ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠲᠡᠷᠭᠡᠨ ᠬᠠᠮᠢᠶᠠᠷᠤᠯᠳᠠ ᠶᠢᠨ ᠰᠠᠯᠪᠤᠷᠢ ᠠᠩᠭᠢ ᠶᠢᠨ ᠬᠢᠨ ︽ᠣᠯᠠᠨ ᠲᠦᠮᠡᠨ ᠤ ᠰᠡᠳᠬᠢᠯ  ᠳᠤ ᠬᠠᠨᠤᠮᠵᠢᠲᠠᠶ ᠦᠢᠯᠡᠴᠢᠯᠡᠭᠡᠨ ᠤ ᠴᠣᠩᠬᠤ︾ ᠶᠢ ᠴᠢᠷᠮᠠᠶᠢᠨ  ᠠᠵᠢᠯᠯᠠᠵᠤ ᠪᠠᠶᠢᠨ᠎ᠠ
ᠨᠡᠶᠢᠲᠡᠯᠡᠭᠰᠡᠨ ᠴᠠᠭ᠄
2020/12/4
    ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠲᠡᠷᠭᠡᠨ ᠬᠠᠮᠢᠶᠠᠷᠤᠯᠳᠠ ᠶᠢᠨ ᠰᠠᠯᠪᠤᠷᠢ ᠠᠩᠭᠢ ︽ᠬᠥᠮᠦᠨ ᠢᠶᠠᠷ ᠦᠨᠳᠦᠰᠦ ᠪᠣᠯᠭᠠᠵᠤ᠂ ᠠᠷᠠᠳ ᠳᠥᠮᠡᠨ ᠤ ᠲᠥᠯᠥᠭᠡ  ᠦᠢᠯᠡᠴᠢᠯᠡᠬᠦ︾  ᠦᠢᠯᠡᠴᠢᠯᠡᠭᠡᠨ ᠤ  ᠤᠶᠢᠯᠠᠭᠠᠭᠳᠠᠬᠤᠨ ᠢ ᠪᠠᠷᠢᠮᠲᠠᠯᠠᠵᠤ᠂ ᠭᠠᠳᠠᠭᠠᠳᠤ ᠳᠠᠭᠠᠨ ᠳᠦᠷᠢ ᠲᠥᠷᠬᠦ  ᠪᠠᠨ ᠪᠠᠳᠤᠳᠬᠠᠵᠤ᠂ ᠳᠣᠲᠣᠭᠠᠳᠤ ᠳᠠᠭᠠᠨ ᠬᠡᠪ ᠴᠢᠨᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠲᠠᠯ᠎ᠠ ᠪᠠᠷ ᠰᠢᠨ᠎ᠡ ᠶᠢ ᠡᠭᠦᠳᠴᠦ᠂ ᠵᠠᠮ ᠬᠠᠷᠢᠯᠴᠠᠭᠠᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ  ᠱᠤᠭᠤᠮ ᠢ ᠴᠢᠩᠭ᠎ᠠ ᠠᠳᠬᠤᠵᠤ᠂ ᠤᠭᠲᠤᠬᠤ᠂ ᠳᠠᠭᠤᠳᠠᠬᠤ᠂ ᠢᠨᠢᠶᠡᠮᠰᠦᠭᠯᠡᠬᠦ᠂ ᠵᠣᠭᠰᠣᠬᠤ᠂ ᠬᠦᠷᠭᠡᠬᠦ᠂  ᠬᠤᠶᠢᠰᠢᠯᠠᠭᠤᠯᠬᠤ ᠦᠢᠯᠡᠴᠢᠯᠡᠭᠡᠨ  ᠵᠡᠷᠭᠡ ︽ᠵᠢᠷᠭᠤᠭᠠᠨ  ᠵᠦᠢᠯ︾ ᠤᠨ ᠵᠢᠷᠤᠮᠵᠢᠯ ᠢ ᠴᠢᠩᠭ᠎ᠠ  ᠨᠠᠶᠢᠳᠠᠪᠤᠷᠢᠵᠢᠭᠤᠯᠵᠤ᠂ ︽ᠲᠠᠪᠤᠨ ᠬᠢᠨᠠᠮᠠᠭᠠᠢ ᠪᠠᠷ ᠦᠢᠯᠡᠴᠢᠯᠡᠬᠦ︾ ᠶᠢ ᠪᠡᠶᠡᠯᠡᠭᠦᠯᠵᠦ᠂ ︵ᠳᠠᠷᠤᠤ ᠬᠢᠴᠢᠶᠡᠩᠭᠦᠶ᠂ ᠨᠠᠷᠢᠨ ᠨᠢᠮᠪᠠᠶ᠂ ᠬᠠᠯᠠᠭᠤᠨ ᠰᠡᠳᠬᠢᠯ ᠲᠠᠢ᠂ ᠬᠦᠯᠢᠴᠡᠩᠭᠦᠶ᠂ ᠬᠠᠶᠢᠷ᠎ᠠ ᠬᠠᠯᠠᠮᠵᠢ ᠲᠠᠢ︶ ︽ᠲᠠᠪᠤᠨ ᠬᠢᠨᠠᠮᠠᠭᠠᠢ ᠪᠠᠷ ᠦᠢᠯᠡᠴᠢᠯᠡᠬᠦ ᠳᠠᠭᠤᠷᠢᠶᠠᠯ︾ ᠪᠣᠯᠬᠤ ᠪᠠᠷ  ᠴᠢᠷᠮᠠᠶᠢᠵᠤ ᠪᠠᠶᠢᠨ᠎ᠠ᠃      ᠨᠢᠭᠡ᠂ ᠤᠯᠠᠨ ᠲᠦᠮᠡᠨ ᠳᠤ ᠳᠠᠷᠤᠤ ᠬᠢᠴᠢᠶᠡᠩᠭᠦᠶ ᠪᠠᠷ ᠦᠢᠯᠡᠴᠢᠯᠡᠬᠦ ᠬᠡᠷᠡᠭᠲᠡᠶ᠃ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠲᠡᠷᠭᠡᠨ ᠬᠠᠮᠢᠶᠠᠷᠤᠯᠳᠠ  ᠶᠢᠨ ᠰᠠᠯᠪᠤᠷᠢ ᠠᠩᠭᠢ ᠠᠷᠠᠳ ᠤᠨ ᠲᠥᠯᠥᠭᠡ ᠳᠠᠷᠤᠤ ᠬᠢᠴᠢᠶᠡᠩᠭᠦᠶ ᠪᠠᠷ ᠦᠢᠯᠡᠴᠢᠯᠡᠬᠦ ᠶᠢ  ᠦᠢᠯᠡᠴᠢᠯᠡᠭᠡᠨ ᠤ ᠰᠠᠭᠤᠷᠢ ᠪᠠᠨ ᠪᠣᠯᠭᠠᠬᠤ ᠶᠢ ᠪᠠᠷᠢᠮᠲᠠᠯᠠᠵᠠᠶ᠃ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠳᠤ ᠳᠠᠷᠤᠤ ᠬᠢᠴᠢᠶᠡᠩᠭᠦᠶ ᠬᠠᠷᠢᠭᠤᠯᠲᠠ ᠥᠭᠬᠦ ᠰᠡᠳᠬᠢᠯ ᠲᠠᠢ ᠪᠠᠶᠢᠵᠤ᠂ ᠥᠪᠡᠷ ᠤᠨ ᠲᠤᠬᠠᠶᠢᠯᠠᠭᠰᠠᠨ ᠠᠵᠢᠯ ᠢᠶᠠᠨ ᠰᠠᠶᠢᠨ ᠬᠢᠵᠦ᠂ ᠤᠯᠠᠨ ᠲᠦᠮᠡᠨ ᠨᠢᠭᠡᠪᠦᠷᠢ ᠳᠤ ᠳᠠᠷᠤᠤ ᠬᠢᠴᠢᠶᠡᠩᠭᠦᠶ ᠪᠠᠷ ᠰᠠᠶᠢᠲᠤᠷ  ᠦᠢᠯᠡᠴᠢᠯᠡᠨ᠎ᠡ᠃
      ᠬᠤᠶᠠᠷ᠂ ᠤᠯᠠᠨ ᠲᠦᠮᠡᠨ ᠤ ᠳᠤᠮᠳᠠ ᠨᠠᠷᠢᠨ ᠨᠢᠮᠪᠠᠶ ᠣᠷᠣᠬᠤ ᠬᠡᠷᠡᠭᠲᠡᠶ᠃ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠲᠡᠷᠭᠡᠨ ᠬᠠᠮᠢᠶᠠᠷᠤᠯᠳᠠ  ᠶᠢᠨ ᠰᠠᠯᠪᠤᠷᠢ ᠠᠩᠭᠢ ᠤᠨ ᠠᠷᠠᠳ ᠤᠨ ᠴᠠᠭᠳᠠᠭ᠎ᠠ ᠣᠯᠠᠨ ᠲᠦᠮᠡᠨ ᠢ ᠨᠢᠭᠡ ᠤᠳᠠᠭ᠎ᠠ ᠭᠦᠶᠦᠯᠭᠡᠬᠦ ᠵᠠᠷᠴᠢᠮ ᠢ ᠪᠠᠷᠢᠮᠲᠠᠯᠠᠵᠤ᠂ ᠣᠯᠠᠨ ᠲᠦᠮᠡᠨ ᠳᠤ ᠣᠯᠠᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠯᠪᠡᠷᠢ ᠶᠢ ᠤᠯᠠᠨᠳᠠ ᠭᠠᠷᠭᠠᠪᠠ᠃ ᠠᠷᠠᠳ ᠤᠨ ᠴᠠᠭᠳᠠᠭ᠎ᠠ ᠣᠯᠠᠨ ᠲᠦᠮᠡᠨ ᠲᠠᠢ ᠬᠠᠷᠢᠯᠴᠠᠬᠤ ᠳᠤ ᠢᠯᠡᠳᠭᠡᠬᠦ ᠲᠣᠳᠣᠷᠬᠠᠶ᠂ ᠤᠴᠢᠷ  ᠶᠠᠪᠤᠳᠠᠯ ᠢ ᠤᠶᠢᠯᠠᠭᠠᠮᠵᠢᠳᠠᠢ ᠳᠠᠶᠢᠯᠪᠤᠷᠢᠯᠠᠵᠤ᠂ ᠦᠭᠡ ᠬᠡᠯᠡ ᠨᠢ ᠵᠣᠬᠢᠰᠲᠠᠶ ᠪᠠᠶᠢᠬᠤ ᠬᠡᠷᠡᠭᠲᠡᠶ  ᠃ ᠨᠠᠷᠢᠨ ᠨᠢᠮᠪᠠᠶ ᠬᠢᠵᠦ᠂ ᠴᠢᠩᠭ᠎ᠠ ᠨᠢᠮᠪᠠᠶ ᠵᠢᠷᠤᠮᠵᠢᠭᠤᠯᠤᠨ᠂ ᠦᠨᠡᠨ ᠰᠡᠳᠬᠢᠯᠭᠡ ᠪᠠᠷ ᠴᠠᠭᠳᠠᠭ᠎ᠠ ᠪᠤᠯᠤᠨ ᠠᠷᠠᠳ ᠤᠨ ᠳᠤᠮᠳᠠᠬᠢ ︽ᠰᠡᠳᠬᠢᠯ ᠢᠶᠠᠨ ᠬᠤᠯᠪᠣᠬᠤ ᠬᠥᠭᠦᠷᠭᠡ︾ ᠶᠢ ᠴᠣᠭᠴᠠᠯᠠᠨ᠎ᠠ᠃     ᠭᠤᠷᠪᠠ᠂ ᠤᠯᠠᠨ ᠲᠦᠮᠡᠨ ᠢ ᠬᠠᠯᠠᠭᠤᠨ ᠢᠶᠠᠷ ᠬᠦᠯᠢᠶᠡᠨ ᠠᠪᠬᠤ ᠬᠡᠷᠡᠭᠲᠡᠶ᠃ ᠣᠯᠠᠨ ᠲᠦᠮᠡᠨ  ᠤ ᠲᠤᠬᠠᠶᠢᠯᠠᠭᠰᠠᠨ ᠠᠵᠢᠯ ᠢ ᠡᠷᠬᠢᠯᠡᠨ ᠬᠢᠬᠦ ᠳᠤ᠂ ᠠᠷᠠᠳ ᠤᠨ ᠴᠠᠭᠳᠠᠭ᠎ᠠ ᠣᠯᠠᠨ ᠲᠦᠮᠡᠨ ᠤ ᠪᠤᠳᠤᠯᠢᠶᠠᠨᠲᠠᠶ ᠱᠠᠭᠠᠷᠳᠠᠯᠭ᠎ᠠ ᠠᠴᠠ ᠪᠣᠯᠵᠤ ᠲᠦᠯᠬᠢᠯᠴᠡᠬᠦ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠠᠢ᠃ ᠣᠪᠣᠷ ᠤᠨ ᠲᠠᠯ᠎ᠠ ᠪᠠᠷ ᠬᠠᠯᠠᠭᠤᠨ ᠰᠡᠳᠬᠢᠯᠭᠡ ᠲᠠᠢ ᠪᠠᠶᠢᠬᠤ ᠶᠢ  ᠪᠠᠷᠢᠮᠳᠠᠯᠠᠬᠤ ᠬᠡᠷᠡᠭᠲᠠᠢ᠃ ᠰᠡᠳᠬᠢᠴᠡ ᠶᠢᠨ ᠲᠠᠯ᠎ᠠ ᠪᠠᠷ ᠯᠠᠪᠳᠠᠭᠤᠨ ᠲᠣᠭᠲᠠᠭᠤᠨ᠂ ᠵᠢᠷᠤᠮ ᠤᠨ ᠲᠠᠯ᠎ᠠ ᠪᠠᠷ ᠴᠢᠩᠭ᠎ᠠ ᠨᠢᠮᠪᠠᠶ ᠠᠵᠢᠯᠯᠠᠬᠤ  ᠵᠠᠷᠴᠢᠮ᠂ ᠤᠯᠠᠨ ᠲᠦᠮᠡᠨ ᠢ ᠬᠦᠯᠢᠶᠡᠨ ᠳᠤᠰᠬᠤ ᠳᠠᠭᠠᠨ ᠦᠭᠡ  ᠬᠡᠯᠡ ᠳᠤᠳᠤᠨᠤᠨ᠂  ᠢᠨᠢᠶᠡᠮᠰᠦᠭᠯᠡᠩᠭᠦᠢ ᠴᠢᠷᠠᠢ ᠲᠠᠢ᠂ ᠰᠢᠷᠭᠠᠭᠤ ᠬᠠᠳᠠᠭᠤᠵᠢᠯᠲᠠᠢ᠂ ᠲᠠᠷᠢᠬᠢ ᠨᠢ ᠠᠮᠢᠳᠤᠯᠢᠭ᠂ ᠤᠴᠢᠷ ᠶᠠᠪᠤᠳᠠᠯ ᠳᠤ ᠬᠢᠨᠠᠮᠠᠭᠠᠢ᠂ ᠪᠦᠬᠦ ᠬᠦᠴᠦ ᠪᠠᠷ ᠬᠠᠯᠠᠭᠤᠨ ᠰᠡᠳᠬᠢᠯ ᠢᠶᠠᠷ ᠠᠷᠠᠳ  ᠲᠦᠮᠡᠨ ᠳᠤ ᠦᠢᠯᠡᠴᠢᠯᠡᠬᠦ ᠬᠡᠷᠡᠭᠲᠡᠶ᠃
   ᠲᠦᠷᠪᠡ᠂ ᠵᠥᠷᠢᠴᠡᠯ ᠢ ᠬᠦᠯᠢᠴᠡᠩᠭᠦᠶ ᠪᠠᠷ ᠠᠷᠢᠯᠭᠠᠬᠤ ᠬᠡᠷᠡᠭᠲᠡᠶ᠃ ᠳᠠᠷᠬᠠᠨ ᠮᠤᠤᠮᠢᠩᠭᠠᠨ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠲᠡᠷᠭᠡᠨ ᠬᠠᠮᠢᠶᠠᠷᠤᠯᠳᠠ ᠶᠢᠨ ᠰᠠᠯᠪᠤᠷᠢ ᠠᠩᠭᠢ ᠤᠨ ᠬᠢᠨ ᠣᠯᠠᠨ ᠲᠦᠮᠡᠨ ᠤ  ᠳᠤᠷᠠᠳᠤᠭᠰᠠᠨ ᠠᠰᠠᠭᠤᠳᠠᠯ ᠢ ᠰᠢᠢᠳᠪᠤᠷᠢᠯᠡᠬᠦ ᠦᠶ᠎ᠡ ᠳᠤ᠂ ᠬᠠᠯᠠᠭᠤᠨ ᠰᠡᠳᠬᠢᠯᠭᠡ ᠲᠠᠢ ᠪᠠᠶᠢᠵᠤ ᠂ ᠪᠠᠶᠢᠷᠢ ᠰᠤᠯᠢᠨ ᠪᠣᠳᠣᠯᠬᠢᠯᠠᠵᠤ᠂ ᠲᠤᠯᠭᠠᠷᠠᠭᠰᠠᠨ ᠠᠰᠠᠭᠤᠳᠠᠯ ᠪᠣᠯᠤᠨ ᠵᠥᠷᠢᠴᠡᠯ ᠳᠤ ᠯᠠᠪᠳᠠᠭᠤᠨ ᠲᠣᠭᠲᠠᠭᠤᠨ᠂ ᠰᠢᠨᠵᠢᠯᠡᠬᠦ ᠤᠬᠠᠭᠠᠨᠴᠢ ᠪᠠᠷ ᠬᠠᠨᠳᠤᠵᠤ᠂  ᠡᠵᠡᠮᠳᠡᠬᠦ ᠳᠤ ᠪᠡᠷᠬᠡ ᠪᠠᠶᠢᠳᠠᠯ ᠲᠤᠯᠭᠠᠷᠠᠬᠤ ᠦᠶ᠎ᠡ ᠳᠤ᠂ ᠡᠷᠬᠡᠪᠰᠢ ᠣᠪᠣᠷ ᠢᠶᠠᠨ ᠲᠥᠪ ᠪᠣᠯᠭᠠᠵᠤ᠂ ᠠᠰᠠᠭᠤᠳᠠᠯ ᠢ ᠣᠨᠣᠪᠴᠢᠲᠠᠶ ᠡᠷᠢᠨ ᠤᠯᠵᠤ᠂ ᠳᠤᠬᠠᠢ ᠶᠢᠨ ᠪᠠᠶᠢᠳᠠᠯ ᠳᠤᠨᠢ ᠲᠤᠬᠢᠷᠠᠭᠤᠯᠤᠨ ᠬᠥᠲᠥᠯᠥᠨ ᠵᠢᠯᠣᠭᠤᠳᠬᠤ ᠬᠡᠷᠡᠭᠲᠡᠶ᠃ ᠰᠠᠨᠠᠭᠠᠴᠢᠯᠠᠭᠠᠲᠤ ᠪᠤᠰᠤ ᠪᠠᠶᠢᠳᠠᠯ ᠢ ᠰᠠᠨᠠᠭᠠᠴᠢᠯᠠᠭᠠᠲᠤ  ᠪᠠᠶᠢᠳᠠᠯ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠪᠠᠴᠢᠮ ᠰᠡᠳᠬᠢᠯᠭᠡ ᠶᠢ ᠲᠣᠭᠲᠠᠪᠤᠷᠢᠵᠢᠭᠤᠯᠵᠤ᠂ ᠬᠦᠯᠢᠴᠡᠩᠭᠦᠶ ᠪᠠᠷ ᠲᠠᠶᠢᠯᠪᠤᠷᠢᠯᠠᠵᠤ᠂ ᠬᠠᠮᠲᠤ ᠶᠢᠨ ᠲᠠᠨᠢᠯᠲᠠ ᠳᠤ  ᠬᠦᠷᠴᠤ᠂ ᠵᠥᠷᠢᠴᠡᠯ ᠢ ᠥᠷᠭᠡᠳᠬᠡᠵᠦ ᠶᠠᠭᠠᠬᠢᠭᠰᠠᠨ ᠴᠤ ᠪᠣᠯᠬᠤ ᠦᠭᠡᠢ᠂ ᠤᠯᠠᠨ  ᠲᠦᠮᠡᠨ ᠤ ᠵᠠᠭᠠᠯᠳᠤᠯᠭ᠎ᠠ ᠪᠤᠶᠤ  ᠨᠡᠶᠢᠭᠡᠮ ᠤᠨ ᠨᠠᠵᠠᠭᠠᠢ ᠨᠥᠯᠥᠭᠡ ᠶᠢ ᠡᠭᠦᠰᠭᠡᠬᠦ ᠶᠢ ᠡᠷᠡᠰ ᠲᠡᠪᠴᠢᠬᠦ ᠬᠡᠷᠡᠭᠲᠠᠢ᠃
   ᠲᠠᠪᠤ᠂ ᠬᠠᠶᠢᠷ᠎ᠠ ᠬᠠᠯᠠᠮᠵᠢ ᠲᠠᠢ ᠬᠠᠤᠯᠢ ᠬᠡᠷᠡᠭᠵᠢᠭᠦᠯᠵᠦ ᠬᠡᠷᠡᠭ  ᠰᠢᠢᠳᠪᠤᠷᠢᠯᠡᠬᠦ ᠬᠡᠷᠡᠭᠲᠠᠢ᠃ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠲᠡᠷᠭᠡᠨ ᠬᠠᠮᠢᠶᠠᠷᠤᠯᠳᠠ ᠶᠢᠨ ᠰᠠᠯᠪᠤᠷᠢ ᠠᠩᠭᠢ ᠠᠴᠠ ᠠᠷᠠᠳ ᠤᠨ ᠴᠠᠭᠳᠠᠭ᠎ᠠ  ᠶᠢ ᠠᠵᠢᠯ ᠢᠶᠠᠨ ᠭᠦᠢᠴᠡᠳᠬᠡᠬᠦ   ᠢ ᠱᠠᠭᠠᠷᠳᠠᠬᠤ ᠦᠶ᠎ᠡ ᠳᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ   ᠶᠢ ᠴᠢᠩᠭ᠎ᠠ ᠵᠢᠷᠤᠮᠯᠠᠨ ᠠᠵᠢᠯᠯᠠᠵᠤ᠂ ᠬᠠᠶᠢᠷ᠎ᠠ  ᠬᠠᠯᠠᠮᠵᠢ ᠲᠠᠢ ᠬᠠᠤᠯᠢ ᠬᠡᠷᠡᠭᠵᠢᠭᠦᠯᠵᠦ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠵᠦ᠂ ᠣᠯᠠᠨ ᠲᠦᠮᠡᠨ   ᠳᠤ ︽ᠬᠦᠢᠲᠡᠨ᠂ ᠬᠠᠲᠠᠭᠤ᠂ ᠬᠥᠨᠳᠡᠯᠡᠨ᠂ ᠲᠦᠯᠬᠢᠬᠦ︾   ᠪᠠᠷ ᠬᠠᠨᠳᠤᠬᠤ ᠶᠢ ᠡᠷᠡᠰ ᠲᠡᠪᠴᠢᠵᠤ᠂ ᠲᠠᠨᠢᠬᠤ ᠦᠭᠡᠢ ᠬᠥᠮᠦᠨ ᠪᠠ ᠲᠠᠨᠢᠯ ᠬᠥᠮᠦᠨ  ᠂ ᠤᠳᠤᠷᠢᠳᠤᠯᠭ᠎ᠠ ᠪᠠ ᠣᠯᠠᠨ ᠲᠦᠮᠡᠨ  ᠂ ᠭᠠᠳᠠᠨ᠎ᠠ ᠣᠷᠣᠨ ᠤ ᠬᠥᠮᠦᠨ ᠪᠠ ᠲᠣᠰ ᠭᠠᠵᠠᠷ ᠤᠨ ᠬᠥᠮᠦᠨ ᠳᠤ ᠢᠯᠭᠠᠭ᠎ᠠ ᠲᠠᠢ ᠬᠠᠤᠯᠢ ᠬᠡᠷᠡᠭᠵᠢᠭᠦᠯᠬᠦ  ᠤᠨᠴᠠᠭᠠᠢ ᠪᠠᠶᠢᠳᠠᠯ ᠢ ᠡᠷᠡᠰ ᠲᠡᠪᠴᠢᠬᠦ ᠬᠡᠷᠡᠭᠲᠡᠶ᠃ ᠬᠠᠶᠢᠷ᠎ᠠ ᠰᠡᠳᠬᠢᠯᠭᠡ ᠲᠠᠢ ᠪᠠᠶᠢᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠪᠠ ᠬᠠᠶᠢᠷ᠎ᠠ ᠬᠠᠯᠠᠮᠵᠢ ᠲᠠᠢ  ᠦᠢᠯᠡᠴᠢᠯᠡᠬᠦ  ᠶᠢ  ᠴᠣᠭᠴᠠᠵᠢᠭᠤᠯᠤᠭᠰᠠᠨ ᠠᠵᠢᠯ ᠤᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠬᠦ ᠬᠡᠷᠡᠭᠲᠠᠢ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号