ᠬᠠᠮᠳᠤᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠡᠰᠡᠷᠭᠦᠴᠡᠨ ᠲᠡᠮᠡᠴᠡᠶ᠎ᠡ (ᠨᠢᠭᠡ)
ᠨᠡᠶᠢᠲᠡᠯᠡᠭᠰᠡᠨ ᠴᠠᠭ᠄
2020/12/24
ᠶᠠᠷᠢᠯᠴᠠᠯᠭ᠎ᠠ ᠶᠢᠨ ᠲᠠᠨᠢᠯᠴᠠᠭᠤᠯᠭ᠎ᠠ᠄      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠪᠠᠶᠢᠳᠠᠯ ᠳᠤᠤᠷ᠎ᠠ᠂ ᠪᠤᠭᠤᠲᠤ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠳᠣᠬᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠤᠨ ᠴᠢᠬᠤᠯᠠ ᠠᠴᠠ ᠴᠢᠬᠤᠯᠠ ᠡᠭᠦᠷᠭᠡ ᠪᠤᠯᠭᠠᠨ ᠴᠢᠩᠭ᠎ᠠ ᠠᠳᠬᠤᠵᠤ᠂ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠥᠷᠨᠢᠭᠦᠯᠬᠦ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠭᠠᠶᠢᠯᠢ ᠰᠦᠢᠳᠭᠡᠯ ᠲᠤᠰᠢᠶᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠠᠶᠢᠯᠢ ᠲᠠᠲᠠᠪᠤᠷᠢ ᠶᠢᠨ ᠭᠤᠤᠯᠳᠠᠯᠭ᠎ᠠ ᠲᠠᠢ ᠠᠵᠢᠯ ᠰᠠᠭᠠᠳ ᠦᠭᠡᠶ ᠶᠠᠪᠤᠭᠳᠠᠬᠤ ᠶᠢ ᠦᠨᠡᠨᠬᠦ ᠪᠠᠲᠤᠯᠠᠨ᠂ ᠠᠯᠢ ᠣᠯᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ︽ᠳᠠᠶᠢᠨ ︾ ᠤ ᠢᠯᠠᠯᠲᠠ ᠶᠢ ᠤᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠭᠠᠶᠢᠯᠢ ᠶᠢᠨ ᠶᠠᠪᠤᠳᠠᠯ ᠤᠨ ᠬᠦᠴᠦᠨ ᠨᠡᠮᠡᠷᠢᠯᠡᠵᠦ ᠪᠠᠶᠢᠨ᠎ᠠ᠃ ᠬᠥᠲᠥᠯᠥᠭᠴᠢ᠄      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠤᠴᠢᠲᠠᠢ ᠪᠠᠶᠢᠳᠠᠯ ᠳᠤ ᠬᠠᠨᠲᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠠᠴᠠ ᠪᠦᠬᠦ ᠤᠯᠤᠰ ᠤᠨ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ᠨᠤᠭᠤᠳ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ ᠰᠠᠶᠢᠵᠢᠷᠠᠭᠤᠯᠵᠦ᠂ ︽ᠳᠥᠷᠪᠡᠨ ᠬᠦᠴᠦᠨ︾ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠬᠡᠷᠡᠭᠲᠡᠶ ᠭᠡᠵᠦ ᠱᠠᠭᠠᠷᠳᠠᠵᠠᠢ᠃ ᠡᠭᠦᠨ ᠤ ᠲᠤᠬᠠᠢ ᠬᠠᠮᠢᠶ᠎ᠠ ᠪᠦᠬᠦᠢ ᠪᠠᠶᠢᠳᠠᠯ ᠢ ᠲᠠ ᠨᠠᠷᠢᠨ ᠲᠠᠨᠢᠯᠴᠠᠭᠤᠯᠤᠭᠠᠳ ᠥᠭᠭᠦᠨ᠎ᠡ ᠤᠤ︖ ᠵᠤᠴᠢᠨ ᠵᠢᠶᠠ ᠫᠢᠩ᠄      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠬᠤᠷᠢᠶ᠎ᠠ ᠨᠢ ᠨᠠᠮ ᠤᠨ ᠲᠦᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ ᠨᠢᠭᠡᠳᠦᠯᠲᠡᠶ ᠲᠦᠯᠦᠪᠵᠢᠭᠦᠯᠦᠨ ᠵᠤᠬᠢᠴᠠᠭᠤᠯᠠᠬᠤ ᠪᠠᠨ ᠴᠢᠩᠭᠠᠳᠬᠠᠵᠦ᠂ ᠮᠠᠰᠢ ᠰᠢᠰᠲ᠋ᠧᠮ ᠲᠠᠢ ᠤᠳᠤᠷᠢᠳᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠶᠠᠪᠤᠴᠠ ᠳᠤ ᠶᠡᠭᠡ ᠬᠡᠮᠵᠢᠶᠡᠨ ᠤ ᠪᠦᠲᠦᠮᠵᠢᠲᠡᠶ ᠠᠵᠢᠯ ᠬᠢᠵᠡᠶ᠃ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠂ ︽ᠬᠦᠷᠦᠯᠴᠡᠬᠦ ᠦᠭᠡᠢ ᠬᠡᠯᠪᠡᠷᠢ︾ ᠶᠢᠨ ᠭᠠᠶᠢᠯᠢ ᠲᠠᠲᠠᠪᠤᠷᠢ ᠶᠢᠨ ᠠᠵᠢᠯ ᠡᠷᠬᠢᠯᠡᠬᠦ ᠳᠤ ᠬᠦᠴᠦ ᠨᠡᠮᠡᠬᠦ᠂ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠶᠡᠭᠡ ᠲᠠᠯ᠎ᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦ ᠪᠠᠨ ᠨᠡᠮᠡᠷᠢᠯᠡᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠱᠠᠭᠠᠷᠳᠠᠯᠭ᠎ᠠ ᠨᠤᠭᠤᠳ ᠢ ᠳᠤᠷᠠᠳᠤᠭᠰᠠᠨ ᠪᠠ ᠡᠨᠡᠬᠦ ︽ᠳᠥᠷᠪᠡᠨ ᠬᠦᠴᠦᠨ︾ ᠤ ᠱᠠᠭᠠᠷᠳᠠᠯᠭ᠎ᠠ ᠪᠣᠯ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠥᠪᠡᠷ ᠤᠨ ᠤᠨᠴᠠᠯᠢᠭ ᠲᠠᠢ ᠪᠠᠨ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠶ ᠢᠯᠡᠷᠡᠯ ᠪᠣᠯᠬᠤ ᠪᠥᠭᠡᠳ ᠪᠠᠰᠠ ᠣᠳᠣᠬᠢ ᠱᠠᠲᠤᠨ ᠤ ᠭᠠᠶᠢᠯᠢ ᠲᠠᠲᠠᠪᠤᠷᠢ ᠶᠢᠨ ᠰᠠᠯᠠᠭ᠎ᠠ ᠮᠦᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠵᠤ ᠬᠢᠵᠢᠭ ᠤᠨ ᠪᠠᠶᠢᠳᠠᠯ ᠢ ᠬᠤᠷᠢᠭᠯᠠᠬᠤ᠂ ᠠᠵᠤ ᠠᠬᠤᠶᠢᠯᠠᠯ ᠳᠤ ᠦᠢᠯᠡᠴᠢᠯᠡᠬᠦ᠂ ᠬᠥᠭᠵᠢᠯᠲᠡ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃       ᠪᠤᠭᠤᠲᠤ ᠬᠤᠲᠠ ᠶᠢᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠪᠦᠬᠦ ᠬᠤᠲᠠ ᠶᠢᠨ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠲᠠᠷᠴᠤᠳ ᠢ ᠢᠳᠡᠪᠬᠢᠲᠡᠶ ᠵᠣᠬᠢᠶᠠᠨ ᠪᠠᠶᠢᠭᠤᠯᠤᠨ ᠢᠳᠡᠪᠬᠢᠲᠡᠶ ᠠᠵᠢᠯᠯᠠᠭᠤᠯᠵᠤ᠂ ᠰᠠᠨᠠᠭᠠᠴᠢᠯᠠᠭ᠎ᠠ ᠠᠴᠠ ᠪᠠᠨ ᠭᠦᠢᠴᠡᠳᠭᠡᠨ᠂ ᠨᠠᠮ ᠤᠨ ᠪᠠᠶᠢᠭᠤᠯᠤᠯᠲᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠬᠦ ᠶᠢ ᠬᠦᠳᠦᠯᠥᠨ ᠳᠠᠭᠠᠭᠤᠯᠵᠤ᠂ ᠤᠯᠠᠨ ᠵᠦᠢᠯ ᠤᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ ︽ᠳᠦᠷᠪᠡᠨ ᠬᠦᠴᠦᠨ︾ ᠤ ᠱᠠᠭᠠᠷᠳᠠᠯᠭ᠎ᠠ ᠶᠢ ᠦᠢᠯᠡᠳᠦᠯᠭᠡᠵᠢᠭᠦᠯᠪᠡ᠃ ᠨᠢᠭᠡ ᠂ ᠦᠳᠲᠡᠷ ᠲᠦᠷᠭᠡᠨ ᠴᠤᠤᠷᠢᠶᠠᠲᠤᠨ ᠳᠠᠭᠠᠭᠰᠠᠨ ᠪᠠᠶᠢᠨ᠎ᠠ᠃ ᠤᠲᠠᠰᠤ᠂ i ᠭᠠᠶᠢᠯᠢ ᠶᠢᠨ ᠲᠠᠪᠴᠠᠩ᠂ ᠭᠠᠶᠢᠯᠢ ᠶᠢᠨ ᠪᠠᠶᠢᠭᠤᠯᠭ᠎ᠠ ᠪᠤᠯᠤᠨ ᠠᠵᠤ ᠠᠬᠤᠶᠢᠯᠠᠯ ᠬᠠᠷᠢᠯᠴᠠᠬᠤ ᠬᠤᠯᠪᠤᠭ᠎ᠠ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠶᠢᠯᠢ ᠲᠤᠰᠢᠶᠠᠭᠴᠢ᠂ ᠰᠦᠢᠳᠭᠡᠯ ᠲᠤᠰᠢᠶᠠᠭᠴᠢ ᠶᠢ ᠢᠳᠡᠪᠬᠢᠲᠡᠶ ᠪᠠᠷ ᠬᠥᠲᠥᠯᠥᠨ ᠵᠢᠯᠤᠭᠤᠳᠴᠤ ᠪᠠᠶᠢᠭᠠᠳ ᠡᠯᠧᠺᠳ᠋ᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠷ ᠤᠲᠠᠰᠤᠨ ᠤ ᠰᠢᠯᠵᠢᠶ᠎ᠡ᠂ ᠥᠪᠡᠰᠦᠪᠡᠨ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠮᠠᠰᠢᠨ ᠵᠡᠷᠭᠡ ᠣᠯᠠᠨ ᠡᠰᠢᠵᠢᠭᠰᠡᠨ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠭᠦᠢᠴᠡᠳᠭᠡᠵᠦ ᠪᠠᠶᠢᠨ᠎ᠠ᠃ ᠬᠤᠶᠠᠷ᠂ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠲᠤᠬᠢᠷᠠᠭᠤᠯᠪᠠ᠃ ︽ᠭᠠᠶᠢᠯᠢ ᠲᠤᠰᠢᠶᠠᠬᠤ ᠪᠠᠷ ᠮᠡᠳᠡᠭᠦᠯᠬᠦ ᠬᠤᠭᠤᠴᠠᠭ᠎ᠠ ᠶᠢ ᠬᠠᠤᠯᠢ ᠶᠣᠰᠣᠭᠠᠷ ᠤᠷᠲᠤᠳᠬᠠᠬᠤ︾᠂ ︽ᠭᠠᠶᠢᠯᠢ ᠶᠢᠨ ᠵᠣᠭᠤᠰ ᠢ ᠬᠤᠶᠢᠰᠢᠯᠠᠭᠤᠯᠤᠨ ᠲᠤᠰᠢᠶᠠᠬᠤ ᠶᠢ ᠬᠠᠤᠯᠢ ᠶᠣᠰᠣᠭᠠᠷ ᠭᠦᠢᠴᠡᠳᠭᠡᠬᠦ︾᠂ ︽ᠪᠠᠷᠢᠮᠲᠠ ᠶᠢᠨ ᠬᠠᠩᠭᠠᠯᠭ᠎ᠠ ᠶᠢ ᠦᠨᠡᠨ ᠬᠦ ᠪᠠᠲᠤᠯᠠᠬᠤ︾᠂ ︽ᠭᠠᠶᠢᠯᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠰᠢᠯᠢᠳᠡᠭᠵᠢᠭᠦᠯᠬᠦ︾᠂ ︽ᠡᠷᠬᠡ ᠠᠰᠢᠭ ᠤᠨ ᠪᠠᠲᠤᠯᠠᠭ᠎ᠠ ᠶᠢ ᠬᠠᠤᠯᠢ ᠶᠣᠰᠣᠭᠠᠷ ᠴᠢᠩᠭᠠᠳᠬᠠᠬᠤ︾ ᠵᠡᠷᠭᠡ 5 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠦᠭᠭᠦᠭᠰᠡᠨ ᠪᠠᠶᠢᠨ᠎ᠠ᠃ ᠭᠤᠷᠪᠠ ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠠᠵᠢᠯ ᠢᠶᠠᠨ ᠰᠠᠶᠢᠲᠤᠷ ᠬᠢᠪᠡ᠃ ᠪᠦᠬᠦ ᠬᠤᠲᠠ ᠶᠢᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠨᠡᠶᠢᠲᠡ 29 ᠳᠠᠭᠠᠭᠠᠴᠢᠯᠠᠨ ᠬᠤᠯᠪᠣᠭᠠᠯᠠᠬᠤ ᠨᠡᠶᠢᠭᠡᠮ ᠲᠣᠭᠤᠷᠢᠭ ᠲᠤ ᠬᠦᠷᠴᠦ᠂ ᠨᠡᠶᠢᠲᠡ 600 ᠭᠠᠷᠤᠶ ᠺᠠᠳ᠋ᠷ ᠬᠠᠷᠢᠭᠤᠴᠠᠭᠰᠠᠨ ᠨᠡᠶᠢᠭᠡᠮ ᠲᠣᠭᠤᠷᠢᠭ ᠲᠤ ᠵᠢᠵᠢᠭᠦᠷᠯᠡᠬᠦ᠂ ᠣᠷᠴᠢᠨ ᠲᠣᠭᠤᠷᠢᠨ ᠢ ᠠᠷᠢᠭᠤᠳᠬᠠᠬᠤ᠂ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠢᠬᠦ ᠵᠡᠷᠭᠡ ᠠᠵᠢᠯ ᠤᠳ ᠢ ᠥᠷᠨᠢᠭᠦᠯᠵᠦ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠠᠯᠪᠠᠨ ᠪᠠᠶᠢᠭᠤᠯᠤᠯᠭ᠎ᠠ ᠶᠢᠨ 341 ᠨᠠᠮ ᠤᠨ ᠭᠡᠰᠢᠭᠦᠨ ᠺᠠᠳ᠋ᠷ ᠦᠪᠡᠷ ᠤᠨ ᠤᠷᠤᠰᠢᠨ ᠰᠠᠭᠤᠭ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠬᠦᠷᠴᠦ ᠨᠡᠷ᠎ᠡ ᠪᠠᠨ ᠮᠡᠳᠡᠭᠦᠯᠦᠭᠰᠡᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠨᠡᠶᠢᠲᠡ 675 ᠬᠥᠮᠦᠨ ᠤᠳᠠᠭ᠎ᠠ ᠤᠷᠤᠯᠴᠠᠭᠰᠠᠨ ᠪᠠᠶᠢᠨ᠎ᠠ᠃
 
ᠢᠷᠡᠯᠲᠡ᠄ ᠪᠤᠭᠤᠳᠥ ᠬᠤᠳᠠ ᠶᠢᠨ ᠵᠠᠰᠠᠭ ᠤᠷᠳᠤᠨ ᠤ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号