ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠪᠡᠷ ᠡᠨᠧᠷᠭᠢ ᠶᠢᠨ ᠠᠵᠤ ᠠᠬᠤᠶᠢᠯᠠᠯ 2020 ᠣᠨ ᠤ 1 - 11 ᠰᠠᠷ᠎ᠠ ᠳᠤ ᠨᠡᠶᠢᠲᠡ 72 . 1 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2020/12/22
     2020 ᠣᠨ ᠤ 11 ᠳ᠋ᠦᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠴᠡᠪᠡᠷ ᠡᠨᠧᠷᠭᠢ ᠶᠢᠨ ᠠᠵᠤ ᠠᠬᠤᠶᠢᠯᠠᠯ ᠨᠡᠶᠢᠲᠡ 72 . 1 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 67 . 5 ᠳ᠋ᠦᠩᠰᠢᠭᠤᠷ ᠺᠢᠯᠣᠸᠠᠲ ᠴᠠᠭ ᠠᠴᠠ 6 . 8 % ᠪᠠᠷ ᠨᠡᠮᠡᠭᠳᠡᠪᠡ᠃ ᠡᠭᠦᠨ ᠳᠤ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ 68 . 2 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 63 . 3 ᠳ᠋ᠦᠩᠰᠢᠭᠤᠷ ᠺᠢᠯᠣᠸᠠᠲ ᠴᠠᠭ ᠨᠡᠮᠡᠭᠳᠡᠪᠡ᠃ ᠨᠡᠷᠡᠨ ᠡᠨᠧᠷᠭᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ 3 . 9 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 4 . 2 ᠳ᠋ᠦᠩᠰᠢᠭᠤᠷ ᠺᠢᠯᠣᠸᠠᠲ ᠴᠠᠭ ᠠᠴᠠ 7 . 1 % ᠪᠠᠭᠤᠷᠠᠵᠠᠶ᠃2020 ᠣᠨ ᠤ 11 ᠰᠠᠷ᠎ᠠ ᠳᠤ᠂ ᠪᠥᠬᠦ ᠬᠤᠰᠢᠭᠤᠨ ᠤ ᠴᠡᠪᠡᠷ ᠡᠨᠧᠷᠭᠢ ᠨᠡᠶᠢᠲᠡ 38 . 7 ᠳ᠋ᠦᠩᠰᠢᠭᠤᠷ ᠲᠥᠭᠦᠷᠢᠭ ᠤᠨ ᠦᠶ᠋ᠯᠡᠳᠬᠦᠨ ᠤ ᠥᠷᠲᠡᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 36 . 5 ᠳ᠋ᠦᠩᠰᠢᠭᠤᠷ ᠲᠥᠭᠦᠷᠢᠭ ᠠᠴᠠ 6 % ᠨᠡᠮᠡᠭᠳᠡᠪᠡ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号