ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2020 ᠣᠨ  ᠤ ᠡᠮᠥᠨ᠎ᠡ ᠭᠤᠷᠪᠠᠨ ᠤᠯᠠᠷᠢᠯ ᠳᠤ ᠠᠵᠤ ᠠᠬᠤᠶ ᠲᠣᠭᠲᠠᠭᠤᠨ ᠪᠠᠶᠢᠳᠠᠯ ᠢᠶᠠᠨ ᠰᠡᠷᠭᠦᠭᠡᠵᠦ ᠢᠳᠡᠪᠬᠢᠲᠡᠶ ᠰᠠᠶᠢᠵᠢᠷᠠᠪᠠ
ᠨᠡᠶᠢᠲᠡᠯᠡᠭᠰᠡᠨ ᠴᠠᠭ᠄
2020/12/22
     2020 ᠣᠨ ᠤ  ᠡᠮᠥᠨ᠎ᠡ ᠭᠤᠷᠪᠠᠨ ᠤᠯᠠᠷᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠥᠷᠢᠳᠥ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠭᠲᠠᠭᠤᠨ ᠢ ᠪᠠᠲᠤᠯᠠᠬᠤ ᠪᠠᠷ ᠲᠣᠭᠲᠠᠭᠤᠨ ᠢ ᠠᠬᠢᠭᠤᠯᠵᠤ᠂ ᠲᠣᠭᠲᠠᠭᠤᠨ ᠢ ᠠᠬᠢᠭᠤᠯᠬᠤ ᠪᠠᠷ ᠳᠡᠮᠵᠢᠨ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠠᠵᠤ ᠠᠬᠤᠶ ᠶᠢᠨ ᠰᠡᠷᠭᠦᠯᠲᠡ ᠠᠵᠤ ᠠᠬᠤᠶᠢᠯᠠᠯ ᠤᠨ ᠲᠣᠭᠲᠠᠭᠤᠨ ᠤ ᠪᠠᠶᠢᠳᠠᠯ ᠢᠳᠡᠪᠬᠢᠲᠡᠶ ᠰᠠᠶᠢᠵᠢᠷᠠᠪᠠ᠃      ᠭᠠᠵᠠᠷ ᠣᠷᠣᠨ ᠤ ᠦᠢᠯᠡᠳᠪᠥᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ ᠢ ᠦᠨᠳᠦᠰᠦᠯᠡᠪᠡᠯ᠂  ᠡᠮᠥᠨ᠎ᠡ ᠭᠤᠷᠪᠠᠨ ᠤᠯᠠᠷᠢᠯ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠥᠷᠢᠯᠡᠯ ᠤᠨ ᠶᠡᠷᠦᠩᠬᠡᠶ ᠥᠷᠲᠡᠭ 63 . 21 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1 . 9 % ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ 2 . 8 ᠵᠠᠭᠤᠨ ᠤ ᠴᠡᠭ ᠪᠠᠭᠠᠰᠪᠠ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 4 . 53 ᠳ᠋ᠦᠩᠰᠢᠭᠤᠷ ᠲᠥᠭᠦᠷᠢᠭ ᠲᠤ ᠬᠦᠷᠴᠦ᠂ 0 . 1 % ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 38 . 53 ᠳ᠋ᠦᠩᠰᠢᠭᠤᠷ ᠲᠥᠭᠦᠷᠢᠭ ᠲᠤ ᠬᠦᠷᠭᠡᠵᠦ᠂ 0 . 6 % ᠪᠠᠷ ᠨᠡᠮᠡᠭᠳᠡᠭᠦᠯᠦᠨ᠎ᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 20 . 14 ᠳ᠋ᠦᠩᠰᠢᠭᠤᠷ ᠲᠥᠭᠦᠷᠢᠭ ᠲᠤ ᠬᠦᠷᠴᠦ᠂ 7 . 1 % ᠪᠠᠷ ᠪᠠᠭᠤᠷᠠᠪᠠ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 7 . 261 . 031 . 8 ᠪᠠᠶᠢᠪᠠ᠃ ᠪᠣᠳᠠᠲᠠᠶ ᠭᠥᠢᠴᠡᠳᠭᠡᠯ ᠲᠤᠭ᠎ᠠ ᠶᠢᠨ ᠵᠠᠳᠠᠯᠤᠯᠲᠠ ᠠᠴᠠ ᠦᠵᠡᠪᠡᠯ᠂  ᠡᠮᠥᠨ᠎ᠡ ᠭᠤᠷᠪᠠᠨ ᠤᠯᠠᠷᠢᠯ ᠳᠤ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠳᠤ ᠳᠣᠤᠷᠠᠬᠢ ᠮᠡᠲᠦ ᠣᠨᠴᠠᠯᠢᠭ ᠢᠯᠡᠷᠡᠪᠡ᠄      ᠨᠢᠭᠡ᠂ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠪᠠᠭᠤᠷᠠᠪᠠᠲᠦᠷᠦᠭᠤᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1 . 6 % ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠪᠠ ᠳᠡᠭᠡᠷ᠎ᠡ ᠬᠠᠭᠠᠰ ᠵᠢᠯ ᠤᠨ ᠬᠢ ᠠᠴᠠ ᠲᠣᠰ ᠲᠣᠰ 2 . 1᠂ 0 . 8 ᠵᠠᠭᠤᠨ ᠤ ᠴᠡᠭ ᠪᠠᠭᠤᠷᠠᠪᠠ᠃ ᠡᠭᠦᠨ ᠳᠤ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 2 . 1 % ᠨᠡᠮᠡᠭᠳᠡᠵᠦ᠂ ᠨᠢᠭᠡᠳᠦᠭᠡᠷ ᠤᠯᠠᠷᠢᠯ ᠪᠠ ᠳᠡᠭᠡᠷ᠎ᠡ ᠬᠠᠭᠠᠰ ᠵᠢᠯ ᠤᠨ ᠬᠢ ᠠᠴᠠ ᠲᠣᠰ ᠲᠣᠰ 3 . 4᠂ 1 . 2 ᠵᠠᠭᠤᠨ ᠤ ᠴᠡᠭ ᠪᠠᠭᠤᠷᠠᠪᠠ᠃ ᠠᠵᠢᠯ ᠲᠥᠷᠥᠯ ᠤᠨ ᠲᠥᠷᠥᠯ ᠬᠤᠪᠢᠶᠠᠭᠰᠠᠨ ᠪᠦᠷᠢᠳᠬᠡᠯ ᠢᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ  ᠦᠢᠯᠡᠳᠭᠦᠨ ᠤ ᠥᠷᠲᠡᠭ ︽ᠭᠤᠷᠪᠠ ᠶᠢ ᠳᠡᠭᠡᠭᠰᠢᠯᠡᠭᠦᠯᠵᠦ ᠭᠤᠷᠪᠠ ᠶᠢ ᠪᠠᠭᠤᠷᠠᠭᠤᠯᠬᠤ︾ ᠪᠠᠶᠢᠳᠠᠯ ᠲᠠᠢ ᠪᠣᠯᠵᠣ᠂ ᠡᠭᠦᠨ ᠳᠤ᠄ ᠲᠡᠮᠦᠷᠯᠢᠭ ᠪᠤᠰᠤ ᠡᠷᠦᠳᠡᠰᠦ ᠶᠢᠨ ᠦᠢᠯᠡᠳᠭᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 21 . 7 % ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠥᠷᠢᠯᠡᠯ ᠪᠠ ᠬᠠᠩᠭᠠᠯᠭ᠎ᠠ ᠶᠢᠨ ᠦᠢᠯᠡᠰ 10 . 7 % ᠨᠡᠮᠡᠭᠳᠡᠵᠦ᠂ ᠬᠠᠷ᠎ᠠ ᠲᠡᠮᠦᠷᠯᠢᠭ ᠤᠨ ᠬᠦᠳᠡᠷ ᠰᠢᠯᠢᠬᠦ ᠦᠢᠯᠡᠰ 2 . 0 % ᠨᠡᠮᠡᠭᠳᠡᠪᠡ︔ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠬᠠᠪᠲᠠᠭᠠᠶᠢᠷᠠᠭᠤᠯᠤᠨ ᠪᠣᠯᠪᠠᠰᠤᠷᠠᠭᠤᠯᠬᠤ ᠦᠢᠯᠡᠰ 42 . 1 % ᠪᠠᠷ ᠪᠠᠭᠤᠷᠠᠵᠤ᠂ ᠲᠡᠮᠦᠷᠯᠢᠭ ᠪᠤᠰᠤ ᠬᠦᠳᠡᠷ ᠰᠢᠯᠢᠬᠦ ᠦᠢᠯᠡᠰ 18 . 9 % ᠪᠠᠷ ᠪᠠᠭᠤᠷᠠᠵᠤ᠂ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ 7 . 2 % ᠢᠶᠠᠷ ᠪᠠᠭᠤᠷᠠᠪᠠ᠃ ᠠᠵᠤ ᠠᠬᠤᠶᠢᠯᠠᠯ ᠤᠨ ᠦᠶ᠋ᠯᠡᠳᠬᠦᠨ ᠤ ᠥᠷᠲᠡᠭ ᠤᠨ ᠨᠡᠮᠡᠭᠳᠡᠵᠦ ᠬᠠᠰᠤᠭᠳᠠᠭᠰᠠᠨ ᠪᠠᠶᠢᠳᠠᠯ ᠢ ᠦᠨᠳᠦᠰᠦᠯᠡᠪᠡᠯ᠂ ᠬᠡᠪᠴᠢᠶᠡᠵᠢᠯ ᠠᠴᠠ ᠳᠡᠭᠡᠭᠰᠢᠬᠢ 51 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ᠂ 35 ᠠᠵᠤ ᠠᠬᠤᠶᠢᠯᠠᠯ ‍ᠤᠨ‌ᠦᠢᠯᠡᠳᠭᠦᠨ ᠤ ᠥᠷᠲᠡᠭ ᠤᠨ ᠲᠤᠭ᠎ᠠ ᠪᠠᠷᠢᠮᠲᠠ ᠨᠢ ᠨᠡᠮᠡᠭᠳᠡᠬᠦ ᠬᠠᠨᠳᠤᠰᠢ ᠲᠠᠢ ᠪᠣᠯᠵᠣ᠂ 68 . 6 % ᠶᠢ ᠡᠵᠡᠯᠡᠪᠡ︔ 16 ᠠᠵᠤ ᠠᠬᠤᠶᠢᠯᠠᠯ ᠬᠠᠰᠤᠭᠳᠠᠬᠤ ᠬᠠᠨᠳᠤᠰᠢ ᠲᠠᠢ ᠪᠣᠯᠵᠣ᠂ 31 . 4 % ᠶᠢ ᠡᠵᠡᠯᠡᠪᠡ᠃      9 ᠰᠠᠷ᠎ᠠ ᠳᠤ᠂ ᠲᠤᠭ᠎ᠠ ᠪᠦᠷᠢᠳᠬᠡᠯ ᠳᠤ ᠭᠤᠣᠯᠳᠠᠯᠭ᠎ᠠ ᠲᠠᠢ ᠬᠢᠨᠠᠨ ᠬᠡᠮᠵᠢᠭᠰᠡᠨ ᠠᠵᠤ ᠦᠢᠯᠡᠳᠪᠦᠷᠢ  ᠶᠢᠨ ᠦᠢᠯᠡᠳᠭᠦᠨ ᠤ ᠲᠡᠮᠦᠷ ᠤᠨ ᠬᠦᠳᠡᠷ ᠤᠨ ᠨᠤᠨᠲᠠᠭ ᠤᠨ ᠦᠢᠯᠡᠳᠪᠦᠷᠢ ᠠᠴᠠ ᠭᠠᠷᠭᠠᠬᠤ ᠳᠤᠮᠳᠠᠴᠢ ᠨᠢᠭᠡᠴᠢ ᠦᠨ᠎ᠡ ᠲᠣᠨ ᠪᠦᠷᠢ ᠳᠡᠭᠡᠨ 883 . 54 ᠲᠥᠭᠦᠷᠢᠭ ᠲᠤ ᠬᠦᠷᠴᠦ᠂  ᠡᠮᠥᠨ᠎ᠡ ᠰᠠᠷ᠎ᠠ ᠶᠢᠨ ᠬᠢ ᠠᠴᠠ 4 . 7 % ᠪᠠᠷ ᠨᠡᠮᠡᠭᠳᠡᠪᠡ︔ ᠠᠵᠤ ᠦᠢᠯᠡᠳᠪᠦᠷᠢ ᠳᠤ ᠬᠡᠷᠡᠭᠯᠡᠬᠦ ᠴᠠᠬᠢᠯᠭᠠᠨ ᠤ ᠳᠤᠮᠳᠠᠴᠢ ᠨᠢᠭᠡᠴᠢ ᠦᠨ᠎ᠡ 5267 . 3 ᠲᠥᠭᠦᠷᠢᠭ / ᠲᠦᠮᠡᠨ ᠭᠷᠠᠳᠦ᠋ᠰ ᠪᠠᠶᠢᠵᠤ᠂ ᠬᠠᠷᠢᠴᠠᠭᠤᠯᠤᠭᠰᠠᠨ ᠬᠡᠮᠵᠢᠶ᠎ᠡ ᠪᠠᠷ ᠢᠶᠠᠨ 24 . 8 % ᠪᠠᠷ ᠨᠡᠮᠡᠭᠳᠡᠪᠡ᠃ 19 ᠰᠠᠷ᠎ᠠ ᠳᠤ ᠪᠦᠳᠦᠭᠦᠯᠢᠭ ᠪᠣᠯᠣᠳ ᠤᠨ ᠭᠠᠷᠤᠯᠲᠠ 23 . 67 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11 . 8 % ᠪᠠᠷ ᠪᠠᠭᠠᠰᠪᠠ︔ ᠱᠦᠢᠨᠢ ᠶᠢᠨ ᠭᠠᠷᠤᠯᠲᠠ 12 . 71 ᠲᠦᠮᠡᠨ ᠲᠣᠨ ᠳᠤ ᠬᠦᠷᠴᠦ᠂ 15 . 1 % ᠪᠠᠷ ᠬᠠᠰᠤᠭᠳᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 0 . 53 ᠲᠦᠮᠡᠨ ᠲᠣᠨ ᠳᠤ ᠬᠦᠷᠴᠦ᠂ 18 . 1 % ᠪᠠᠷ ᠪᠠᠭᠠᠰᠪᠠ︔ ᠰᠢᠷᠡᠮᠦ ᠶᠢᠨ ᠭᠠᠷᠤᠯᠲᠠ 25 . 22 ᠲᠦᠮᠡᠨ ᠲᠣᠨ ᠳᠤ ᠬᠦᠷᠴᠦ᠂ 27 . 4 % ᠪᠠᠷ ᠬᠠᠰᠤᠭᠳᠠᠪᠠ︔ ᠪᠣᠯᠪᠠᠰᠤᠷᠠᠭᠤᠯᠤᠭᠰᠠᠨ ᠪᠣᠯᠣᠳ ᠮᠠᠲ᠋ᠧᠷᠢᠶᠠᠯ ᠤᠨ ᠭᠠᠷᠤᠯᠲᠠ 0 . 4 ᠲᠦᠮᠡᠨ ᠲᠣᠨ ᠳᠤ ᠬᠦᠷᠴᠦ᠂ 96 . 3 % ᠪᠠᠷ ᠬᠠᠰᠤᠭᠳᠠᠪᠠ᠃ 9 ᠰᠠᠷ᠎ᠠ ᠶᠢᠨ ᠡᠴᠦᠰ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 10 ᠠᠯᠳᠠᠭᠳᠠᠯ ᠲᠠᠢ ᠪᠣᠯᠵᠣ᠂ ᠠᠯᠳᠠᠭᠳᠠᠯ ᠤᠨ ᠶᠡᠷᠦᠩᠬᠡᠶ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 62 . 5 % ᠪᠠᠷ ᠨᠡᠮᠡᠭᠳᠡᠪᠡ ︔ ᠬᠡᠪᠴᠢᠶᠡᠵᠢᠯ ᠠᠴᠠ ᠳᠡᠭᠡᠭᠰᠢᠬᠢ ᠪᠥᠬᠦ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 4 . 3 % ᠪᠠᠷ ᠪᠠᠭᠤᠷᠠᠪᠠ᠃ ᠠᠵᠤ ᠠᠬᠤᠢᠯᠠᠯ 10 ᠠᠯᠳᠠᠭᠳᠠᠯ ᠲᠠᠢ᠂ ᠠᠯᠳᠠᠭᠳᠠᠯ ᠤᠨ ᠶᠡᠷᠦᠩᠬᠡᠶ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 62 . 5 % ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠪᠥᠬᠦ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 4 . 3 % ᠪᠠᠷ ᠪᠠᠭᠤᠷᠠᠪᠠ᠃      ᠬᠤᠶᠠᠷ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠰᠠᠶᠢᠨᠡᠮᠥᠨ᠎ᠡ ᠭᠤᠷᠪᠠᠨ ᠤᠯᠠᠷᠢᠯ ᠳᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠨᠡᠮᠡᠭᠳᠡᠯ ᠥᠷᠲᠡᠭ ᠨᠢ ᠡᠮᠥᠨ᠎ᠡ ᠵᠢᠯ ᠤᠨ ᠠᠳᠠᠯᠢ ᠬᠤᠭᠤᠴᠠᠭ᠎ᠠ ᠲᠠᠢ ᠲᠡᠩᠴᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠪᠠ  ᠡᠮᠥᠨ᠎ᠡ ᠬᠠᠭᠠᠰ ᠵᠢᠯ ᠤᠨ ᠬᠢ ᠠᠴᠠ ᠲᠣᠰ ᠲᠣᠰ 10᠂ 4 . 7 ᠵᠠᠭᠤᠨ ᠤ ᠬᠤᠪᠢ ᠶᠢᠨ ᠴᠡᠭ ᠲᠦᠷᠭᠡᠳᠪᠡ᠃      ᠠᠩᠬ᠎ᠠ ᠠᠯᠬᠤᠮ ᠤᠨ ᠪᠦᠷᠢᠳᠬᠡᠯ ᠢᠶᠠᠷ᠂ ᠪᠥᠬᠦ ᠬᠤᠰᠢᠭᠤᠨ ᠤ ᠠᠮᠤ ᠪᠤᠳᠠᠭᠠᠨ ᠤ ᠲᠠᠷᠢᠮᠠᠯ ᠤᠨ ᠤᠨᠠᠯᠲᠠ 8 . 95 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4 . 6 % ᠨᠡᠮᠡᠭᠳᠡᠪᠡ᠂ ᠡᠭᠦᠨ ᠳᠤ ᠡᠷᠳᠡᠨᠢ ᠰᠢᠰᠢ 6 . 2 ᠲᠦᠮᠡᠨ ᠲᠣᠨ ᠳᠤ ᠬᠦᠷᠴᠦ᠂ 16 . 7 % ᠨᠡᠮᠡᠭᠳᠡᠪᠡ᠂ ᠶᠤᠤᠮᠠᠢ 0 . 25 ᠲᠦᠮᠡᠨ ᠲᠣᠨ ᠳᠤ ᠬᠦᠷᠴᠦ᠂ 8 . 7 % ᠨᠡᠮᠡᠭᠳᠡᠪᠡ᠂ ᠰᠠᠭᠠᠭ 0 . 47 ᠲᠦᠮᠡᠨ ᠲᠣᠨ ᠳᠤ ᠬᠦᠷᠴᠦ᠂ 7 . 1 % ᠨᠡᠮᠡᠭᠳᠡᠪᠡ᠂ ᠪᠣᠭᠤᠳᠠᠶ 0 . 92 ᠲᠦᠮᠡᠨ ᠲᠣᠨ ᠳᠤ ᠬᠦᠷᠴᠦ᠂ 13 . 2 % ᠪᠠᠭᠠᠰᠪᠠ᠂ ᠲᠥᠮᠥᠰᠥ 1 . 1 ᠲᠦᠮᠡᠨ ᠲᠣᠨ ᠳᠤ ᠬᠦᠷᠴᠦ᠂ 25 . 7 % ᠪᠠᠭᠠᠰᠪᠠ︔ ᠲᠣᠰᠣᠯᠢᠭ ᠲᠠᠷᠢᠮᠠᠯ ᠤᠨ ᠭᠠᠷᠤᠯᠲᠠ 2 . 98 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35 . 4 % ᠨᠡᠮᠡᠭᠳᠡᠪᠡ᠂ ᠡᠭᠦᠨ ᠳᠤ ᠰᠢᠯᠢᠮᠳᠡᠭ ᠤᠨ ᠦᠷ᠎ᠡ 1 . 05 ᠲᠦᠮᠡᠨ ᠲᠣᠨ ᠳᠤ ᠬᠦᠷᠴᠦ᠂ 55 . 7 % ᠨᠡᠮᠡᠭᠳᠡᠪᠡ ᠨᠡᠷᠡᠨ ᠬᠤᠸᠠᠷ ᠤᠨ ᠦᠷ᠎ᠡ 1 . 93 ᠲᠦᠮᠡᠨ ᠲᠣᠨ ᠳᠤ ᠬᠦᠷᠴᠦ᠂ 26 . 8 % ᠨᠡᠮᠡᠭᠳᠡᠪᠡ᠃      ᠭᠤᠷᠪᠠ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠰᠡᠷᠭᠦᠪᠡ᠃  ᠡᠮᠥᠨ᠎ᠡ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 12 . 1 % ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ᠂ ᠳᠡᠭᠡᠷ᠎ᠡ ᠬᠠᠭᠠᠰ ᠵᠢᠯ ᠪᠠ 18 ᠳ᠋ᠤᠭᠠᠷ ᠰᠠᠷ᠎ᠠ ᠠᠴᠠ ᠲᠣᠰ ᠲᠣᠰ 10 . 7᠂ 5 . 8 ᠪᠠ 2 . 1 ᠵᠠᠭᠤᠨ ᠤ ᠴᠡᠭ ᠪᠠᠭᠠᠰᠴᠤ᠂ ᠬᠡᠷᠡᠭᠯᠡᠭᠡ ᠨᠢ ᠬᠢᠵᠢᠭ ᠤᠨ ᠬᠢᠮᠤᠷᠠᠯ ᠤᠨ ᠳᠤᠮᠳᠠ ᠠᠴᠠ ᠠᠯᠬᠤᠮ ᠠᠯᠬᠤᠮ ᠢᠶᠠᠷ ᠰᠡᠷᠭᠦᠵᠦ ᠪᠠᠶᠢᠬᠤ ᠶᠢ ᠢᠯᠡᠷᠡᠭᠦᠯᠪᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠄ ᠪᠥᠭᠡᠮ ᠢᠶᠠᠷ ᠬᠤᠳᠠᠯᠳᠤᠬᠤ ᠦᠶ᠋ᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 11 . 0 % ᠪᠠᠷ ᠪᠠᠭᠤᠷᠠᠵᠤ᠂ ᠵᠢᠵᠢᠭᠯᠡᠨ ᠬᠤᠳᠠᠯᠳᠤᠬᠤ ᠦᠶ᠋ᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 9 . 0 % ᠪᠠᠷ ᠪᠠᠭᠤᠷᠠᠵᠤ᠂ ᠬᠤᠨᠣᠭᠯᠠᠬᠤ ᠦᠶ᠋ᠯᠡᠰ ᠤᠨ ᠡᠵᠡᠩᠨᠡᠯᠲᠡ ᠶᠢᠨ ᠲᠤᠭ᠎ᠠ 32 . 0 % ᠪᠠᠷ ᠪᠠᠭᠤᠷᠠᠵᠤ᠂ ᠢᠳᠡᠭᠡᠨ ᠤᠮᠳᠠᠭᠠᠨ ᠤ ᠦᠶ᠋ᠯᠡᠰ ᠤᠨ ᠣᠷᠣᠯᠭ᠎ᠠ ᠶᠢᠨ ᠲᠤᠭ᠎ᠠ 28 . 0 % ᠪᠠᠷ ᠪᠠᠭᠤᠷᠠᠪᠠ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 13 . 2 % ᠢᠶᠠᠷ ᠪᠠᠭᠤᠷᠠᠵᠤ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠲᠤᠭ᠎ᠠ 9 . 3 % ᠪᠠᠷ ᠪᠠᠭᠤᠷᠠᠪᠠ᠃ 1 —9 ᠳ᠋ᠦᠭᠡᠷ ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠪᠣᠷᠣᠯᠠᠭᠤᠯᠭ᠎ᠠ ᠶᠢᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 14 . 5 % ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠠᠴᠠ 11 . 2᠂ 3 . 7 ᠵᠠᠭᠤᠨ ᠤ ᠴᠡᠭ ᠪᠠᠭᠠᠰᠪᠠ᠃ ᠡᠮᠥᠨ᠎ᠡ  ᠭᠤᠷᠪᠠᠨ ᠤᠯᠠᠷᠢᠯ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠬᠤᠨᠤᠭ ᠢᠳᠡᠭᠡᠨ ᠤᠮᠳᠠᠭᠠᠨ ᠤ ᠦᠶ᠋ᠯᠡᠰ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠢᠯᠡᠰ᠂ ᠮᠥᠩᠭᠦᠨ ᠭᠦᠶ᠋ᠯᠭᠡᠭᠡᠨ ᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 10 . 3 %᠂ 27 . 5 %᠂ 32 . 6 %᠂ 4 . 9 % ᠪᠠ 5 . 5 % ᠪᠠᠷ ᠪᠠᠭᠤᠷᠠᠪᠠ︔ ᠪᠤᠰᠤᠳ ᠦᠢᠯᠡᠴᠢᠯᠡᠭᠡᠨ ᠤ ᠦᠢᠯᠡᠰ  ᠤᠨ ᠨᠡᠮᠡᠭᠳᠡᠯ ᠥᠷᠲᠡᠭ 0 . 3 % ᠪᠠᠷ ᠪᠠᠭᠤᠷᠠᠵᠤ᠂ ᠡᠭᠦᠨ ᠳᠤ᠂ ᠠᠰᠢᠭ ᠣᠯᠵᠠᠪᠤᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ  15 . 4 % ᠪᠠᠷ ᠪᠠᠭᠤᠷᠠᠵᠤ᠂ ᠠᠰᠢᠭ ᠣᠯᠵᠠᠪᠤᠷᠢ ᠶᠢᠨ ᠪᠤᠰᠤ ᠴᠢᠨᠠᠷᠲᠠᠶ ᠦᠢᠯᠡᠴᠢᠯᠡᠭᠡᠨ ᠤ ᠦᠢᠯᠡᠰ  2 . 5 % ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ  ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 13 . 8 % ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ 4 . 6 ᠵᠠᠭᠤᠨ ᠤ ᠴᠡᠭ ᠪᠠᠭᠠᠰᠪᠠ᠃       ᠳᠥᠷᠪᠡ᠂ ᠪᠠᠯᠠ ᠣᠷᠣᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ ᠦᠷᠭᠦᠯᠵᠢᠯᠡᠨ ᠪᠠᠭᠠᠰᠪᠠ      ᠡᠮᠥᠨ᠎ᠡ ᠭᠤᠷᠪᠠᠨ ᠤᠯᠠᠷᠢᠯ ᠳᠤ᠂ ᠪᠥᠬᠦ ᠬᠤᠰᠢᠭᠤᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶ᠋ᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34 . 9 % ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ᠂ ᠳᠡᠭᠡᠷ᠎ᠡ ᠬᠠᠭᠠᠰ ᠵᠢᠯ ᠪᠠ 18 ᠰᠠᠷ᠎ᠠ ᠠᠴᠠ ᠲᠣᠰ ᠲᠣᠰ 35 . 7᠂ 20 . 1 ᠪᠠ 26 . 8 ᠵᠠᠭᠤᠨ ᠤ ᠴᠡᠭ ᠪᠠᠭᠠᠰᠪᠠ᠃ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ ᠢᠶᠠᠷ ᠨᠢ ᠬᠤᠪᠢᠶᠠᠪᠠᠯ᠄ ᠰᠢᠨ᠎ᠡ ᠪᠠᠷ ᠪᠠᠶᠢᠭᠤᠯᠬᠤ ᠵᠦᠢᠯᠡᠰ ᠤᠨ ᠪᠡᠯᠡ ᠣᠷᠣᠭᠤᠯᠤᠯᠲᠠ ᠶᠢ 28 . 9 % ᠪᠠᠷ ᠪᠠᠭᠤᠷᠠᠭᠤᠯᠵᠤ᠂ ᠥᠷᠭᠡᠳᠬᠡᠨ ᠪᠠᠶᠢᠭᠤᠯᠬᠤ ᠵᠦᠢᠯᠡᠰ ᠤᠨ ᠪᠡᠯᠡ ᠣᠷᠣᠭᠤᠯᠤᠯᠲᠠ ᠶᠢ 59 . 1 % ᠪᠠᠷ ᠨᠡᠮᠡᠭᠳᠡᠭᠦᠯᠵᠦ᠂ ᠥᠭᠡᠷᠡᠴᠢᠯᠡᠨ ᠪᠠᠶᠢᠭᠤᠯᠬᠤ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠵᠦᠢᠯᠡᠰ ᠤᠨ ᠪᠡᠯᠡ ᠣᠷᠣᠭᠤᠯᠤᠯᠲᠠ ᠶᠢ 328 . 6 % ᠪᠠᠷ ᠨᠡᠮᠡᠭᠳᠡᠭᠦᠯᠦᠨ᠎ᠡ︔ ᠪᠠᠯᠠ ᠣᠷᠣᠭᠤᠯᠤᠯᠲᠠ ᠶᠢᠨ ᠲᠥᠷᠥᠯ ᠵᠦᠢᠯ‌‍ᠢᠶ᠋ᠠᠷ ᠬᠤᠪᠢᠶᠠᠪᠠᠯ᠄ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶ᠋ᠯ ᠤᠨ ᠪᠠᠯᠠ ᠣᠷᠣᠭᠤᠯᠤᠯᠲᠠ ᠶᠢ 5 . 7 % ᠪᠠᠭᠤᠷᠠᠭᠤᠯᠵᠤ᠂ 5000 ᠲᠦᠮᠡᠨ ᠲᠥᠭᠦᠷᠢᠭ ᠠᠴᠠ ᠳᠣᠷᠣᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠶᠢ 34 . 8 % ᠪᠠᠭᠤᠷᠠᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢ 93 . 5 % ᠪᠠᠭᠤᠷᠠᠭᠤᠯᠤᠨ᠎ᠠ︔ ᠭᠤᠷᠪᠠᠨ ᠠᠵᠤ ᠦᠢᠯᠡᠰ ᠤᠨ ᠬᠤᠪᠢᠶᠠᠷᠢᠯᠠᠯ ᠢᠶᠠᠷ᠄ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 35 . 9 % ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 71 . 8 % ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 23 . 4 % ᠪᠠᠷ ᠪᠠᠭᠤᠷᠠᠪᠠ      ᠲᠠᠪᠤ᠂ ᠰᠠᠭᠤᠭᠠᠯᠢ ᠠᠷᠠᠳ ᠤᠨ ᠣᠷᠣᠯᠭ᠎ᠠ ᠶᠢᠨ ᠬᠡᠷᠡᠭᠯᠡᠭᠡ ᠵᠡᠷᠭᠡᠪᠡᠷ ᠨᠡᠮᠡᠭᠳᠡᠪᠡ      ᠡᠮᠥᠨ᠎ᠡ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 29897 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠵᠣ᠂ ᠳᠡᠭᠡᠷ᠎ᠡ ᠬᠠᠭᠠᠰ ᠵᠢᠯ ᠳᠤ 0 . 6 % ᠪᠠᠷ ᠪᠠᠭᠤᠷᠠᠵᠤ ᠪᠠᠶᠢᠭᠰᠠᠨ ᠠᠴᠠ ᠪᠠᠨ 1 . 0 % ᠪᠠᠷ ᠨᠡᠮᠡᠭᠳᠡᠪᠡ᠃ ᠡᠭᠦᠨ ᠳᠤ᠄ ᠴᠠᠯᠢᠩ ᠣᠨ ᠴᠢᠨᠠᠷᠲᠠᠢ ᠣᠷᠣᠯᠭ᠎ᠠ 22404 ᠲᠥᠭᠦᠷᠢᠭ ᠲᠤ ᠬᠦᠷᠴᠦ᠂ 1 . 1 % ᠪᠠᠷ ᠨᠡᠮᠡᠭᠳᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 4389 ᠲᠥᠭᠦᠷᠢᠭ ᠲᠤ ᠬᠦᠷᠴᠦ᠂ 0 . 8 % ᠪᠠᠷ ᠨᠡᠮᠡᠭᠳᠡᠪᠡ︔ ᠡᠳ᠋ ᠬᠥᠷᠥᠩᠭᠡ ᠶᠢᠨ ᠴᠡᠪᠡᠷ ᠣᠷᠣᠯᠭ᠎ᠠ 499 ᠲᠥᠭᠦᠷᠢᠭ ᠲᠤ ᠬᠦᠷᠴᠦ᠂ 2 . 0 % ᠢᠶᠠᠷ ᠨᠡᠮᠡᠭᠳᠡᠪᠡ︔ ᠰᠢᠯᠵᠢᠭᠦᠯᠦᠭᠰᠡᠨ ᠴᠡᠪᠡᠷ ᠣᠷᠣᠯᠭ᠎ᠠ 2605 ᠲᠥᠭᠦᠷᠢᠭ ᠲᠤ ᠬᠦᠷᠴᠦ᠂ 0 . 6 % ᠪᠠᠷ ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 16590 ᠲᠥᠭᠦᠷᠢᠭ ᠲᠤ ᠬᠦᠷᠴᠦ᠂ 4 . 0 % ᠢᠶᠠᠷ ᠨᠡᠮᠡᠭᠳᠡᠪᠡ᠂ ᠡᠭᠦᠨ ᠳᠤ ᠢᠳᠡᠭᠡᠨ ᠠᠷᠢᠬᠢ ᠲᠠᠮᠠᠬᠢᠨ ᠤ ᠵᠠᠷᠤᠯᠭ᠎ᠠ 6049 ᠲᠥᠭᠦᠷᠢᠭ ᠲᠤ ᠬᠦᠷᠴᠦ᠂ 4 . 9 % ᠪᠠᠷ ᠨᠡᠮᠡᠭᠳᠡᠪᠡ᠃        ᠡᠮᠥᠨ᠎ᠡ ᠭᠤᠷᠪᠠᠨ ᠤᠯᠠᠷᠢᠯ ᠳᠤ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8387 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10 . 0 % ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 1 . 9 ᠵᠠᠭᠤᠨ ᠤ ᠴᠡᠭ ᠲᠦᠷᠭᠡᠳᠪᠡ᠃ ᠡᠭᠦᠨ ᠳᠤ᠄ ᠴᠠᠯᠢᠩ ᠣᠨ ᠴᠢᠨᠠᠷᠲᠠᠢ ᠣᠷᠣᠯᠭ᠎ᠠ 350 ᠲᠥᠭᠦᠷᠢᠭ ᠲᠤ ᠬᠦᠷᠴᠦ᠂ 9 . 4 % ᠪᠠᠷ ᠨᠡᠮᠡᠭᠳᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 3400 ᠲᠥᠭᠦᠷᠢᠭ ᠲᠤ ᠬᠦᠷᠴᠦ᠂ 13 . 3 % ᠪᠠᠷ ᠨᠡᠮᠡᠭᠳᠡᠪᠡ︔ ᠡᠳ᠋ ᠬᠥᠷᠥᠩᠭᠡ ᠶᠢᠨ ᠴᠡᠪᠡᠷ ᠣᠷᠣᠯᠭ᠎ᠠ 190 ᠲᠥᠭᠦᠷᠢᠭ ᠲᠤ ᠬᠦᠷᠴᠦ᠂ 8 . 6 % ᠪᠠᠷ ᠨᠡᠮᠡᠭᠳᠡᠪᠡ︔ ᠰᠢᠯᠵᠢᠭᠦᠯᠦᠭᠰᠡᠨ ᠴᠡᠪᠡᠷ ᠣᠷᠣᠯᠭ᠎ᠠ 4447 ᠲᠥᠭᠦᠷᠢᠭ ᠲᠤ ᠬᠦᠷᠴᠦ᠂ 7 . 7 % ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 6747 ᠲᠥᠭᠦᠷᠢᠭ ᠲᠤ ᠬᠦᠷᠴᠦ᠂ 8 . 0 % ᠢᠶᠠᠷ ᠨᠡᠮᠡᠭᠳᠡᠪᠡ᠂ ᠡᠭᠦᠨ ᠳᠤ ᠢᠳᠡᠭᠡᠨ ᠠᠷᠢᠬᠢ ᠲᠠᠮᠠᠬᠢᠨ ᠤ ᠵᠠᠷᠤᠯᠭ᠎ᠠ 2011 ᠲᠥᠭᠦᠷᠢᠭ ᠲᠤ ᠬᠦᠷᠴᠦ᠂ 6 . 3 % ᠪᠠᠷ ᠨᠡᠮᠡᠭᠳᠡᠪᠡ᠃      ᠶᠡᠷᠦᠩᠬᠡᠶ ᠳᠤᠨᠢ ᠠᠪᠴᠤ ᠦᠵᠡᠪᠡᠯ᠂ ᠲᠦᠷᠦᠭᠤᠤ ᠭᠤᠷᠪᠠᠨ ᠤᠯᠠᠷᠢᠯ ᠳᠤ ᠪᠥᠬᠦ ᠬᠤᠰᠢᠭᠤᠨ ᠤ ᠠᠵᠤ ᠠᠬᠤᠶ ᠲᠣᠭᠲᠠᠭᠤᠨ ᠢᠶᠠᠷ ᠰᠡᠷᠭᠦᠵᠦ᠂ ᠰᠠᠶᠢᠵᠢᠷᠠᠬᠤ ᠬᠠᠨᠳᠤᠰᠢ ᠢᠯᠡᠷᠡᠵᠦ᠂ ᠬᠡᠰᠡᠭ ᠠᠵᠢᠯ ᠲᠥᠷᠥᠯ ᠨᠢ ᠬᠢᠵᠢᠭ ᠤᠨ ᠪᠠᠶᠢᠳᠠᠯ ᠤᠨ ᠨᠥᠯᠥᠭᠡ ᠠᠴᠠ ᠠᠯᠬᠤᠮ ᠠᠯᠬᠤᠮ ᠢᠶᠠᠷ ᠠᠩᠭᠢᠵᠢᠷᠠᠪᠠ᠃ ᠭᠡᠪᠡᠴᠦ ᠭᠠᠳᠠᠨᠠᠬᠢ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠨᠡᠮᠡᠭᠳᠡᠵᠦ᠂ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠵᠤ᠂ ᠠᠵᠤ ᠠᠬᠤᠢ ᠶᠢᠨ ᠪᠠᠭᠤᠷᠠᠬᠤ ᠳᠠᠷᠤᠯᠲᠠ ᠨᠡᠯᠢᠶᠡᠳ ᠶᠡᠭᠡ ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ ᠠᠯᠬᠤᠮ ᠳᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠦᠷᠭᠦᠯᠵᠢᠯᠡᠨ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠰᠡᠭᠦᠯ ᠬᠤᠷᠢᠶᠠᠬᠤ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ᠂ ᠰᠠᠶᠢᠨ ᠡᠬᠢᠯᠡᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号