠢᠭ ᠰᠠᠨᠠᠭᠠᠨ ᠤ ᠪᠤᠳᠠᠳᠤ ᠴᠢᠨᠠᠷ᠂ | ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠳᠡᠵᠦ᠂ ᠥᠷᠭᠡᠨ ᠣᠯᠠᠨ ᠭᠡᠰᠢᠭᠦᠨ ᠪᠤᠯᠤᠨ ᠪᠠᠶᠢᠭᠤᠯᠭ᠎ᠠ ᠶᠢᠨ ᠺᠠᠳ᠋ᠷ ᠤᠨ | ᠰᠤᠷᠤᠯᠴᠠᠬᠤ᠂ ᠰᠡᠳᠬᠢᠬᠦ ᠂ ᠬᠡᠷᠡᠭᠯᠡᠬᠦ ᠶᠢ ᠠᠪᠴᠠᠯᠳᠤᠭᠤᠯᠬᠤ᠂ ᠮᠡᠳᠡᠬᠦ ᠂ ᠢᠲᠡᠭᠡᠬᠦ ᠂ ᠬᠡᠷᠡᠭᠵᠢᠭᠦᠯᠬᠦ ᠶᠢ | ᠨᠢᠭᠡᠳᠬᠡᠬᠦ ᠶᠢ ᠠᠬᠢᠭᠤᠯᠪᠠ᠃ | ᠦᠵᠡᠯ ᠰᠠᠨᠠᠭᠠᠨ ᠤ ᠲᠠᠨᠢᠯᠲᠠ ᠶᠢ ᠴᠢᠩᠭᠠᠳᠬᠠᠪᠠ᠃ ᠪᠠᠶᠢᠭᠤᠯᠤᠯᠭ᠎ᠠ ᠶᠢᠨ ᠤᠳᠤᠷᠢᠳᠬᠤ ᠺᠠᠳ᠋ᠷ ᠢ ᠣᠯᠠᠨ | ᠤᠳᠠᠭ᠎ᠠ ᠵᠣᠬᠢᠶᠠᠨ ᠪᠠᠶᠢᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶ᠎ᠠ᠂ ᠲᠥᠪ ᠤᠨ ᠤᠯᠤᠰ ᠲᠥᠷᠦ ᠶᠢᠨ ᠵᠥᠪᠯᠡᠯᠭᠡᠨ ᠤ ᠠᠵᠢᠯ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ | ᠶᠢᠨ ᠲᠣᠭᠤᠷᠢᠨ ᠳᠤ ᠲᠤᠰᠬᠠᠶ ᠰᠡᠳᠦᠪᠲᠦ ᠬᠤᠷᠠᠯ ᠡᠷᠬᠢᠯᠡᠪᠡ᠃ ᠤᠯᠤᠰ ᠲᠥᠷᠦ ᠶᠢᠨ ᠵᠥᠪᠯᠡᠯᠭᠡᠨ ᠤ ᠪᠠᠶᠢᠩᠭᠤ ᠶᠢᠨ | ᠭᠡᠰᠢᠭᠦᠳ ᠢ ᠵᠣᠬᠢᠶᠠᠨ ᠪᠠᠶᠢᠭᠤᠯᠵᠤ ︽ᠤᠭ ᠰᠠᠨᠠᠭ᠎ᠠ ᠪᠠᠨ ᠦᠯᠦ ᠮᠠᠷᠲᠠᠨ᠂ ᠲᠤᠰᠢᠶᠠᠯ ᠬᠠᠷᠢᠭᠤᠴᠠᠯᠭ᠎ᠠ ᠪᠠᠨ | ᠭᠦᠶᠴᠡᠳᠬᠡᠬᠦ︾ ᠪᠠᠷ ᠭᠤᠤᠯ ᠰᠡᠳᠦᠪ ᠪᠤᠯᠭᠠᠭᠰᠠᠨ ᠲᠤᠰᠬᠠᠶ ᠰᠠᠳᠤᠪᠳᠤ ᠶᠠᠷᠢᠯᠴᠠᠯᠭ᠎ᠠ ᠦᠷᠨᠢᠭᠦᠯᠪᠡ᠃ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠣᠰ ᠲᠣᠰ ︽ᠤᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ | ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠦ ᠶᠢᠨ | ᠵᠥᠪᠯᠡᠯᠭᠡᠨ ᠤ ᠠᠵᠢᠯ ᠢ ᠦᠨᠡᠨᠬᠦ ᠴᠢᠩᠭᠠᠳᠬᠠᠶ᠎ᠠ︾ ᠵᠡᠷᠭᠡ ᠰᠡᠳᠦᠪ ᠢᠶᠠᠷ᠂ ᠠᠳᠠᠯᠢ ᠪᠤᠰᠤ ᠲᠡᠰ ᠳᠠᠪᠬᠤᠷᠭ᠎ᠠ᠂ | ᠠᠳᠠᠯᠢ ᠪᠤᠰᠤ ᠬᠦᠷᠢᠶ᠎ᠡ ᠬᠡᠪᠴᠢᠶᠡᠨ ᠳᠤ ᠲᠤᠰᠬᠠᠶ ᠰᠡᠳᠦᠪᠲᠦ ᠨᠠᠮ ᠤᠨ ᠬᠢᠴᠢᠶᠡᠯ ᠢ ᠲᠠᠶᠢᠯᠪᠤᠷᠢᠯᠠᠵᠤ᠂ ᠥᠷᠭᠡᠨ | ᠣᠯᠠᠨ ᠤᠯᠤᠰ ᠲᠥᠷᠦ ᠶᠢᠨ ᠵᠥᠪᠯᠡᠯᠭᠡᠨ ᠤ ᠬᠡᠰᠢᠭᠦᠳ ᠢ ᠲᠠᠶᠢᠴᠢᠯᠠᠨ ᠳᠤᠮᠳᠠᠳᠤ ᠤᠯᠤᠰ ᠤᠨ ᠡᠪ ᠬᠠᠮᠲᠤ ᠨᠠᠮ | ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠦ ᠶᠢᠨ ᠲᠠᠨᠢᠯᠲᠠ᠂ ᠦᠵᠡᠯ | ᠰᠠᠨᠠᠭᠠᠨ ᠤ ᠲᠠᠨᠢᠯᠲᠠ᠂ ᠤᠨᠤᠯ ᠤᠨ ᠲᠠᠨᠢᠯᠲᠠ᠂ ᠬᠠᠶᠢᠷ᠎ᠠ ᠰᠡᠳᠬᠢᠯᠭᠡ ᠶᠢᠨ ᠲᠠᠨᠢᠯᠲᠠ ᠶᠢ ᠨᠢ ᠨᠡᠮᠡᠭᠳᠡᠭᠦᠯᠪᠡ᠃ | ᠭᠡᠰᠢᠭᠦᠳ ᠤᠨ ᠰᠤᠷᠤᠯᠴᠠᠯᠭ᠎ᠠ ᠪᠤᠯᠪᠠᠰᠤᠷᠠᠯ ᠢ ᠴᠢᠩᠭᠠᠳᠬᠠᠪᠠ᠃ ︽ᠤᠷᠢᠵᠤ ᠠᠪᠴᠢᠷᠠᠬᠤ᠂ ᠭᠠᠳᠠᠭᠰᠢ | ᠭᠠᠷᠬᠤ︾ ᠠᠷᠭ᠎ᠠ ᠠᠪᠴᠤ᠂ ᠭᠡᠰᠢᠭᠦᠳ ᠤᠨ ᠪᠣᠯᠪᠠᠰᠤᠷᠠᠯ ᠢ ᠢᠳᠡᠪᠬᠢᠲᠡᠢ ᠥᠷᠨᠢᠭᠦᠯᠪᠡ᠃ ᠭᠤᠷᠪᠠᠨ ᠪᠦᠯᠦᠭ | ᠬᠤᠪᠢᠶᠠᠨ ᠭᠡᠰᠢᠭᠦᠳ ᠢᠶᠠᠨ ᠵᠣᠬᠢᠶᠠᠨ ᠪᠠᠶᠢᠭᠤᠯᠵᠤ ᠵᠢᠩᠭᠠᠩᠱᠠᠨ ᠳᠤ ᠬᠦᠷᠴᠦ ᠬᠤᠪᠢᠰᠬᠠᠯ ᠤᠨ ᠰᠤᠷᠭᠠᠨ ᠬᠥᠮᠦᠵᠢᠯ | ᠬᠦᠷᠲᠡᠵᠦ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠢ ᠤᠷᠢᠵᠤ ︽ᠰᠢᠨ᠎ᠡ ᠴᠠᠭ ᠦᠶ᠎ᠡ | ᠶᠢᠨ ᠤᠯᠤᠰ ᠲᠥᠷᠦ ᠶᠢᠨ ᠵᠥᠪᠯᠡᠯᠭᠡᠨ ᠤ ᠰᠠᠶᠢᠨ ᠠᠵᠢᠯᠲᠠᠨ ᠪᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠦᠶᠯᠡᠰ ᠢ ᠪᠡᠶᠡᠯᠡᠭᠦᠯᠬᠦ ᠶᠢᠨ ᠲᠥᠯᠥᠭᠡ ᠬᠤᠪᠢ ᠨᠡᠮᠡᠷᠢ ᠪᠠᠨ ᠡᠷᠭᠦᠶ᠎ᠡ︾ ᠭᠡᠬᠦ | ᠰᠡᠳᠦᠪ ᠢᠶᠠᠷ ᠭᠡᠰᠢᠭᠦᠳ ᠲᠡᠭᠡᠨ ᠲᠤᠰᠬᠠᠶ ᠰᠡᠳᠦᠪᠲᠦ ᠵᠢᠯᠣᠭᠤᠳᠤᠯᠭ᠎ᠠ ᠬᠢᠪᠡ᠃ 3 ᠳᠡᠳ᠋ ᠲᠡᠷᠢᠭᠦᠯᠡᠭᠴᠢ᠂ 2 | ᠪᠠᠶᠢᠭᠤᠯᠭ᠎ᠠ ᠶᠢᠨ ᠺᠠᠳ᠋ᠷ ᠭᠠᠳᠠᠭᠰᠢ ᠭᠠᠷᠴᠤ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠡᠷᠬᠢᠯᠡᠭᠰᠡᠨ ᠡᠯ᠎ᠡ ᠱᠠᠲᠤᠨ ᠤ ᠡᠯ᠎ᠡ ᠲᠥᠷᠥᠯ ᠤᠨ ᠪᠣᠯᠪᠠᠰᠤᠷᠠᠯ | ᠳᠤ ᠣᠷᠣᠯᠴᠠᠪᠠ᠃ ᠪᠦᠬᠦ ᠵᠢᠯ ᠳᠤ ᠡᠯ᠎ᠡ ᠱᠠᠲᠤᠨ ᠤ ᠡᠯ᠎ᠡ ᠲᠥᠷᠥᠯ ᠤᠨ ᠰᠤᠷᠤᠯᠴᠠᠯᠭ᠎ᠠ ᠪᠣᠯᠪᠠᠰᠤᠷᠠᠯ ᠢ | ᠬᠦᠷᠲᠡᠭᠰᠡᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠪᠠ ᠪᠠᠶᠢᠭᠤᠯᠭ᠎ᠠ ᠶᠢᠨ ᠺᠠᠳ᠋ᠷ 220 ᠭᠠᠷᠤᠶ ᠬᠥᠮᠦᠨ | ᠳᠤ ᠬᠦᠷᠴᠦ᠂ ᠭᠡᠰᠢᠭᠦᠳ ᠤᠨ ᠦᠵᠡᠯ ᠰᠠᠨᠠᠭ᠎ᠠ ᠪᠠ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠥᠷᠦ ᠶᠢᠨ | ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃ | ︵ᠬᠤᠶᠠᠷ︶ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠵᠥᠪᠯᠡᠯᠭᠡ ᠬᠢᠵᠦ ᠲᠥᠷᠦ | ᠳᠤ ᠵᠦᠪᠯᠡᠭᠦ ᠦᠷ᠎ᠡ ᠪᠦᠲᠦᠮᠵᠢ ᠪᠠᠨ ᠨᠠᠩ ᠲᠤᠪᠤᠶᠢᠮ᠎ᠠ ᠪᠤᠯᠭᠠᠪᠠ᠃ | ᠠᠷᠠᠳᠴᠢᠯᠠᠯ ᠢᠶᠠᠷ ᠵᠥᠪᠯᠡᠬᠦ ᠦᠶᠯᠡᠳᠦᠯᠭᠡ ᠶᠢ ᠭᠦᠨᠵᠡᠭᠡᠶᠢᠷᠡᠭᠦᠯᠪᠡ᠃ ᠪᠦᠬᠦ ᠬᠤᠰᠢᠭᠤᠨ ᠤ ᠭᠤᠣᠯᠳᠠᠯᠭ᠎ᠠ ᠲᠠᠢ | ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠵᠥᠪᠯᠡᠯᠭᠡ ᠬᠢᠵᠦ ᠲᠥᠷᠦ ᠳᠤ ᠵᠥᠪᠯᠡᠬᠦ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ 9 ᠳᠤᠰᠬᠠᠢ ᠰᠡᠳᠦᠪ ᠤᠨ ᠳᠤᠭᠤᠶᠢᠯᠠᠩ ᠢ ᠨᠢᠭᠡᠳᠦᠯᠲᠡᠢ ᠲᠥᠯᠥᠪᠯᠡᠨ ᠪᠠᠶᠢᠭᠤᠯᠵᠤ᠂ | 46 ᠤᠳᠠᠭᠠᠨ ᠤ ᠪᠠᠶᠢᠴᠠᠭᠠᠨ ᠰᠤᠳᠤᠯᠤᠯᠲᠠ᠂ ᠵᠥᠪᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ 28 ᠬᠤᠪᠢ | ᠬᠤᠷᠠᠯ ᠤᠨ ᠢᠯᠡᠳᠭᠡᠯ ᠪᠠ ᠪᠠᠶᠢᠴᠠᠭᠠᠨ ᠰᠤᠳᠤᠯᠤᠯᠲᠠ᠂ ᠵᠦᠪᠯᠡᠯᠭᠡᠨ ᠤ ᠮᠡᠳᠡᠭᠦᠯᠦᠯᠲᠡ ᠶᠢ 9 ᠬᠤᠪᠢ ᠪᠢᠴᠢᠵᠤ᠂ | 69 ᠵᠤᠷᠪᠤᠰ ᠠᠷᠭ᠎ᠠ ᠪᠣᠳᠣᠯᠭ᠎ᠠ ᠰᠠᠨᠠᠭᠤᠯᠭ᠎ᠠ ᠳᠤᠷᠠᠳᠴᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠤ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠯᠡᠬᠦ ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ | ᠬᠠᠩᠭᠠᠪᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠤᠳᠤᠷᠢᠳᠤᠯᠭ᠎ᠠ ᠨᠠᠷ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ 139 ᠬᠥᠮᠦᠨ ᠡᠯ᠎ᠡ ᠲᠥᠷᠥᠯ ᠤᠨ ᠲᠤᠰᠬᠠᠶ ᠰᠡᠳᠦᠪᠲᠦ ᠰᠤᠳᠤᠯᠤᠯᠲᠠ ᠪᠠ ᠵᠥᠪᠳᠡᠯᠴᠡᠬᠦ | ᠬᠤᠷᠠᠯ ᠳᠤ ᠣᠷᠣᠯᠴᠠᠪᠠ᠃ | ᠠᠵᠤ ᠠᠬᠤᠢ ᠶᠢᠨ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠪᠡ᠃ ᠮᠠᠨ ᠤ ᠬᠤᠰᠢᠭᠤᠨ ᠤ ᠠᠵᠤ ᠠᠬᠤᠢ | ᠶᠢᠨ ᠬᠦᠷᠢᠶᠡᠨ ᠤ ᠴᠢᠨᠠᠷᠯᠢᠭ ᠬᠥᠭᠵᠢᠯᠲᠡ ᠶᠢᠨ ᠭᠤᠤᠯᠳᠠᠯᠭ᠎ᠠ ᠲᠠᠢ ᠠᠰᠠᠭᠤᠳᠠᠯ ᠳᠤ ᠴᠢᠭᠯᠡᠭᠦᠯᠦᠨ᠂ ︽ᠠᠷᠠᠳ | ᠠᠴᠠ ᠡᠵᠡᠩᠨᠡᠭᠰᠡᠨ ᠠᠵᠤ ᠠᠬᠤᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠡᠯ᠎ᠡ ᠵᠦᠶᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ︾ ᠤᠨ ᠲᠣᠭᠤᠷᠢᠨ ᠳᠤ᠂ ᠥᠷᠭᠡᠨ ᠢᠶᠠᠷ | ᠵᠥᠪᠳᠡᠯᠴᠡᠭᠰᠡᠨ ᠰᠠᠭᠤᠷᠢᠨ ᠳᠡᠭᠡᠷ᠎ᠡ᠂ ︽ᠠᠷᠠᠳ ᠠᠴᠠ ᠡᠵᠡᠩᠨᠡᠭᠰᠡᠨ ᠠᠵᠤ ᠠᠬᠤᠢᠯᠠᠯ ᠤᠨ ᠮᠡᠷᠭᠡᠵᠢᠯ ᠤᠨ ᠰᠢᠨ᠎ᠡ | ᠶᠢ ᠡᠭᠦᠳᠬᠦ ᠤᠬᠠᠮᠰᠠᠷ ᠢᠶᠠᠨ ᠳᠡᠭᠡᠭᠰᠢᠯᠡᠭᠦᠯᠬᠦ ᠶᠢ ᠵᠢᠯᠣᠭᠤᠳᠬᠤ︾ ᠵᠡᠷᠭᠡ 9 ᠰᠠᠨᠠᠭᠤᠯᠭ᠎ᠠ ᠳᠤᠷᠠᠳᠪᠠ᠃ ︽ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠶᠢᠨ | ᠬᠥᠭᠵᠢᠯᠲᠡ ᠶᠢᠨ ᠪᠠᠶᠢᠳᠠᠯ︾᠂ ︽ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠦᠶᠯᠡᠳᠬᠦᠨ ᠤ ᠠᠵᠤ | ᠠᠬᠤᠶᠢᠯᠠᠯ ᠤᠨ ᠬᠥᠭᠵᠢᠯᠲᠡ ᠶᠢᠨ ᠪᠠᠶᠢᠳᠠᠯ︾ ᠤᠨ ᠲᠣᠭᠤᠷᠢᠨ ᠳᠤ᠂ ᠭᠡᠰᠢᠭᠦᠳ ᠢ ᠵᠣᠬᠢᠶᠠᠨ ᠪᠠᠶᠢᠭᠤᠯᠤᠨ | ᠪᠠᠶᠢᠴᠠᠭᠠᠨ ᠰᠤᠳᠤᠯᠤᠯᠲᠠ ᠵᠥᠪᠳᠡᠯᠴᠡᠭᠡ ᠥᠷᠨᠢᠭᠦᠯᠵᠦ᠂ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠶᠯᠡᠴᠢᠯᠡᠭᠡᠨ ᠤ ᠠᠵᠢᠯ ᠢ ᠡᠮᠬᠢ ᠵᠢᠷᠤᠮ ᠲᠠᠢ ᠪᠠᠷ ᠬᠦᠯᠢᠶᠡᠨ ᠠᠪᠴᠤ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ | ᠬᠤᠷᠢᠶ᠎ᠠ ᠳᠤ ᠬᠥᠭᠵᠢᠯᠲᠡ ᠶᠢᠨ ᠲᠣᠬᠢᠶᠠᠯ ᠤᠯᠭᠤᠬᠤ︾ ᠵᠡᠷᠭᠡ 16 ᠵᠤᠷᠪᠤᠰ ᠰᠠᠨᠠᠭᠤᠯᠭ᠎ᠠ ᠳᠤᠷᠠᠳᠴᠤ᠂ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠦᠶᠴᠡᠳ ᠨᠤᠲᠠᠯᠠᠪᠠ᠃ ︽ᠪᠣᠬᠢᠷᠲᠤᠯ ᠥᠬᠡᠶ ᠬᠥᠭᠵᠢᠯᠲᠡ ᠶᠢ | ᠪᠠᠷᠢᠮᠲᠠᠯᠠᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠶᠡᠬᠡᠰᠬᠡᠬᠦ︾ ᠠᠵᠢᠯ | ᠤᠨ ᠲᠣᠭᠤᠷᠢᠨ ᠳᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ︽ᠭᠠᠵᠠᠷ ᠣᠷᠣᠨ ᠤ ᠪᠠᠶᠢᠳᠠᠯ | ᠳᠠᠭᠠᠨ ᠲᠤᠬᠢᠷᠠᠭᠤᠯᠤᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ | ᠢ ᠳᠡᠭᠡᠭᠰᠢᠯᠡᠭᠦᠯᠬᠦ︾ ᠵᠡᠷᠭᠡ 11 ᠵᠤᠷᠪᠤᠰ ᠰᠠᠨᠠᠭᠤᠯᠭ᠎ᠠ ᠳᠤᠷᠠᠳᠴᠤ᠂ ᠮᠠᠨ ᠤ ᠬᠤᠰᠢᠭᠤᠨ ᠤ ᠠᠷᠠᠳ ᠠᠴᠠ | ᠡᠵᠡᠩᠨᠡᠭᠰᠡᠨ ᠠᠵᠤ ᠠᠬᠤᠶ ᠪᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠴᠢᠨᠠᠷ ᠰᠠᠶᠢᠲᠠᠶ | ᠬᠥᠭᠵᠢᠯᠲᠡ ᠳᠤ ᠦᠨᠡᠲᠡᠢ ᠰᠠᠨᠠᠯ ᠰᠠᠨᠠᠭᠤᠯᠭ᠎ᠠ ᠳᠤᠷᠠᠳᠪᠠ᠃ | ᠨᠡᠶᠢᠭᠡᠮ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠳᠡᠮᠵᠢᠪᠠ᠃ ᠮᠠᠨ ᠤ ᠬᠤᠰᠢᠭᠤᠨ ᠤ ᠨᠡᠶᠢᠭᠡᠮ ᠤᠨ | ᠬᠦᠷᠢᠶᠡᠨ ᠳᠤ ᠣᠷᠣᠰᠢᠵᠤ ᠪᠠᠶᠢᠭ᠎ᠠ ᠳᠤᠲᠠᠭᠳᠠᠯ ᠲᠠᠢ ᠠᠰᠠᠭᠤᠳᠠᠯ ᠢ ᠦᠷᠭᠦᠯᠵᠢᠯᠡᠨ ᠠᠩᠬᠠᠷᠴᠤ᠂ ︽ᠬᠢᠯᠢ ᠬᠢᠵᠠᠭᠠᠷ | ᠣᠷᠣᠨ ᠢ ᠬᠠᠮᠠᠭᠠᠯᠠᠬᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠴᠠᠭᠳᠠᠭ᠎ᠠ ᠠᠷᠠᠳ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠠᠵᠢᠯ ᠢ ᠠᠬᠢᠭᠤᠯᠬᠤ︾ ᠶᠢᠨ ᠲᠣᠭᠤᠷᠢᠨ ᠳᠤ᠂ ᠭᠡᠰᠢᠭᠦᠳ ᠢ ᠵᠣᠬᠢᠶᠠᠨ ᠪᠠᠶᠢᠭᠤᠯᠤᠨ ᠬᠢᠯᠢ ᠳᠤ | ᠭᠦᠨᠵᠡᠭᠡᠶᠢᠷᠡᠭᠦᠯᠦᠨ᠂ ᠬᠢᠯᠢ ᠬᠢᠵᠠᠭᠠᠷ ᠣᠷᠣᠨ ᠢ ᠬᠠᠮᠠᠭᠠᠯᠠᠬᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ | ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ︽ᠬᠢᠯᠢ ᠬᠢᠵᠠᠭᠠᠷ ᠣᠷᠣᠨ ᠢ | ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢ ᠠᠬᠢᠭᠤᠯᠬᠤ︾ ᠵᠡᠷᠭᠡ 4 | ᠵᠤᠷᠪᠤᠰ ᠰᠠᠨᠠᠭᠤᠯᠭ᠎ᠠ ᠳᠤᠷᠠᠳᠴᠤ᠂ ᠬᠤᠰᠢᠭᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠠᠴᠠ ᠳᠡᠭᠡᠲᠦ ᠬᠡᠮᠵᠢᠶ᠎ᠡ | ᠪᠠᠷ ᠴᠢᠬᠤᠯᠠᠴᠢᠯᠠᠨ ᠦᠵᠡᠵᠤ᠂ ᠬᠤᠯᠪᠤᠭᠳᠠᠬᠤ ᠬᠠᠮᠢᠶ᠎ᠠ ᠪᠦᠭᠦᠢ ᠪᠠᠶᠢᠭᠤᠯᠭ᠎ᠠ ᠳᠤ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠶᠢ ᠱᠠᠭᠠᠷᠳᠠᠪᠠ᠃ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠠᠩᠬᠠᠷᠴᠤ᠂ ︽ | ᠮᠠᠯᠵᠢᠬᠤ ᠲᠠᠷᠢᠶᠠᠯᠠᠬᠤ ᠣᠷᠣᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠤᠷᠲᠤ ᠬᠤᠭᠤᠴᠠᠭᠠᠨ ᠤ | ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ︾᠂ ︽ᠮᠠᠯᠵᠢᠬᠤ | ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠬᠤ︾᠂ ︽ᠪᠥᠬᠦ ᠬᠤᠰᠢᠭᠤᠨ | ᠤ ᠳᠥᠷᠪᠡᠨ ᠰᠠᠶᠢᠨ ᠬᠥᠳᠡᠭᠡ ᠲᠣᠰᠬᠤᠨ ᠤ ᠵᠠᠮ ᠤᠨ ᠪᠦᠲᠦᠭᠡᠨ ᠪᠠᠢᠭᠤᠯᠤᠯᠲᠠ︾ ᠶᠢᠨ ᠲᠣᠭᠤᠷᠢᠨ ᠳᠤ ᠲᠤᠰᠬᠠᠶ | ᠰᠡᠳᠦᠪᠲᠦ ᠵᠥᠪᠳᠡᠯᠴᠡᠭᠡ ᠥᠷᠨᠢᠭᠦᠯᠵᠦ᠂ ︽ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠤᠷᠲᠤ ᠬᠤᠭᠤᠴᠠᠭᠠᠨ | ᠤ ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠶᠢᠨ ᠳᠦᠷᠢᠮ ᠢ ᠳᠤᠬᠳᠠᠭᠠᠨ ᠲᠡᠭᠦᠯᠳᠡᠷᠵᠢᠭᠦᠯᠬᠦ︾ ᠵᠡᠷᠭᠡ 23 | ᠵᠤᠷᠪᠤᠰ ᠰᠠᠨᠠᠭᠤᠯᠭ᠎ᠠ ᠳᠤᠷᠠᠳᠪᠠ᠃ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠠᠩᠬᠠᠷᠤᠯ | ᠬᠠᠨᠳᠤᠭᠤᠯᠵᠤ ︽ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠯᠠᠮᠵᠢᠯᠠᠯ ᠪᠠ ᠬᠥᠭᠵᠢᠯᠲᠡ ᠶᠢᠨ | ᠪᠠᠶᠢᠳᠠᠯ︾ ᠤᠨ ᠲᠣᠭᠤᠷᠢᠨ ᠳᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠵᠡᠷᠭᠡ ᠶᠢᠨ | ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ 6 ᠲᠠᠯ᠎ᠠ ᠶᠢᠨ ᠰᠠᠨᠠᠭᠤᠯᠭ᠎ᠠ ᠳᠤᠷᠠᠳᠴᠤ᠂ ᠮᠠᠨ ᠤ ᠬᠤᠰᠢᠭᠤᠨ ᠤ | ᠨᠡᠶᠢᠭᠡᠮ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠨᠡᠶᠢᠴᠡᠬᠦ ᠰᠠᠨᠠᠯ | ᠰᠠᠨᠠᠭᠤᠯᠭ᠎ᠠ ᠳᠤᠷᠠᠳᠪᠠ᠃ | ︵ᠭᠤᠷᠪᠠ︶ ᠠᠷᠠᠳ ᠤᠨ ᠠᠮᠢᠳᠤᠷᠠᠯ ᠳᠤ ᠦᠶᠯᠡᠴᠢᠯᠡᠬᠦ ᠶᠢ ᠪᠠᠷᠢᠮᠲᠠᠯᠠᠵᠤ᠂ ᠠᠷᠠᠳᠴᠢᠯᠠᠯ ᠢᠶᠠᠷ ᠵᠥᠪᠯᠡᠬᠦ | ᠪᠣᠳᠠᠲᠤ ᠦᠷ᠎ᠡ ᠪᠦᠲᠦᠮᠵᠢ ᠶᠢ ᠨᠠᠩ ᠢᠯᠡᠷᠬᠡᠶ ᠪᠤᠯᠭᠠᠪᠠ | ᠠᠷᠠᠳ ᠤᠨ ᠠᠮᠢᠳᠤᠷᠠᠯ ᠤᠨ ᠲᠤᠬᠠᠢ ᠬᠢᠨᠠᠨ ᠪᠠᠶᠢᠴᠠᠭᠠᠵᠤ ᠬᠠᠯᠠᠮᠵᠢᠯᠠᠪᠠ᠃ ᠣᠯᠠᠨ ᠲᠦᠮᠡᠨ ᠤ ᠠᠩᠬᠠᠷᠤᠯ | ᠲᠠᠯᠪᠢᠵᠤ ᠪᠠᠶᠢᠭ᠎ᠠ ᠨᠡᠶᠢᠭᠡᠮ ᠤᠨ ᠠᠷᠠᠳ ᠤᠨ ᠠᠮᠢᠳᠤᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ | ᠶᠢᠨ ᠬᠥᠭᠵᠢᠯᠲᠡ᠂ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠪᠣᠷᠣᠭᠠᠨ ᠳᠤ | ᠭᠤᠭᠤᠵᠢᠭᠰᠠᠨ᠂ ᠦᠨᠳᠦᠰᠦᠲᠡᠨ ᠤ ᠭᠠᠷ ᠤᠷᠠᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠤᠨ | ᠲᠣᠭᠤᠷᠢᠨ ᠳᠤ᠂ ᠵᠥᠪᠯᠡᠬᠦ ᠬᠡᠯᠪᠡᠷᠢ ᠶᠢᠨ ᠬᠢᠨᠠᠯᠲᠠ ᠶᠢ ᠦᠷᠭᠦᠯᠵᠢᠯᠡᠨ ᠥᠷᠨᠢᠭᠦᠯᠵᠦ᠂ ᠤᠷᠢᠳ ᠬᠤᠵᠢᠳ 35 | ᠭᠡᠰᠢᠭᠦᠨ ᠦᠨᠳᠦᠰᠦᠨ ᠱᠠᠲᠤᠨ ᠤ ᠨᠢᠭᠡᠴᠡ ᠶᠢ ᠪᠠᠶᠢᠴᠠᠭᠠᠨ ᠦᠵᠡᠵᠦ᠂ ᠠᠷᠠᠳ ᠤᠨ ᠠᠮᠢᠳᠤᠷᠠᠯ ᠤᠨ ᠬᠦᠷᠢᠶᠡᠨ | ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ 24 ᠵᠦᠶᠯ ᠤᠨ ᠰᠠᠨᠠᠭᠤᠯᠭ᠎ᠠ ᠳᠤᠷᠠᠳᠴᠤ᠂ ᠬᠠᠮᠢᠶ᠎ᠠ | ᠪᠦᠬᠦᠢ ᠠᠵᠢᠯ ᠶᠢᠨ ᠨᠠᠶᠢᠳᠠᠪᠤᠷᠢᠵᠢᠭᠤᠯᠤᠯᠲᠠ ᠶᠢ ᠲᠦᠯᠭᠢᠨ ᠠᠬᠢᠭᠤᠯᠪᠠ᠃ ︽ᠰᠢᠷᠠᠮᠦ᠋ᠷᠡᠨ ᠤ ᠲᠠᠯ᠎ᠠ ᠨᠤᠲᠤᠭ ᠤᠨ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠲᠤᠬᠠᠶ ᠵᠥᠪᠯᠡᠬᠦ | ᠮᠡᠳᠡᠭᠦᠯᠦᠯᠲᠡ︾ ᠵᠡᠷᠭᠡ ᠮᠡᠳᠡᠭᠦᠯᠦᠯᠲᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠲᠠᠢ ᠤᠶᠠᠯᠳᠤᠭᠤᠯᠤᠨ | ᠲᠡᠷᠢᠭᠦᠯᠡᠭᠴᠢ ᠶᠢᠨ ᠬᠠᠮᠲᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠵᠥᠪᠯᠡᠯᠭᠡ ᠬᠢᠵᠦ ᠵᠠᠰᠠᠭ ᠤᠨ ᠶᠠᠪᠤᠳᠠᠯ | ᠢ ᠵᠥᠪᠯᠡᠭᠰᠡᠨ ᠦᠷ᠎ᠡ ᠪᠦᠲᠦᠭᠡᠯ ᠢ ᠠᠬᠢᠭᠤᠯᠪᠠ᠃ ᠠᠷᠠᠳᠴᠢᠯᠠᠯ ᠢᠶᠠᠷ ᠵᠦᠪᠯᠡᠬᠦ ᠠᠵᠢᠯ ᠢ ᠴᠢᠩᠭᠠᠳᠬᠠᠨ᠂ ᠣᠢ | ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠵᠡᠷᠭᠡ 5 ᠰᠠᠯᠠᠭ᠎ᠠ ᠮᠥᠴᠢᠷ ᠲᠤ ᠠᠷᠠᠳᠴᠢᠯᠠᠯ ᠤᠨ ᠵᠦᠪᠳᠡᠯᠴᠡᠭᠡᠷ ᠬᠢᠵᠤ᠂ ᠡᠳᠡᠭᠡᠷ | ᠰᠠᠯᠠᠭ᠎ᠠ ᠮᠥᠴᠢᠷ ᠤᠨ ᠠᠵᠢᠯ ᠤᠨ ᠬᠡᠪ ᠰᠤᠷᠲᠠᠯ ᠢᠶᠠᠨ ᠰᠠᠶᠢᠵᠢᠷᠠᠭᠤᠯᠬᠤ ᠶᠢ ᠠᠬᠢᠭᠤᠯᠪᠠ᠃ ᠰᠢᠭᠦᠬᠦ ᠬᠤᠷᠢᠶ᠎ᠠ | ᠪᠠᠶᠢᠴᠠᠭᠠᠬᠤ ᠬᠤᠷᠢᠶ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠯ᠎ᠡ ᠲᠥᠷᠥᠯ ᠤᠨ ᠶᠠᠷᠢᠯᠴᠠᠬᠤ ᠬᠤᠷᠠᠯ᠂ | ᠠᠷᠠᠳᠴᠢᠯᠠᠯ ᠢᠶᠠᠷ ᠰᠢᠯᠭᠠᠨ ᠦᠨᠡᠯᠡᠬᠦ ᠠᠵᠢᠯᠯᠠᠭ᠎ᠠ ᠳᠤ ᠭᠡᠰᠢᠭᠦᠳ ᠢ ᠤᠷᠤᠯᠴᠠᠭᠤᠯᠵᠤ᠂ ᠠᠷᠠᠳᠴᠢᠯᠠᠯ ᠢᠶᠠᠷ ᠬᠢᠨᠠᠯᠲᠠ | ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠪᠡ᠃ ᠲᠡᠷᠢᠭᠦᠯᠡᠭᠴᠢ᠂ ᠳᠡᠳ᠋ ᠲᠡᠷᠢᠭᠦᠯᠡᠭᠴᠢ ᠲᠣᠰ ᠲᠣᠰ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ | ᠰᠤᠯᠠ ᠣᠷᠣᠯᠴᠠᠵᠤ᠂ ᠭᠡᠰᠢᠭᠦᠳ ᠠᠷᠠᠳ ᠤᠨ ᠲᠥᠯᠥᠭᠡᠯᠡᠭᠴᠢᠳ ᠤᠨ ᠬᠤᠷᠠᠯ ᠳᠤ ᠰᠤᠯᠠ ᠣᠷᠣᠯᠴᠠᠵᠤ᠂ ᠠᠷᠠᠳ | ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠤᠯᠭᠠᠭᠰᠠᠨ ᠠᠷᠭ᠎ᠠ ᠪᠤᠳᠤᠯᠭ᠎ᠠ ᠳᠡᠪᠰᠢᠭᠦᠯᠵᠤ᠂ | ᠠᠷᠠᠳᠴᠢᠯᠠᠯ ᠢᠶᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠪᠠ᠃ | ᠰᠠᠨᠠᠯ ᠵᠥᠪᠯᠡᠯᠭᠡ ᠶᠢᠨ ᠮᠡᠳᠡᠭᠡ ᠵᠠᠩᠭᠢ ᠶᠢ ᠠᠷᠠᠳ ᠤᠨ ᠠᠮᠢᠳᠤᠷᠠᠯ ᠲᠠᠢ ᠤᠶᠠᠯᠳᠤᠭᠤᠯᠪᠠ᠃ ᠭᠡᠰᠢᠭᠦᠳ ᠢ | ᠤᠳᠤᠷᠢᠳᠤᠨ ᠨᠡᠶᠢᠭᠡᠮ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠤᠯᠭᠠᠭᠰᠠᠨ ᠰᠠᠨᠠᠯ ᠵᠥᠪᠯᠡᠯᠭᠡ ᠪᠢᠴᠢᠬᠦ ᠶᠢ | ᠵᠢᠯᠣᠭᠤᠳᠴᠤ᠂ ᠪᠦᠬᠦ ᠵᠢᠯ ᠳᠤ 64 ᠬᠤᠪᠢ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠵᠤ ᠳᠠᠩᠰᠠᠯᠠᠪᠠ᠂ ︽ | ᠠᠶᠢᠪᠠᠭ᠎ᠠ ᠭᠤᠤᠯ ᠤᠨ ᠡᠬᠢ ᠰᠤᠷᠪᠤᠯᠵᠢ ᠶᠢ ᠵᠠᠰᠠᠬᠤ ᠪᠠ ᠬᠠᠮᠠᠭᠠᠯᠠᠬᠤ ᠶᠢ ᠴᠢᠩᠭᠠᠳᠬᠠᠬᠤ ᠲᠤᠬᠠᠶ ᠰᠠᠨᠠᠭᠤᠯᠭ᠎ᠠ︾ | ᠵᠡᠷᠭᠡ 10 ᠬᠤᠪᠢ ᠭᠤᠤᠯᠳᠠᠯᠭ᠎ᠠ ᠲᠠᠢ ᠰᠠᠨᠠᠯ ᠵᠥᠪᠯᠡᠯᠭᠡ ᠶᠢ ᠲᠡᠷᠢᠭᠦᠯᠡᠭᠴᠢ᠂ ᠳᠡᠳ᠋ ᠲᠡᠷᠢᠭᠦᠯᠡᠭᠴᠢ ᠲᠠᠷᠢᠭᠦᠯᠦᠨ | ᠱᠠᠭᠠᠷᠳᠠᠨ ᠰᠢᠶᠳᠪᠦᠷᠢᠯᠡᠭᠦᠯᠵᠦ᠂ ᠪᠤᠢ ᠪᠦᠬᠦᠢ ᠰᠠᠨᠠᠯ ᠵᠥᠪᠯᠡᠯᠭᠡ ᠳᠤ ᠬᠠᠷᠢᠭᠤᠯᠲᠠ ᠦᠭᠴᠤ᠂ ᠬᠠᠷᠢᠭᠤᠯᠲᠠ | ᠦᠭᠭᠦᠭᠰᠡᠨ ᠨᠤᠷᠮ᠎ᠠ ᠨᠢ 100 % ᠳᠤ ᠬᠦᠷᠪᠡ᠃ ︽ᠪᠠᠲᠤᠬᠠᠭᠠᠯᠭ᠎ᠠ ᠪᠠᠯᠭᠠᠰᠤᠨ ᠤ ᠭᠡᠷ ᠳᠣᠲᠣᠷᠠᠬᠢ ᠪᠡᠶ᠎ᠡ ᠶᠢᠨ | ᠲᠠᠮᠢᠷ ᠤᠨ ᠣᠷᠳᠣᠨ ᠤ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠭᠤᠯᠭ᠎ᠠ︾ | ᠵᠡᠷᠭᠡ ᠨᠢᠭᠡ ᠪᠦᠯᠦᠭ ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠤᠯᠪᠣᠭᠳᠠᠭᠰᠠᠨ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠪᠡ᠃ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ 9 ᠮᠡᠳᠡᠭᠡ ᠵᠠᠩᠭᠢ ᠶᠢᠨ ᠰᠢᠭᠤᠳ ᠮᠡᠳᠡᠭᠦᠯᠬᠦ ᠴᠢᠭ | ᠢ ᠨᠡᠮᠡᠨ ᠪᠠᠶᠢᠭᠤᠯᠵᠤ᠂ ᠭᠡᠰᠢᠭᠦᠳ ᠢ ᠵᠣᠬᠢᠶᠠᠨ ᠪᠠᠶᠢᠭᠤᠯᠤᠨ 40 ᠬᠤᠪᠢ ᠮᠡᠳᠡᠭᠡ ᠵᠠᠩᠭᠢ ᠶᠢ ᠨᠠᠶᠢᠷᠠᠭᠤᠯᠤᠨ | ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠳᠤ 1 ᠬᠤᠪᠢ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠳᠤ 5 ᠬᠤᠪᠢ ᠮᠡᠳᠡᠭᠦᠯᠪᠡ᠃ ︽ᠬᠤᠩᠭᠤᠷ ᠲᠠᠯ᠎ᠠ ᠦᠨᠳᠦᠰᠦᠲᠡᠨ ᠤ ᠬᠡᠦᠬᠡᠳ | ᠤᠨ ᠴᠡᠴᠡᠷᠯᠢᠭ ᠤᠨ ᠣᠷᠴᠢᠨ ᠲᠣᠭᠤᠷᠢᠨ ᠪᠠ ᠭᠠᠷᠬᠤ ᠵᠠᠮ ᠢ ᠴᠡᠭᠴᠡᠯᠡᠨ ᠵᠠᠰᠠᠬᠤ ᠶᠢ ᠴᠢᠩᠭᠠᠳᠬᠠᠬᠤ ᠲᠤᠬᠠᠶ | ᠰᠠᠨᠠᠭᠤᠯᠭ᠎ᠠ︾ ᠵᠡᠷᠭᠡ ᠣᠯᠠᠨ ᠬᠤᠪᠢ ᠮᠡᠳᠡᠭᠡ ᠵᠠᠩᠭᠢ ᠶᠢ ᠰᠢᠢᠳᠪᠦᠷᠢᠯᠡᠨ ᠬᠠᠷᠢᠭᠤᠯᠲᠠ ᠥᠭᠴᠦ᠂ ᠦᠨᠳᠦᠰᠦᠲᠡᠨ | ᠤ ᠬᠡᠦᠬᠡᠳ ᠤᠨ ᠴᠡᠴᠡᠷᠯᠢᠭ᠂ ᠬᠤᠩᠭᠤᠷ ᠲᠠᠯ᠎ᠠ ᠬᠡᠦᠬᠡᠳ ᠤᠨ ᠴᠡᠴᠡᠷᠯᠢᠭ ᠤᠨ ᠡᠭᠦᠳᠡᠨ ᠡᠮᠦᠨᠡᠬᠢ ᠵᠠᠮ ᠪᠠ | ᠣᠷᠴᠢᠨ ᠲᠣᠭᠤᠷᠢᠨ ᠤ ᠪᠠᠶᠢᠳᠠᠯ ᠢ ᠥᠭᠡᠷᠡᠴᠢᠯᠡᠨ ᠰᠠᠶᠢᠵᠢᠷᠠᠭᠤᠯᠵᠤ᠂ ᠬᠤᠲᠠ ᠪᠠᠯᠭᠠᠰᠤᠨ ᠤ ᠬᠠᠮᠢᠶᠠᠷᠤᠯᠲᠠ᠂ | ᠰᠤᠷᠭᠠᠨ ᠬᠥᠮᠦᠵᠢᠯ ᠤᠨ ᠬᠥᠭᠵᠢᠯᠲᠡ ᠵᠡᠷᠭᠡ ᠲᠠᠯ᠎ᠠ ᠳᠤ ᠬᠤᠯᠪᠣᠭᠳᠠᠭᠰᠠᠨ ᠨᠢᠭᠡ ᠪᠦᠯᠦᠭ ᠠᠰᠠᠭᠤᠳᠠᠯ ᠢ ᠵᠣᠬᠢᠰᠲᠠᠶ | ᠰᠢᠶᠳᠪᠦᠷᠢᠯᠡᠪᠡ᠃ | ᠳᠠᠭᠠᠭᠠᠴᠢᠯᠠᠵᠤ ᠬᠤᠯᠪᠤᠭᠠᠯᠠᠨ ᠳᠡᠮᠵᠢᠬᠦ ᠪᠠᠷ ᠳᠠᠮᠵᠢᠨ ᠠᠷᠠᠳ ᠤᠨ ᠠᠮᠢᠳᠤᠷᠠᠯ ᠲᠠᠢ ᠰᠡᠳᠬᠢᠯᠭᠡ ᠪᠠᠷ ᠢᠶᠠᠨ | ᠬᠤᠯᠪᠤᠭᠳᠠᠪᠠ᠃ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠲᠡᠷᠢᠭᠦᠯᠡᠭᠴᠢ᠂ ᠳᠡᠳ᠋ | ᠲᠡᠷᠢᠭᠦᠯᠡᠭᠴᠢ ᠰᠤᠮᠤ ᠰᠢᠶᠠᠩ ᠪᠠᠯᠭᠠᠰᠤ ᠶᠢ ᠳᠠᠭᠠᠭᠠᠴᠢᠯᠠᠨ ᠬᠤᠯᠪᠣᠭᠠᠯᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠳᠠᠭᠠᠭᠠᠴᠢᠯᠠᠨ ᠬᠤᠯᠪᠣᠭᠠᠯᠠᠬᠤ ᠭᠠᠵᠠᠷ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠵᠡᠷᠭᠡ ᠠᠵᠢᠯ ᠢ ᠵᠢᠯᠣᠭᠤᠳᠤᠨ᠂ | ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠵᠢᠯᠴᠠᠨ᠂ ᠭᠠᠴᠠᠭ᠎ᠠ ᠲᠣᠰᠬᠤᠨ ᠤ ᠨᠠᠮ | ᠤᠨ ᠵᠣᠬᠢᠶᠠᠨ ᠪᠠᠶᠢᠭᠤᠯᠤᠯᠲᠠ ᠶᠢ ᠨᠠᠷᠢᠨ ᠬᠢᠨᠠᠮᠠᠭᠠᠢ ᠪᠠᠶᠢᠴᠠᠭᠠᠨ ᠴᠡᠭᠴᠡᠯᠡᠪᠡ᠃ ᠺᠠᠳ᠋ᠷ ᠢ ᠵᠣᠬᠢᠶᠠᠨ ᠪᠠᠶᠢᠭᠤᠯᠤᠨ | ᠶᠠᠳᠠᠭᠤ ᠬᠦᠴᠢᠷᠳᠡᠯᠲᠡᠶ ᠡᠷᠦᠬᠡ ᠶᠢ ᠲᠣᠭᠤᠷᠢᠨ ᠰᠠᠨᠠᠯ ᠬᠤᠷᠢᠶᠠᠵᠤ᠂ ᠪᠠᠭ᠎ᠠ ᠤᠩᠭᠤᠨ ᠰᠢᠶᠠᠩ ᠤᠨ ᠪᠤᠯᠤᠲᠤ | ᠲᠣᠰᠬᠤᠨ ᠢ ᠬᠠᠪᠰᠤᠷᠤᠨ ᠲᠣᠰᠬᠤᠨ ᠤ ᠬᠠᠮᠲᠤ ᠶᠢᠨ ᠦᠮᠴᠢ ᠪᠤᠯᠬᠤ ᠬᠤᠳᠳᠤᠭ᠂ ᠴᠠᠬᠢᠯᠭᠠᠨ᠂ ᠲᠣᠤᠷ ᠬᠦᠷᠢᠶ᠎ᠡ | ᠶᠢᠨ ᠠᠰᠠᠭᠤᠳᠠᠯ ᠢ ᠨᠢ ᠰᠢᠶᠳᠪᠦᠷᠢᠯᠡᠵᠦ᠂ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠰᠢᠯᠢᠮᠳᠡᠭ ᠤᠨ ᠦᠷ᠎ᠡ | ᠲᠠᠷᠢᠬᠤ ᠶᠢ ᠵᠢᠯᠣᠭᠤᠳᠴᠤ 2 ᠲᠦᠮᠡ ᠭᠠᠷᠤᠶ ᠲᠥᠭᠦᠷᠢᠭ ᠤᠨ ᠣᠷᠣᠯᠭ᠎ᠠ ᠲᠠᠢ ᠪᠤᠯᠭᠠᠵᠤ᠂ ᠭᠡᠰᠢᠭᠦᠳ ᠪᠣᠯᠤᠨ | ᠪᠠᠶᠢᠭᠤᠯᠭ᠎ᠠ ᠶᠢᠨ ᠺᠠᠳ᠋ᠷ ᠢ ᠵᠣᠬᠢᠶᠠᠨ ᠪᠠᠶᠢᠭᠤᠯᠵᠤ ᠶᠠᠳᠠᠭᠤ ᠬᠦᠴᠢᠷᠳᠡᠯᠲᠡᠶ ᠡᠷᠦᠬᠡ ᠶᠢᠨ ᠲᠠᠷᠢᠶᠠᠯᠠᠩ ᠠᠵᠤ ᠠᠬᠤᠢ | ᠶᠢᠨ ᠪᠦᠲᠦᠭᠡᠭᠳᠡᠬᠦᠨ ᠢ ᠬᠤᠳᠠᠯᠳᠤᠨ ᠠᠪᠤᠭᠤᠯᠵᠤ᠂ 3.6 ᠲᠦᠮᠡᠨ ᠲᠥᠭᠦᠷᠢᠭ ᠤᠨ ᠥᠷᠲᠡᠭ ᠡᠭᠦᠳᠴᠤ᠂ | ᠬᠠᠪᠰᠤᠷᠤᠨ ᠲᠡᠳᠬᠦᠬᠦ ᠠᠵᠢᠯ ᠢᠯᠡᠷᠬᠡᠢ ᠦᠷ᠎ᠡ ᠪᠦᠲᠦᠮᠵᠢ ᠲᠠᠢ ᠪᠤᠯᠪᠠ᠃ ᠡᠯ᠎ᠡ ᠭᠦᠷᠢᠶ᠎ᠡ ᠭᠡᠪᠴᠢᠶᠠᠨ ᠤ ᠭᠡᠰᠢᠭᠦᠳ | ᠤᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠭᠡᠰᠢᠭᠦᠳ ᠢ ᠵᠣᠬᠢᠶᠠᠨ ᠪᠠᠶᠢᠭᠤᠯᠤᠨ ᠰᠤᠷᠭᠠᠭᠤᠯᠢ ᠪᠠ | ᠨᠠᠰᠤᠲᠠᠶᠢᠴᠤᠳ ᠢ ᠠᠰᠠᠷᠠᠬᠤ ᠬᠦᠷᠢᠶᠡᠯᠡᠩ ᠳᠤ ᠭᠦᠨᠵᠡᠭᠡᠶᠢᠷᠡᠭᠦᠯᠵᠦ᠂ ︽ᠵᠢᠷᠭᠤᠭᠠᠨ ᠰᠠᠷ᠎ᠠ ᠶᠢᠨ ᠨᠢᠭᠡᠨ ᠤ ᠪᠠᠶᠠᠷ | ᠢᠶᠠᠷ ᠬᠠᠶᠢᠷ᠎ᠠ ᠬᠠᠯᠠᠮᠵᠢ ᠬᠦᠷᠭᠡᠬᠦ︾᠂ ᠬᠡᠦᠬᠡᠳ ᠤᠨ ᠦᠰᠦᠨ ᠪᠣᠶᠢᠵᠢᠯᠲᠠ ᠶᠢ ᠬᠠᠯᠠᠮᠵᠢᠯᠠᠬᠤ ᠰᠡᠳᠬᠢᠴᠡ ᠶᠢᠨ | ᠬᠠᠪᠰᠤᠷᠤᠨ ᠵᠢᠯᠣᠭᠤᠳᠬᠤ ᠲᠠᠶᠢᠯᠤᠮᠵᠢ᠂ ᠨᠠᠰᠤᠲᠠᠶᠢᠴᠤᠳ ᠢᠶᠠᠨ ᠬᠦᠨᠳᠦᠯᠡᠵᠦ ᠨᠠᠰᠤᠲᠠᠶᠢᠴᠤᠳ ᠢᠶᠠᠨ ᠬᠠᠶᠢᠷᠠᠯᠠᠬᠤ | ᠰᠠᠶᠢᠨ ᠳᠤᠷ᠎ᠠ ᠶᠢᠨ ᠦᠶᠯᠡᠴᠢᠯᠡᠭᠡ᠂ ᠶᠠᠳᠠᠭᠤ ᠶᠢ ᠲᠡᠳᠬᠦᠬᠦ ᠠᠯᠪᠠᠨ ᠵᠢᠷᠤᠮ ᠤᠨ ᠡᠮᠴᠢᠯᠡᠭᠡ᠂ ᠠᠵᠢᠯ ᠤᠨ ᠹᠷᠤᠨᠲ | ᠳᠡᠭᠡᠷ᠎ᠡ ᠪᠠᠨ ᠪᠠᠶᠢᠭ᠎ᠠ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯᠲᠠᠨ ᠢ ᠲᠤᠬᠤᠨᠢᠭᠤᠯᠬᠤ ᠵᠡᠷᠭᠡ | ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠠᠴᠠ ᠨᠡᠶᠢᠲᠡ 8.5 ᠲᠦᠮᠡᠨ ᠲᠥᠭᠦᠷᠢᠭ ᠤᠨ | ᠵᠣᠭᠤᠰ ᠮᠥᠩᠭᠦ ᠡᠳ᠋ ᠪᠣᠳᠠᠰ ᠴᠤᠭᠯᠠᠭᠤᠯᠵᠤ᠂ ᠨᠡᠶᠢᠭᠡᠮ ᠤᠨ ᠬᠦᠴᠦᠨ ᠢ ᠲᠥᠪᠯᠡᠷᠡᠭᠦᠯᠦᠨ ᠨᠢᠭᠦᠯᠡᠰᠦᠩᠭᠦᠶ ᠶᠢᠨ | ᠦᠶᠯᠡᠰ ᠢ ᠳᠡᠮᠵᠢᠪᠠ᠃ | ︵ᠳᠦᠷᠪᠡ︶ ᠪᠦᠯᠬᠦᠮᠳᠡᠯ ᠠᠷᠠᠳᠴᠢᠯᠠᠯ ᠢ ᠪᠠᠷᠢᠮᠲᠠᠯᠠᠵᠤ᠂ ᠥᠭᠡᠷᠡᠴᠢᠯᠡᠯᠲᠡ ᠬᠥᠭᠵᠢᠯᠲᠡ ᠶᠢ ᠲᠦᠯᠬᠢᠨ | ᠠᠬᠢᠭᠤᠯᠬᠤ ᠢᠳᠡᠪᠬᠢ ᠬᠦᠴᠦᠨ ᠢ ᠨᠡᠮᠡᠭᠲᠡᠭᠦᠯᠪᠡ | ᠡᠯ᠎ᠡ ᠡᠲᠡᠭᠡᠳ ᠤᠨ ᠬᠢᠨ ᠤ ᠬᠦᠴᠦᠨ ᠴᠢᠳᠠᠯ ᠢ ᠪᠦᠬᠦ ᠬᠦᠴᠦᠨ ᠢᠶᠠᠷ ᠢᠶᠠᠨ ᠨᠢᠭᠲᠠᠷᠠᠭᠤᠯᠪᠠ᠃ | ᠠᠷᠠᠳᠴᠢᠯᠠᠭᠰᠠᠨ ᠨᠠᠮ ᠪᠦᠯᠦᠭ ᠤᠨ ᠬᠥᠮᠦᠰ᠂ ᠦᠶᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ ᠶᠢᠨ | ᠪᠦᠷᠢᠯᠳᠦᠬᠦᠨ᠂ ᠨᠠᠮ ᠪᠦᠯᠦᠭ ᠤᠨ ᠪᠤᠰᠤ ᠬᠥᠮᠦᠰ ᠲᠠᠢ ᠬᠠᠮᠲᠤᠷᠠᠨ ᠠᠵᠢᠯᠯᠠᠬᠤ ᠶᠢ ᠠᠬᠢᠭᠤᠯᠵᠤ᠂ ᠲᠡᠳᠡᠨ ᠤ | ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠳᠤ ᠰᠠᠨᠠᠯ ᠵᠥᠪᠯᠡᠯᠭᠡ ᠳᠤᠷᠠᠳᠬᠤ ᠲᠠᠪᠴᠠᠩ ᠪᠠᠶᠢᠭᠤᠯᠵᠤ᠂ ᠲᠡᠳᠡᠨ | ᠤ ᠰᠠᠨᠠᠯ ᠵᠥᠪᠯᠡᠯᠭᠡ ᠶᠢ 16 ᠬᠤᠪᠢ ᠬᠦᠯᠢᠶᠡᠨ ᠠᠪᠤᠪᠠ᠂ 4 ᠬᠤᠪᠢ ᠨᠠᠶᠢᠭᠡᠮ ᠤᠨ ᠪᠠᠶᠢᠳᠠᠯ ᠠᠷᠠᠳ ᠤᠨ ᠰᠠᠨᠠᠭ᠎ᠠ | ᠶᠢ ᠲᠤᠰᠬᠠᠭᠰᠠᠨ ᠮᠡᠳᠡᠭᠦᠯᠦᠯᠲᠡ ᠪᠠᠶᠢᠵᠤ᠂ 13 ᠤᠯᠤᠰ ᠲᠦᠷᠦ ᠶᠢᠨ ᠭᠡᠰᠢᠭᠦᠨ ᠢ ᠪᠠᠶᠢᠴᠠᠭᠠᠨ ᠰᠤᠳᠤᠯᠤᠯᠲᠠ ᠳᠤ | ᠣᠷᠣᠯᠴᠠᠬᠤ ᠶᠢ ᠤᠷᠢᠵᠤ᠂ 6 ᠬᠥᠮᠦᠨ ᠢ ᠢᠯᠡᠳᠭᠡᠯ ᠬᠢᠯᠭᠡᠵᠤ᠂ ᠡᠯ᠎ᠡ ᠡᠲᠡᠭᠡᠳ ᠤᠨ ᠬᠥᠮᠦᠰ ᠤᠨ ᠤᠯᠤᠰ ᠲᠥᠷᠦ | ᠶᠢᠨ ᠵᠥᠪᠯᠡᠯᠭᠡᠨ ᠤ ᠲᠠᠪᠴᠠᠩ ᠢᠶᠠᠷ ᠳᠠᠮᠵᠢᠭᠤᠯᠤᠨ ᠲᠦᠷᠦ ᠳᠤ ᠵᠦᠪᠯᠡᠭᠦ ᠡᠷᠬᠡ ᠠᠰᠢᠭ ᠢ ᠦᠨᠡᠨ ᠬᠦ ᠪᠠᠲᠤᠯᠠᠪᠠ᠃ | ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠠᠩᠬᠠᠷᠴᠤ᠂ ᠬᠢᠯᠢ ᠬᠢᠵᠠᠭᠠᠷ ᠤᠨ | ᠴᠥᠭᠡᠨ ᠲᠣᠭᠠᠲᠤ ᠦᠨᠳᠦᠰᠦᠲᠡᠨ ᠤ ᠦᠶᠯᠡᠳᠪᠦᠷᠢᠯᠡᠯ ᠠᠮᠢᠳᠤᠷᠠᠯ ᠤᠨ ᠪᠠᠶᠢᠳᠠᠯ ᠪᠠ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠠᠵᠢᠯ ᠢ ᠪᠠᠶᠢᠴᠠᠭᠠᠨ ᠰᠤᠳᠤᠯᠵᠤ᠂ ᠦᠨᠳᠦᠰᠦᠲᠡᠨ ᠤ ᠪᠦᠯᠬᠦᠮᠳᠡᠯ ᠢ | ᠴᠢᠩᠭᠠᠳᠬᠠᠪᠠ᠃ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠤᠨ ᠠᠮᠢᠳᠤᠷᠠᠯ ᠢ ᠬᠠᠯᠠᠮᠵᠢᠯᠠᠵᠤ᠂ ᠱᠠᠰᠢᠨ | ᠰᠤᠷᠲᠠᠬᠤᠨ ᠤ ᠡᠲᠡᠭᠡᠳ ᠤᠨ ᠬᠥᠮᠦᠰ ᠢ ᠡᠷᠭᠢᠨ ᠦᠵᠡᠵᠦ᠂ ᠨᠠᠮ ᠤᠨ ᠲᠥᠪ ᠬᠤᠷᠢᠶᠠᠨ ᠤ ᠪᠤᠳᠤᠯᠭ᠎ᠠ ᠶᠢ | ᠤᠬᠠᠭᠤᠯᠵᠤ᠂ ᠱᠠᠰᠢᠨ ᠰᠤᠷᠲᠠᠬᠤᠨ ᠤ ᠡᠶ᠎ᠡ ᠵᠤᠬᠢᠴᠠᠯ ᠢ ᠠᠬᠢᠭᠤᠯᠪᠠ᠃ | ᠭᠠᠳᠠᠭᠠᠳᠤ ᠨᠥᠬᠦᠷᠰᠡᠭ ᠬᠠᠷᠢᠯᠴᠠᠭ᠎ᠠ ᠶᠢ ᠪᠦᠬᠦ ᠬᠦᠴᠦᠨ ᠢᠶᠠᠷ ᠢᠶᠠᠨ ᠦᠷᠭᠡᠳᠭᠡᠪᠡ᠃ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠲᠠᠢ ᠬᠠᠮᠵᠢᠯᠴᠠᠨ ᠮᠠᠨ ᠤ ᠬᠤᠰᠢᠭᠤᠨ ᠤ | ᠣᠨᠴᠠᠯᠢᠭᠲᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠪᠠᠶᠢᠭᠠᠯᠢᠯᠢᠭ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠬᠤᠰᠢᠭᠤᠨ ᠤ ᠬᠠᠮᠢᠶ᠎ᠠ ᠪᠦᠬᠦᠢ | ᠬᠦᠷᠢᠶ᠎ᠡ ᠬᠡᠪᠴᠢᠶᠡᠨ ᠳᠠᠬᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠲᠤᠰᠬᠠᠪᠠ᠃ | ︽ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ︾ ᠶᠢᠨ ᠲᠣᠭᠤᠷᠢᠨ ᠳᠤ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠬᠤᠷᠠᠯ ᠳᠡᠭᠡᠷ᠎ᠡ ᠢᠯᠡᠳᠭᠡᠯ ᠬᠢᠪᠠ᠃ ᠳᠡᠭᠡᠲᠦ ᠳᠣᠣᠷᠠᠳᠤ ᠱᠠᠲᠤ ᠬᠤᠯᠪᠣᠭᠠᠯᠠᠨ ᠵᠥᠪᠯᠡᠬᠦ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠲᠠᠢ ᠬᠠᠮᠲᠤᠷᠠᠨ ︽ | ᠮᠠᠨᠳᠤᠯ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ︿ᠨᠢᠭᠡ ᠪᠦᠰᠡ | ᠨᠢᠭᠡ ᠵᠠᠮ﹀ ᠤᠨ ᠪᠠᠶᠢᠯᠳᠤᠬᠤ ᠪᠣᠳᠣᠯᠭ᠎ᠠ﹀ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠮᠠᠷᠠᠰᠢ ᠨᠡᠭᠡᠭᠡᠯᠲᠡ ᠬᠢᠬᠦ ᠪᠤᠭᠤᠮᠳᠠ ᠶᠢᠨ | ᠭᠦᠭᠦᠷᠭᠡ ᠶᠢ ᠰᠠᠶᠢᠲᠤᠷ ᠪᠠᠶᠢᠭᠤᠯᠬᠤ︾ ᠶᠢᠨ ᠲᠣᠭᠤᠷᠢᠨ ᠳᠤ ᠵᠦᠪᠯᠡᠯᠭᠡ ᠬᠢᠵᠤ᠂ ᠬᠤᠲᠠ ᠶᠢᠨ ᠲᠡᠰ ᠲᠤ ᠮᠠᠨᠳᠤᠯ | ᠪᠣᠭᠤᠮᠲᠠ ᠶᠢᠨ ᠬᠥᠭᠵᠢᠯᠲᠡ ᠶᠢ ᠠᠬᠢᠭᠤᠯᠬᠤ ᠳᠤ ᠤᠯᠤᠰ ᠲᠥᠷᠦ ᠶᠢᠨ ᠵᠥᠪᠯᠡᠯᠭᠡᠨ ᠤ ᠲᠠᠯ᠎ᠠ ᠶᠢᠨ ᠰᠠᠶᠢᠨ ᠳᠠᠭᠤᠨ | ᠴᠢᠮᠡᠭᠡ ᠶᠢ ᠳᠠᠮᠵᠢᠭᠤᠯᠪᠠ᠃ ᠭᠡᠰᠢᠭᠦᠳ ᠢ ᠵᠣᠬᠢᠶᠠᠨ ᠪᠠᠶᠢᠭᠤᠯᠵᠤ ᡀᠠᠰᠠ ᠬᠤᠲᠠ᠂ ᠰᠦᠪᠸᠢ ᠰᠢᠶᠠᠨ᠂ ᠤᠷᠠᠳ | ᠤᠨ ᠡᠮᠦᠨᠡᠲᠦ ᠬᠤᠰᠢᠭᠤ ᠵᠡᠷᠭᠡ ᠭᠠᠵᠠᠷ ᠲᠤ ᠬᠦᠷᠴᠦ ᠲᠤᠭᠤᠷᠢᠨ ᠪᠠᠶᠢᠴᠠᠭᠠᠵᠤ᠂ ᠲᠥᠪᠡᠳ ᠤᠨ ᠱᠠᠨᠨᠠᠨ ᠬᠤᠲᠠ᠂ | ᠬᠠᠩᠵᠧᠦ ᠬᠤᠲᠠ᠂ ᠠᠯᠠᠱᠠᠨ ᠵᠡᠭᠦᠨ ᠬᠤᠰᠢᠭᠤ ᠵᠡᠷᠭᠡ 26 ᠤᠯᠤᠰ ᠲᠥᠷᠦ ᠶᠢᠨ ᠵᠥᠪᠯᠡᠯᠭᠡᠨ ᠤ ᠲᠤᠭᠤᠷᠢᠨ | ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠷᠤᠯᠴᠠᠵᠤ᠂ ᠭᠠᠵᠠᠷ ᠣᠷᠣᠨ ᠤ | ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠪᠠ᠃ | ᠭᠠᠳᠠᠬᠰᠢ ᠤᠬᠠᠭᠤᠯᠭ᠎ᠠ ᠶᠢᠨ ᠰᠢᠨ᠎ᠡ ᠪᠦᠲᠦᠴᠡ ᠶᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ ᠰᠢᠨ᠎ᠡ ᠴᠠᠭ | ᠦᠶ᠎ᠡ ᠶᠢᠨ ᠤᠯᠤᠰ ᠲᠥᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ | ᠵᠣᠬᠢᠴᠠᠵᠤ᠂ ︽ᠳᠠᠷᠬᠠᠨ ᠮᠤᠤᠮᠢᠩᠭᠠᠨ ᠤ ᠤᠯᠤᠰ ᠲᠥᠷᠦ ᠶᠢᠨ ᠵᠥᠪᠯᠡᠯᠭᠡᠨ︾ ᠭᠡᠬᠦ ᠸᠢᠴᠠᠲ ᠤᠨ ᠣᠯᠠᠨ ᠨᠡᠶᠢᠲᠡ | ᠶᠢᠨ ᠲᠠᠪᠴᠠᠩ᠂ ︽ᠳᠠᠷᠬᠠᠨ ᠮᠤᠤᠮᠢᠩᠭᠠᠨ ᠤ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠤ ᠴᠣᠩᠬᠤ︾ ᠭᠡᠬᠦ | ᠸᠢᠴᠠᠲ ᠴᠤᠭᠯᠠᠷᠠᠯ ᠳᠤ ᠲᠦᠰᠢᠭᠯᠡᠨ ᠤᠯᠤᠰ ᠲᠥᠷᠦ ᠶᠢᠨ ᠵᠥᠪᠯᠡᠯᠭᠡᠨ ᠤ ᠬᠥᠳᠡᠯᠦᠯ ᠪᠠᠶᠢᠳᠠᠯ᠂ ᠣᠨᠣᠯ ᠤᠨ | ᠰᠤᠷᠤᠯᠴᠠᠯᠭ᠎ᠠ᠂ ᠭᠡᠰᠢᠭᠦᠳ ᠤᠨ ᠴᠤᠭ ᠵᠢᠪᠬᠤᠭ᠎ᠠ ᠵᠡᠷᠭᠡ ᠠᠭᠤᠯᠭ᠎ᠠ ᠶᠢ ᠴᠠᠭ ᠲᠤᠬᠠᠶ ᠳᠤᠨᠢ ᠨᠡᠶᠢᠲᠡᠯᠡᠵᠦ᠂ ᠭᠤᠤᠯ | ᠵᠢᠭᠰᠠᠭᠠᠯ ᠤᠨ ᠭᠠᠵᠠᠷ ᠤᠨ ᠦᠶᠯᠡᠳᠦᠯ ᠢ ᠪᠠᠳᠠᠷᠠᠭᠤᠯᠤᠨ᠂ ᠠᠷᠠᠳ ᠤᠨ ᠬᠦᠰᠡᠯ ᠠᠷᠠᠳ ᠤᠨ ᠰᠠᠨᠠᠭ᠎ᠠ ᠶᠢ | ᠲᠤᠰᠬᠠᠵᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠳᠤ ᠦᠶᠯᠡᠴᠢᠯᠡᠪᠡ᠃ ︽ᠤᠯᠤᠰ | ᠲᠥᠷᠥ ᠶᠢᠨ ᠵᠥᠪᠯᠡᠯᠭᠡᠨ ᠤ ᠪᠠᠶᠢᠳᠠᠯ︾ ᠢ 165 ᠬᠤᠭᠤᠴᠠᠭ᠎ᠠ ᠨᠠᠶᠢᠷᠠᠭᠤᠯᠤᠨ ᠨᠡᠶᠢᠲᠡᠯᠡᠵᠦ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠳᠤ ︽ᠭᠠᠷᠠᠭ ᠪᠦᠷᠢ ᠶᠢᠨ ᠠᠵᠢᠯ ᠶᠢᠨ ᠪᠠᠶᠢᠳᠠᠯ︾ ᠢ ᠴᠠᠭ ᠲᠤᠬᠠᠶ ᠳᠤᠨᠢ ᠮᠡᠳᠡᠭᠦᠯᠵᠦ᠂ | ︽ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠣᠨᠢᠨ — ᠤᠯᠤᠰ ᠲᠥᠷᠥ ᠶᠢᠨ ᠵᠥᠪᠯᠡᠯᠭᠡᠨ ᠤ ᠦᠷᠯᠦᠭᠡᠨ ᠤ | ᠮᠡᠳᠡᠭᠡ︾ ᠪᠤᠯᠤᠩ ᠳᠤ 11 ᠬᠤᠭᠤᠴᠠᠭ᠎ᠠ ᠮᠡᠳᠡᠭᠡ ᠨᠡᠶᠢᠲᠡᠯᠡᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠠᠵᠢᠯ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠵᠠᠭᠤᠴᠢᠯᠠᠭᠤᠷ ᠤᠨ ᠲᠠᠪᠴᠠᠩ ᠳᠤ ᠢᠯᠡᠷᠡᠪᠡ᠃ ︽ | ᠭᠡᠰᠢᠭᠦᠳ ᠤᠨ ᠴᠤᠭ ᠵᠢᠪᠬᠤᠭ᠎ᠠ︾ ᠭᠡᠬᠦ ᠤᠬᠠᠭᠤᠯᠭ᠎ᠠ ᠶᠢᠨ ᠹᠢᠯᠢᠮ ᠢ ᠨᠠᠶᠢᠷᠠᠭᠤᠯᠵᠤ᠂ ᠰᠢᠨ᠎ᠡ ᠴᠠᠭ ᠦᠶ᠎ᠡ ᠶᠢᠨ | ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭᠠᠲᠤ ᠳᠦᠷᠢ ᠳᠦᠷᠬᠦ ᠶᠢ ᠢᠯᠡᠷᠡᠭᠦᠯᠪᠡ᠃ | ᠤᠯᠤᠰ ᠲᠥᠷᠥ ᠶᠢᠨ ᠵᠥᠪᠯᠡᠯᠭᠡᠨ ᠤ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠰᠢᠰᠲ᠋ᠧᠮᠵᠢᠭᠦᠯᠬᠦ᠂ ᠰᠣᠳᠣᠨ | ᠪᠦᠲᠦᠭᠡᠯ ᠨᠠᠶᠢᠷᠠᠭᠤᠯᠤᠨ ᠪᠢᠴᠢᠬᠦ ᠶᠢ ᠠᠬᠢᠭᠤᠯᠵᠤ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠣᠶᠢᠯᠠᠯᠭ᠎ᠠ︾᠂ ︽ᠬᠠᠰᠠᠷ ᠤᠨ ᠲᠠᠬᠢᠯᠭ᠎ᠠ︾᠂ ︽ᠳᠠᠷᠬᠠᠨ ᠮᠤᠤᠮᠢᠩᠭᠠᠨ ᠤ ᠪᠠᠭᠠᠲᠤᠷ | ᠵᠢᠱᠢᠶᠡᠴᠢ ᠬᠥᠮᠦᠰ ᠤᠨ ᠲᠤᠰᠬᠠᠶ ᠡᠮᠬᠢᠳᠬᠡᠯ︾ ᠤᠨ ᠡᠬᠡ ᠨᠣᠣᠷᠠᠭ ᠢ ᠨᠠᠶᠢᠷᠠᠭᠤᠯᠤᠨ ᠪᠢᠴᠢᠬᠦ ᠠᠵᠢᠯ ᠢ ᠬᠢᠵᠤ᠂ | ᠰᠣᠶᠣᠯ ᠲᠡᠦᠬᠡ ᠶᠢᠨ ᠠᠵᠢᠯ ᠤᠨ ︽ᠲᠡᠤᠬᠡ ᠬᠠᠳᠠᠭᠠᠯᠠᠬᠤ᠂ ᠵᠠᠰᠠᠭ ᠲᠤ ᠲᠤᠰᠠᠯᠠᠬᠤ᠂ ᠪᠦᠯᠬᠦᠮᠳᠡᠯ᠂ ᠬᠦᠮᠦᠵᠢᠯ︾ | ᠤᠨ ᠥᠪᠡᠷᠮᠢᠴᠡ ᠦᠶᠯᠡᠳᠦᠯ ᠢ ᠭᠦᠶᠴᠡᠳ ᠢᠯᠡᠷᠡᠭᠦᠯᠪᠡ᠃ | ︵ᠲᠠᠪᠤ︶ ᠦᠨᠳᠦᠰᠦ ᠰᠠᠭᠤᠷᠢ ᠶᠢ ᠪᠠᠬᠢᠵᠢᠭᠦᠯᠬᠦ ᠶᠢ ᠪᠠᠷᠢᠮᠲᠠᠯᠠᠵᠤ᠂ ᠤᠯᠤᠰ ᠲᠥᠷᠦ ᠶᠢᠨ ᠵᠥᠪᠯᠡᠯᠭᠡᠨ ᠤ ᠲᠤᠰ | ᠪᠡᠶ᠎ᠡ ᠶᠢᠨ ᠪᠠᠶᠢᠭᠤᠯᠤᠯᠲᠠ ᠶᠢ ᠤᠯᠠᠮ ᠭᠦᠴᠦᠷᠭᠡᠭᠵᠢᠭᠦᠯᠪᠠ | ᠭᠡᠰᠢᠭᠦᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ᠃ ᠭᠡᠰᠢᠭᠦᠳ ᠤᠨ ᠠᠵᠢᠯ ᠲᠦᠷᠦᠯ ᠤᠨ | ᠢᠯᠭᠠᠭ᠎ᠠ ᠲᠠᠢ ᠬᠦᠳᠡᠯᠭᠡᠭᠡᠨ ᠦᠷᠨᠢᠭᠦᠯᠬᠦ ᠶᠢ ᠳᠡᠮᠵᠢᠵᠤ᠂ ᠭᠤᠤᠯ ᠡᠭᠦᠷᠭᠡ ᠪᠠᠨ ᠪᠡᠶᠡᠯᠡᠭᠦᠯᠬᠦ ᠳᠤᠨᠢ ᠢᠲᠡᠪᠬᠢᠲᠡᠢ | ᠵᠢᠯᠤᠭᠤᠳᠤᠯᠭ᠎ᠠ ᠪᠤᠯᠪᠠ᠃ ᠭᠡᠰᠢᠭᠦᠳ ᠲᠠᠢ ᠭᠦᠨᠵᠡᠭᠡᠶ ᠬᠠᠷᠢᠯᠴᠠᠵᠤ᠂ ᠭᠡᠰᠢᠭᠦᠳ ᠤᠨ ᠠᠵᠢᠯ ᠠᠮᠢᠳᠤᠷᠠᠯ ᠤᠨ | ᠪᠠᠶᠢᠳᠠᠯ ᠢ ᠣᠶᠢᠯᠭᠠᠨ᠂ ᠭᠡᠰᠢᠭᠦᠳ ᠤᠨ ᠪᠠᠶᠢᠭ᠎ᠠ ᠭᠠᠵᠠᠷ ᠣᠷᠣᠨ ᠤ ᠨᠢᠭᠡᠴᠢ ᠳᠤ ᠭᠡᠰᠢᠭᠦᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠢ ᠮᠡᠳᠡᠭᠳᠡᠵᠦ᠂ ᠭᠡᠰᠢᠭᠦᠳ ᠤᠨ ᠬᠠᠷᠢᠯᠴᠠᠵᠤ ᠦᠶᠯᠡᠴᠢᠯᠡᠬᠦ ᠠᠵᠢᠯ | ᠢ ᠦᠨᠡᠨ ᠬᠦ ᠴᠢᠩᠭᠠᠳᠬᠠᠪᠠ᠃ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠳᠠᠩᠰᠠ ᠡᠪᠬᠡᠮᠡᠯ | ᠢ ᠪᠠᠶᠢᠭᠤᠯᠵᠤ᠂ ᠪᠠᠶᠢᠩᠭᠤ ᠶᠢᠨ ᠭᠡᠰᠢᠭᠦᠳ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠮᠡᠳᠡᠭᠦᠯᠦᠯᠲᠡ ᠪᠠᠨ | ᠴᠠᠭ ᠲᠤᠬᠠᠶ ᠳᠤᠨᠢ ᠲᠤᠰᠢᠶᠠᠵᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ | ᠢᠯᠡᠳᠲᠡ ᠰᠠᠶᠢᠵᠢᠷᠠᠪᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠳᠦᠷᠢᠮ ᠤᠨ ᠶᠤᠰᠤᠭᠠᠷ 3 ᠪᠠᠶᠢᠩᠭᠤ | ᠶᠢᠨ ᠭᠡᠰᠢᠭᠦᠨ ᠤ ᠬᠢᠷᠢ ᠬᠡᠮ ᠪᠠ 12 ᠭᠡᠰᠢᠭᠦᠨ ᠤ ᠬᠢᠷᠢ ᠬᠡᠮ ᠢ ᠬᠠᠰᠤᠵᠤ᠂ 20 ᠤᠯᠤᠰ ᠲᠥᠷᠦ ᠶᠢᠨ | ᠵᠥᠪᠯᠡᠯᠭᠡᠨ ᠤ ᠭᠡᠰᠢᠭᠦᠨ ᠢ ᠨᠦᠬᠦᠪᠦᠷᠢᠯᠡᠵᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠤ ᠡᠩᠨᠡᠭᠡᠨ ᠤ | ᠪᠦᠲᠦᠴᠡ ᠶᠢ ᠠᠵᠢᠯ ᠤᠨ ᠱᠠᠭᠠᠷᠳᠠᠯᠭ᠎ᠠ ᠳᠤ ᠤᠯᠠᠮ ᠨᠡᠶᠢᠴᠡᠭᠦᠯᠵᠤ᠂ ᠨᠠᠩ ᠢᠯᠡᠬᠦᠦ ᠠᠮᠢᠵᠢᠷᠠᠯ ᠤᠨ ᠬᠦᠴᠦᠨ ᠲᠠᠢ | ᠪᠤᠯᠭᠠᠪᠠ᠃ | ᠤᠯᠤᠰ ᠲᠥᠷᠦ ᠶᠢᠨ ᠵᠥᠪᠯᠡᠯᠭᠡᠨ ᠤ ᠲᠤᠰᠬᠠᠶ ᠵᠦᠪᠯᠡᠯ ᠤᠨ ᠪᠠᠶᠢᠭᠤᠯᠤᠯᠲᠠ ᠶᠢ ᠴᠢᠩᠭᠠᠳᠬᠠᠪᠠ᠃ ᠤᠯᠤᠰ | ᠲᠦᠷᠦ ᠶᠢᠨ ᠬᠡᠪ ᠪᠤᠯᠪᠠᠰᠤᠷᠠᠯ ᠦᠨᠳᠦᠷ᠂ ᠠᠵᠢᠯ ᠤᠨ ᠴᠢᠨᠠᠷᠯᠢᠭ ᠪᠠᠶᠢᠬᠤ ᠱᠠᠭᠠᠷᠳᠠᠯᠭ᠎ᠠ ᠶᠣᠰᠣᠭᠠᠷ᠂ ᠲᠤᠰᠬᠠᠶ | ᠵᠦᠪᠯᠡᠯ ᠤᠨ ᠡᠷᠬᠢᠯᠡᠭᠴᠢ ᠳᠤ ᠲᠣᠬᠢᠷᠠᠭᠤᠯᠤᠯᠲᠠ ᠬᠢᠵᠦ᠂ ᠲᠤᠰᠬᠠᠶ ᠵᠦᠪᠯᠡᠯ ᠤᠨ ᠠᠵᠢᠯ ᠤᠨ ᠬᠦᠴᠦᠨ ᠢ | ᠲᠡᠭᠦᠯᠳᠡᠷᠵᠢᠭᠦᠯᠪᠡ᠃ ᠲᠤᠰᠬᠠᠶ ᠵᠥᠪᠯᠡᠯ ᠤᠨ ᠠᠵᠢᠯ ᠤᠨ ︽ᠳᠥᠷᠪᠡᠨ ᠰᠠᠶᠢᠨ︾ ᠪᠠᠶᠢᠬᠤ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠬᠤᠷᠠᠯ ᠬᠤᠷᠠᠯᠳᠤᠭᠤᠯᠵᠤ ᠲᠤᠰᠬᠠᠶ | ᠵᠥᠪᠯᠡᠯ ᠤᠨ ᠠᠵᠢᠯ ᠢ ᠰᠤᠳᠤᠯᠵᠤ᠂ ᠲᠤᠰᠬᠠᠶ ᠵᠥᠪᠯᠡᠯ ᠤᠨ ᠭᠡᠰᠢᠭᠦᠳ ᠪᠠ ᠨᠡᠶᠢᠭᠡᠮ ᠤᠨ ᠡᠯ᠎ᠡ ᠡᠲᠡᠭᠡᠳ ᠤᠨ | ᠬᠤᠭᠤᠷᠤᠨᠳᠤ ᠶᠢᠨ ᠬᠠᠷᠢᠯᠴᠠᠭ᠎ᠠ ᠪᠠᠨ ᠴᠢᠩᠭᠠᠳᠬᠠᠬᠤ ᠶᠢ ᠳᠠᠮᠵᠢᠵᠤ᠂ ᠪᠦᠬᠦ ᠵᠢᠯ ᠳᠤ ᠰᠤᠷᠤᠯᠴᠠᠬᠤ᠂ ᠪᠠᠶᠢᠴᠠᠭᠠᠨ | ᠰᠤᠳᠤᠯᠬᠤ᠂ ᠪᠠᠶᠢᠴᠠᠭᠠᠨ ᠦᠵᠡᠬᠦ ᠠᠵᠢᠯᠯᠠᠭ᠎ᠠ ᠶᠢ 38 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ︽ | ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠷᠠᠳᠴᠢᠯᠠᠯ ᠢᠶᠠᠷ ᠵᠥᠪᠯᠡᠬᠦ ᠢ ᠲᠤᠪᠤᠶᠢᠯᠭᠠᠨ᠂ ᠤᠯᠤᠰ ᠲᠦᠷᠦ | ᠶᠢᠨ ᠵᠥᠪᠯᠡᠯᠭᠡᠨ ᠤ ᠲᠤᠰᠬᠠᠶ ᠺᠣᠮᠢᠰ ᠤᠨ ᠰᠠᠭᠤᠷᠢᠯᠠᠬᠤ ᠴᠢᠨᠠᠷᠲᠠᠶ ᠦᠶᠯᠡᠳᠦᠯ ᠢ ᠭᠦᠶᠴᠡᠳ ᠪᠠᠳᠠᠷᠠᠭᠤᠯᠤᠶ᠎ᠠ︾ ᠭᠡᠬᠦ | ᠤᠨᠤᠯ ᠤᠨ ᠵᠣᠬᠢᠶᠠᠯ ᠨᠢ ︽ᠠᠷᠠᠳ ᠤᠨ ᠤᠯᠤᠰ ᠲᠦᠷᠦ ᠶᠢᠨ ᠵᠥᠪᠯᠡᠯᠭᠡᠨ ᠢ ᠪᠦᠬᠦ ᠲᠠᠯ᠎ᠠ ᠪᠠᠷ ᠪᠠᠶᠢᠭᠤᠯᠬᠤ ᠪᠠ | ᠠᠷᠠᠳᠴᠢᠯᠠᠯ ᠢᠶᠠᠷ ᠵᠥᠪᠯᠡᠬᠦ ᠦᠶᠯᠡᠳᠦᠯᠭᠡ ᠶᠢᠨ ᠰᠦᠪᠡᠭᠴᠢᠯᠡᠯ︾ ᠭᠡᠬᠦ ᠵᠣᠬᠢᠶᠠᠯ ᠤᠨ ᠬᠥᠮᠥᠷᠭᠡ ᠳᠤ ᠰᠤᠩᠭᠤᠭᠳᠠᠪᠠ | ᠃ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠪᠦᠬᠦ ᠬᠤᠰᠢᠭᠤᠨ ᠤ ᠤᠷᠠᠨ ᠪᠢᠴᠢᠯᠭᠡ ᠤᠷᠠᠨ ᠵᠢᠷᠤᠭ ᠭᠡᠷᠡᠯ | ᠵᠢᠷᠤᠭ ᠠᠪᠢᠶ᠋ᠰᠳᠠᠳ ᠢ ᠵᠣᠬᠢᠶᠠᠨ ᠪᠠᠶᠢᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ | ᠶᠢ ᠪᠡᠯᠭᠡᠯᠡᠬᠦ ᠪᠠ ᠠᠷᠠᠳ ᠤᠨ ᠤᠯᠤᠰ ᠲᠥᠷᠦ ᠶᠢᠨ ᠵᠥᠪᠯᠡᠯᠭᠡᠨ ᠪᠠᠶᠢᠭᠤᠯᠤᠭᠳᠠᠭᠰᠠᠨ 70 ᠵᠢᠯ ᠤᠨ ᠤᠢ ᠶᠢ | ᠪᠡᠯᠭᠡᠯᠡᠬᠦ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠢ ᠠᠮᠵᠢᠯᠲᠠ ᠲᠠᠢ ᠡᠷᠬᠢᠯᠡᠵᠦ᠂ ᠰᠢᠨ᠎ᠡ ᠴᠠᠭ ᠦᠶ᠎ᠡ | ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃ | ᠤᠯᠤᠰ ᠲᠥᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠪᠠ᠃ ᠥᠪᠡᠷᠲᠡᠭᠡᠨ | ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠪᠠ ᠬᠤᠰᠢᠭᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠬᠤᠰᠢᠭᠤ | ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠠᠵᠢᠯᠲᠠᠨ ᠤ ᠡᠩᠨᠡᠭᠡ ᠪᠠ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠥᠷᠨᠢᠭᠦᠯᠬᠦ | ᠵᠡᠷᠭᠡ ᠳᠤ ᠣᠷᠣᠰᠢᠵᠤ ᠪᠠᠶᠢᠭ᠎ᠠ 17 ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠲᠥᠰᠦᠯ | ᠲᠣᠭᠲᠠᠭᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠴᠠᠭ ᠤᠨ | ᠬᠢᠵᠠᠭᠠᠷ ᠪᠠ ᠬᠠᠷᠢᠭᠤᠴᠠᠯᠭᠠᠲᠠᠨ ᠢ ᠲᠣᠳᠣᠷᠬᠠᠶᠢᠯᠠᠨ᠂ ᠰᠢᠰᠲ᠋ᠧᠮ ᠲᠠᠢ ᠰᠢᠢᠳᠪᠤᠷᠢᠯᠡᠵᠤ᠂ ᠬᠠᠰᠤᠬᠤ | ᠬᠠᠮᠢᠶᠠᠷᠤᠯᠲᠠ ᠶᠢ ᠬᠡᠷᠡᠭᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ | ᠬᠦ ᠰᠠᠶᠢᠲᠤᠷ ᠬᠡᠷᠡᠭᠵᠢᠭᠦᠯᠪᠡ᠃ ᠤᠯᠤᠰ ᠲᠥᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠬᠡᠷᠡᠭᠵᠢᠭᠦᠯᠵᠦ᠂ O A ᠨᠢᠭᠡ ᠴᠣᠭᠴᠠᠵᠢᠭᠤᠯᠤᠭᠰᠠᠨ ᠰᠢᠯᠵᠢᠮᠡᠯ ᠠᠯᠪᠠᠯᠠᠬᠤ ᠲᠠᠪᠴᠠᠩ ᠤᠨ | ᠠᠯᠪᠠᠨ ᠭᠡᠷ ᠨᠡᠮᠡᠨ ᠪᠠᠶᠢᠭᠤᠯᠵᠤ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠲᠠᠢ ᠵᠦᠪᠳᠡᠯᠴᠡᠨ ᠲᠡᠭᠡᠳᠤ | ᠱᠠᠳᠤᠨ ᠠᠴᠠ ᠪᠠᠶᠢᠴᠠᠭᠠᠨ ᠰᠤᠳᠤᠯᠤᠯᠲᠠ ᠳᠤ ᠬᠡᠷᠡᠭᠯᠡᠬᠦ ᠳᠤᠰᠬᠠᠢ ᠮᠠᠰᠢᠨ ᠲᠡᠷᠭᠡ ᠴᠢᠷᠮᠠᠶᠢᠨ ᠤᠯᠵᠤ᠂ ᠤᠯᠤᠰ | ᠲᠥᠷᠦ ᠶᠢᠨ ᠵᠥᠪᠯᠡᠯᠭᠡᠨ ᠤ ᠠᠯᠪᠠᠨ ᠭᠡᠷ ᠬᠤᠲᠠ ᠶᠢᠨ ᠣᠶᠤᠨ ᠤ ᠪᠣᠯᠪᠠᠰᠤᠨ ᠤ ᠨᠢᠭᠡᠴᠢ ᠪᠠᠷ ᠦᠨᠡᠯᠡᠭᠳᠡᠵᠦ᠂ | ᠪᠠᠶᠢᠭᠤᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠢᠯᠡᠳᠲᠡ ᠰᠠᠶᠢᠵᠢᠷᠠᠪᠠ᠃ | ᠭᠡᠰᠢᠭᠦᠳ ᠡ᠂ ᠨᠢᠭᠡ ᠵᠢᠯ ᠤᠨ ᠲᠤᠷᠰᠢᠬᠢ ᠠᠵᠢᠯ ᠢᠶᠠᠨ ᠡᠷᠬᠢᠴᠡᠭᠦᠯᠬᠦ ᠳᠤ᠂ ᠬᠤᠰᠢᠭᠤᠨ ᠤ ᠤᠯᠤᠰ ᠲᠥᠷᠥ | ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠣᠯᠤᠭᠰᠠᠨ ᠨᠢ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠬᠤᠰᠢᠭᠤᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠪᠠ ᠨᠡᠶᠢᠭᠡᠮ ᠤᠨ ᠡᠯ᠎ᠡ ᠡᠲᠡᠭᠡᠳ ᠤᠨ | ᠬᠢᠨ ᠤ ᠬᠦᠴᠦᠲᠡᠶ ᠳᠡᠮᠵᠢᠯᠭᠡ᠂ ᠨᠠᠩ ᠴᠤ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠪᠦᠯᠬᠦᠮᠳᠡᠨ ᠲᠡᠮᠡᠴᠡᠭᠰᠡᠨ ᠠᠴᠠ ᠰᠠᠯᠵᠤ ᠴᠢᠳᠠᠭ᠎ᠠ ᠦᠭᠡᠢ ᠭᠡᠳᠡᠭ ᠳᠤ ᠢᠳᠡᠭᠡᠵᠤ ᠪᠠᠶᠢᠨ᠎ᠠ᠃ ᠠᠳᠡ ᠪᠢ ᠤᠯᠤᠰ | ᠲᠥᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ᠂ ᠤᠯᠤᠰ ᠲᠥᠷᠦ ᠶᠢᠨ ᠵᠥᠪᠯᠡᠯᠭᠡᠨ ᠤ | ᠠᠵᠢᠯ ᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠤᠳᠤᠷᠢᠳᠤᠯᠭ᠎ᠠ ᠪᠣᠯᠤᠨ ᠨᠥᠬᠦᠳ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠦ᠂ ᠡᠭᠦᠷᠭᠡ ᠲᠤᠰᠢᠶᠠᠯ ᠢᠶᠠᠨ ᠬᠢᠨᠠᠮᠠᠭᠠᠶ ᠭᠦᠶᠴᠡᠳᠬᠡᠵᠦ᠂ ᠨᠡᠶᠢᠭᠡᠮ ᠳᠤ ᠬᠤᠪᠢ ᠨᠡᠮᠡᠷᠢ | ᠦᠵᠡᠭᠦᠯᠦᠭᠰᠡᠨ ᠪᠦᠬᠦ ᠭᠡᠰᠢᠭᠦᠳ ᠲᠤ ᠬᠦᠨᠳᠦᠳᠬᠡᠯ ᠳᠡᠪᠰᠢᠭᠦᠯᠦᠶ᠎ᠡ︕ | ᠨᠢᠭᠡ ᠵᠢᠯ ᠤᠨ ᠲᠤᠷᠰᠢᠬᠢ ᠠᠵᠢᠯ ᠤᠨ ᠦᠢᠯᠡᠳᠦᠯᠭᠡ ᠪᠠᠨ ᠡᠷᠭᠢᠴᠡᠭᠦᠯᠪᠡᠯ᠂ ᠬᠤᠰᠢᠭᠤ ᠤᠯᠤᠰ ᠲᠥᠷᠦ ᠶᠢᠨ | ᠵᠥᠪᠯᠡᠯᠭᠡᠨ ᠤ ᠠᠵᠢᠯ ᠳᠤ ᠪᠠᠰᠠ ᠵᠠᠷᠢᠮ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ | ᠲᠠᠨᠢᠵᠤ ᠣᠯᠪᠠ᠃ ᠭᠤᠤᠯ ᠢᠯᠡᠷᠡᠯ ᠨᠢ᠄ ᠨᠢᠭᠡ ᠳᠤ᠂ ᠵᠦᠪᠯᠡᠯᠭᠡᠨ ᠤ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠭᠰᠠᠨ | ᠢᠶᠠᠷ ᠬᠦᠷᠦᠯᠴᠡᠬᠦ ᠦᠭᠡᠢ᠂ ᠠᠷᠠᠳᠴᠢᠯᠠᠯ ᠢᠶᠠᠷ ᠵᠥᠪᠯᠡᠬᠦ ᠪᠠᠶᠢᠭᠤᠯᠤᠯᠲᠠ ᠶᠢ ᠴᠢᠩᠭᠠᠳᠬᠠᠬᠤ ᠱᠠᠭᠠᠷᠳᠠᠯᠭ᠎ᠠ ᠳᠤ | ᠭᠦᠷᠳᠡᠯ᠎ᠡ ᠪᠠᠰᠠ ᠵᠥᠷᠢᠶ᠎ᠡ ᠲᠠᠢ ᠪᠠᠶᠢᠨ᠎ᠠ᠃ ᠬᠤᠶᠠᠷ ᠲᠤ᠂ ᠰᠠᠨᠠᠯ ᠵᠥᠪᠯᠡᠯᠭᠡ ᠶᠢ ᠮᠥᠷᠳᠡᠨ ᠰᠢᠶᠳᠪᠦᠷᠢᠯᠡᠭᠦᠯᠬᠦ | ᠡᠷᠴᠢᠮ ᠰᠤᠯᠠ ᠪᠠᠶᠢᠵᠤ᠂ ᠰᠢᠶᠳᠪᠦᠷᠢᠯᠡᠭᠰᠡᠨ ᠦᠷ᠎ᠡ ᠪᠦᠲᠦᠮᠵᠢ ᠨᠢ ᠭᠡᠰᠢᠭᠦᠳ ᠤᠨ ᠰᠠᠨᠠᠯ ᠵᠥᠪᠯᠡᠯᠭᠡ | ᠳᠡᠪᠰᠢᠭᠦᠯᠦᠭᠰᠡᠨ ᠠᠩᠬᠠᠨ ᠤ ᠬᠦᠰᠡᠯ ᠵᠤᠷᠢᠯᠲᠠ ᠲᠠᠢ ᠵᠥᠷᠢᠶ᠎ᠡ ᠲᠠᠢ ᠪᠠᠶᠢᠨ᠎ᠠ᠃ ᠭᠤᠷᠪᠠ ᠳᠤ᠂ ᠭᠡᠰᠢᠭᠦᠳ ᠲᠤ | ᠦᠶᠯᠡᠴᠢᠯᠡᠬᠦ ᠪᠠᠷ ᠳᠤᠲᠠᠮᠠᠭ ᠪᠠᠶᠢᠵᠤ᠂ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠴᠢᠩᠭ᠎ᠠ ᠪᠢᠰᠢ | ᠪᠠᠶᠢᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ | ᠡᠭᠦᠷᠭᠡᠯᠡᠬᠦ ᠱᠠᠭᠠᠷᠳᠠᠯᠭ᠎ᠠ ᠳᠤ ᠭᠦᠷᠳᠡᠯ᠎ᠡ ᠪᠠᠰᠠ ᠴᠢᠷᠮᠠᠶᠢᠬᠤ ᠭᠡᠷᠡᠭᠳᠡᠢ᠃ ᠡᠳᠡᠭᠡᠷ ᠠᠰᠠᠭᠤᠳᠠᠯ ᠳᠤ ᠴᠢᠭᠯᠡᠭᠦᠯᠦᠨ᠂ | ᠣᠯᠠᠨ ᠢᠶᠠᠷ ᠢᠶᠠᠨ ᠰᠠᠨᠠᠯ ᠰᠠᠨᠠᠭᠤᠯᠭ᠎ᠠ ᠳᠤᠷᠠᠳᠴᠤ᠂ ᠪᠢᠳᠠ ᠬᠠᠮᠲᠤᠪᠠᠷ ᠬᠤᠰᠢᠭᠤᠨ ᠤ ᠤᠯᠤᠰ ᠲᠥᠷᠦ ᠶᠢᠨ | ᠵᠥᠪᠯᠡᠯᠭᠡᠨ ᠤ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠬᠦᠰᠡᠵᠦ ᠪᠠᠶᠢᠨ᠎ᠠ᠃ | ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠵᠢᠯ ᠪᠣᠯᠤᠨ᠎ᠠ᠂ ᠵᠢᠯ ᠤᠨ ᠡᠬᠢᠨ ᠳᠤ ᠭᠡᠨᠡᠳᠲᠡ | ᠡᠭᠦᠰᠦᠭᠰᠡᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠦᠷᠭᠡᠨ ᠣᠯᠠᠨ ᠤᠯᠤᠰ ᠲᠥᠷᠥ | ᠶᠢᠨ ᠵᠥᠪᠯᠡᠯᠭᠡᠨ ᠤ ᠭᠡᠰᠢᠭᠦᠳ ᠲᠦᠷᠦ ᠶᠢᠨ ᠪᠤᠳᠤᠯᠭ᠎ᠠ ᠶᠢᠨ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠣᠯᠠᠨ | ᠵᠦᠶᠯ ᠤᠨ ᠬᠡᠯᠪᠡᠷᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠣᠷᠣᠯᠴᠠᠵᠤ᠂ ᠰᠠᠨᠠᠭᠠᠴᠢᠯᠠᠭ᠎ᠠ | ᠠᠴᠠ ᠪᠠᠨ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠵᠤ ᠬᠤᠷᠢᠭᠯᠠᠨ ᠴᠣᠬᠢᠬᠤ ᠪᠠᠶᠢᠯᠳᠤᠭᠠᠨ ᠤ ᠢᠯᠠᠯᠲᠠ ᠣᠯᠬᠤ ᠳᠤ ᠬᠦᠴᠦᠨ ᠨᠡᠮᠡᠷᠢᠯᠡᠪᠡ᠃ | ᠡᠨᠡ ᠵᠢᠯ᠂ ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ | ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠶᠢᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ | ᠤᠯᠤᠰ ᠲᠥᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ | ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠬᠤᠰᠢᠭᠤ ᠨᠠᠮ ᠤᠨ ᠬᠤᠷᠢᠶᠠᠨ | ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠤᠨ ᠰᠢᠢᠳᠪᠦᠷᠢ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢ ᠬᠠᠮᠲᠤ ᠶᠢᠨ ᠦᠵᠡᠯ ᠰᠠᠨᠠᠭ᠎ᠠ ᠤᠯᠤᠰ ᠲᠥᠷᠦ ᠶᠢᠨ ᠰᠠᠭᠤᠷᠢ ᠶᠢ | ᠪᠠᠬᠢᠵᠢᠭᠦᠯᠬᠦ ᠶᠢᠨ ᠭᠤᠣᠯ ᠲᠡᠩᠭᠡᠯᠢᠭ ᠪᠣᠯᠭᠠᠵᠤ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠳᠤ ᠦᠢᠯᠡᠴᠢᠯᠡᠬᠦ ᠪᠠᠷ ᠠᠵᠢᠯ ᠤᠨ ᠭᠤᠣᠯ ᠰᠢᠵᠢᠮ ᠪᠤᠯᠭᠠᠨ᠂ ᠦᠵᠡᠯ ᠰᠠᠨᠠᠭ᠎ᠠ ᠤᠯᠤᠰ ᠲᠥᠷᠦ ᠶᠢᠨ | ᠵᠢᠯᠤᠭᠤᠳᠤᠯᠭ᠎ᠠ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠪᠠᠷ ᠭᠤᠣᠯ ᠵᠠᠩᠭᠢᠯᠠᠭ᠎ᠠ | ᠪᠣᠯᠭᠠᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠢ ᠪᠠᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠳᠥᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠲᠠᠢ | ᠤᠶᠠᠯᠳᠤᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠵᠤ᠂ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠢᠲᠤᠷ ᠬᠢᠬᠦ ᠵᠡᠷᠭᠡ ᠭᠤᠣᠯᠳᠠᠯᠭ᠎ᠠ ᠲᠠᠢ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ | ᠂ ᠡᠭᠦᠷᠭᠡ ᠴᠢᠳᠠᠪᠬᠢ ᠪᠠᠨ ᠬᠢᠨᠠᠮᠠᠭᠠᠢ ᠭᠦᠢᠴᠡᠳᠬᠡᠵᠦ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ | ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠤᠣᠰ ᠴᠢᠭᠯᠡᠯ ᠢᠶᠠᠷ ᠬᠦᠴᠦᠯᠡᠬᠦ ᠠᠵᠢᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠳᠤ ᠣᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ | ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠦ ᠶᠢᠨ ᠵᠥᠪᠯᠡᠯᠭᠡᠨ ᠤ ᠠᠵᠢᠯ ᠤᠨ | ᠬᠤᠷᠠᠯᠳᠤᠭᠠᠨ ᠵᠢᠴᠢ ᠳᠤᠮᠳᠠᠳᠤ ᠤᠯᠤᠰ ᠤᠨ ᠠᠷᠠᠳ ᠤᠨ ᠤᠯᠤᠰ ᠲᠥᠷᠦ ᠶᠢᠨ ᠵᠥᠪᠯᠡᠯᠭᠡᠨ ᠪᠠᠶᠢᠭᠤᠯᠤᠭᠳᠠᠭᠰᠠᠨ | 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠤᠯᠤᠰ | ᠲᠥᠷᠦ ᠶᠢᠨ ᠵᠥᠪᠯᠡᠯᠭᠡᠨ ᠤ ᠦᠢᠯᠡᠰ ᠤᠨ ᠰᠢᠨ᠎ᠡ ᠪᠠᠶᠢᠳᠠᠯ ᠢ ᠤᠯᠠᠮ ᠨᠢᠭᠡ ᠠᠯᠬᠤᠮ ᠪᠤᠢ ᠪᠣᠯᠭᠠᠬᠤ ᠳᠤ | ᠦᠨᠳᠦᠰᠦᠨ ᠵᠢᠷᠤᠮᠯᠠᠯ ᠪᠠ ᠪᠠᠲᠤᠯᠠᠭ᠎ᠠ ᠬᠠᠩᠭᠠᠪᠠ᠃ ᠡᠭᠦᠨ ᠤ ᠲᠤᠯᠠᠳᠠ᠂ 2020 ᠣᠨ ᠳᠤ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠳᠥᠷᠪᠡᠨ ᠲᠠᠯ᠎ᠠ ᠪᠠᠷ ᠦᠷᠭᠦᠯᠵᠢᠯᠡᠨ ᠬᠦᠴᠦᠯᠡᠨ ᠴᠢᠷᠮᠠᠶᠢᠬᠤ ᠪᠣᠯᠤᠨ᠎ᠠ᠃ | ︵ᠨᠢᠭᠡ︶ ᠦᠵᠡᠯ ᠰᠠᠨᠠᠭ᠎ᠠ ᠤᠯᠤᠰ ᠲᠥᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠬᠠᠮᠲᠤ ᠶᠢᠨ | ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠶ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠳᠤᠤᠷ᠎ᠠ ᠤᠯᠤᠰ ᠲᠥᠷᠦ ᠶᠢᠨ ᠵᠥᠪᠯᠡᠯᠭᠡᠨ ᠤ ᠠᠵᠢᠯ ᠢᠶᠠᠨ | ᠡᠷᠴᠢᠮ ᠲᠠᠢ ᠶᠠᠪᠤᠬᠳᠠᠭᠤᠯᠤᠨ᠎ᠠ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ | ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ ᠠᠷᠠᠳᠴᠢᠯᠠᠯ ᠢᠶᠠᠷ ᠵᠥᠪᠯᠡᠬᠦ ᠭᠡᠬᠦ ᠡᠨᠡ ᠬᠦ ᠨᠠᠮ ᠤᠨ ᠤᠳᠤᠷᠢᠳᠤᠯᠭ᠎ᠠ | ᠶᠢ ᠪᠡᠶᠡᠯᠡᠭᠦᠯᠬᠦ ᠴᠢᠬᠤᠯᠠ ᠠᠷᠭ᠎ᠠ ᠬᠡᠯᠪᠡᠷᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠨᠠᠮ ᠤᠨ ᠣᠨᠣᠯ ᠪᠠ | ᠲᠥᠷᠥ ᠶᠢᠨ ᠪᠣᠳᠣᠯᠭ᠎ᠠ ᠶᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠳᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠴᠢᠬᠤᠯᠠ ᠶᠡᠭᠡ ᠠᠰᠠᠭᠤᠳᠠᠯ ᠤᠨ ᠲᠤᠬᠠᠢ ᠵᠢᠭᠠᠪᠤᠷᠢ ᠠᠪᠴᠤ ᠮᠡᠳᠡᠭᠦᠯᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠬᠤᠰᠢᠭᠤ ᠨᠠᠮ ᠤᠨ ᠬᠤᠷᠢᠶ᠎ᠠ ᠳᠤ ᠣᠨ ᠤ | ᠵᠥᠪᠳᠡᠯᠴᠡᠬᠦ ᠲᠥᠯᠥᠪᠯᠡᠭᠡ᠂ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠲᠤᠰᠬᠠᠢ ᠰᠡᠳᠦᠪᠲᠦ | ᠵᠥᠪᠳᠡᠯᠴᠡᠬᠦ ᠬᠤᠷᠠᠯ ᠵᠡᠷᠭᠡ ᠴᠢᠬᠤᠯᠠ ᠶᠡᠭᠡ ᠤᠴᠢᠷ ᠶᠠᠪᠤᠳᠠᠯ ᠪᠠ ᠴᠢᠬᠤᠯᠠ ᠪᠠᠶᠢᠳᠠᠯ ᠳᠤ ᠵᠢᠭᠠᠪᠤᠷᠢ ᠠᠪᠴᠤ᠂ ᠴᠠᠭ | ᠲᠤᠬᠠᠢ ᠳᠤᠨᠢ ᠵᠥᠪᠳᠡᠯᠴᠡᠬᠦ ᠮᠡᠳᠡᠭᠦᠯᠦᠯᠲᠡ᠂ ᠰᠠᠨᠠᠯ ᠳᠤᠷᠠᠳᠤᠯᠭ᠎ᠠ᠂ ᠰᠤᠷᠠᠭ ᠵᠠᠩᠭᠢ᠂ ᠭᠡᠰᠢᠭᠦᠳ ᠤᠨ ᠰᠠᠨᠠᠯ | ᠰᠠᠨᠠᠭᠤᠯᠭ᠎ᠠ ᠵᠡᠷᠭᠡ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠦᠷ᠎ᠡ ᠪᠦᠲᠦᠭᠡᠯ ᠢ ᠬᠤᠰᠢᠭᠤ ᠨᠠᠮ ᠤᠨ ᠬᠤᠷᠢᠶᠠᠨ | ᠤ ᠤᠳᠤᠷᠢᠳᠤᠯᠭ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠨᠠᠮ ᠤᠨ ᠤᠳᠤᠷᠢᠳᠤᠯᠭ᠎ᠠ ᠳᠣᠣᠷ᠎ᠠ ᠰᠠᠨᠠᠭᠠᠴᠢᠯᠠᠭ᠎ᠠ | ᠠᠴᠠ ᠪᠠᠨ ᠬᠠᠷᠢᠭᠤᠴᠠᠵᠤ᠂ ᠵᠣᠬᠢᠴᠠᠩᠭᠤᠢ ᠨᠢᠭᠡᠳᠦᠯᠲᠡᠢ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠨ᠎ᠠ᠃ | ᠬᠠᠮᠲᠤ ᠶᠢᠨ ᠦᠵᠡᠯ ᠰᠠᠨᠠᠭ᠎ᠠ ᠤᠯᠤᠰ ᠲᠥᠷᠦ ᠶᠢᠨ ᠰᠠᠭᠤᠷᠢ ᠶᠢ ᠪᠠᠳᠤᠳᠬᠠᠨ᠎ᠠ᠃ ︽ᠰᠤᠷᠤᠯᠴᠠᠯᠭ᠎ᠠ ᠪᠠᠷ | ᠵᠢᠯᠤᠭᠤᠳᠤᠯᠭ᠎ᠠ ᠪᠤᠯᠭᠠᠬᠤ᠂ ᠡᠭᠦᠷᠭᠡ ᠲᠤᠰᠢᠶᠠᠯ ᠢᠶᠠᠨ ᠭᠦᠶᠴᠡᠳᠬᠡᠬᠦ᠂ ᠳᠦᠷᠢ ᠲᠥᠷᠬᠦ ᠶᠢ ᠰᠢᠨᠡᠴᠢᠯᠡᠵᠦ | ᠰᠠᠶᠢᠵᠢᠷᠠᠭᠤᠯᠬᠤ︾ ᠡᠭᠦᠷᠭᠡ ᠲᠤᠰᠢᠶᠠᠯ ᠢᠶᠠᠨ ᠭᠦᠶᠴᠡᠳᠬᠡᠬᠦ ᠣᠢᠯᠠᠭᠠᠭᠳᠠᠬᠤᠨ ᠢ ᠲᠣᠭᠲᠠᠭᠠᠵᠤ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠵᠤ ᠶᠠᠷᠢᠯᠴᠠᠬᠤ ᠬᠤᠷᠠᠯ ᠤᠨ ᠳᠦᠷᠢᠮ ᠢ ᠪᠠᠶᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ | ᠲᠥᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠤᠨ᠎ᠠ᠃ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ | ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠣᠳᠣᠬᠠᠨ ᠤ ᠪᠠ ᠬᠤᠶᠢᠰᠢᠳᠠ | ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠤᠭᠰᠠᠨ ᠤ ᠬᠤᠪᠢ ᠳᠤ᠂ | ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠶᠴᠡᠳᠬᠡᠬᠦ ᠠᠩᠬᠠᠨ ᠤ ᠠᠵᠢᠯ ᠢᠶᠠᠨ ᠡᠷᠴᠢᠮᠲᠡᠢ ᠡᠬᠢᠯᠡᠭᠦᠯᠵᠤ᠂ ᠤᠯᠤᠰ ᠲᠥᠷᠥ ᠶᠢᠨ | ᠬᠤᠷᠢᠭ᠎ᠠ ᠱᠤᠭᠤᠮ ᠤᠨ ᠦᠵᠡᠯᠲᠡ ᠶᠢ ᠰᠠᠬᠢᠵᠤ᠂ ᠤᠯᠤᠰ ᠲᠥᠷᠥ ᠦᠵᠡᠯ ᠰᠠᠨᠠᠭᠠᠨ ᠤ ᠲᠡᠩᠭᠡᠯᠢᠭ ᠢ ᠪᠠᠲᠤᠳᠬᠠᠨ᠂ | ᠨᠠᠮ ᠳᠠᠭᠠᠨ ᠬᠠᠷᠢᠴᠠᠯᠠᠰᠢᠭᠦᠶ ᠦᠨᠡᠨᠴᠢ ᠰᠢᠳᠤᠷᠭᠤ ᠤᠯᠤᠰ ᠲᠥᠷᠥ ᠶᠢᠨ ᠬᠡᠪ ᠴᠢᠨᠠᠷ ᠢ ᠪᠣᠶ ᠪᠣᠯᠭᠠᠬᠤ ᠬᠡᠷᠡᠭᠲᠡᠶ᠃ | ᠥᠭᠡᠷᠡᠴᠢᠯᠡᠯᠲᠡ ᠬᠥᠭᠵᠢᠯᠲᠡ ᠶᠢᠨ ᠬᠦᠴᠦᠷᠬᠡᠭ ᠶᠡᠭᠡ ᠬᠠᠮᠳᠤ ᠶᠢᠨ ᠬᠦᠴᠦᠨ ᠢ ᠨᠢᠭᠲᠠᠷᠠᠭᠤᠯᠤᠨ᠎ᠠ᠃ ᠳᠡᠭᠡᠲᠦ | ᠱᠠᠲᠤᠨ ᠤ ᠤᠯᠤᠰ ᠲᠥᠷᠦ ᠶᠢᠨ ᠵᠥᠪᠯᠡᠯᠭᠡᠨ ᠪᠠ ᠡᠯ᠎ᠡ ᠭᠠᠵᠠᠷ ᠤᠨ ᠤᠯᠤᠰ ᠲᠥᠷᠦ ᠶᠢᠨ ᠵᠥᠪᠯᠡᠯᠭᠡᠨ ᠤ | ᠬᠤᠭᠤᠷᠤᠨᠳᠤ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠮᠠᠨ ᠤ ᠬᠤᠰᠢᠭᠤᠨ ᠤ ᠬᠥᠭᠵᠢᠯᠲᠡ ᠶᠢᠨ | ᠬᠦᠴᠦᠨ ᠴᠢᠳᠠᠯ ᠢ ᠨᠢᠭᠲᠠᠷᠠᠭᠤᠯᠤᠨ᠎ᠠ᠃ ᠠᠷᠠᠳᠴᠢᠯᠠᠭᠰᠠᠨ ᠨᠠᠮ ᠪᠦᠯᠦᠭ ᠤᠨ ᠬᠥᠮᠦᠰ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠪᠦᠷᠢᠯᠳᠦᠬᠦᠨ᠂ ᠨᠠᠮ ᠤᠨ ᠪᠤᠰᠤ ᠬᠥᠮᠦᠰ ᠤᠨ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠠᠵᠢᠯ ᠢ ᠰᠠᠶᠢᠲᠤᠷ ᠬᠢᠵᠦ᠂ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠨᠡᠷ ᠨᠠᠮ ᠤᠨ ᠭᠡᠰᠢᠭᠦᠨ ᠭᠡᠰᠢᠭᠦᠳ ᠲᠠᠢ ᠬᠠᠷᠢᠯᠴᠠᠬᠤ᠂ ᠨᠠᠮ ᠤᠨ ᠭᠡᠰᠢᠭᠦᠨ | ᠭᠡᠰᠢᠭᠦᠳ ᠨᠠᠮ ᠤᠨ ᠭᠠᠳᠠᠨᠠᠬᠢ ᠭᠡᠰᠢᠭᠦᠳ ᠲᠠᠢ ᠬᠠᠷᠢᠯᠴᠠᠬᠤ ᠳᠦᠷᠢᠮ ᠪᠠ ᠭᠡᠰᠢᠭᠦᠳ ᠡᠯ᠎ᠡ ᠬᠦᠷᠢᠶ᠎ᠡ ᠬᠡᠪᠴᠢᠶᠡᠨ ᠤ | ᠬᠦᠮᠦᠰ ᠲᠠᠢ ᠬᠠᠷᠢᠯᠴᠠᠬᠤ ᠳᠦᠷᠢᠮ ᠢ ᠲᠣᠭᠲᠠᠭᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠪᠠ ᠨᠠᠮ ᠤᠨ ᠭᠡᠰᠢᠭᠦᠨ ᠭᠡᠰᠢᠭᠦᠳ ᠢᠶᠠᠨ ᠵᠣᠬᠢᠶᠠᠨ ᠪᠠᠶᠢᠭᠤᠯᠤᠨ ᠨᠠᠮ ᠤᠨ ᠭᠠᠳᠠᠨᠠᠬᠢ ᠬᠥᠮᠦᠰ᠂ ᠱᠠᠰᠢᠨ | ᠰᠤᠷᠲᠠᠬᠤᠨ ᠤ ᠬᠥᠮᠦᠰ ᠲᠠᠢ ᠬᠠᠷᠢᠯᠴᠠᠬᠤ ᠠᠵᠢᠯ ᠢ ᠰᠠᠶᠢᠲᠤᠷ ᠬᠢᠵᠦ᠂ ᠨᠠᠮ ᠤᠨ ᠱᠤᠭᠤᠮ ᠴᠢᠭᠯᠡᠯᠲᠡ ᠲᠥᠷᠦ ᠶᠢᠨ | ᠪᠣᠳᠣᠯᠭ᠎ᠠ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠬᠠᠭᠤᠯᠵᠤ᠂ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠤᠰ ᠲᠥᠷᠥ ᠶᠢᠨ ᠪᠤᠳᠤᠯᠭ᠎ᠠ ᠲᠠᠢ ᠠᠳᠠᠯᠢ ᠴᠢᠭᠯᠡᠯ ᠳᠤ | ᠦᠵᠡᠯ ᠰᠠᠨᠠᠭ᠎ᠠ ᠪᠠᠨ ᠨᠢᠭᠡᠳᠬᠡᠬᠦ᠂ ᠠᠵᠢᠯ ᠢᠶᠠᠨ ᠵᠡᠷᠭᠡᠪᠡᠷ ᠬᠢᠬᠦ ᠶᠢ ᠪᠠᠷᠢᠮᠲᠠᠯᠠᠨ᠂ ᠨᠢᠭᠡᠳᠦᠮᠡᠯ ᠹᠷᠣᠨᠲ ᠤᠨ ᠪᠦᠬᠦ | ᠬᠤᠰᠢᠭᠤᠨ ᠤ ᠥᠭᠡᠷᠡᠴᠢᠯᠡᠯᠲᠡ ᠬᠥᠭᠵᠢᠯᠲᠡ ᠳᠤ ᠣᠷᠣᠯᠴᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ | ᠴᠢᠷᠮᠠᠶᠢᠨ ᠪᠦᠷᠢᠯᠳᠦᠭᠦᠯᠦᠨ᠎ᠡ᠃ | ︵ᠬᠤᠶᠠᠷ︶ ᠠᠷᠠᠳᠴᠢᠯᠠᠯ ᠢᠶᠠᠷ ᠵᠥᠪᠯᠡᠬᠦ ᠪᠠᠶᠢᠭᠤᠯᠤᠯᠲᠠ ᠶᠢ ᠴᠢᠩᠭᠠᠳᠬᠠᠵᠤ᠂ ᠵᠥᠪᠯᠡᠬᠦ ᠪᠠᠶᠢᠭᠤᠯᠤᠮᠵᠢ ᠶᠢᠨ | ᠦᠶᠯᠡᠳᠦᠯ ᠢ ᠪᠠᠳᠠᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠶ | ᠠᠷᠠᠳᠴᠢᠯᠠᠯ ᠢᠶᠠᠷ ᠵᠥᠪᠯᠡᠬᠦ ᠪᠠᠶᠢᠭᠤᠯᠤᠯᠲᠠ ᠶᠢ ᠴᠢᠩᠭᠠᠳᠬᠠᠨ᠎ᠠ᠃ ᠵᠥᠪᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠬᠠᠮᠲᠤᠪᠠᠷ ᠣᠨ ᠤ ᠵᠥᠪᠯᠡᠬᠦ | ᠲᠥᠯᠥᠪᠯᠡᠭᠡ ᠲᠣᠭᠲᠠᠭᠠᠵᠤ᠂ ᠵᠥᠪᠯᠡᠭᠰᠡᠨ ᠦᠷ᠎ᠡ ᠪᠦᠲᠦᠭᠡᠯ ᠢ ᠬᠦᠯᠢᠶᠡᠨ ᠠᠪᠴᠤ ᠨᠠᠶᠢᠳᠠᠪᠤᠷᠢᠵᠢᠭᠤᠯᠤᠭᠰᠠᠨ | ᠪᠠᠶᠢᠳᠠᠯ ᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠵᠦᠢᠯ ᠪᠠ ᠰᠢᠯᠭᠠᠨ | ᠬᠢᠨᠠᠬᠤ ᠰᠢᠰᠲ᠋ᠧᠮ ᠳᠤ ᠣᠷᠣᠭᠤᠯᠬᠤ ᠪᠠᠷ ᠴᠢᠷᠮᠠᠶᠢᠨ᠎ᠠ᠃ ᠰᠠᠨᠠᠭᠠᠴᠢᠯᠠᠭ᠎ᠠ ᠠᠴᠠ ᠪᠠᠨ ᠪᠥᠬᠦ ᠬᠤᠰᠢᠭᠤᠨ ᠤ | ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠬᠢᠯᠢ ᠶᠢᠨ ᠪᠣᠭᠤᠮᠲᠠ ᠶᠢᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠨᠡᠶᠢᠭᠡᠮ | ᠤᠨ ᠪᠠᠲᠤᠯᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ | ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠲᠡᠩᠴᠡᠭᠦᠷᠢ ᠥᠬᠡᠶ ᠭᠦᠶᠴᠡᠳ ᠥᠬᠡᠶ ᠪᠠᠶᠢᠬᠤ ᠠᠰᠠᠭᠤᠳᠠᠯ ᠢ ᠰᠠᠶᠢᠲᠤᠷ | ᠰᠢᠶᠳᠪᠦᠷᠢᠯᠡᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠨᠠᠩ ᠰᠠᠶᠢᠨ ᠬᠠᠩᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠᠭᠰᠠᠨ ᠤ | ᠳᠠᠷᠠᠭᠠᠬᠢ ᠠᠵᠤ ᠦᠶᠯᠡᠰ ᠤᠨ ᠬᠥᠭᠵᠢᠯᠲᠡ᠂ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠪᠠ | ᠣᠳᠣᠬᠢᠴᠢᠯᠠᠭᠰᠠᠨ ᠮᠠᠯ ᠠᠵᠤ ᠠᠬᠤᠶ ᠶᠢᠨ ᠬᠥᠭᠵᠢᠯᠲᠡ᠂ ᠬᠤᠭ ᠨᠣᠪᠰᠢ ᠶᠢ ᠲᠥᠷᠥᠯ ᠬᠤᠪᠢᠶᠠᠬᠤ ᠪᠠ ᠬᠤᠤᠷ | ᠦᠭᠡᠢ ᠪᠤᠯᠭᠠᠨ ᠰᠢᠶᠳᠪᠦᠷᠢᠯᠡᠬᠦ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ᠂ | ᠮᠠᠯᠴᠢᠨ ᠲᠠᠷᠢᠶᠠᠴᠢᠨ ᠤ ᠬᠡᠷᠡᠭᠯᠡᠭᠡᠨ ᠤ ᠤᠷ᠎ᠠ ᠮᠡᠷᠭᠡᠵᠢᠯ ᠤᠨ ᠪᠣᠯᠪᠠᠰᠤᠷᠠᠯ᠂ ᠡᠮᠴᠢᠯᠡᠭᠡᠨ ᠤ ᠪᠠᠲᠤᠯᠠᠭ᠎ᠠ ᠶᠢᠨ ᠠᠵᠢᠯ | ᠤᠨ ᠪᠠᠶᠢᠳᠠᠯ᠂ ᠴᠥᠭᠡᠨ ᠲᠣᠭᠠᠲᠤ ᠦᠨᠳᠦᠰᠦᠲᠡᠨ ᠤ ᠤᠶᠤᠲᠠᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ | ᠵᠡᠷᠭᠡ ᠰᠡᠳᠦᠪ ᠤᠨ ᠲᠣᠭᠤᠷᠢᠨ ᠳᠤ᠂ ᠣᠯᠠᠨ ᠲᠠᠰ ᠳᠠᠪᠬᠤᠷᠭ᠎ᠠ ᠶᠢᠨ ᠵᠥᠪᠯᠡᠯᠭᠡ ᠬᠢᠵᠦ ᠲᠦᠷᠦ ᠳᠤ ᠵᠥᠪᠯᠡᠬᠦ ᠳᠤ | ᠤᠷᠤᠯᠴᠠᠨ᠎ᠠ᠃ | ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠎ᠠ᠃ ᠬᠤᠷᠠᠯᠳᠤᠭᠠᠨ ᠳᠤ ᠬᠢᠨᠠᠯᠲᠠ ᠲᠠᠯᠪᠢᠬᠤ᠂ | ᠪᠠᠶᠢᠴᠠᠭᠠᠨ ᠦᠵᠡᠬᠦ ᠳᠤ ᠬᠢᠨᠠᠯᠲᠠ ᠲᠠᠯᠪᠢᠬᠤ᠂ ᠰᠠᠨᠠᠯ ᠵᠥᠪᠯᠡᠯᠭᠡ ᠳᠤ ᠬᠢᠨᠠᠯᠲᠠ ᠲᠠᠯᠪᠢᠬᠤ᠂ ᠲᠤᠰᠬᠠᠶ ᠵᠦᠶᠯ ᠳᠤ | ᠬᠢᠨᠠᠯᠲᠠ ᠲᠠᠯᠪᠢᠬᠤ᠂ ᠦᠨᠡᠯᠡᠨ ᠶᠠᠷᠢᠯᠴᠠᠵᠤ ᠬᠢᠨᠠᠯᠲᠠ ᠲᠠᠯᠪᠢᠬᠤ ᠠᠵᠢᠯ ᠤᠨ ᠠᠷᠭ᠎ᠠ ᠶᠢ ᠲᠡᠭᠦᠯᠳᠡᠷᠵᠢᠭᠦᠯᠦᠨ᠎ᠡ᠃ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠲᠠᠢ ᠤᠶᠠᠯᠳᠤᠭᠤᠯᠤᠨ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ | ᠠᠯᠪᠠᠳᠠᠨ ᠰᠣᠩᠭᠤᠵᠤ ᠠᠵᠢᠯᠳᠠᠨ ᠬᠡᠷᠡᠭᠯᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ | ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ᠡᠯ᠎ᠡ | ᠲᠥᠷᠥᠯ ᠤᠨ ᠠᠵᠢᠯ ᠤᠨ ᠵᠥᠪ ᠴᠢᠭᠯᠡᠯ ᠢᠶᠠᠷ ᠤᠷᠤᠭᠰᠢᠯᠠᠬᠤ ᠶᠢ ᠠᠭᠢᠭᠤᠯᠤᠨ᠎ᠠ᠃ ᠬᠡᠰᠢᠭᠦᠳ ᠢ ᠲᠤᠮᠢᠯᠠᠨ ᠬᠠᠤᠯᠢ | ᠴᠠᠭᠠᠵᠠ ᠶᠢᠨ ᠰᠠᠯᠠᠭ᠎ᠠ ᠮᠥᠴᠢᠷ ᠲᠤ ᠠᠷᠠᠳᠴᠢᠯᠠᠭᠰᠠᠨ ᠬᠢᠨᠠᠯᠲᠠ ᠲᠠᠯᠪᠢᠭᠴᠢ ᠶᠢᠨ ᠲᠤᠰᠢᠶᠠᠯ ᠡᠭᠦᠷᠭᠡᠯᠡᠭᠦᠯᠵᠤ᠂ | ᠠᠵᠢᠯ ᠲᠥᠷᠥᠯ ᠤᠨ ᠬᠡᠪ ᠰᠤᠷᠲᠠᠯ ᠢ ᠪᠠᠶᠢᠴᠠᠭᠠᠨ ᠦᠵᠡᠬᠦ᠂ ᠬᠢᠨᠠᠨ ᠪᠠᠶᠢᠴᠠᠭᠠᠬᠤ᠂ ᠦᠨᠡᠯᠡᠨ ᠶᠠᠷᠢᠯᠴᠠᠬᠤ | ᠠᠵᠢᠯᠯᠠᠭ᠎ᠠ ᠥᠷᠨᠢᠭᠦᠯᠦᠨ᠎ᠡ᠃ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠢᠨᠠᠯᠲᠠ | ᠲᠠᠯᠪᠢᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠪᠠᠶᠢᠴᠠᠭᠠᠨ ᠰᠤᠳᠤᠯᠤᠯᠲᠠ᠂ ᠵᠥᠪᠳᠡᠯᠴᠡᠭᠰᠡᠨ ᠮᠡᠳᠡᠭᠦᠯᠦᠯᠲᠡ ᠶᠢ ᠭᠦᠶᠴᠡᠳᠬᠡᠭᠰᠡᠨ ᠪᠠᠶᠢᠳᠠᠯ ᠢ | ᠪᠥᠬᠦ ᠲᠠᠯ᠎ᠠ ᠪᠠᠷ ᠡᠮᠬᠢᠯᠡᠨ ᠲᠢᠭᠯᠡᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ | ᠵᠥᠪᠳᠡᠯᠴᠡᠭᠰᠡᠨ ᠮᠡᠳᠡᠭᠦᠯᠦᠯᠲᠡ ᠶᠢᠨ ᠰᠠᠨᠠᠭᠤᠯᠭ᠎ᠠ ᠶᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ | ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠵᠥᠪᠳᠡᠯᠴᠡᠭᠰᠡᠨ ᠦᠷ᠎ᠡ ᠪᠦᠲᠦᠭᠡᠯ ᠤᠨ ᠠᠬᠢᠴᠠ ᠶᠢ ᠬᠦᠴᠦᠯᠡᠨ | ᠰᠠᠶᠢᠵᠢᠷᠠᠭᠤᠯᠤᠨ᠎ᠠ᠃ | ᠰᠠᠨᠠᠯ ᠵᠥᠪᠯᠡᠯᠭᠡ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ | ᠠᠵᠢᠯ ᠢ ᠴᠢᠩᠭᠠᠳᠬᠠᠨ᠎ᠠ᠃ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠠᠵᠢᠯ ᠤᠨ ᠨᠠᠷᠢᠨ ᠳᠦᠷᠢᠮ᠂ ᠰᠠᠨᠠᠯ | ᠳᠤᠷᠠᠳᠤᠯᠭ᠎ᠠ ᠶᠢ ᠲᠤᠰᠢᠶᠠᠨ ᠰᠢᠶᠳᠪᠦᠷᠢᠯᠡᠭᠦᠯᠬᠦ ᠲᠣᠭᠲᠠᠴᠠ ᠪᠠ ᠰᠢᠢᠳᠪᠦᠷᠢᠯᠡᠬᠦ ᠶᠢ ᠦᠨᠡᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠭᠡᠰᠢᠭᠦᠳ ᠢ ᠵᠢᠯᠣᠭᠤᠳᠤᠨ ᠪᠦᠬᠦ ᠬᠤᠰᠢᠭᠤᠨ ᠤ ᠭᠤᠣᠯ ᠠᠵᠢᠯ ᠲᠠᠢ ᠨᠢᠭᠲᠠ | ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠤᠨ ᠲᠤᠭᠤᠷᠢᠨ ᠳᠤ ᠬᠦᠴᠦ ᠪᠠᠨ | ᠲᠥᠪᠯᠡᠷᠡᠭᠦᠯᠵᠦ᠂ ᠭᠠᠷᠳᠠᠨ ᠬᠢᠬᠦ ᠵᠦᠢᠯ ᠢ ᠣᠨᠣᠪᠴᠢᠲᠠᠢ ᠰᠣᠩᠭᠤᠵᠤ᠂ ᠭᠦᠨᠵᠡᠭᠡᠢ ᠪᠠᠶᠢᠴᠠᠭᠠᠨ ᠰᠤᠳᠤᠯᠵᠤ᠂ | ᠰᠠᠨᠠᠭᠤᠯᠭ᠎ᠠ ᠶᠢ ᠣᠨᠣᠪᠴᠢᠲᠠᠢ ᠳᠤᠷᠠᠳᠴᠤ᠂ ᠰᠠᠨᠠᠯ ᠳᠤᠷᠠᠳᠤᠯᠭ᠎ᠠ ᠶᠢ ᠲᠤᠭ᠎ᠠ ᠬᠡᠮᠵᠢᠶᠡᠨ ᠤ ᠬᠡᠯᠪᠡᠷᠢ ᠠᠴᠠ ᠶᠠᠰᠤ | ᠴᠢᠨᠠᠷ ᠤᠨ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠲᠡᠷᠢᠭᠦᠯᠡᠭᠴᠢᠳ ᠤᠨ ᠬᠤᠷᠠᠯᠳᠤᠭᠠᠨ ᠤ | ᠭᠤᠤᠯᠳᠠᠯᠭ᠎ᠠ ᠲᠠᠢ ᠰᠠᠨᠠᠯ ᠵᠥᠪᠯᠡᠯᠭᠡ ᠶᠢ ᠬᠢᠨᠠᠨ ᠰᠢᠶᠳᠪᠦᠷᠢᠯᠡᠭᠦᠯᠬᠦ ᠡᠷᠴᠢᠮ ᠢ ᠴᠢᠩᠭᠠᠷᠠᠭᠤᠯᠵᠤ᠂ ᠰᠠᠨᠠᠯ ᠵᠥᠪᠯᠡᠯᠭᠡ | ᠶᠢ ᠪᠠᠶᠢᠴᠠᠭᠠᠨ ᠦᠵᠡᠬᠦ᠂ ᠭᠤᠤᠯᠳᠠᠯᠭ᠎ᠠ ᠲᠠᠢ ᠬᠢᠨᠠᠨ ᠰᠢᠶᠳᠪᠦᠷᠢᠯᠡᠭᠦᠯᠬᠦ ᠪᠠ ᠰᠢᠢᠳᠪᠤᠷᠢᠯᠡᠭᠰᠡᠨ ᠢ ᠦᠨᠡᠯᠡᠨ | ᠡᠷᠴᠢᠮᠵᠢᠭᠦᠯᠭᠦ ᠶᠢ ᠴᠢᠩᠭᠠᠳᠬᠠᠵᠤ᠂ ᠰᠠᠨᠠᠯ ᠵᠥᠪᠯᠡᠯᠭᠡ ᠶᠢ ᠰᠢᠶᠳᠪᠦᠷᠢᠯᠡᠬᠦ ᠪᠣᠳᠠᠲᠤ ᠦᠷ᠎ᠡ ᠪᠦᠲᠦᠮᠵᠢ ᠶᠢ | ᠬᠦᠴᠦᠯᠡᠨ ᠰᠠᠶᠢᠵᠢᠷᠠᠭᠤᠯᠵᠤ᠂ ᠰᠠᠨᠠᠯ ᠵᠥᠪᠯᠡᠯᠭᠡ ᠶᠢ ᠬᠠᠩᠭᠠᠮᠵᠢᠲᠠᠢ ᠰᠢᠢᠳᠪᠦᠷᠢᠯᠡᠭᠰᠡᠨ ᠨᠣᠷᠮ᠎ᠠ ᠶᠢ 92 % ᠠᠴᠠ | ᠳᠡᠭᠡᠭᠰᠢ ᠳᠤ ᠬᠦᠷᠭᠡᠬᠦ ᠶᠢ ᠪᠠᠲᠤᠯᠠᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠨᠡᠶᠢᠭᠡᠮ ᠨᠡᠶᠢᠲᠡ ᠶᠢᠨ ᠠᠩᠬᠠᠷᠤᠯ ᠲᠠᠯᠪᠢᠵᠤ ᠪᠠᠶᠢᠭ᠎ᠠ ᠠᠷᠠᠳ ᠤᠨ | ᠠᠮᠢᠳᠤᠷᠠᠯ ᠤᠨ ᠠᠰᠠᠭᠤᠳᠠᠯ ᠤᠨ ᠲᠣᠭᠤᠷᠢᠨ ᠳᠤ᠂ ᠰᠤᠷᠠᠭ ᠵᠠᠩᠭᠢ ᠶᠢ ᠵᠠᠳᠠᠯᠤᠨ ᠰᠢᠨᠵᠢᠯᠡᠬᠦ ᠠᠵᠢᠯ ᠢ ᠰᠠᠶᠢᠲᠤᠷ | ᠬᠢᠵᠦ᠂ ᠢᠯᠡᠷᠡᠬᠦ ᠰᠢᠨᠵᠢ ᠲᠡᠮᠳᠡᠭ ᠤᠨ ᠴᠢᠨᠠᠷᠲᠠᠢ᠂ ᠬᠠᠨᠳᠤᠯᠭᠠᠲᠤ ᠴᠢᠨᠠᠷᠲᠠᠢ ᠠᠰᠠᠭᠤᠳᠠᠯ ᠢ ᠪᠠᠶᠢᠴᠠᠭᠠᠨ ᠰᠤᠳᠤᠯᠵᠤ | ᠂ ᠦᠨ᠎ᠡ ᠥᠷᠲᠡᠭ ᠲᠠᠢ ᠰᠤᠷᠠᠭ ᠵᠠᠩᠭᠢ ᠶᠢ ᠴᠠᠭ ᠲᠤᠬᠠᠢ ᠳᠤᠨᠢ ᠲᠤᠰᠬᠠᠵᠤ᠂ ᠰᠤᠷᠠᠭ ᠵᠠᠩᠭᠢ ᠶᠢᠨ ︽ᠰᠢᠭᠤᠳ | ᠨᠡᠪᠲᠡᠷᠡᠬᠦ ᠲᠡᠷᠭᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ︵ᠭᠤᠷᠪᠠ︶ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠠᠮᠢᠵᠢᠷᠠᠯ ᠤᠨ ᠬᠦᠴᠦᠨ ᠢ | ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠴᠢᠷᠮᠠᠶᠢᠬᠤ ᠭᠡᠷᠡᠭᠳᠡᠢ | ᠭᠡᠰᠢᠭᠦᠳ ᠤᠨ ᠰᠤᠷᠤᠯᠴᠠᠯᠭ᠎ᠠ ᠪᠤᠯᠪᠠᠰᠤᠷᠠᠯ ᠢ ᠴᠢᠩᠭᠠᠳᠬᠠᠨ᠎ᠠ᠃ ᠭᠡᠰᠢᠭᠦᠳ ᠢ ᠪᠣᠯᠪᠠᠰᠤᠷᠠᠭᠤᠯᠬᠤ ᠲᠣᠭᠲᠠᠴᠠ | ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ᠵᠦᠪᠯᠡᠯ ᠤᠨ ᠨᠠᠮ ᠤᠨ ᠡᠭᠦᠷ᠂ ᠡᠯ᠎ᠡ ᠭᠦᠷᠢᠶ᠎ᠡ ᠭᠡᠪᠴᠢᠶᠠᠨ ᠤ | ᠪᠠᠭ᠎ᠠ ᠳᠤᠭᠤᠶᠢᠯᠠᠩ ᠪᠠ ︽ᠳᠠᠷᠬᠠᠨ ᠮᠤᠤᠮᠢᠩᠭᠠᠨ ᠤ ᠤᠯᠤᠰ ᠲᠥᠷᠦ ᠶᠢᠨ ᠵᠥᠪᠯᠡᠯᠭᠡᠨ︾ ᠤ ᠸᠢᠴᠠᠲ ᠤᠨ ᠣᠯᠠᠨ | ᠨᠡᠶᠢᠲᠡ ᠶᠢᠨ ᠲᠠᠪᠴᠠᠩ ᠵᠡᠷᠭᠡ ᠢ ᠠᠰᠢᠭᠯᠠᠨ᠂ ᠭᠡᠰᠢᠭᠦᠳ ᠢ ᠵᠣᠬᠢᠶᠠᠨ ᠪᠠᠶᠢᠭᠤᠯᠤᠨ ᠨᠠᠮ ᠤᠨ ᠦᠨᠳᠦᠰᠦᠨ ᠤᠨᠤᠯ᠂ | ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠭᠦᠨᠵᠡᠭᠡᠶ ᠥᠷᠭᠡᠨ ᠳᠡᠯᠭᠡᠷᠡᠩᠭᠦᠶ ᠪᠠᠷ | ᠰᠤᠷᠤᠯᠴᠠᠭᠤᠯᠵᠤ᠂ ᠭᠡᠰᠢᠭᠦᠳ ᠢ ᠵᠢᠯᠣᠭᠤᠳᠴᠤ ᠬᠠᠷᠠᠯᠳᠠ ᠲᠣᠳᠣᠷᠬᠠᠶ ᠪᠠᠶᠢᠬᠤ ᠤᠯᠤᠰ ᠲᠥᠷᠥ ᠶᠢᠨ ᠲᠠᠨᠢᠯᠲᠠ ᠶᠢ | ᠡᠷᠬᠢᠮᠯᠡᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠦ ᠶᠢᠨ ᠬᠥᠭᠵᠢᠯᠲᠡ | ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠴᠢᠬᠤᠯᠠ ᠶᠡᠭᠡ ᠵᠠᠷᠴᠢᠮ ᠤᠨ ᠠᠰᠠᠭᠤᠳᠠᠯ ᠳᠡᠭᠡᠷ᠎ᠡ ᠵᠣᠭᠰᠣᠯᠲᠠ | ᠪᠠᠲᠤ ᠪᠠᠶᠢᠵᠤ᠂ ᠵᠣᠷᠢᠭᠲᠠᠶ ᠪᠠᠷ ᠦᠭᠡ ᠬᠡᠯᠡᠵᠦ᠂ ᠵᠠᠩᠭᠢᠯᠠᠭ᠎ᠠ ᠶᠢᠨ ᠦᠶ᠎ᠡ ᠳᠤ ᠨᠠᠶᠢᠳᠠᠪᠤᠷᠢᠲᠠᠶ ᠪᠥᠭᠡᠳ ᠪᠠᠲᠤ | ᠵᠤᠭᠰᠤᠬᠤ ᠵᠤᠭᠰᠤᠯᠲᠠ ᠲᠠᠢ ᠪᠣᠯᠭᠠᠨ᠎ᠠ᠃ ᠭᠡᠰᠢᠭᠦᠳ ᠤᠨ ᠠᠷᠠᠳᠴᠢᠯᠠᠯ ᠢᠶᠠᠷ ᠵᠥᠪᠯᠡᠬᠦ ᠲᠤᠰᠬᠠᠶ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠡᠭᠡᠲᠦ ᠬᠡᠪ ᠴᠢᠨᠠᠷ ᠪᠦᠬᠦᠢ ᠭᠡᠰᠢᠭᠦᠨ | ᠤ ᠡᠩᠨᠡᠭᠡ ᠶᠢ ᠪᠠᠶᠢᠭᠤᠯᠤᠨ᠎ᠠ᠃ | ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠶᠴᠡᠳᠬᠡᠬᠦ ᠰᠡᠳᠬᠢᠯᠭᠡ ᠶᠢ ᠨᠢ ᠴᠢᠩᠭᠠᠳᠬᠠᠨ᠎ᠠ᠃ | ᠭᠡᠰᠢᠭᠦᠳ ᠢ ᠵᠢᠯᠣᠭᠤᠳᠤᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠠᠷᠭ᠎ᠠ ᠠᠪᠴᠢᠯ ᠢ ᠣᠨᠣᠪᠴᠢᠲᠠᠶ | ᠡᠵᠡᠮᠰᠢᠭᠦᠯᠵᠦ᠂ ᠤᠯᠤᠰ ᠲᠥᠷᠦ ᠶᠢᠨ ᠵᠥᠪᠯᠡᠯᠭᠡᠨ ᠤ ᠡᠯ᠎ᠡ ᠵᠦᠶᠯ ᠤᠨ ᠳᠦᠷᠢᠮ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠤᠯᠤᠰ ᠲᠥᠷᠦ ᠶᠢᠨ ᠵᠥᠪᠯᠡᠯᠭᠡᠨ ᠤ ᠬᠤᠷᠠᠯ ᠪᠠ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ | ᠰᠠᠨᠠᠯ ᠵᠥᠪᠯᠡᠯᠭᠡ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ᠂ ᠬᠤᠷᠠᠯ ᠤᠨ ᠢᠯᠡᠳᠭᠡᠯ ᠮᠠᠲ᠋ᠧᠷᠢᠶᠠᠯ ᠵᠡᠷᠭᠡ ᠶᠢ | ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠬᠦᠷᠭᠡᠨ᠎ᠡ᠃ ᠦᠪᠡᠷ ᠤᠨ ᠤᠬᠠᠮᠰᠠᠷ ᠠᠴᠠ ᠪᠠᠨ ᠨᠠᠮ ᠤᠨ ᠲᠥᠷᠥ ᠶᠢᠨ | ᠪᠣᠳᠣᠯᠭ᠎ᠠ ᠶᠢᠨ ᠤᠬᠠᠭᠤᠯᠤᠭᠴᠢ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠭᠴᠢ᠂ ᠨᠡᠶᠢᠭᠡᠮ ᠤᠨ ᠡᠶ᠎ᠡ | ᠵᠣᠬᠢᠴᠠᠯ ᠢ ᠠᠬᠢᠭᠤᠯᠤᠭᠴᠢ ᠪᠣᠯᠵᠤ᠂ ᠣᠯᠠᠨ ᠲᠦᠮᠡᠨ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠵᠤ᠂ ᠬᠦᠴᠢᠷ ᠵᠣᠪᠠᠭᠤᠷᠢ ᠶᠢ ᠰᠢᠶᠳᠪᠦᠷᠢᠯᠡᠵᠦ᠂ ᠣᠯᠠᠨ ᠲᠦᠮᠡᠨ ᠤ | ᠰᠠᠨᠠᠯ ᠪᠠ ᠬᠦᠰᠡᠯ ᠱᠠᠭᠠᠷᠳᠠᠯᠭ᠎ᠠ ᠶᠢ ᠦᠨᠡᠨ ᠬᠦ ᠲᠤᠰᠬᠠᠵᠤ᠂ ᠨᠠᠮ ᠪᠠ ᠤᠯᠤᠰ ᠤᠨ ᠴᠢᠭᠯᠡᠯᠲᠡ ᠲᠥᠷᠥ ᠶᠢᠨ | ᠪᠣᠳᠣᠯᠭ᠎ᠠ ᠶᠢ ᠤᠬᠠᠭᠤᠯᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠶ᠃ | ᠭᠡᠰᠢᠭᠦᠳ ᠤᠨ ᠦᠶᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠭᠡᠰᠢᠭᠦᠳ ᠤᠨ ᠬᠤᠯᠪᠣᠭ᠎ᠠ ᠪᠠᠷᠢᠵᠤ | ᠦᠶᠯᠡᠴᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠲᠥᠷᠦ ᠶᠢᠨ ᠵᠥᠪᠯᠡᠯᠭᠡᠨ ᠤ ᠬᠡᠰᠢᠭᠦᠨ ᠤᠨ ᠭᠡᠷ ᠤᠨ | ᠦᠢᠯᠡᠳᠦᠯ ᠢ ᠰᠠᠶᠢᠲᠤᠷ ᠠᠰᠢᠭᠯᠠᠵᠤ᠂ ᠭᠡᠰᠢᠭᠦᠳ ᠤᠨ ᠵᠠᠰᠠᠭ ᠤᠨ ᠶᠠᠪᠤᠳᠠᠯ ᠢ ᠤᠶᠢᠯᠠᠭᠠᠬᠤ ᠲᠠᠪᠴᠠᠩ ᠢ | ᠲᠠᠰᠤᠷᠠᠯᠲᠠ ᠦᠭᠡᠢ ᠥᠷᠭᠡᠳᠬᠡᠨ᠎ᠡ᠃ ᠭᠡᠰᠢᠭᠦᠳ ᠠᠴᠠ ᠰᠠᠨᠠᠯ ᠬᠤᠷᠢᠶᠠᠬᠤ ᠳᠦᠷᠢᠮ ᠢ ᠲᠣᠭᠲᠠᠭᠠᠵᠤ᠂ | ᠲᠡᠷᠢᠭᠦᠯᠡᠭᠴᠢᠳ ᠤᠨ ᠬᠤᠷᠠᠯᠳᠤᠭᠠᠨ ᠤ ᠪᠦᠷᠢᠯᠳᠦᠬᠦᠨ᠂ ᠲᠤᠰᠬᠠᠶ ᠵᠦᠪᠯᠡᠯ ᠤᠨ ᠬᠠᠷᠢᠭᠤᠴᠠᠯᠭᠠᠲᠠᠨ ᠨᠥᠬᠦᠳ ᠢ | ᠵᠣᠬᠢᠶᠠᠨ ᠪᠠᠶᠢᠭᠤᠯᠤᠨ ᠬᠡᠰᠢᠭᠦᠳ ᠤᠨ ᠬᠢᠨ ᠢᠶᠠᠷ ᠭᠦᠨᠵᠡᠭᠡᠶᠢᠷᠠᠨ ᠰᠠᠨᠠᠯ ᠬᠤᠷᠢᠶᠠᠨ᠎ᠠ᠃ ᠲᠤᠰᠢᠶᠠᠯ ᠬᠠᠷᠢᠭᠤᠴᠠᠯᠭ᠎ᠠ | ᠪᠠᠨ ᠭᠦᠶᠴᠡᠳᠬᠡᠬᠦ ᠬᠠᠮᠢᠶᠠᠷᠤᠯᠲᠠ ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠦᠭᠡᠢ | ᠭᠡᠰᠢᠭᠦᠳ ᠲᠤ ᠰᠠᠨᠠᠭᠤᠯᠭ᠎ᠠ ᠦᠭᠴᠦ᠂ ᠤᠯᠤᠰ ᠲᠥᠷᠦ ᠶᠢᠨ ᠵᠥᠪᠯᠡᠯᠭᠡᠨ ᠤ ᠳᠦᠷᠢᠮ ᠪᠠ ᠪᠥᠬᠦᠳᠡ ᠬᠤᠷᠠᠯ᠂ | ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠤ ᠰᠢᠶᠳᠪᠦᠷᠢ ᠲᠣᠭᠲᠠᠭᠠᠯ ᠢ ᠵᠥᠷᠢᠴᠡᠭᠰᠡᠨ ᠭᠡᠰᠢᠭᠦᠨ ᠳᠤ ᠳᠦᠷᠢᠮ ᠢ | ᠦᠨᠳᠦᠰᠦᠯᠡᠨ ᠵᠤᠬᠢᠬᠤ ᠰᠢᠳᠭᠡᠯ ᠤᠯᠭᠤᠨ᠎ᠠ᠃ ᠭᠡᠰᠢᠭᠦᠳ ᠤᠨ ᠣᠨ ᠤ ᠲᠤᠰᠢᠶᠠᠯ ᠬᠠᠷᠢᠭᠤᠴᠠᠯᠭ᠎ᠠ ᠪᠠᠨ | ᠭᠦᠶᠴᠡᠳᠬᠡᠬᠦ ᠶᠢ ᠰᠢᠯᠭᠠᠨ ᠦᠨᠡᠯᠡᠬᠦ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠰᠢᠭᠦᠳ ᠤᠨ ᠤᠯᠤᠰ ᠲᠥᠷᠦ | ᠶᠢᠨ ᠵᠥᠪᠯᠡᠯᠭᠡᠨ ᠤ ᠳᠦᠷᠢᠮ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠳᠠᠮᠵᠢᠵᠤ᠂ ᠣᠯᠠᠨ | ᠲᠦᠮᠡᠨ ᠳᠤ ᠦᠢᠯᠡᠴᠢᠯᠡᠨ ᠬᠤᠪᠢ ᠨᠡᠮᠡᠷᠢ ᠦᠵᠡᠭᠦᠯᠵᠦ᠂ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ | ᠳᠦᠷᠢᠮ ᠤᠨ ᠣᠷᠣᠯᠴᠠᠭᠴᠢ᠂ ᠦᠶᠯᠡᠳᠦᠯᠭᠡᠵᠢᠭᠦᠯᠦᠭᠴᠢ᠂ ᠠᠬᠢᠭᠤᠯᠤᠭᠴᠢ ᠪᠤᠯᠭᠠᠨ᠎ᠠ᠃ | ︵ᠳᠦᠷᠪᠡ︶ ᠡᠭᠦᠷᠭᠡ ᠬᠠᠷᠢᠭᠤᠴᠠᠯᠭ᠎ᠠ ᠪᠠᠨ ᠥᠨᠳᠥᠷ ᠦᠷ᠎ᠡ ᠪᠦᠲᠦᠮᠵᠢᠲᠡᠢ ᠭᠦᠢᠴᠡᠳᠬᠡᠵᠦ᠂ ᠲᠣᠰ ᠪᠡᠶ᠎ᠡ | ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠬᠤ ᠭᠡᠷᠡᠭᠳᠡᠢ | ᠵᠥᠪᠯᠡᠯᠭᠡ ᠬᠢᠵᠦ ᠲᠥᠷᠦ ᠳᠤ ᠵᠥᠪᠯᠡᠬᠦ ᠶᠠᠰᠤ ᠴᠢᠨᠠᠷ ᠤᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠤᠯᠤᠰ ᠲᠥᠷᠦ ᠶᠢᠨ ᠵᠥᠪᠯᠡᠯᠭᠡᠨ ᠤ ᠣᠨᠴᠠᠯᠢᠭ ᠪᠦᠬᠦᠢ ᠬᠡᠷᠡᠭᠯᠡᠭᠡᠨ ᠤ ᠮᠠᠶ᠋ᠢᠭ ᠤᠨ ᠤᠶᠤᠨᠴᠢ | ᠬᠦᠮᠦᠷᠭᠡ ᠪᠠ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠴᠢᠨᠠᠷᠯᠢᠭ | ᠭᠦᠶᠴᠡᠳᠬᠡᠬᠦ ᠲᠤᠬᠠᠶ ᠰᠠᠨᠠᠯ ᠵᠥᠪᠯᠡᠯᠭᠡ ᠳᠤᠷᠠᠳᠬᠤ ᠳᠤ ᠣᠶᠤᠨ ᠤ ᠲᠦᠰᠢᠭ ᠬᠠᠩᠭᠠᠨ᠎ᠠ᠃ ᠬᠡᠰᠢᠭᠦᠳ ᠢ | ᠵᠢᠯᠤᠭᠤᠳᠤᠨ ᠵᠥᠪᠯᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠵᠥᠪᠯᠡᠬᠦ ᠳᠦᠷᠢᠮ ᠢ ᠵᠢᠷᠤᠮᠯᠠᠨ ᠰᠠᠬᠢᠵᠤ᠂ ᠲᠤᠰᠬᠠᠶ | ᠮᠡᠷᠭᠡᠵᠢᠯ ᠤᠨ ᠵᠥᠪᠯᠡᠬᠦ ᠴᠢᠳᠠᠪᠤᠷᠢ ᠪᠠ ᠵᠥᠪᠯᠡᠬᠦ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠬᠦᠮᠦᠵᠢᠭᠦᠯᠦᠨ᠎ᠡ᠃ | ᠬᠡᠰᠢᠭᠦᠨ ᠤ ᠭᠡᠷ ᠤᠨ ᠳᠦᠷᠢᠮᠵᠢᠭᠰᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠮᠠᠷᠠᠰᠢ ᠨᠡᠭᠡᠭᠡᠯᠲᠡ ᠬᠢᠵᠦ | ᠬᠥᠭᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠡᠷᠭᠡ ᠭᠤᠣᠯᠳᠠᠯᠭ᠎ᠠ | ᠲᠠᠢ ᠠᠵᠢᠯ ᠤᠨ ᠠᠭᠤᠯᠭ᠎ᠠ ᠳᠤ ᠨᠡᠶᠢᠴᠡᠭᠦᠯᠦᠨ 4 ᠭᠡᠰᠢᠭᠦᠨ ᠤ ᠭᠡᠷ ᠢ ᠪᠠᠶᠢᠭᠤᠯᠵᠤ᠂ ᠭᠡᠰᠢᠭᠦᠳ ᠤᠨ ᠠᠷᠠᠳ ᠤᠨ | ᠪᠠᠶᠢᠳᠠᠯ ᠢ ᠲᠤᠰᠬᠠᠬᠤ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ᠂ ᠠᠷᠠᠳ ᠤᠨ ᠠᠮᠢᠳᠤᠷᠠᠯ ᠳᠤ | ᠦᠶᠯᠡᠴᠢᠯᠡᠬᠦ᠂ ᠪᠦᠯᠬᠦᠮᠳᠡᠨ ᠨᠥᠬᠦᠷᠯᠡᠬᠦ ᠵᠡᠷᠭᠡ ᠲᠠᠯ᠎ᠠ ᠪᠠᠷ ᠦᠶᠯᠡᠳᠦᠯ ᠢᠶᠠᠨ ᠪᠠᠳᠠᠷᠠᠭᠤᠯᠬᠤ ᠳᠤ ᠵᠢᠯᠤᠭᠤᠳᠤᠮᠵᠢ | ᠪᠤᠯᠭᠠᠨ᠎ᠠ᠃ | ᠤᠯᠤᠰ ᠲᠥᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠺᠠᠳ᠋ᠷ | ᠤᠨ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠬᠦ ᠪᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ | ᠪᠠᠶᠢᠭᠤᠯᠭ᠎ᠠ ᠶᠢᠨ ᠠᠵᠢᠯᠲᠠᠨ ᠤ ᠲᠤᠰᠬᠠᠶ ᠮᠡᠷᠭᠡᠵᠢᠯ ᠤᠨ ᠴᠢᠳᠠᠪᠤᠷᠢ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ | ᠬᠦᠴᠦᠯᠡᠨ ᠳᠡᠭᠡᠭᠰᠢᠯᠡᠭᠦᠯᠵᠦ᠂ ᠴᠢᠳᠠᠪᠤᠷᠢ ᠶᠢᠨ ᠮᠡᠬᠦᠰᠳᠡᠯ᠂ ᠠᠷᠭ᠎ᠠ ᠶᠢᠨ ᠳᠤᠲᠠᠮᠠᠭ ᠢ ᠨᠥᠬᠦᠪᠥᠷᠢᠯᠡᠵᠦ᠂ ᠤᠯᠤᠰ | ᠲᠥᠷᠦ ᠶᠢᠨ ᠤᠬᠠᠮᠰᠠᠷ᠂ ᠦᠶᠯᠡᠴᠢᠯᠡᠭᠡᠨ ᠤ ᠣᠶᠢᠯᠠᠭᠠᠭᠳᠠᠬᠤᠨ ᠢ ᠨᠢ ᠳᠡᠭᠡᠭᠰᠢᠯᠡᠭᠦᠯᠦᠨ᠎ᠡ᠃ ᠳᠡᠭᠡᠲᠦ ᠱᠠᠲᠤᠨ ᠤ | ᠤᠯᠤᠰ ᠲᠦᠷᠦ ᠶᠢᠨ ᠵᠦᠪᠯᠡᠯᠭᠡᠨ ᠤ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠭᠡᠰᠢᠭᠦᠳ ᠲᠠᠢ | ᠬᠠᠷᠢᠯᠴᠠᠬᠤ ᠦᠶᠯᠡᠴᠢᠯᠡᠭᠡᠨ ᠤ ᠲᠥᠪ ᠪᠠᠶᠢᠭᠤᠯᠵᠤ᠂ ᠪᠠᠶᠢᠭᠤᠯᠭ᠎ᠠ ᠶᠢᠨ ᠠᠵᠢᠯᠲᠠᠨ ᠤ ᠣᠷᠣᠨ ᠲᠤᠭ᠎ᠠ ᠶᠢ | ᠨᠡᠮᠡᠭᠳᠡᠭᠦᠯᠦᠨ᠂ ᠪᠠᠶᠢᠭᠤᠯᠭ᠎ᠠ ᠶᠢᠨ ᠠᠵᠢᠯ ᠤᠨ ᠳᠠᠷᠤᠯᠲᠠ ᠶᠢ ᠬᠦᠩᠭᠡᠷᠡᠭᠦᠯᠦᠨ᠎ᠡ᠃ ᠲᠤᠰᠬᠠᠶ ᠵᠥᠪᠯᠡᠯ ᠤᠨ ᠠᠵᠢᠯ | ᠤᠨ ᠳᠦᠷᠢᠮ ᠢ ᠲᠡᠭᠦᠯᠳᠡᠷᠵᠢᠭᠦᠯᠵᠦ᠂ ᠲᠤᠰᠬᠠᠶ ᠵᠥᠪᠯᠡᠯ ᠤᠨ ᠠᠵᠢᠯ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ | ᠂ ᠲᠤᠰᠬᠠᠶ ᠵᠥᠪᠯᠡᠯ ᠤᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠲᠥᠷᠥ ᠶᠢᠨ ᠵᠥᠪᠯᠡᠯᠭᠡᠨ ᠤ | ᠤᠨᠤᠯ ᠤᠨ ᠰᠤᠳᠤᠯᠭᠠᠨ ᠢ ᠴᠢᠩᠭᠠᠳᠬᠠᠵᠤ᠂ ᠤᠬᠠᠭᠤᠯᠭ᠎ᠠ ᠮᠡᠳᠡᠭᠡᠯᠡᠯ ᠢ ᠴᠢᠩᠭᠠᠳᠬᠠᠨ᠂ ︽ᠳᠠᠷᠬᠠᠨ ᠮᠤᠤᠮᠢᠩᠭᠠᠨ | ᠤ ᠤᠯᠤᠰ ᠲᠥᠷᠥ ᠶᠢᠨ ᠵᠥᠪᠯᠡᠯᠭᠡᠨ︾ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ ᠪᠠ ︽ᠤᠯᠤᠰ ᠲᠥᠷᠥ | ᠶᠢᠨ ᠵᠥᠪᠯᠡᠯᠭᠡᠨ ᠤ ᠪᠠᠶᠢᠳᠠᠯ︾ ᠤᠨ ᠲᠤᠰᠬᠠᠶ ᠰᠡᠳᠬᠦᠯ ᠢ ᠰᠠᠶᠢᠲᠤᠷ ᠡᠷᠬᠢᠯᠡᠵᠦ᠂ ᠰᠤᠶᠤᠯ ᠲᠡᠤᠬᠡ ᠶᠢᠨ ᠪᠢᠴᠢᠭ | ᠮᠠᠲ᠋ᠧᠷᠢᠶᠠᠯ ᠤᠨ ᠠᠵᠢᠯ ᠢ ᠰᠠᠶᠢᠲᠤᠷ ᠬᠢᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ | ᠨᠥᠯᠥᠭᠡ ᠶᠢ ᠲᠠᠰᠤᠷᠠᠯᠲᠠ ᠥᠬᠡᠶ ᠥᠷᠭᠡᠳᠬᠡᠨ᠎ᠡ᠃ | ᠤᠯᠤᠰ ᠲᠥᠷᠦ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠲᠥᠷᠦ | ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠨᠠᠮ | ᠤᠨ ᠤᠯᠤᠰ ᠲᠥᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠵᠤ᠂ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ | ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠦᠢᠯᠡᠳᠦᠯ ᠢ ᠰᠠᠶᠢᠲᠤᠷ | ᠪᠠᠳᠠᠷᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠠ ᠬᠤᠰᠢᠭᠤ ᠨᠠᠮ | ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠭᠡᠰᠢᠭᠦᠨ ᠤ | ᠳᠠᠪᠬᠤᠷ ᠵᠤᠬᠢᠶᠠᠨ ᠪᠠᠶᠢᠭᠤᠯᠤᠯᠲᠠ ᠠᠮᠢᠳᠤᠷᠠᠯ ᠳᠤ ᠣᠷᠣᠯᠴᠠᠬᠤ ᠳᠦᠷᠢᠮ ᠢ ᠰᠤᠳᠤᠯᠤᠨ ᠲᠣᠭᠲᠠᠭᠠᠵᠤ᠂ ᠨᠠᠮ ᠤᠨ | ᠠᠵᠢᠯ ᠳᠤ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠦᠬᠦᠨ ᠢᠶᠠᠷ ᠢᠶᠠᠨ ᠤᠷᠤᠯᠴᠠᠬᠤ ᠪᠤᠯᠭᠠᠨ᠎ᠠ᠃ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ | ᠤᠨ ᠦᠷ᠎ᠡ ᠪᠦᠲᠦᠭᠡᠯ ᠢ ᠪᠠᠬᠢᠵᠢᠭᠦᠯᠵᠦ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ | ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠠᠬᠢᠭᠤᠯᠤᠨ᠎ᠠ᠃ ᠦᠵᠡᠯ ᠤᠬᠠᠮᠰᠠᠷ | ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠢ ᠴᠢᠩᠭ᠎ᠠ ᠠᠳᠬᠤᠬᠤ ᠬᠡᠷᠡᠭᠲᠡᠶ᠃ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ | ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠡᠷᠡᠰ ᠡᠰᠡᠷᠭᠦᠴᠡᠵᠦ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠬᠢᠨᠠᠨ ᠪᠠᠶᠢᠴᠠᠭᠠᠬᠤ ᠳᠤᠭᠤᠶᠢᠯᠠᠩ | ᠤᠨ ᠬᠢᠨᠠᠯᠲᠠ ᠲᠠᠯᠪᠢᠵᠤ ᠬᠠᠷᠢᠭᠤᠴᠠᠯᠭ᠎ᠠ ᠪᠠᠨ ᠭᠦᠶᠴᠡᠳᠬᠡᠬᠦ ᠶᠢ ᠳᠠᠮᠵᠢᠨ᠎ᠠ᠃ | ᠭᠡᠰᠢᠭᠦᠳ ᠡ᠂ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠠᠴᠠ ᠬᠠᠷᠠᠪᠠᠯ᠂ ᠤᠯᠤᠰ ᠲᠥᠷᠦ ᠶᠢᠨ | ᠵᠥᠪᠯᠡᠯᠭᠡᠨ ᠤ ᠦᠶᠯᠡᠰ ᠥᠷᠨᠢᠩᠭᠦᠶ ᠬᠥᠭᠵᠢᠵᠦ᠂ ᠶᠡᠬᠡᠬᠡᠨ ᠠᠮᠵᠢᠯᠲᠠ ᠣᠯᠬᠤ ᠰᠢᠨ᠎ᠡ ᠴᠠᠭ ᠦᠶ᠎ᠡ ᠳᠤ ᠤᠷᠤᠵᠤ | ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠠᠩ ᠨᠢᠭᠲᠠᠷᠠᠨ ᠪᠦᠯᠬᠦᠮᠳᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠦ ᠶᠢᠨ | ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ | ᠨᠢᠭᠡ ᠰᠡᠳᠬᠢᠯ ᠨᠢᠭᠡ ᠵᠣᠷᠢᠭ ᠢᠶᠠᠷ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ | ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠦᠢᠯᠡᠰ ᠤᠨ ᠰᠢᠨ᠎ᠡ | ᠪᠠᠶᠢᠳᠠᠯ ᠢ ᠴᠢᠷᠮᠠᠶᠢᠨ ᠡᠭᠦᠳᠴᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ | ᠂ ᠥᠨᠳᠥᠷ ᠬᠢᠷᠢ ᠲᠦᠪᠰᠢᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠨᠠᠩ ᠶᠡᠭᠡ ᠰᠢᠨ᠎ᠡ | ᠬᠤᠪᠢ ᠨᠡᠮᠡᠷᠢ ᠦᠵᠡᠭᠦᠯᠦᠶ᠎ᠡ︕ | | |