6 ᠳ᠋ᠤᠭᠠᠷ ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ | ᠪᠠ ᠵᠢᠭᠤᠯᠴᠢᠯᠠᠯ ᠤᠨ ᠲᠢᠩᠬᠢᠮ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠲᠦᠷᠦᠭᠤᠤ ᠪᠦᠯᠦᠭ ᠤᠨ ᠵᠢᠱᠢᠶ᠎ᠡ ᠦᠵᠡᠭᠦᠯᠬᠦ ᠣᠷᠣᠨ ᠤ ᠨᠡᠷᠡᠰ ᠢ ᠵᠠᠷᠯᠠᠨ ᠨᠡᠶᠢᠲᠡᠯᠡᠬᠦ ᠲᠤᠬᠠᠶ | ᠠᠯᠪᠠᠨ ᠵᠠᠷ︾ ︵ᠵᠠᠷᠯᠠᠨ ᠨᠡᠶᠢᠲᠡᠯᠡᠬᠦ ᠬᠤᠭᠤᠴᠠᠭ᠎ᠠ ᠨᠢ 2020 ᠣᠨ ᠤ 6 ᠳ᠋ᠤᠭᠠᠷ ᠰᠠᠷ᠎ᠠ ᠶᠢᠨ 17 ᠤ | ᠡᠳᠦᠷ ᠠᠴᠠ 6 ᠳ᠋ᠤᠭᠠᠷ ᠰᠠᠷ᠎ᠠ ᠶᠢᠨ 23 ᠤ ᠡᠳᠦᠷ ︵5 ᠠᠵᠢᠯᠯᠠᠬᠤ ᠡᠳᠦᠷ︶ ᠪᠣᠯᠤᠨ᠎ᠠ᠂ ᠡᠭᠦᠨ ᠳᠤ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠪᠠᠭᠲᠠᠵᠤ ᠪᠣᠶ᠃ | ᠣᠶᠢᠷ᠎ᠠ ᠶᠢᠨ ᠵᠢᠯ ᠤᠳ ᠲᠤ᠂ ᠮᠠᠨ ᠤ ᠬᠤᠰᠢᠭᠤ ᠰᠣᠶᠣᠯ᠂ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠰᠡᠳᠬᠢᠴᠡ ᠶᠢ ᠪᠠᠷᠢᠮᠲᠠᠯᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ | ᠵᠢᠭᠤᠯᠴᠢᠯᠠᠯ ᠢ ᠬᠥᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠨᠡᠭᠦᠳᠡᠯ ᠰᠣᠶᠣᠯ ᠤᠨ ᠵᠢᠭᠤᠯᠴᠢᠯᠠᠯ ᠤᠨ ᠨᠠᠶᠢᠷ ᠢᠶᠠᠷ | ᠲᠠᠪᠴᠠᠩ ᠪᠣᠯᠭᠠᠵᠤ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠳᠥᠯᠭᠢᠨ ᠠᠬᠢᠭᠤᠯᠵᠤ᠂ | ᠤᠷᠢᠳ ᠬᠤᠵᠢᠳ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠬᠤᠰᠢᠭᠤ᠂ ᠳᠤᠮᠳᠠᠳᠤ ᠤᠯᠤᠰ ᠤᠨ ᠬᠠᠰᠠᠷ ᠤᠨ ᠲᠠᠬᠢᠯᠭ᠎ᠠ ᠶᠢᠨ ᠰᠣᠶᠣᠯ ᠤᠨ ᠨᠤᠲᠤᠭ᠂ | ᠴᠤᠯᠭᠠᠷᠠᠯ ᠤᠨ ᠬᠤᠯᠪᠣᠭ᠎ᠠ ᠰᠣᠶᠣᠯ ᠤᠨ ᠨᠤᠲᠤᠭ᠂ ᠮᠣᠩᠭᠤᠯ ᠦᠨᠳᠦᠰᠦᠲᠡᠨ ᠤ ᠨᠡᠭᠦᠳᠡᠯ ᠰᠣᠶᠣᠯ ᠤᠨ | ᠰᠤᠳᠤᠯᠭᠠᠨ ᠤ ᠰᠠᠭᠤᠷᠢᠨ ᠭᠠᠵᠠᠷ ᠢᠶᠠᠷ ᠦᠨᠡᠯᠡᠭᠳᠡᠭᠰᠡᠨ ᠪᠥᠭᠡᠳ ᠲᠦᠷᠦᠭᠤᠤ ᠪᠦᠯᠦᠭ ︽ᠤᠯᠤᠰ ᠤᠨ ᠪᠥᠬᠦ | ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠨᠢᠭᠡᠴᠡ ᠪᠠᠷ | ᠦᠨᠡᠯᠡᠭᠳᠡᠪᠡ᠃ ︽ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ | ᠪᠠᠶᠢᠭᠤᠯᠤᠭᠰᠠᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠬᠡᠳᠦᠨ ᠵᠢᠯ ᠳᠠᠷᠠᠭᠠᠯᠠᠨ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠪᠠ ᠭᠤᠤᠯ | ᠠᠵᠢᠯ ᠳᠤ ᠵᠢᠭᠰᠠᠭᠠᠭᠳᠠᠵᠤ᠂ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠶᠢ ᠡᠬᠢᠯᠡᠭᠦᠯᠦᠨ᠂ ᠬᠡᠷᠡᠭᠵᠢᠭᠦᠯᠬᠦ | ᠲᠥᠰᠦᠯ ᠢ ᠳᠣᠷᠣᠭᠰᠢ ᠪᠠᠭᠤᠯᠭᠠᠵᠤ᠂ ᠡᠭᠦᠳᠦᠨ ᠪᠠᠶᠢᠭᠤᠯᠬᠤ ᠮᠠᠲ᠋ᠧᠷᠢᠶᠠᠯ ᠢ ᠵᠣᠬᠢᠶᠠᠨ ᠪᠠᠶᠢᠭᠤᠯᠵᠤ᠂ | ᠬᠠᠷᠢᠭᠤᠴᠠᠯᠭ᠎ᠠ ᠶᠢ ᠪᠠᠷᠢᠮᠵᠢᠶᠠᠯᠠᠨ ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ ᠠᠵᠢᠯ ᠢᠶᠠᠷ ᠳᠡᠮᠵᠢᠨ ᠪᠥᠬᠦ | ᠴᠠᠷᠠᠭᠠᠨ ᠤ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠵᠢᠭᠤᠯᠴᠢᠯᠠᠯ ᠢ ᠬᠥᠭᠵᠢᠭᠦᠯᠬᠦ ᠪᠠᠷ | ᠳᠡᠮᠵᠢᠨ ᠡᠭᠦᠳᠦᠨ ᠪᠠᠶᠢᠭᠤᠯᠬᠤ ᠠᠵᠢᠯ ᠢ ᠦᠨᠡᠨ ᠪᠣᠳᠠᠲᠠᠶ ᠥᠷᠨᠢᠭᠦᠯᠬᠦ ᠶᠢ ᠪᠡᠶᠡᠯᠡᠭᠦᠯᠪᠡ᠃ |