ᠵᠠᠰᠠᠭ ᠤᠨ ᠣᠷᠳᠣᠨ ᠤ ᠠᠵᠢᠯ ᠤᠨ ᠢᠯᠡᠳᠬᠡᠯ(2020)
ᠨᠡᠶᠢᠲᠡᠯᠡᠭᠰᠡᠨ ᠴᠠᠭ᠄
2020-05-22
ᠲᠥᠯᠥᠭᠡᠯᠡᠭᠴᠢᠳ ᠡ᠄        ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠤ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠤ︕᠂ ᠮᠦᠨᠴᠤ ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ︕ᠨᠢᠭᠡ᠂ 2019 ᠣᠨ ᠤ ᠠᠵᠢᠯ ᠤᠨ ᠡᠷᠭᠢᠴᠡᠭᠦᠯᠦᠯ     ᠦᠩᠭᠡᠷᠡᠭᠰᠡᠨ ᠨᠢᠭᠡ ᠵᠢᠯ ᠳᠤ᠂ ᠪᠢᠳᠡ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠲᠠᠲᠤ ᠤᠯᠤᠰ ᠤᠨ ᠤᠨᠴᠠᠯᠢᠭᠲᠤ ᠨᠡᠶᠢᠭᠡᠮ ᠵᠢᠷᠤᠮ  ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠰᠢᠶᠳᠪᠦᠷᠢᠲᠦ ᠢᠯᠠᠯᠲᠠ ᠶᠢ ᠤᠯᠬᠤ ᠳᠤ ᠴᠢᠬᠤᠯᠠ ᠰᠢᠨ᠎ᠡ ᠠᠬᠢᠴᠠ ᠲᠠᠢ ᠪᠣᠯᠪᠠ᠃ ᠪᠥᠬᠦ ᠬᠤᠰᠢᠭᠤᠨ  ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 4.9% ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 3.8% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠤᠷᠤᠯᠭ᠎ᠠ 4% ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠲᠣᠰ ᠲᠣᠰ 42656 ᠲᠥᠭᠦᠷᠢᠭ ᠪᠠ 16950 ᠲᠥᠭᠦᠷᠢᠭ ᠲᠤ ᠬᠦᠷᠴᠦ᠂ 6.7% ᠪᠠ 11.1% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 5.57 ᠳ᠋ᠦᠩᠰᠢᠭᠤᠷ ᠲᠥᠭᠦᠷᠢᠭ ᠲᠤ ᠬᠦᠷᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠤᠯᠬᠤ ᠳᠤ ᠪᠠᠲᠤ ᠪᠠᠬᠢ ᠰᠠᠭᠤᠷᠢ ᠪᠤᠯᠪᠠ᠃      ︵ ᠨᠢᠭᠡ︶ ᠠᠵᠤ ᠠᠬᠤᠢ ᠶᠢᠨ ᠲᠣᠭᠲᠠᠭᠤᠨ ᠡᠷᠬᠢᠯᠲᠡ ᠶᠢ ᠪᠦᠬᠦ ᠬᠦᠴᠦᠨ ᠢᠶᠠᠷ ᠪᠠᠲᠤᠯᠠᠪᠠ ᠃ ᠭ᠊‍ᠥ᠋ᠭᠵᠢᠯᠲᠡ  ᠶᠢᠨ ᠲᠤᠭᠳᠠᠴᠠ ᠶᠢ ᠢᠮᠠᠭᠲᠠ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠲᠤᠭᠲᠠᠪᠤᠷᠢᠵᠢᠭᠤᠯᠤᠨ᠂ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠢᠯᠡᠳᠲᠡ ᠪᠣᠯᠪᠠ᠃ ᠠᠵᠤ ᠠᠬᠤᠶᠢᠯᠠᠯ ᠤᠨ ᠭᠠᠶᠢᠯᠢ ᠠᠴᠠ ᠬᠡᠯᠲᠦᠷᠢᠭᠦᠯᠬᠦ ᠰᠦᠢᠳᠬᠡᠯ ᠢ ᠨᠡᠶᠢᠲᠡ 1.55 ᠳ᠋ᠦᠩᠰᠢᠭᠤᠷ ᠲᠥᠭᠦᠷᠢᠭ ᠬᠠᠰᠤᠵᠤ᠂ 1.4 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ 2750 ᠲᠦᠮᠡᠨ ᠲᠦᠭᠦᠷᠢᠭ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠪᠠ᠃ ᠭᠤᠣᠯᠳᠠᠯᠭ᠎ᠠ ᠲᠠᠢ ᠠᠵᠤ ᠠᠬᠤᠶᠢᠯᠠᠯ ᠢ ᠬᠤᠰᠢᠭᠤ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠤᠭᠠᠯᠠᠵᠤ ᠬᠠᠪᠰᠤᠷᠤᠨ ᠲᠡᠳᠬᠦᠬᠦ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠦᠬᠦᠪᠦᠷᠢ ᠮᠥᠩᠭᠦ 878.2 ᠲᠦᠮᠡᠨ ᠲᠥᠭᠦᠷᠢᠭ ᠤᠯᠭᠤᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠠᠮᠵᠢᠵᠤ᠂ ᠠᠵᠤ ᠠᠬᠤᠶᠢᠯᠠᠯᠲᠠᠨ ᠢ ᠬᠦᠨᠳᠦᠳᠬᠡᠬᠦ ᠪᠠᠶᠢᠳᠠᠯ ᠨᠠᠩ ᠰᠠᠶᠢᠨ ᠪᠣᠯᠪᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠥᠷᠭᠡᠳᠬᠡᠵᠦ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠵᠥᠪᠯᠡᠯᠭᠡ ᠥᠭᠴᠦ ᠵᠥᠪᠳᠡᠯᠴᠡᠬᠦ ᠪᠠ ᠬᠠᠮᠲᠤᠷᠠᠨ ᠬᠢᠨᠠᠬᠤ ᠬᠠᠮᠲᠤᠷᠠᠨ ᠵᠥᠪᠰᠢᠶᠡᠷᠡᠬᠦ ᠲᠤᠭᠲᠠᠴᠠ ᠶᠢ ᠪᠠᠶᠢᠭᠤᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 61 ᠢ ᠵᠣᠬᠢᠶᠠᠨ ᠪᠠᠶᠢᠭᠤᠯᠤᠨ ᠬᠡᠷᠡᠭᠵᠢᠭᠦᠯᠵᠤ᠂ 31.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠬᠠᠩ ᠲᠢᠶᠠᠨ ᠿᠢ ᠱᠧᠩ᠂ ᠵᠦᠩ ᠵᠢᠶᠧ ᠨᠧᠩ ᠵᠡᠷᠭᠡ ᠰᠠᠯᠬᠢᠨ ᠬᠦᠴᠦᠨ ᠤ ᠴᠠᠬᠢᠯᠭᠠᠨ ᠢᠶᠠᠷ ᠢᠯᠴᠢ ᠬᠠᠩᠭᠠᠬᠤ ᠲᠥᠷᠥᠯ ᠵᠦᠶᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠤᠷᠤᠪᠠ᠂ ᠪᠤᠭᠤᠲᠤ ᠠᠴᠠ ᠮᠠᠨᠳᠤᠯ ᠬᠦᠷᠬᠦ ᠲᠡᠮᠦᠷ ᠵᠠᠮ ᠤᠨ ᠭᠤᠷᠪᠠᠳᠤᠭᠠᠷ ᠬᠤᠭᠤᠴᠠᠭᠠᠨ ᠤ ᠲᠡᠮᠦᠷ ᠵᠠᠮ ᠢ ᠳᠡᠪᠢᠰᠦᠭᠰᠡᠨ ᠪᠥᠭᠡᠳ ᠠᠵᠢᠯ ᠳᠠᠭᠤᠰᠤᠭᠰᠠᠨ ᠰᠢᠯᠭᠠᠯᠲᠠ ᠶᠢ ᠦᠩᠭᠡᠷᠡᠭᠡᠪᠡ᠂ ᠳᠠᠷᠬᠠᠨ ᠮᠤᠤᠮᠢᠩᠭᠠᠨ ᠤ ᠨᠡᠶᠢᠲᠡ ᠶᠢᠨ ᠬᠡᠷᠡᠭᠯᠡᠭᠡᠨ  ᠤ ᠨᠢᠰᠬᠡᠯ ᠤᠨ ᠪᠠᠭᠤᠳᠠᠯ ᠬᠡᠷᠡᠭᠯᠡᠬᠦ ᠵᠥᠪᠰᠢᠶᠡᠷᠡᠯ ᠤᠨ ᠬᠢᠨᠠᠨ ᠲᠣᠭᠲᠠᠭᠠᠯᠲᠠ ᠶᠢ ᠦᠩᠭᠡᠷᠡᠭᠡᠪᠡ᠂ ᠤᠯᠤᠰ ᠤᠨ ᠵᠠᠮ  ᠤᠨ 210 ᠱᠤᠭᠤᠮ ᠤᠨ ᠮᠠᠨᠳᠤᠯ ᠪᠣᠭᠤᠮᠲᠠ ᠠᠴᠠ ᠪᠠᠶ᠋ᠬᠠᠤᠪᠤᠭ᠎ᠠ ᠬᠦᠷᠬᠦ ᠬᠡᠰᠡᠭ᠂ ᠤᠯᠤᠰ ᠤᠨ ᠵᠠᠮ ᠤᠨ 335 ᠱᠤᠭᠤᠮ ᠤᠨ ᠬᠤᠸᠠᠩ ᠵᠢᠶᠠ ᠲᠠᠨ ᠠᠴᠠ ᠪᠠᠲᠤᠬᠠᠭᠠᠯᠭ᠎ᠠ ᠬᠦᠷᠲᠡᠯᠡᠬᠢ ᠬᠡᠰᠡᠭ ᠦᠨᠳᠦᠰᠦᠨ ᠳᠡᠭᠡᠨ ᠪᠠᠷᠢᠯᠭ᠎ᠠ ᠳᠠᠭᠤᠰᠪᠠ᠃ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠠᠵᠢᠯ ᠡᠷᠴᠢᠮᠲᠡᠶ ᠶᠠᠪᠤᠭᠳᠠᠪᠠ᠃ ᠬᠤᠳᠠᠯᠳᠤᠭᠠᠴᠢᠨ ᠤᠷᠢᠬᠤ ᠬᠤᠪᠢᠶᠠᠷᠢ ᠠᠩᠭᠢ ᠪᠠᠶᠢᠭᠤᠯᠵᠤ ᠬᠤᠳᠠᠯᠳᠤᠭᠠᠴᠢᠨ ᠤᠷᠢᠬᠤ ᠵᠥᠪᠳᠡᠯᠴᠡᠭᠡᠨ ᠦᠷᠨᠢᠭᠦᠯᠦᠨ᠂ ᠭᠤᠤᠯᠳᠠᠯᠭ᠎ᠠ  ᠲᠠᠢ ᠠᠵᠤ ᠦᠶᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ︽ᠬᠡᠯᠬᠢᠶᠡᠨ ᠤ ᠳᠠᠷᠤᠭ᠎ᠠ ᠶᠢᠨ ᠲᠦᠷᠢᠮ︾ ᠢ ᠬᠡᠷᠡᠭᠵᠢᠭᠦᠯᠵᠦ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠠᠴᠠ ᠣᠷᠣᠭᠤᠯᠬᠤ ᠦᠵᠡᠰᠬᠦᠯᠡᠩ ᠤᠨ ᠴᠤᠭᠯᠠᠭᠠᠨ ᠵᠡᠷᠭᠡ ᠴᠢᠬᠤᠯᠠ ᠪᠠᠶᠠᠷ ᠤᠨ ᠴᠤᠭᠯᠠᠭᠠᠨ ᠳᠤ 8 ᠤᠳᠠᠭ᠎ᠠ ᠣᠷᠣᠯᠴᠠᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠤᠩᠭᠢᠯ ᠤᠨ ᠠᠭᠤᠷᠬᠠᠶ ᠶᠢ ᠨᠢᠭᠡ ᠴᠣᠭᠴᠠᠵᠢᠭᠤᠯᠬᠤ᠂ ᠲᠡᠯᠡᠵᠦ ᠪᠤᠯᠬᠤ ᠪᠠᠯ ᠴᠢᠯᠠᠭᠤ ᠵᠢᠴᠢ ᠭᠦᠨᠵᠡᠭᠡᠶ ᠡᠳ᠋ᠰᠢᠭᠦᠯᠬᠦ ᠵᠡᠷᠭᠡ 13 ᠲᠥᠷᠥᠯ ᠵᠦᠶᠯ ᠤᠨ ᠭᠡᠷ᠎ᠡ ᠲᠣᠭᠲᠠᠵᠤ᠂ 295.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠤᠭᠲᠠᠪᠠ᠃ ᠲᠥᠷᠥᠯ ᠵᠦᠶᠯ ᠨᠥᠭᠡᠴᠡᠯᠡᠬᠦ ᠡᠷᠴᠢᠮ ᠢ ᠴᠢᠩᠭᠠᠳᠬᠠᠵᠤ᠂ ᠤᠯᠤᠰ ᠤᠨ ᠴᠢᠬᠤᠯᠠ ᠶᠡᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠬᠥᠮᠥᠷᠭᠡ ᠳᠤ ᠣᠷᠣᠭᠤᠯᠤᠭᠰᠠᠨ ᠲᠥᠷᠥᠯ ᠵᠦᠶᠯ 266 ᠪᠣᠯᠵᠤ᠂ ᠶᠡᠷᠦᠩᠬᠡᠶ ᠪᠡᠯᠡ ᠣᠷᠣᠭᠤᠯᠤᠯᠲᠠ 669 ᠳ᠋ᠦᠩᠰᠢᠭᠤᠷ ᠲᠥᠭᠦᠷᠢᠭ ᠲᠤ ᠬᠦᠷᠪᠡ᠃ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠯᠠᠪᠳᠠᠭᠤᠨ ᠪᠠᠲᠤᠲᠠᠶ ᠪᠥᠭᠡᠳ ᠬᠦᠴᠦᠲᠡᠶ ᠶᠠᠪᠤᠭᠳᠠᠪᠠ᠃ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠳᠠᠯᠳᠠ ᠴᠢᠨᠠᠷᠲᠠᠢ ᠥᠷᠢ ᠥᠭᠴᠡᠭᠡ ᠨᠡᠮᠡᠭᠳᠡᠭᠰᠡᠨ ᠦᠭᠡᠢ ᠪᠠᠶᠢᠵᠤ᠂ 10.8 ᠳ᠋ᠦᠩᠰᠢᠭᠤᠷ ᠲᠥᠭᠦᠷᠢᠭ ᠤᠨ ᠬᠠᠭᠤᠴᠢᠨ ᠦᠷᠢ ᠶᠢ ᠲᠦᠯᠦᠪᠡ᠂ ᠡᠭᠦᠨ ᠳᠤ ︽ᠠᠷᠪᠠ  ᠶᠢ ᠪᠦᠷᠬᠦᠭᠦᠯᠬᠦ ᠢᠨᠵᠧᠨᠧᠷᠢᠩ︾ ᠤᠨ ᠠᠷᠪᠠᠨ ᠵᠦᠢᠯ ᠤᠨ ᠪᠠᠷᠢᠯᠭ᠎ᠠ ᠶᠢᠨ 1.9 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠪᠦᠬᠦᠨ ᠢ ᠲᠥᠯᠥᠵᠦ᠂ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ 1.06 ᠳ᠋ᠦᠩᠰᠢᠭᠤᠷ ᠲᠥᠭᠦᠷᠢᠭ ᠢ ᠪᠤᠴᠠᠭᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠪᠠ ᠳᠡᠭᠡᠳᠦ ᠱᠠᠲᠤᠨ ᠤ ᠲᠤᠰᠬᠠᠶ ᠲᠦᠷᠦᠯ ᠤᠨ ᠪᠡᠯᠡ ᠮᠥᠩᠭᠦ ᠶᠢ ᠨᠡᠶᠢᠳᠡ 10.69 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠲᠤᠯᠬᠤ ᠬᠦᠴᠦᠨ ᠪᠤᠯᠪᠠ᠃ ᠠᠷᠠᠳ ᠤᠨ ᠳᠤᠮᠳᠠᠬᠢ ᠥᠨᠳᠥᠷ ᠬᠦᠦ ᠲᠠᠢ ᠵᠢᠭᠡᠯᠡᠯᠭᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠬᠦᠷᠢᠶᠡᠨ ᠳᠠᠬᠢ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠪᠡ᠃      ︵ ᠬᠤᠶᠠᠷ︶ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠠᠰᠤᠷᠠᠯᠲᠠ ᠦᠭᠡᠢ ᠰᠠᠶᠢᠵᠢᠷᠠᠭᠤᠯᠪᠠ᠃ ᠢᠮᠠᠭᠲᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠬᠦᠴᠦᠨ ᠵᠦᠢᠯ ᠢ ᠬᠤᠷᠠᠮᠳᠤᠭᠤᠯᠤᠨ᠂ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠠᠭᠠᠵᠢᠮ ᠢᠶᠠᠷ ᠪᠤᠢ ᠪᠤᠯᠭᠠᠪᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠴᠢᠨᠠᠷᠯᠢᠭ ᠢᠶᠠᠷ ᠬᠥᠭᠵᠢᠪᠡ᠃ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠨᠴᠢᠷ᠂ ᠤᠯᠠᠭᠠᠨ ᠬᠠᠯᠢᠰᠦᠲᠦ ᠪᠤᠭᠤᠳᠠᠢ ᠵᠡᠷᠭᠡ ᠣᠨᠴᠠᠯᠢᠭᠲᠤ ᠲᠠᠷᠢᠮᠠᠯ ᠤᠨ ᠲᠠᠯᠠᠪᠠᠢ ᠶᠢ 28 ᠲᠦᠮᠡᠨ ᠮᠦ ᠳᠤ ᠬᠦᠷᠭᠡᠪᠡ᠃ ᠲᠥᠮᠥᠰᠥ᠂ ᠡᠷᠳᠡᠨᠢ ᠰᠢᠰᠢ ᠵᠡᠷᠭᠡ 7 ᠰᠢᠨ᠎ᠡ ᠡᠭᠦᠯᠳᠡᠷ ᠢ ᠠᠪᠴᠢᠷᠠᠵᠤ᠂ 3 ᠰᠢᠨ᠎ᠡ ᠮᠡᠷᠭᠡᠵᠢᠯ ᠤᠨ ᠲᠤᠷᠰᠢᠯᠲᠠ  ᠶᠢᠨ ᠵᠢᠱᠢᠶ᠎ᠡ ᠦᠵᠡᠭᠦᠯᠬᠦ ᠴᠡᠭ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ  ᠶᠢ ᠲᠠᠰᠤᠷᠠᠯᠲᠠ ᠦᠭᠡᠢ ᠴᠢᠩᠭᠠᠳᠬᠠᠪᠠ᠃ ᠪᠦᠲᠦᠭᠡᠨ ᠪᠠᠶᠢᠭᠤᠯᠤᠯᠲᠠ ᠶᠢᠨ ᠴᠢᠨᠠᠷᠲᠠᠢ ᠮᠠᠯ ᠠᠵᠤ ᠠᠬᠤᠢ ᠶᠢᠨ ᠦᠢᠯᠡᠰ ᠢ ᠲᠤᠭᠲᠠᠭᠤᠨ ᠢᠶᠠᠷ ᠬᠦᠭᠵᠢᠭᠦᠯᠵᠤ᠂ ᠰᠢᠯᠢᠳᠡᠭ ᠢᠳᠡᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠲᠣᠭᠲᠠᠭᠤᠨ ᠢᠶᠠᠷ ᠡᠵᠡᠩᠨᠡᠨ᠂ 20 ᠲᠦᠮᠡᠨ ᠲᠤᠯᠤᠭᠠᠢ ᠮᠠᠯ ᠤᠨ ᠡᠭᠦᠯᠳᠡᠷ ᠢ ᠰᠠᠶᠢᠵᠢᠷᠠᠭᠤᠯᠵᠤ᠂ ᠡᠪᠦᠯᠵᠢᠬᠦ ᠮᠠᠯ ᠤᠨ ᠲᠤᠭ᠎ᠠ ᠶᠢ 65 ᠲᠦᠮᠡᠨ ᠲᠣᠯᠣᠭᠠᠢ ᠳᠤ ᠬᠦᠷᠭᠡᠪᠡ᠃ 50 ᠬᠡᠷ ᠪᠦᠯᠢ  ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠰᠢᠨ᠎ᠡ ᠪᠠᠷ ᠬᠢᠨᠠᠨ ᠪᠠᠲᠤᠯᠠᠵᠤ᠂ 34 ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠠᠩᠬ᠎ᠠ ᠡᠳ᠋ᠰᠢᠭᠦᠯᠦᠯᠲᠡ ᠶᠢᠨ ᠠᠵᠤ ᠠᠬᠤᠶᠢᠯᠠᠯ ᠢ ᠰᠢᠯᠭᠠᠨ ᠪᠠᠲᠤᠯᠠᠵᠤ᠂ 7 ᠠᠵᠤ ᠠᠬᠤᠶᠢᠯᠠᠯ ᠨᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢᠶᠠᠷ ᠦᠨᠡᠯᠡᠭᠳᠡᠨ᠂ 9 ᠠᠵᠤ ᠠᠬᠤᠶᠢᠯᠠᠯ ᠨᠢ ᠠᠵᠤ ᠤᠶᠢᠯᠡᠰᠵᠢᠯᠲᠡ ᠶᠢᠨ ᠬᠤᠯᠪᠣᠭᠠᠲᠤ ᠴᠣᠭᠴᠠ ᠪᠣᠯᠵᠣ᠂ ᠠᠵᠤ ᠠᠬᠤᠶᠢᠯᠠᠯ ᠲᠠᠢ ᠠᠰᠢᠭ ᠲᠤᠰᠠ ᠶᠢᠨ ᠬᠤᠯᠪᠣᠭ᠎ᠠ ᠪᠠᠶᠢᠭᠤᠯᠤᠭᠰᠠᠨ ᠮᠠᠯᠵᠢᠬᠤ ᠲᠠᠷᠢᠶᠠᠯᠠᠬᠤ ᠡᠷᠦᠬᠡ 500 ᠨᠡᠮᠡᠭᠳᠡᠨ᠂ ︽ᠳᠠᠷᠬᠠᠨ ᠮᠤᠤᠮᠢᠩᠭᠠᠨ ᠤ ᠲᠠᠯ᠎ᠠ ᠨᠤᠲᠤᠭ  ᠤᠨ ᠬᠤᠨᠢ︾ ᠨᠢ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ 2019 ᠣᠨ ᠤ ᠲᠠᠷᠢᠶᠠᠯᠠᠩ  ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠪᠠᠷ ᠰᠣᠩᠭᠤᠭᠳᠠᠪᠠ᠃ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠪᠷᠦ᠋ᠼᠧᠯ ᠡᠪᠡᠳᠴᠢᠨ ᠵᠡᠷᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠴᠢᠨᠠᠷᠯᠢᠭ᠂ ᠦᠷ᠎ᠡ ᠪᠦᠲᠦᠮᠵᠢᠲᠡᠶ᠂ ᠠᠮᠤᠷ ᠲᠦᠪᠰᠢᠨ ᠢᠶᠠᠷ ᠬᠦᠭᠵᠢᠬᠦ ᠶᠢ ᠦᠨᠡᠨᠬᠦ ᠪᠠᠲᠤᠯᠠᠪᠠ᠃ ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠭᠡᠨ ᠠᠬᠢᠭᠤᠯᠪᠠ᠃ 19.5 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠪᠦᠬᠦᠢ ᠤᠯᠠᠮᠵᠢᠯᠠᠯᠲᠤ ᠠᠵᠤ ᠦᠢᠯᠡᠰ ᠤᠨ ᠬᠡᠯᠪᠡᠷᠢ  ᠶᠢ ᠬᠤᠪᠢᠷᠠᠭᠤᠯᠤᠨ ᠳᠡᠰ ᠳᠡᠪᠰᠢᠭᠦᠯᠬᠦ 6 ᠲᠥᠷᠥᠯ ᠵᠦᠢᠯ ᠢ ᠬᠡᠷᠡᠭᠵᠢᠭᠦᠯᠵᠦ᠂ ᠪᠠᠷᠠᠭᠤᠨ ᠺᠤᠮᠫᠠᠨᠢ ᠶᠢᠨ ᠭᠤᠮ ᠪᠦᠰᠡ ᠶᠢᠨ ᠲᠡᠭᠡᠭᠡᠪᠦᠷᠢ ᠶᠢᠨ ᠲᠥᠷᠥᠯ ᠵᠦᠢᠯ ᠨᠢ ᠲᠣᠨᠤᠭ ᠲᠥᠬᠦᠭᠡᠷᠦᠮᠵᠢ ᠵᠠᠬᠢᠶᠠᠯᠠᠵᠤ᠂ ᠪᠤᠭᠤᠲᠤ ᠶᠢᠨ ᠪᠣᠯᠣᠳ ᠲᠡᠮᠦᠷ ᠤᠨ ᠠᠭᠤᠷᠬᠠᠢ ᠶᠢᠨ ᠦᠢᠯᠡᠰ ᠤᠨ ᠪᠠᠷᠠᠭᠤᠨ ᠬᠡᠰᠡᠭ ᠤᠨ ᠬᠡᠪ ᠤᠨ ᠪᠤᠰᠤ ᠣᠷᠣᠨ ᠤ ᠲᠡᠮᠦᠷ ᠤᠨ ᠠᠭᠤᠷᠬᠠᠢ  ᠶᠢ ᠨᠡᠭᠡᠭᠡᠨ ᠰᠣᠩᠭᠤᠬᠤ ᠲᠥᠷᠥᠯ ᠵᠦᠢᠯ ᠨᠢ ᠠᠭᠤᠷᠬᠠᠢ ᠮᠠᠯᠲᠠᠬᠤ ᠡᠷᠬᠡ ᠶᠢ ᠣᠯᠵᠤ᠂ ᠰᠢᠨ᠎ᠡ ᠳᠠᠷᠬᠠᠨ ᠮᠤᠤᠮᠢᠩᠭᠠᠨ ᠬᠤᠪᠣᠷ ᠰᠢᠷᠣᠢ ᠶᠢᠨ ᠲᠣᠮᠣ ᠮᠤᠯᠧᠺᠦ᠋ᠯᠲᠤ ᠲᠤᠰᠠᠯᠠᠬᠤ ᠡᠮ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠨᠢ ᠪᠠᠷᠢᠯᠭ᠎ᠠ ᠳᠠᠭᠤᠰᠪᠠ᠃ ᠪᠤᠭᠤᠲᠤ ᠬᠤᠲᠠ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠵᠢᠱᠢᠶ᠎ᠡ ᠦᠵᠡᠭᠦᠯᠬᠦ ᠣᠷᠣᠨ ᠤ ᠠᠩᠬᠠᠳᠠᠭᠴᠢ ᠬᠤᠭᠤᠴᠠᠭᠠᠨ ᠤ 160 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠶᠯ ᠤᠨ ᠥᠷᠢᠰᠥᠯᠳᠦᠭᠡᠨ ᠤ ᠰᠢᠯᠢᠳᠡᠭ ᠢ ᠰᠢᠯᠭᠠᠷᠠᠭᠤᠯᠬᠤ ᠶᠢ ᠪᠡᠶᠡᠯᠡᠭᠦᠯᠵᠦ᠂ ᠶᠢᠨ ᠵᠢᠶᠧ ᡁᠢ ᠨᠧᠩ ᠰᠠᠯᠬᠢᠨ ᠬᠦᠴᠦᠨ ᠤ ᠴᠠᠬᠢᠯᠭᠠᠨ ᠤ ᠲᠡᠭᠡᠭᠡᠪᠦᠷᠢ ᠬᠠᠮᠠᠭᠠᠯᠠᠯᠲᠠ ᠶᠢᠨ ᠦᠶᠯᠡᠴᠢᠯᠡᠭᠡᠨ ᠤ ᠲᠠᠪᠴᠠᠩ ᠤᠨ ᠨᠢᠭᠡᠳᠦᠭᠡᠷ ᠬᠤᠭᠤᠴᠠᠭ᠎ᠠ ᠶᠢ ᠪᠠᠶᠢᠭᠤᠯᠤᠨ ᠠᠰᠢᠭᠯᠠᠯᠲᠠ ᠳᠤ ᠤᠷᠤᠭᠤᠯᠪᠠ᠃ ᠴᠡᠪᠡᠷ ᠡᠨᠧᠷᠭᠢ ᠶᠢᠨ ᠲᠣᠤᠷ ᠢ 10 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠂ ᠶᠡᠷᠦᠩᠬᠡᠶ ᠬᠡᠪᠴᠢᠶ᠎ᠡ ᠨᠢ 351 ᠲᠦᠮᠡᠨ ᠺᠢᠯᠣᠸᠠᠲ ᠲᠤ ᠬᠦᠷᠴᠦ᠂ ᠴᠠᠬᠢᠯᠭᠠᠨ ᠭᠠᠷᠭᠠᠬᠤ ᠬᠡᠮᠵᠢᠶ᠎ᠡ ᠪᠠ ᠦᠶᠯᠡᠳᠬᠦᠨ ᠤ ᠥᠷᠲᠡᠭ ᠨᠢ ᠲᠣᠰ ᠲᠣᠰ 26.7% ᠪᠠ 25.3% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.3% ᠨᠡᠮᠡᠭᠳᠡᠵᠦ᠂ ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ 35.5% ᠨᠡᠮᠡᠭᠳᠡᠪᠡ᠃ ᠪᠠᠷᠠᠭᠤᠨ ᠠᠵᠤ ᠦᠶᠯᠡᠳᠪᠦᠷᠢ ᠶᠢᠨ ᠲᠣᠭᠤᠷᠢᠭ ᠤᠨ ᠲᠣᠬᠢᠷᠠᠭᠤᠯᠤᠯᠲᠠ ᠵᠥᠪᠰᠢᠶᠡᠷᠡᠯ ᠣᠯᠵᠤ᠂ ᠲᠦᠯᠦᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢ ᠲᠤᠰᠬᠠᠢ ᠮᠡᠷᠭᠡᠵᠢᠯᠲᠡᠨ ᠤ ᠬᠢᠨᠠᠨ ᠲᠤᠭᠲᠠᠭᠠᠯ ᠢᠶᠠᠷ ᠪᠠᠲᠤᠯᠠᠵᠤ᠂ ᠪᠣᠬᠢᠷ ᠤᠰᠤ ᠶᠢ ᠰᠢᠢᠳᠪᠦᠷᠢᠯᠡᠬᠦ᠂ ᠲᠥᠪᠯᠡᠷᠡᠭᠦᠯᠦᠨ ᠢᠯᠴᠢ ᠬᠠᠩᠭᠠᠬᠤ᠂ ᠣᠯᠠᠨ ᠨᠡᠶᠢᠲᠡ ᠶᠢᠨ ᠦᠯᠡᠳᠡᠭᠳᠡᠯ ᠬᠦᠳᠡᠷ ᠤᠨ ᠬᠥᠮᠥᠷᠭᠡ ᠶᠢ ᠥᠭᠡᠷᠡᠴᠢᠯᠡᠨ ᠪᠠᠶᠢᠭᠤᠯᠬᠤ ᠠᠵᠢᠯ ᠢ ᠪᠡᠶᠡᠯᠡᠭᠦᠯᠵᠦ᠂ ᠬᠥᠭᠵᠢᠯᠲᠡ ᠶᠢᠨ ᠠᠴᠢᠶᠠᠯᠠᠪᠤᠷᠢ ᠶᠢᠨ ᠴᠢᠳᠠᠪᠤᠷᠢ ᠶᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠬᠤᠤᠰ  ᠢᠶᠠᠷ ᠨᠡᠮᠡᠭᠳᠡᠪᠡ᠃ ᠮᠠᠨᠳᠤᠯ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠮᠢᠬᠠᠨ ᠤ ᠲᠥᠷᠥᠯ ᠤᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠠᠶ ᠨᠢ ᠬᠢᠨᠠᠨ ᠰᠢᠯᠭᠠᠯᠲᠠ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ  ᠤ ᠬᠤᠶᠠᠳᠤᠭᠠᠷ ᠭᠠᠳᠠᠭᠠᠳᠤ ᠠᠴᠠ ᠣᠷᠣᠭᠤᠯᠬᠤ ᠮᠢᠬᠠᠨ ᠤ ᠲᠥᠷᠥᠯ ᠤᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠠᠶ ᠪᠣᠯᠪᠠ︔ ᠣᠯᠠᠨ ᠤᠯᠤᠰ ᠤᠨ ᠵᠠᠰᠠᠮᠠᠯ ᠵᠠᠮ ᠤᠨ ᠪᠠᠷᠠᠭᠠᠨ ᠤ ᠭᠦᠶᠯᠭᠡᠭᠡᠨ ᠤ ᠲᠣᠭᠤᠷᠢᠭ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠲᠡᠮᠦᠷ ᠵᠠᠮ ᠤᠨ ᠱᠤᠭᠤᠮ ᠵᠡᠷᠭᠡ ᠲᠥᠷᠥᠯ ᠵᠦᠶᠯ ᠢ ᠯᠠᠪᠳᠠᠭᠤᠨ ᠪᠠᠲᠤᠲᠠᠶ ᠠᠬᠢᠭᠤᠯᠵᠤ᠂ ᠪᠣᠭᠤᠮᠲᠠ ᠶᠢᠨ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠣᠷᠣᠨ ᠪᠦᠰᠡ ᠶᠢᠨ ᠬᠠᠮᠲᠤᠷᠨᠯᠴᠠᠭᠠᠨ ᠤ ᠵᠢᠭᠡᠯᠡᠯᠭᠡ ᠶᠢᠨ ᠲᠥᠷᠥᠯ ᠵᠦᠶᠯ ᠨᠢ ᠪᠥᠬᠦ ᠣᠷᠣᠨ ᠤ ᠨᠢᠭᠡᠳᠦᠭᠡᠷ ᠪᠦᠯᠦᠭ ᠰᠢᠭᠦᠨ ᠰᠢᠢᠳᠪᠦᠷᠢᠯᠡᠬᠦ ᠲᠥᠷᠥᠯ ᠵᠦᠶᠯ ᠤᠨ ᠵᠢᠭᠰᠠᠭᠠᠯ ᠳᠤ ᠤᠷᠤᠪᠠ᠃ ᠪᠦᠬᠦ ᠵᠢᠯ ᠳᠤ ᠪᠣᠭᠤᠮᠲᠠ ᠪᠠᠷ ᠦᠩᠭᠡᠷᠡᠭᠰᠡᠨ ᠪᠠᠷᠠᠭᠠᠨ ᠤ ᠬᠡᠮᠵᠢᠶ᠎ᠡ 10% ᠪᠠᠷ ᠨᠡᠮᠡᠭᠳᠡᠪᠡ᠃ ᠳᠣᠯᠣᠳᠤᠭᠠᠷ ᠬᠤᠭᠤᠴᠠᠭᠠᠨ ᠤ ᠨᠡᠭᠦᠳᠡᠯ ᠰᠣᠶᠣᠯ ᠤᠨ ᠵᠤᠭᠠᠴᠠᠯ  ᠤᠨ ᠨᠠᠶᠢᠷ ᠠᠮᠵᠢᠯᠲᠠ ᠲᠠᠢ ᠶᠠᠪᠤᠭᠳᠠᠵᠤ᠂ ᠵᠢᠭᠤᠯᠴᠢᠳ ᠲᠤ ᠵᠤᠷᠢᠭᠤᠯᠤᠭᠰᠠᠨ ᠵᠦᠴᠦᠭᠡ ︽ᠪᠠᠶᠠᠨᠪᠣᠭᠳᠠ ᠶᠢᠨ ᠳᠣᠮᠤᠭ︾ ᠢ ᠲᠣᠭᠯᠠᠵᠤ᠂ ᠲᠤᠤ ᠮᠠ ᠭᠧᠦ ᠲᠠᠷᠢᠶᠠᠯᠠᠩ ᠤᠨ ᠲᠠᠯᠠᠪᠠᠢ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ ᠲᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠠᠵᠠᠷ ᠢᠶᠠᠷ ᠦᠨᠡᠯᠡᠭᠳᠡᠪᠡ᠃ ᠪᠦᠬᠦ ᠵᠢᠯ ᠳᠤ 283.9 ᠲᠦᠮᠡᠨ ᠬᠥᠮᠦᠨ ︵ᠤᠳᠠᠭ᠎ᠠ︶ ᠬᠦᠯᠢᠶᠡᠨ ᠠᠪᠴᠤ᠂ 19.8 ᠳ᠋ᠦᠩᠰᠢᠭᠤᠷ ᠲᠥᠭᠦᠷᠢᠭ ᠤᠨ ᠤᠷᠤᠯᠭ᠎ᠠ ᠶᠢ ᠡᠭᠦᠳᠦᠨ᠂ ᠲᠣᠰᠪᠣᠷᠢ 8.6% ᠪᠠ 7.6% ᠪᠠᠷ ᠨᠡᠮᠡᠭᠳᠡᠪᠡ᠃ ᠬᠤᠰᠢᠭᠤ ᠬᠥᠳᠡᠭᠡ ᠲᠣᠰᠬᠤᠨ ᠤ ᠢᠲᠡᠭᠡᠮᠵᠢ  ᠶᠢᠨ ᠬᠤᠯᠪᠣᠭᠠᠲᠤ ᠬᠤᠷᠰᠢᠶ᠎ᠠ ᠶᠢ ᠲᠠᠷᠢᠶᠠᠯᠠᠩ ᠤᠨ ᠬᠤᠳᠠᠯᠳᠤᠭᠠᠨ ᠤ ᠪᠠᠩᠬᠢ ᠪᠣᠯᠭᠠᠨ ᠬᠤᠪᠢᠷᠠᠭᠤᠯᠬᠤ ᠶᠢ ᠢᠳᠡᠪᠬᠢᠲᠡᠢ ᠳᠠᠮᠵᠢᠨ ᠠᠬᠢᠭᠤᠯᠵᠤ᠂ ᠳᠤᠮᠳᠠᠳᠤ ᠤᠯᠤᠰ ᠤᠨ ᠪᠠᠩᠬᠢ ᠶᠢᠨ ᠬᠤᠪᠢᠶᠠᠷᠢ ᠪᠠᠶᠢᠭᠤᠯᠤᠮᠵᠢ ᠨᠢ ᠡᠵᠡᠩᠨᠡᠯᠲᠡ ᠪᠠᠨ ᠡᠬᠢᠯᠡᠭᠦᠯᠵᠤ᠂ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ᠂ ᠵᠢᠭᠡᠯᠡᠯᠭᠡ ᠶᠢᠨ ᠦᠯᠡᠳᠡᠪᠦᠷᠢ ᠲᠣᠰ ᠲᠣᠰ 44.2 ᠳ᠋ᠦᠩᠰᠢᠭᠤᠷ ᠲᠥᠭᠦᠷᠢᠭ ᠪᠠ 30.1 ᠳ᠋ᠦᠩᠰᠢᠭᠤᠷ ᠲᠥᠭᠦᠷᠢᠭ  ᠲᠤ ᠬᠦᠷᠴᠦ᠂ ᠲᠣᠰ ᠲᠣᠰ 8% ᠪᠠ 3.2% ᠢᠶᠠᠷ ᠨᠡᠮᠡᠭᠳᠡᠪᠡ᠃      ︵ᠭᠤᠷᠪᠠ︶ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ ᠃ ᠳᠦᠷᠢ ᠲᠥᠷᠬᠦ ᠶᠢᠨ ᠬᠡᠪ ᠴᠢᠨᠠᠷ ᠢ ᠢᠮᠠᠭᠲᠠ ᠴᠢᠬᠤᠯᠠᠴᠢᠯᠠᠵᠤ᠂ ᠰᠠᠭᠤᠷᠢ ᠶᠢ ᠦᠷᠭᠦᠯᠵᠢᠯᠡᠨ ᠴᠢᠩᠭ᠎ᠠ ᠠᠳᠬᠤᠵᠤ᠂ ᠠᠭᠤᠯᠤᠭᠳᠠᠬᠤᠨ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠬᠥᠭᠵᠢᠯᠲᠡ ᠶᠢᠨ ᠴᠢᠳᠠᠪᠤᠷᠢ ᠶᠢᠨ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠪᠠᠲᠤᠬᠠᠭᠠᠯᠭ᠎ᠠ ᠪᠠᠯᠭᠠᠰᠤ ᠣᠷᠣᠰᠢᠨ ᠰᠠᠭᠤᠵᠤ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠤᠯᠪᠠ᠃ 779 ᠢᠵᠢ 8.5 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠲᠠᠸᠠᠷ ᠤᠨ ᠭᠡᠷ ᠪᠠᠶᠢᠰᠢᠩ ᠢ ᠰᠢᠨ᠎ᠡ  ᠪᠠᠷ ᠪᠠᠶᠢᠭᠤᠯᠪᠠ᠂ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ 9 ᠲᠦᠮᠡᠨ ᠲᠡᠭᠰᠢ ᠳᠦᠷᠪᠡᠯᠵᠢᠨ ᠮᠧᠲᠷ ᠬᠢᠵᠤ᠂ ᠢᠯᠴᠢ ᠬᠠᠩᠭᠠᠬᠤ ᠬᠤᠭᠤᠯᠠᠢ ᠶᠢᠨ ᠲᠣᠣᠷ ᠢ 23.5 ᠲᠦᠮᠡᠨ ᠲᠡᠭᠰᠢ ᠳᠥᠷᠪᠡᠯᠵᠢᠨ ᠮᠧᠲᠷ ᠦᠭᠡᠷᠡᠴᠢᠯᠡᠨ ᠪᠠᠶᠢᠭᠤᠯᠪᠠ᠃ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ 1.8 ᠺᠢᠯᠤᠮᠧᠲᠷ ᠰᠢᠨ᠎ᠡ ᠪᠠᠷ ᠪᠠᠶᠢᠭᠤᠯᠵᠤ᠂ 4 ᠪᠠᠭ᠎ᠠ ᠲᠣᠭᠤᠷᠢᠭ ᠤᠨ ᠡᠷᠦᠬᠡ ᠳᠤ ᠪᠠᠶᠢᠭᠠᠯᠢ ᠶᠢᠨ ᠰᠢᠲᠠᠮᠠᠬᠠᠢ ᠬᠡᠢ ᠶᠢ ᠨᠡᠪᠲᠡᠷᠡᠭᠦᠯᠪᠡ᠃ ᠰᠢᠨ ᠮᠤᠤ ᠹᠦ᠋᠂ ᠮᠠᠨ ᠳ᠋ᠧ ᠯᠢ ᠵᠡᠷᠭᠡ ᠰᠠᠭᠤᠭᠠᠯᠢ ᠠᠷᠠᠳ ᠤᠨ ᠲᠣᠭᠤᠷᠢᠭ ᠤᠨ ᠴᠢᠨᠠᠷ ᠬᠤᠪᠢᠶᠠᠨ ᠤᠰᠤ ᠬᠠᠩᠭᠠᠬᠤ ᠶᠢ ᠪᠡᠶᠡᠯᠡᠭᠦᠯᠵᠦ᠂ 15 ᠰᠠᠭᠤᠷᠢ ᠥᠪᠡᠷᠲᠡᠭᠡᠨ ᠦᠶᠯᠡᠴᠢᠯᠡᠬᠦ ᠤᠰᠤᠨ ᠭᠡᠷ ᠪᠠᠶᠢᠭᠤᠯᠵᠤ᠂ 2 ᠲᠦᠮᠡ ᠭᠠᠷᠤᠶ ᠬᠤᠲᠠ ᠪᠠᠯᠭᠠᠰᠤᠨ ᠤ ᠰᠠᠭᠤᠭᠠᠯᠢ ᠠᠷᠠᠳ ᠠᠶᠤᠯ ᠦᠭᠡᠢ ᠤᠰᠤ ᠤᠤᠭᠤᠬᠤ ᠪᠤᠯᠪᠠ᠃ ᠬᠤᠲᠠ ᠪᠠᠯᠭᠠᠰᠤᠨ ᠤ ︽ᠪᠤᠵᠠᠷ᠂ ᠡᠮᠬᠢ ᠵᠠᠮᠪᠠᠷᠠᠭ᠎ᠠ ᠦᠭᠡᠢ᠂ ᠮᠠᠭᠤ︾ ᠠᠷᠬᠠᠭ ᠭᠡᠮ ᠢ ᠶᠡᠬᠡᠪᠡᠷ ᠴᠡᠭᠴᠡᠯᠡᠨ ᠵᠠᠰᠠᠵᠤ᠂ ᠬᠤᠲᠠ ᠪᠠᠯᠭᠠᠰᠤᠨ ᠤ ᠡᠪᠳᠡᠭᠳᠡᠭᠰᠡᠨ ᠵᠠᠮ ᠢ 2600 ᠲᠡᠭᠰᠢ ᠳᠥᠷᠪᠡᠯᠵᠢᠨ ᠮᠧᠲᠷ ᠵᠠᠰᠠᠪᠠ᠃ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ︽ᠵᠣᠷᠯᠣᠩ ᠤᠨ ᠦᠭᠡᠷᠡᠴᠢᠯᠡᠯᠲᠡ︾᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠬᠤᠭ ᠨᠣᠪᠰᠢ ᠪᠣᠬᠢᠷ ᠤᠰᠤ ᠶᠢ ᠰᠢᠶᠳᠪᠦᠷᠢᠯᠡᠬᠦ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ 896 ᠡᠷᠦᠬᠡ ᠶᠢᠨ ᠵᠣᠷᠯᠣᠩ᠂ 35 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠰᠠᠶᠢᠵᠢᠷᠠᠭᠤᠯᠪᠠ᠃ ︽ᠭᠤᠷᠪᠠ  ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠲᠤᠰᠬᠠᠢ ᠲᠥᠷᠥᠯ ᠤᠨ ᠠᠵᠢᠯᠯᠠᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠪᠦᠬᠦ ᠠᠷᠠᠳ ᠬᠦᠳᠡᠯᠦᠯᠴᠡᠨ ᠡᠯ᠎ᠡ ᠲᠥᠷᠥᠯ ᠤᠨ ᠬᠤᠭ ᠨᠣᠪᠰᠢ ᠶᠢ 54.4 ᠲᠦᠮᠡᠨ ᠲᠣᠨ ᠴᠡᠪᠡᠷᠯᠡᠨ ᠠᠷᠢᠯᠭᠠᠵᠤ ᠂ 44 ᠲᠡᠵᠢᠭᠡᠨ ᠦᠷᠡᠵᠢᠭᠦᠯᠬᠦ ᠲᠠᠯᠠᠪᠠᠢ ᠶᠢᠨ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠦᠬᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠴᠠᠭ᠎ᠠ ᠲᠣᠰᠬᠤᠨ ᠤ ᠡᠳ᠋ ᠬᠥᠷᠥᠩᠭᠡ ᠶᠢ ᠪᠦᠷᠢᠳᠬᠡᠨ ᠬᠢᠨᠠᠨ ᠬᠠᠷᠭᠤᠭᠤᠯᠬᠤ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠰᠠᠭᠤᠷᠢ ᠲᠥᠬᠦᠭᠡᠷᠦᠮᠵᠢ ᠶᠢ ᠲᠦᠷᠭᠡᠳᠭᠡᠨ ᠲᠡᠭᠦᠯᠳᠡᠷᠵᠢᠭᠦᠯᠪᠡ᠃ ᠪᠠᠲᠤᠬᠠᠭᠠᠯᠭ᠎ᠠ ᠪᠠᠯᠭᠠᠰᠤᠨ ᠤ ᠡᠮᠦᠨᠡᠬᠢ ᠭᠠᠷᠬᠤ ᠵᠠᠮ ᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠤ᠂ ᠬᠤᠩᠭᠤᠷ ᠲᠠᠯ᠎ᠠ ᠶᠡᠭᠡ ᠬᠥᠭᠦᠷᠭᠡ ᠶᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠵᠦ᠂ ᠪᠠᠶ᠋ᠬᠠᠤᠪᠤᠭ᠎ᠠ ᠠᠴᠠ ᠮᠢᠩᠭᠠᠨ ᠬᠦᠷᠬᠦ ᠬᠡᠰᠡᠭ ᠤᠨ ᠬᠤᠶᠠᠳᠤᠭᠠᠷ ᠳᠡᠰ ᠤᠨ ᠵᠠᠰᠠᠮᠠᠯ ᠵᠠᠮ ᠵᠠᠰᠠᠬᠤ ᠲᠥᠷᠥᠯ ᠵᠦᠢᠯ ᠵᠦᠪᠰᠢᠶᠡᠷᠡᠭᠳᠡᠪᠡ᠃ ᠬᠥᠳᠡᠭᠡ ᠲᠣᠰᠬᠤᠨ ᠤ ᠵᠠᠰᠠᠮᠠᠯ ᠵᠠᠮ ᠢ 216.8 ᠺᠢᠯᠤᠮᠧᠲᠷ ᠰᠢᠨ᠎ᠡ ᠪᠠᠷ ᠳᠡᠪᠢᠰᠴᠦ᠂ 28 ᠪᠤᠶᠢᠲᠠ ᠪᠦᠭᠯᠡᠬᠦᠦ ᠠᠶᠢᠯ ᠲᠤᠰᠬᠤᠨ ᠤ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠭᠡᠢ ᠠᠰᠠᠭᠤᠳᠠᠯ ᠢ ᠰᠢᠢᠳᠪᠦᠷᠢᠯᠡᠵᠦ᠂ ᠮᠠᠨ ᠤ ᠬᠤᠰᠢᠭᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ  ᠲᠠᠢ ᠪᠠᠷ ᠪᠠᠶᠢᠭᠤᠯᠪᠠ᠃ ᠹᠯᠣᠷ ᠤᠨ ᠡᠪᠡᠳᠴᠢᠨ ᠤ ᠣᠷᠣᠨ ᠤ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ 145 ᠶᠢ ᠬᠡᠷᠡᠭᠵᠢᠭᠦᠯᠵᠦ᠂ 2.2 ᠲᠦᠮᠡᠨ ᠮᠠᠯᠴᠢᠨ ᠲᠠᠷᠢᠶᠠᠴᠢᠨ ᠴᠡᠪᠡᠷ ᠤᠰᠤ ᠤᠤᠭᠤᠬᠤ ᠪᠤᠯᠪᠠ      ︵ᠳᠦᠷᠪᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠠᠬᠢᠭᠤᠯᠪᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠪᠣᠯᠬᠤ ᠶᠢ ᠢᠮᠠᠭᠲᠠ ᠪᠠᠷᠢᠮᠲᠠᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠪᠣᠬᠢᠷᠲᠤᠯ ᠢ ᠵᠠᠰᠠᠵᠤ᠂ ᠳᠤᠳᠠᠭᠳᠠᠯ ᠢ ᠨᠥᠬᠦᠪᠥᠷᠢᠯᠡᠵᠦ᠂ ᠠᠮᠢ ᠠᠬᠤᠢ ᠶᠢᠨ ᠣᠷᠴᠢᠨ ᠲᠤᠭᠤᠷᠢᠨ ᠤ ᠪᠠᠶᠢᠳᠠᠯ ᠢᠯᠡᠳᠲᠡ ᠰᠠᠶᠢᠵᠢᠷᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠬᠦᠴᠢᠷ ᠠᠰᠠᠭᠤᠳᠠᠯ ᠢ ᠰᠢᠶᠳᠪᠦᠷᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠲᠤᠰᠬᠠᠢ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ ᠠᠬᠢᠭᠤᠯᠵᠤ᠂ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠵᠡᠷᠭᠡ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠪᠠ᠃ ᠬᠥᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠠᠵᠢᠯ ᠢ ᠭᠦᠨᠵᠡᠭᠡᠢ ᠬᠡᠷᠡᠭᠵᠢᠭᠦᠯᠵᠦ᠂ ᠪᠠᠢ ᠯᠢᠩ ᠠᠷᠢᠬᠢᠨ ᠦᠢᠯᠡᠰ ᠤᠨ ᠨᠡᠭᠦᠷᠡᠰᠦᠨ ᠵᠤᠤᠬ᠎ᠠ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ ᠢᠨᠵᠧᠨᠧᠷᠢᠩ ᠠᠰᠢᠭᠯᠠᠯᠲᠠ ᠳᠤ ᠤᠷᠤᠵᠤ᠂ 28 ᠠᠵᠤ ᠠᠬᠤᠶᠢᠯᠠᠯ ᠤᠨ ︽ᠳᠠᠷᠬᠠᠢ᠂ ᠡᠮᠬᠢ ᠵᠠᠮᠪᠠᠷᠠᠭ᠎ᠠ ᠦᠭᠡᠢ᠂ ᠪᠤᠬᠢᠷ︾ ᠢ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠪᠦᠬᠦ ᠬᠤᠰᠢᠭᠤᠨ ᠤ ᠬᠡᠪᠴᠢᠶᠡᠨ ᠳᠤ ᠠᠭᠤᠷ ᠠᠮᠢᠰᠬᠤᠯ ᠰᠠᠶᠢᠬᠠᠨ ᠡᠳᠦᠷ ᠤᠨ ᠲᠣᠭᠠᠨ ᠤ ᠬᠠᠷᠢᠴᠠᠯ 92.4% ᠳᠤ ᠬᠦᠷᠪᠡ᠃ ᠪᠠᠲᠤᠬᠠᠭᠠᠯᠭ᠎ᠠ ᠶᠢᠨ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠲᠣᠬᠢᠷᠠᠭᠤᠯᠤᠯᠲᠠ ᠬᠢᠬᠦ ᠮᠡᠷᠭᠡᠵᠢᠯ ᠤᠨ ᠮᠡᠳᠡᠭᠦᠯᠦᠯᠲᠡ ᠶᠢ ᠬᠢᠨᠠᠨ ᠲᠣᠭᠲᠠᠭᠠᠬᠤ ᠶᠢ ᠪᠡᠶᠡᠯᠡᠭᠦᠯᠵᠤ᠂ ᠪᠣᠬᠢᠷ ᠤᠰᠤ ᠶᠢ ᠰᠢᠢᠳᠪᠦᠷᠢᠯᠡᠵᠦ ᠡᠨᠧᠷᠭᠢ ᠶᠢ ᠥᠷᠭᠡᠳᠬᠡᠬᠦ ᠵᠢᠴᠢ ᠳᠤᠮᠳᠠ ᠴᠢᠨᠠᠷ ᠤᠨ ᠤᠰᠤ ᠶᠢ ᠪᠤᠴᠠᠭᠠᠨ ᠬᠡᠷᠡᠭᠯᠡᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠰᠢᠨ᠎ᠡ ᠳᠠᠷᠬᠠᠨ ᠮᠤᠤᠮᠢᠩᠭᠠᠨ ᠬᠤᠪᠣᠷ ᠰᠢᠷᠣᠢ  ᠶᠢᠨ ᠬᠦᠬᠦᠷᠲᠦ ᠠᠮᠮᠣᠨᠢ ᠶᠢᠨ ᠬᠠᠶᠠᠭᠳᠠᠮᠠᠯ ᠤᠰᠤ ᠶᠢ ᠮᠡᠷᠭᠡᠵᠢᠯ ᠤᠨ ᠥᠭᠡᠷᠡᠴᠢᠯᠡᠯᠲᠡ ᠬᠢᠬᠦ᠂ ᠨᠡᠭᠦᠷᠡᠰᠦᠲᠥ᠋ᠷᠥᠭᠴᠢᠲᠦ ᠰᠠᠪᠤᠩᠵᠢᠭᠤᠯᠤᠭᠰᠠᠨ ᠬᠠᠶᠠᠭᠳᠠᠮᠠᠯ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠪᠣᠣ ᠰᠢᠨ ᠲᠧ ᠭᠠᠩ ᠵᠡᠷᠭᠡ 5 ᠠᠵᠤ ᠠᠬᠤᠶᠢᠯᠠᠯ ᠢ ᠪᠤᠬᠢᠷᠳᠠᠯ ᠦᠭᠡᠢ ᠪᠤᠯᠭᠠᠨ ᠥᠭᠡᠷᠡᠴᠢᠯᠡᠬᠦ ᠶᠢ ᠪᠡᠶᠡᠯᠡᠭᠦᠯᠪᠡ︔ ᠪᠣᠷᠳᠣᠭᠤᠷ ᠢ ᠬᠢᠵᠠᠭᠠᠷᠯᠠᠬᠤ᠂ ᠲᠠᠷᠢᠶᠠᠨ ᠡᠮ ᠢ ᠬᠢᠵᠠᠭᠠᠷᠯᠠᠬᠤ᠂ ᠰᠦᠯᠢᠶᠣᠣ ᠪᠦᠷᠬᠦᠪᠴᠢ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠲᠦᠷᠦᠯ ᠤᠨ ᠪᠣᠬᠢᠷᠲᠤᠭᠰᠠᠨ ᠭᠠᠵᠠᠷ ᠤᠨ ᠪᠠᠶᠢᠴᠠᠭᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠰᠠᠶᠢᠵᠢᠷᠠᠭᠤᠯᠪᠠ᠃ ᠪᠦᠬᠦ ᠤᠯᠤᠰ ᠤᠨ ᠬᠤᠶᠠᠳᠤᠭᠠᠷ ᠤᠳᠠᠭᠠᠨ ᠤ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠪᠠ᠃ 30.5 ᠲᠦᠮᠡᠨ ᠮᠦ ᠣᠢ ᠮᠣᠳᠣ ᠡᠪᠡᠰᠦ ᠪᠡᠯᠴᠢᠭᠡᠷ ᠢ ᠪᠢᠲᠡᠭᠦᠮᠵᠢᠯᠡᠨ ᠤᠷᠭᠤᠭᠤᠯᠬᠤ ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 30.5% ᠳᠤ ᠬᠦᠷᠪᠡ᠃ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠩᠷᠢ ᠨᠠᠭᠤᠷ ᠵᠡᠷᠭᠡ 3 ᠨᠠᠭᠤᠷ ᠴᠥᠭᠦᠷᠥᠮ᠂ 14 ᠵᠤᠷᠪᠤᠰ ᠬᠤᠰᠢᠭᠤᠨ ᠤ ᠲᠡᠰ ᠤᠨ ᠭᠤᠣᠯ ᠮᠥᠷᠡᠨ ᠤ ᠵᠠᠭᠠᠭ ᠢ ᠲᠤᠭᠲᠠᠭᠠᠪᠠ᠃ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠳᠤᠷ᠎ᠠ ᠵᠤᠷᠢᠭ  ᠤᠨ ᠠᠵᠢᠯᠯᠯᠠᠭ᠎ᠠ ᠶᠢ ᠴᠡᠭᠴᠡᠯᠡᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠥᠷᠥᠰᠥ ᠰᠢᠷᠣᠢ ᠶᠢᠨ ᠢᠳᠡᠭᠳᠡᠯ  ᠤᠨ ᠲᠠᠯᠠᠪᠠᠢ ᠶᠢ 50 ᠲᠡᠭᠰᠢ ᠳᠥᠷᠪᠡᠯᠵᠢᠨ ᠺᠢᠯᠣᠮᠧᠲᠷ ᠵᠠᠰᠠᠵᠤ᠂ ᠭᠤᠣᠯ ᠤᠨ ᠬᠦᠨᠳᠡᠢ ᠶᠢ 14.6 ᠺᠢᠯᠤᠮᠧᠲᠷ ᠢ ᠵᠠᠰᠠᠪᠠ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠪᠠᠷᠬᠦ᠋ᠷᠢᠶ᠎ᠡ ᠲᠡᠮᠦᠷ ᠤᠨ ᠠᠭᠤᠷᠬᠠᠢ ᠶᠢᠨ ᠺᠣᠮᠫᠠᠨᠢ ᠪᠦᠬᠦ ᠤᠯᠤᠰ ᠤᠨ ᠪᠣᠬᠢᠷᠲᠤᠯ ᠦᠭᠡᠢ ᠠᠭᠤᠷᠬᠠᠢ ᠶᠢᠨ ᠨᠡᠷᠡᠰ  ᠲᠤ ᠵᠢᠭᠰᠠᠭᠠᠭᠳᠠᠵᠤ᠂ ᠪᠦᠬᠦ ᠬᠤᠰᠢᠭᠤᠨ ᠤ 11 ᠪᠦᠯᠦᠭ ᠠᠵᠢᠯᠯᠠᠭᠠᠨ ᠤ ᠬᠤᠭᠤᠴᠠᠭᠠᠨ ᠳᠠᠬᠢ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠠᠵᠢᠯ ᠬᠢᠨᠠᠨ ᠰᠢᠯᠭᠠᠯᠲᠠ ᠶᠢ ᠦᠩᠭᠡᠷᠡᠭᠡᠪᠡ᠃ ︽ᠳᠦᠭᠦᠮ ᠪᠦᠲᠦᠴᠡᠲᠦ ᠭᠡᠷ︾ ᠢ ᠵᠠᠰᠠᠨ ᠴᠡᠭᠴᠡᠯᠡᠵᠤ᠂ ᠬᠠᠤᠯᠢ ᠠᠴᠠ ᠵᠥᠷᠢᠴᠡᠨ ᠪᠠᠶᠢᠭᠤᠯᠤᠭᠰᠠᠨ ᠵᠤᠰᠠᠯᠠᠩ ᠢ ᠠᠷᠢᠯᠭᠠᠨ ᠴᠡᠭᠴᠡᠯᠡᠬᠦ ᠵᠡᠷᠭᠡ ᠠᠵᠢᠯ ᠢ ᠪᠡᠶᠡᠯᠡᠭᠦᠯᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠵᠠᠷ ᠵᠦᠢ ᠶᠢᠨ ᠰᠤᠷᠠᠭ ᠵᠠᠩᠭᠢ ᠶᠢ ᠬᠠᠮᠲᠤᠪᠠᠷ ᠡᠳ᠋ᠯᠡᠬᠦ ᠳᠠᠪᠴᠠᠩ ᠢ ᠪᠠᠶᠢᠭᠤᠯᠵᠤ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠮᠵᠢ ᠨᠢ ᠤᠯᠤᠰ ᠤᠨ ᠬᠢᠨᠠᠨ ᠪᠠᠶᠢᠴᠠᠭᠠᠯᠲᠠ ᠶᠢ ᠦᠩᠭᠡᠷᠡᠭᠡᠪᠡ᠃ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠠᠩᠬ᠎ᠠ ᠠᠯᠬᠤᠮ ᠤᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠵᠠᠭᠠᠭ ᠲᠣᠭᠲᠠᠭᠠᠬᠤ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠨᠢᠭᠡ ᠪᠠᠷ ᠲᠣᠭᠳᠠᠭᠠᠭᠳᠠᠪᠠ᠃     ︵ᠲᠠᠪᠤ︶ ᠠᠷᠠᠳ ᠤᠨ ᠠᠮᠢᠳᠤᠷᠠᠯ ᠢ ᠴᠢᠷᠮᠠᠶᠢᠨ ᠰᠠᠶᠢᠵᠢᠷᠠᠭᠤᠯᠪᠠ ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠩᠬᠠᠷᠤᠯ ᠬᠠᠨᠳᠤᠭᠤᠯᠵᠤ᠂ ᠪᠤᠳᠠᠲᠠᠢ ᠠᠵᠢᠯ ᠬᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠲᠥᠪ ᠭᠤᠣᠯᠴᠢ ᠲᠦᠭᠡᠮᠡᠯ ᠬᠦᠷᠲᠡᠭᠡᠪᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠰᠢᠢᠳᠪᠦᠷᠢᠲᠦ ᠠᠬᠢᠴᠠ ᠲᠠᠢ ᠪᠣᠯᠪᠠ᠃ ᠪᠦᠬᠦ ᠵᠢᠯ ᠳᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 6930 ᠲᠦᠮᠡᠨ ᠲᠥᠭᠦᠷᠢᠭ ᠨᠢᠭᠡᠳᠭᠡᠨ ᠠᠰᠢᠭᠯᠠᠵᠤ᠂ ᠠᠵᠤ ᠦᠢᠯᠡᠰ ᠢᠶᠠᠷ ᠶᠠᠳᠠᠭᠤ  ᠶᠢ ᠲᠡᠳᠬᠦᠬᠦ 55 ᠲᠥᠷᠦᠯ ᠵᠦᠢᠯ ᠢ ᠬᠡᠷᠡᠭᠵᠢᠭᠦᠯᠵᠦ᠂ 123 ᠡᠷᠦᠬᠡ 247 ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠥᠪ ᠤᠨ ᠲᠣᠭᠤᠷᠢᠨ ᠪᠠᠶᠢᠴᠠᠭᠠᠯᠲᠠ ᠪᠠ ᠡᠯ᠎ᠡ ᠱᠠᠲᠤᠨ ᠤ ᠦᠷ᠎ᠡ ᠪᠦᠲᠦᠮᠵᠢ ᠶᠢ ᠰᠢᠯᠭᠠᠨ ᠬᠢᠨᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ  ᠤᠨ ︽ᠪᠠᠷᠢᠮᠵᠢᠶ᠎ᠠ ᠳᠤ ᠬᠦᠷᠭᠡᠬᠦ︾ ᠠᠷᠪᠠᠨ ᠵᠦᠢᠯ ᠤᠨ ᠠᠵᠢᠯᠯᠠᠭᠠᠨ ᠤ ᠡᠭᠦᠷᠭᠡ ᠶᠢ ᠪᠦᠬᠦᠨ ᠢ ᠪᠡᠶᠡᠯᠡᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠪᠡ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠰᠠᠶᠢᠵᠢᠷᠠᠪᠠ᠃ ᠬᠤᠲᠠ ᠪᠠᠯᠭᠠᠰᠤᠨ ᠤ 1504 ᠬᠥᠮᠦᠨ ᠳᠤ ᠰᠢᠨ᠎ᠡ ᠪᠠᠷ ᠠᠵᠢᠯ ᠣᠯᠭᠤᠵᠤ᠂ 2.26 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠪᠦᠬᠦ ᠵᠢᠯ ᠤᠨ ᠲᠥᠯᠥᠪᠯᠡᠭᠡ ᠪᠠᠨ ᠳᠠᠪᠠᠭᠤᠯᠤᠨ ᠪᠡᠶᠡᠯᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.62% ᠶᠢᠨ ᠲᠦᠪᠰᠢᠨ ᠳᠤ ᠪᠠᠶᠢᠯᠭᠠᠪᠠ᠃ 2556 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ ᠦᠢᠯᠡᠰ ᠪᠣᠰᠬᠠᠬᠤ ᠰᠠᠭᠤᠷᠢᠨ ᠭᠠᠵᠠᠷ ᠪᠠ ᠵᠠᠯᠠᠭᠤᠴᠤᠳ ᠤᠨ ᠳᠠᠳᠤᠯᠭ᠎ᠠ ᠶᠢᠨ ᠰᠠᠭᠤᠷᠢᠨ ᠭᠠᠵᠠᠷ ᠢ ᠲᠣᠰᠪᠣᠷᠢ 3 ᠶᠢ ᠪᠠᠶᠢᠭᠤᠯᠵᠤ᠂ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠢᠯᠡᠳᠲᠡ ᠰᠠᠶᠢᠵᠢᠷᠠᠪᠠ᠃ ᠠᠵᠤ ᠠᠬᠤᠶᠢᠯᠠᠯ ᠤᠨ ᠬᠥᠳᠡᠯᠮᠦᠷᠢ ᠬᠦᠴᠦᠨ ᠬᠡᠷᠡᠭᠯᠡᠬᠦ ᠬᠠᠮᠢᠶᠠᠷᠤᠯᠲᠠ ᠶᠢ ᠬᠠᠤᠯᠢ ᠶᠣᠰᠣᠭᠠᠷ ᠳᠦᠷᠢᠮᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠬᠡᠷᠡᠭ ᠤᠨ ᠲᠤᠭ᠎ᠠ ᠬᠡᠮᠵᠢᠶ᠎ᠡ ᠪᠣᠯᠤᠨ ᠬᠤᠯᠪᠤᠭᠳᠠᠬᠤ ᠬᠥᠮᠦᠨ ᠤ ᠲᠤᠭ᠎ᠠ᠂ ᠵᠣᠭᠤᠰ ᠤᠨ ᠲᠤᠭ᠎ᠠ ᠶᠢ ᠶᠡᠬᠡᠪᠡᠷ ᠪᠠᠭᠤᠷᠠᠭᠤᠯᠪᠠ᠃ ᠨᠠᠰᠤᠲᠠᠶᠢᠴᠤᠳ ᠲᠤ ᠦᠢᠯᠡᠴᠢᠯᠬᠦ ᠥᠷᠲᠡᠭᠡ 19 ᠶᠢ ᠪᠠᠶᠢᠭᠤᠯᠵᠤ᠂ ᠬᠤᠩᠭᠤᠷ ᠲᠠᠯ᠎ᠠ ᠵᠡᠷᠭᠡ 4 ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠢ ᠥᠭᠡᠷᠡᠴᠢᠯᠡᠨ ᠪᠠᠶᠢᠭᠤᠯᠵᠤ᠂ ᠶᠠ ᠰᠢᠨ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠤᠨ ᠠᠰᠢᠭᠯᠠᠵᠤ᠂ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ ᠤᠨ ᠭᠤᠤᠯ ᠪᠠᠷᠢᠯᠭ᠎ᠠ ᠶᠢ ᠪᠠᠶᠢᠭᠤᠯᠵᠤ ᠳᠠᠭᠤᠰᠬᠠᠪᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ 15 ᠵᠢᠯ ᠳᠠᠷᠠᠭᠠᠯᠠᠨ ᠲᠣᠬᠢᠷᠠᠭᠤᠯᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 3 ᠵᠢᠯ ᠳᠠᠷᠠᠭᠠᠯᠠᠨ ᠲᠣᠬᠢᠷᠠᠭᠤᠯᠪᠠ᠃ ᠬᠦᠴᠢᠷᠳᠡᠯ ᠲᠠᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠦᠬᠦᠪᠦᠷᠢ ᠶᠢᠨ ᠲᠦᠷᠢᠮ ᠢ ᠨᠠᠶᠢᠳᠠᠪᠤᠷᠢᠵᠢᠭᠤᠯᠵᠤ᠂ 2980 ᠬᠥᠮᠦᠨ ᠳᠤ ᠠᠰᠢᠭ ᠬᠦᠷᠲᠡᠭᠡᠪᠡ᠃ ᠨᠡᠶᠢᠭᠡᠮ ᠤᠨ ᠦᠶᠯᠡᠰ ᠪᠦᠬᠦ ᠲᠠᠯ᠎ᠠ ᠪᠠᠷ ᠬᠥᠭᠵᠢᠪᠡ᠃ 940 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ᠂ ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠤ ᠲᠠᠰᠤᠭ ᠢ ᠰᠢᠨ᠎ᠡ ᠪᠠᠷ ᠪᠠᠶᠢᠭᠤᠯᠵᠤ᠂ 5 ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠪᠠ᠃ ᠬᠤᠲᠠ ᠶᠢᠨ ᠱᠠᠲᠤᠨ ᠤ ᠭᠤᠤᠯᠳᠠᠯᠭ᠎ᠠ ᠲᠠᠢ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠭᠤᠤᠯᠳᠠᠯᠭ᠎ᠠ  ᠲᠠᠢ ᠬᠤᠪᠢ ᠶᠢᠨ ᠱᠤᠭᠤᠮ ᠳᠤ ᠬᠦᠷᠬᠦ ᠨᠣᠷᠮ᠎ᠠ 8.5%᠂ ᠳᠡᠭᠡᠳᠦ ᠵᠡᠷᠭᠡ ᠶᠢᠨ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠩ ᠤᠨ ᠵᠢᠩᠬᠢᠨᠢ ᠠᠩᠭᠢ ᠶᠢᠨ ᠰᠤᠷᠭᠠᠭᠤᠯᠢ ᠳᠡᠪᠰᠢᠬᠦ ᠨᠣᠷᠮ᠎ᠠ 41.7% ᠳᠤ ᠬᠦᠷᠪᠡ︔ ᠪᠠᠭᠰᠢ ᠶᠢᠨ ᠡᠩᠨᠡᠭᠡᠨ ᠤ ᠶᠡᠷᠦᠩᠬᠡᠶᠢᠯᠡᠭᠰᠡᠨ ᠬᠡᠪ ᠴᠢᠨᠠᠷ ᠳᠡᠭᠡᠭᠰᠢᠯᠡᠵᠦ᠂ ᠰᠢᠪᠠᠷᠬᠦ᠋ᠷᠢᠶ᠎ᠡ ᠪᠠᠭ᠎ᠠ ᠰᠤᠷᠭᠠᠭᠤᠯᠢ ᠶᠢᠨ ᠪᠠᠭᠰᠢ ᠬᠠᠨ ᠶᠦᠩ ᠯᠢ ︽ᠪᠦᠬᠦ ᠤᠯᠤᠰ ᠤᠨ ᠰᠢᠯᠢᠳᠡᠭ ᠪᠠᠭᠰᠢ︾ ᠶᠢᠨ ᠴᠣᠯᠠ ᠶᠢ ᠬᠦᠷᠳᠡᠪᠡ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠪ ᠤᠨ ᠢᠵᠢ ᠪᠦᠷᠢᠳᠦᠭᠦᠯᠬᠦ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠰᠢᠷᠢᠰ ᠰᠣᠶᠣᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠤᠯᠠᠭᠠᠨᠮᠥ᠋ᠴᠢᠷ ᠪᠦᠬᠦ ᠣᠷᠣᠨ ᠤ ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠳᠡᠭᠡᠷ᠎ᠡ ᠪᠦᠯᠬᠦᠮ ᠤᠨ ᠮᠥᠩᠭᠦᠨ ᠮᠧᠲᠡᠯ  ᠤᠨ ᠱᠠᠩᠨᠠᠯ ᠵᠡᠷᠭᠡ 8 ᠱᠠᠩᠨᠠᠯ ᠬᠦᠷᠲᠡᠪᠡ᠃ ᠬᠥᠯ ᠪᠥᠮᠪᠦᠭᠡ ᠶᠢᠨ ᠲᠠᠯᠠᠪᠠᠢ 3 ᠶᠢ ᠪᠠᠶᠢᠭᠤᠯᠵᠤ᠂ ᠮᠢᠩᠭᠠᠨ ᠬᠥᠮᠦᠨ ᠶᠠᠪᠠᠭᠠᠨ ᠶᠠᠪᠤᠬᠤ ᠵᠡᠷᠭᠡ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ 17 ᠲᠠᠯᠠᠪᠤᠷ ᠡᠷᠬᠢᠯᠡᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠬᠠᠮ ᠵᠠᠭᠤᠴᠢᠯᠠᠭᠤᠷ ᠤᠨ ᠲᠥᠪ ᠨᠢ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ ᠪᠠᠷ ᠦᠨᠡᠯᠡᠭᠳᠡᠪᠡ᠃ ᠡᠮᠨᠡᠨ ᠰᠤᠪᠢᠯᠠᠬᠤ ᠬᠡᠯᠪᠡᠷᠢ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠬᠡᠷᠡᠭᠵᠢᠭᠦᠯᠵᠦ᠂ ︽ᠮᠣᠩᠭᠤᠯ ᠡᠮᠨᠡᠯᠭᠡ ᠶᠢᠨ ᠭᠠᠵᠠᠷ︾᠂ ︽ᠬᠢᠲᠠᠳ ᠡᠮᠨᠡᠯᠭᠡ ᠶᠢᠨ ᠭᠠᠵᠠᠷ︾ 10 ᠶᠢ ᠪᠠᠶᠢᠭᠤᠯᠪᠠ᠃ ᠪᠦᠬᠦ ᠤᠯᠤᠰ  ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠬᠤ ᠠᠵᠢᠯᠯᠠᠭ᠎ᠠ ᠳᠠᠬᠢᠨ ᠬᠢᠨᠠᠯᠲᠠ ᠶᠢ ᠦᠩᠭᠡᠷᠡᠭᠡᠵᠤ᠂ ᠮᠣᠩᠭᠤᠯ ᠡᠮ ᠨᠠᠶᠢᠷᠠᠭᠤᠯᠬᠤ ᠵᠥᠪᠰᠢᠶᠡᠷᠡᠯ ᠢ ᠣᠯᠵᠤ᠂ ᠰᠢᠷᠠᠮᠥ᠋ᠷᠡᠨ ᠪᠠᠯᠭᠠᠰᠤ ᠦᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠰᠢᠯᠭᠠᠯᠲᠠ ᠳᠤ ᠬᠢᠷᠢ ᠲᠡᠩᠴᠡᠪᠡ᠃ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠲᠠᠯ᠎ᠠ  ᠪᠠᠷ ᠴᠢᠩᠭᠠᠳᠬᠠᠵᠤ᠂ ᠪᠠᠶᠢᠭᠤᠯᠭ᠎ᠠ ᠶᠢᠨ ᠺᠠᠳ᠋ᠷ ᠢ ᠰᠢᠯᠵᠢᠭᠦᠯᠦᠨ ᠲᠠᠲᠠᠵᠤ ᠪᠠᠴᠢᠮ ᠪᠠᠶᠢᠳᠠᠯ ᠢ ᠵᠤᠬᠢᠴᠠᠭᠤᠯᠬᠤ 39 ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ᠂ 14 ᠬᠢᠵᠢᠭ ᠤᠨ ᠴᠡᠭ ᠢ ᠴᠠᠭ ᠲᠤᠬᠠᠶ ᠳᠤᠨᠢ ᠰᠢᠶᠳᠪᠦᠷᠢᠯᠡᠵᠦ᠂ ᠣᠯᠠᠨ ᠬᠡᠯᠪᠡᠷᠢ ᠪᠠᠷ ︽ᠭᠤᠷᠪᠠ ᠶᠢ ᠬᠢᠬᠦ ᠦᠭᠡᠢ ᠭᠤᠷᠪᠠ ᠶᠢ ᠮᠡᠳᠡᠭᠦᠯᠬᠦ︾ ᠤᠬᠠᠭᠤᠯᠭ᠎ᠠ ᠶᠢ ᠥᠷᠨᠢᠭᠦᠯᠵᠦ᠂ ᠬᠥᠮᠦᠨ ᠳᠤ ᠬᠤᠯᠤᠭᠠᠨ᠎ᠠ ᠶᠢᠨ ᠬᠢᠵᠢᠭ ᠦᠯᠦ ᠬᠠᠯᠳᠠᠭᠠᠬᠤ ᠬᠢᠵᠠᠭᠠᠷ ᠱᠤᠭᠤᠮ ᠢ ᠪᠠᠲᠤᠳᠬᠠᠪᠠ᠃ ᠰᠢᠨᠵᠢᠯᠡᠬᠦ ᠤᠬᠠᠭᠠᠨ ᠮᠡᠷᠭᠡᠵᠢᠯ᠂ ᠬᠢᠨᠠᠨ ᠪᠣᠳᠣᠬᠤ᠂ ᠲᠤᠭ᠎ᠠ ᠪᠦᠷᠢᠳᠭᠡᠯ᠂ ᠳᠠᠩᠰᠠ ᠡᠪᠬᠡᠮᠡᠯ᠂ ᠴᠠᠭ ᠠᠭᠤᠷ ᠵᠡᠷᠭᠡ ᠠᠵᠢᠯ ᠢ ᠴᠢᠩᠭᠠᠳᠬᠠᠵᠤ᠂ ᠤᠯᠠᠭᠠᠨ ᠵᠠᠭᠠᠯᠮᠠᠶᠢᠲᠠᠨ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠨᠠᠰᠤᠲᠠᠶᠢᠴᠤᠳ ᠪᠠ ᠵᠡᠮᠳᠡᠭᠴᠦᠳ ᠵᠡᠷᠭᠡ ᠲᠠᠯ᠎ᠠ ᠶᠢᠨ ᠠᠵᠢᠯ ᠦᠶᠯᠡᠰ ᠰᠢᠨ᠎ᠡ ᠳᠠᠪᠰᠢᠯᠲᠠ ᠲᠠᠢ ᠪᠣᠯᠪᠠ᠃      ︵ᠵᠢᠷᠭᠤᠭ᠎ᠠ︶ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠦᠴᠦᠯᠡᠨ ᠬᠠᠮᠠᠭᠠᠯᠠᠪᠠ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ ᠴᠢᠩᠭᠠᠳᠬᠠᠵᠤ᠂ ᠪᠦᠬᠦ ᠬᠦᠴᠦᠨ ᠢᠶᠠᠷ ᠵᠠᠰᠠᠨ ᠴᠡᠭᠴᠡᠯᠡᠯᠲᠡ ᠶᠢ ᠠᠳᠬᠤᠵᠤ᠂ ᠲᠤᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ ᠤᠨ ᠵᠠᠰᠠᠨ ᠴᠡᠭᠴᠡᠯᠡᠯᠲᠡ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠨᠡᠶᠢᠭᠡᠮ ᠤᠨ ᠠᠮᠤᠷ ᠲᠦᠪᠰᠢᠨ ᠤ ᠣᠷᠴᠢᠨ ᠢ ᠦᠷᠭᠦᠯᠵᠢᠯᠡᠨ ᠰᠠᠶᠢᠵᠢᠷᠠᠭᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠬᠠᠷᠭᠢᠰ ᠬᠦᠴᠦᠨ ᠳᠤ ᠬᠤᠯᠪᠣᠭᠳᠠᠭᠰᠠᠨ 20 ᠡᠷᠡᠭᠦᠦ ᠶᠢᠨ ᠬᠡᠷᠡᠭ ᠢ ᠢᠯᠡᠷᠡᠭᠦᠯᠵᠦ᠂ 3 ᠬᠠᠷᠭᠢᠰ ᠬᠦᠴᠦᠨ ᠤ ᠪᠦᠯᠦᠭ ᠢ ᠤᠰᠠᠳᠬᠠᠪᠠ᠃ ︽ᠨᠢᠭᠡ ᠲᠣᠰᠬᠤᠨ ᠳᠤ ᠨᠢᠭᠡ ᠲᠤᠰᠠᠯᠠᠬᠤ ᠴᠠᠭᠳᠠᠭ᠎ᠠ︾ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠠᠮᠤᠷ ᠲᠦᠪᠰᠢᠨ ᠤ ᠬᠡᠷᠡᠭ ᠭᠠᠷᠤᠭᠰᠠᠨ ᠨᠣᠷᠮ᠎ᠠ 16.9% ᠪᠠᠷ ᠪᠠᠭᠤᠷᠠᠪᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ  ᠤ ᠨᠢᠭᠡᠳᠦᠭᠡᠷ ᠱᠠᠲᠤᠨ ᠤ ᠬᠠᠤᠯᠢ ᠴᠠᠭᠠᠵᠠ ᠶᠢᠨ ᠰᠠᠯᠪᠤᠷᠢ 12 ᠶᠢ ᠪᠠᠶᠢᠭᠤᠯᠪᠠ᠃ ᠠᠮᠤᠷ ᠲᠦᠪᠰᠢᠨ ᠤ ᠪᠠᠶᠢᠳᠠᠯ ᠲᠣᠭᠲᠠᠭᠤᠨ ᠪᠠᠶᠢᠬᠤ ᠶᠢ ᠪᠠᠲᠤᠯᠠᠪᠠ᠃ ᠠᠶᠤᠯ ᠦᠭᠡᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠷ᠎ᠠ ᠪᠦᠷᠢ ᠠᠶᠤᠯ ᠦᠭᠡᠢ ᠦᠶᠯᠡᠳᠪᠦᠷᠢᠯᠡᠯ ᠤᠨ ᠲᠣᠭᠲᠠᠮᠠᠯ ᠬᠤᠷᠠᠯ ᠬᠤᠷᠠᠯᠳᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠪᠠᠭ ᠤᠨ ᠬᠡᠰᠢᠭᠦᠨ ᠪᠦᠯᠬᠦᠮ ᠳᠠᠭᠠᠭᠤᠯᠤᠨ ᠠᠶᠤᠯ ᠦᠭᠡᠢ ᠦᠶᠯᠡᠳᠪᠦᠷᠢᠯᠡᠯ ᠤᠨ ᠪᠠᠶᠢᠴᠠᠭᠠᠯᠲᠠ ᠶᠢ ᠦᠷᠨᠢᠭᠦᠯᠵᠤ᠂ ᠭᠤᠤᠯᠳᠠᠯᠭ᠎ᠠ ᠲᠠᠢ ᠬᠦᠷᠢᠶᠡᠨ ᠬᠡᠪᠴᠢᠶᠡᠨ ᠤ ᠠᠮᠤᠷ ᠲᠦᠪᠰᠢᠨ ᠤ ᠳᠠᠯᠳᠠ ᠠᠶᠤᠯ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠨ᠂ ᠡᠯ᠎ᠡ ᠲᠥᠷᠥᠯ ᠤᠨ ᠦᠶᠯᠡᠳᠪᠦᠷᠢᠯᠡᠯ  ᠤᠨ ᠠᠳᠡᠯ ᠢ 40% ᠪᠠᠷ ᠪᠠᠭᠤᠷᠠᠭᠤᠯᠪᠠ᠃ ᠬᠤᠰᠢᠭᠤ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠨᠠᠷᠢᠨ ᠲᠠᠩᠰᠠ ᠶᠢ ᠨᠡᠶᠢᠲᠡᠯᠡᠵᠦ᠂ ᠢᠳᠡᠭᠡᠨ ᠪᠠ ᠡᠮ ᠤᠨ ᠵᠦᠶᠯ᠂ ᠵᠠᠰᠠᠯ ᠴᠢᠮᠡᠭᠯᠡᠯ ᠤᠨ ᠡᠳ᠋᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ ᠬᠡᠷᠡᠭᠯᠡᠭᠴᠢᠳ ᠤᠨ ᠡᠷᠬᠡ ᠠᠰᠢᠭ ᠢ ᠪᠦᠲᠦᠮᠵᠢᠲᠡᠶ ᠪᠠᠲᠤᠯᠠᠪᠠ᠃ ᠤᠶᠤᠨ ᠤ ᠪᠣᠯᠪᠠᠰᠤᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ︽ᠠᠷᠪᠠᠨ ᠤᠳᠤᠲᠤ ᠬᠡᠷ ᠪᠦᠯᠢ︾᠂ ︽ᠬᠠᠭᠤᠴᠢᠨ ᠤ ᠬᠡᠪ ᠵᠠᠩᠰᠢᠯ ᠢ ᠦᠭᠡᠷᠡᠴᠢᠯᠡᠭᠰᠡᠨ ᠢᠷᠠᠭᠤ ᠠᠯᠳᠠᠷᠲᠤ ᠡᠷᠦᠬᠡ︾᠂ ︽ᠪᠢᠳᠡᠨ ᠤ ᠳᠡᠷᠭᠡᠳᠡᠬᠢ ᠰᠠᠶᠢᠨ ᠬᠦᠮᠦᠨ︾ ᠢ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠪᠠ ᠴᠠᠭ ᠦᠶ᠎ᠡ ᠶᠢᠨ ᠵᠢᠱᠢᠶᠡᠴᠢ ᠴᠣᠯᠭᠤᠷᠠᠨ ᠭᠠᠷᠴᠤ᠂ ᠬᠢᠯᠢ ᠬᠢᠵᠠᠭᠠᠷ ᠢᠶᠠᠨ ᠬᠠᠮᠠᠭᠠᠯᠠᠭᠰᠠᠨ ᠮᠠᠯᠴᠢᠨ ᠠᠳᠢᠶ᠎ᠠ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠪᠥᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠶᠢᠨ ᠴᠣᠯᠠ ᠪᠠ ᠪᠥᠬᠦ ᠤᠯᠤᠰ ᠤᠨ ᠦᠨᠳᠦᠰᠦᠲᠡᠨ  ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ᠂ ᠥᠪᠡᠷᠲᠡᠭᠡᠨ ᠵᠠᠰᠠᠬᠤ ᠣᠷᠣᠨ ᠤ ︽ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠭᠳᠠᠭᠰᠠᠳ︾ ᠴᠣᠯᠠ ᠭᠥᠷᠳᠡᠪᠡ᠃ ︽ᠮᠢᠩᠭᠠᠨ ᠲᠣᠰᠬᠤᠨ ᠵᠢᠱᠢᠶ᠎ᠡ ᠦᠵᠡᠭᠦᠯᠬᠦ᠂ ᠲᠦᠮᠡᠨ ᠲᠣᠰᠬᠤᠨ ᠠᠵᠢᠯᠯᠠᠭ᠎ᠠ ᠦᠷᠨᠢᠭᠦᠯᠬᠦ︾ ᠶᠢᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ 17 ᠶᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ 29 ᠶᠢ ᠪᠠᠶᠢᠭᠤᠯᠵᠤ ᠂ ᠦᠯᠵᠡᠢ ᠲᠤᠬᠤᠢ ᠵᠡᠭᠡᠯᠢ ᠶᠢᠨ ᠨᠡᠶᠢᠭᠡᠮ ᠲᠣᠭᠤᠷᠢᠭ᠂ ᠠᠶᠢᠪᠠᠭ᠎ᠠ ᠵᠡᠭᠡᠯᠢ ᠶᠢᠨ ᠨᠡᠶᠢᠭᠡᠮ ᠲᠤᠭᠤᠷᠢᠭ ᠨᠢ ᠪᠤᠭᠤᠲᠤ ᠬᠤᠲᠠ ᠶᠢᠨ ᠳᠥᠷᠪᠡᠳᠦᠭᠡᠷ ᠬᠤᠭᠤᠴᠠᠭᠠᠨ ᠤ ᠪᠣᠯᠪᠠᠰᠤᠨ ᠨᠡᠶᠢᠭᠡᠮ ᠲᠣᠭᠤᠷᠢᠭ ᠢᠶᠠᠷ ᠦᠨᠡᠯᠡᠭᠳᠡᠵᠦ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠳᠠᠬᠢᠨ ᠪᠠᠶᠢᠴᠠᠭᠠᠯᠲᠠ ᠶᠢ ᠤᠷᠤᠭᠰᠢᠲᠠᠢ ᠳᠠᠪᠠᠨ ᠲᠤᠭᠤᠯᠪᠠ᠃ ᠦᠨᠳᠦᠰᠦᠲᠡᠨ ᠱᠠᠰᠢᠨ ᠰᠤᠷᠲᠠᠬᠤᠨ ᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢ 1605 ᠲᠦᠮᠡᠨ ᠲᠥᠭᠦᠷᠢᠭ ᠲᠡᠮᠡᠴᠡᠨ ᠣᠯᠵᠤ᠂ ᠴᠥᠭᠡᠨ ᠲᠣᠭᠠᠲᠤ ᠦᠨᠳᠦᠰᠦᠲᠡᠨ ᠤ ᠶᠠᠳᠠᠭᠤ ᠠᠴᠠ ᠠᠩᠭᠢᠵᠢᠷᠠᠭᠤᠯᠬᠤ  ᠳᠤ ᠬᠦᠴᠦᠨ ᠨᠡᠮᠡᠷᠢᠯᠡᠬᠦ 18 ᠲᠥᠷᠥᠯ ᠵᠦᠶᠯ ᠢ ᠬᠡᠷᠡᠭᠵᠢᠭᠦᠯᠪᠡ᠃ 36 ᠳ᠋ᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ᠂ 11 ᠳ᠋ᠦ᠋ᠭᠡᠷ ᠤᠳᠠᠭᠠᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ ᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠪᠠᠷ ︽ᠨᠠᠢᠮᠠᠨ ᠵᠢᠯ ᠳᠠᠷᠠᠭᠠᠯᠠᠨ ᠮᠠᠩᠯᠠᠶᠢᠯᠠᠭᠰᠠᠨ︾ ᠢᠷᠠᠭᠤ ᠠᠯᠳᠠᠷ ᠢ ᠪᠠᠲᠤᠳᠬᠠᠵᠤ᠂ ᠦᠨᠳᠦᠰᠦᠨ ᠱᠠᠲᠤᠨ ᠤ ᠴᠡᠷᠢᠭ ᠤᠨ ᠠᠯᠪᠠᠨ ᠠᠴᠠ ᠬᠠᠯᠠᠭᠰᠠᠳ ᠤᠨ ᠦᠢᠯᠡᠴᠢᠯᠡᠭᠡᠨ ᠤ ᠥᠷᠲᠡᠭᠡ 22 ᠶᠢ ᠰᠢᠨ᠎ᠡ ᠪᠠᠷ ᠪᠠᠶᠢᠭᠤᠯᠪᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠳᠦᠷᠢᠮᠵᠢᠭᠦᠨ ᠪᠥᠭᠡᠳ ᠡᠮᠬᠢ ᠵᠢᠷᠤᠮ ᠲᠠᠢ ᠪᠠᠶᠢᠵᠤ᠂ ᠦᠨᠳᠦᠰᠦᠲᠡᠨ ᠨᠦᠭᠦᠳ ᠡᠶ᠎ᠡ ᠨᠠᠶᠢᠷᠰᠠᠭ᠂ ᠱᠠᠰᠢᠨ ᠰᠤᠷᠲᠠᠬᠤᠨ ᠡᠶ᠎ᠡ ᠨᠠᠶᠢᠷᠠᠮᠳᠠᠭᠤ᠂ ᠨᠡᠶᠢᠭᠡᠮ ᠡᠶ᠎ᠡ ᠵᠣᠬᠢᠴᠠᠯ ᠲᠠᠢ ᠰᠠᠶᠢᠨ ᠰᠠᠶᠢᠬᠠᠨ ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃     ︵ᠳᠣᠯᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠪᠡ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠲᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠯᠢᠪᠡ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠲᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠲᠤᠰ ᠪᠡᠶ᠎ᠡ ᠶᠢᠨ ᠪᠠᠶᠢᠭᠤᠯᠣᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠤᠯᠤᠰ ᠲᠦᠷᠦ ᠶᠢᠨ ᠪᠠᠶᠢᠭᠤᠯᠤᠯᠲᠠ ᠲᠠᠰᠤᠷᠠᠯᠳᠠ ᠦᠭᠡᠢ ᠴᠢᠩᠭᠠᠷᠠᠪᠠ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠢ ᠭᠦᠨᠵᠡᠭᠡᠢ ᠥᠷᠨᠢᠭᠦᠯᠵᠦ᠂ ︽ᠳᠥᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ᠂ ᠪᠣᠲᠠᠲᠠᠶᠢᠵᠢᠭᠤᠯᠬᠤ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠥᠪ ᠤᠨ ᠴᠢᠬᠤᠯᠠ ᠶᠡᠭᠡ ᠰᠢᠢᠳᠪᠦᠷᠢᠲᠦ ᠪᠣᠲᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢᠶᠠᠨ ᠦᠷᠭᠦᠯᠵᠢᠯᠡᠨ ᠴᠢᠩᠭᠠᠳᠬᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ︽ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠠᠪᠣᠴᠠ ᠶᠢᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ ᠳᠦᠷᠢᠮ ᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠠᠶᠢᠭᠤᠯᠵᠤ᠂ ᠴᠢᠬᠤᠯᠠ ᠶᠡᠭᠡ ᠰᠢᠶᠳᠪᠦᠷᠢᠲᠦ ᠪᠣᠲᠣᠯᠭ᠎ᠠ ᠲᠣᠭᠲᠠᠭᠠᠬᠤ ᠶᠠᠰᠤ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠪᠡ᠃ ᠬᠤᠰᠢᠭᠤ ᠨᠠᠮ  ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠠᠤᠯᠢ ᠶᠣᠰᠣᠭᠠᠷ ᠠᠵᠢᠯ ᠢᠶᠠᠨ ᠮᠡᠳᠡᠭᠦᠯᠦᠨ᠂ ᠬᠤᠰᠢᠭᠤᠨ  ᠤ ᠤᠯᠤᠰ ᠲᠥᠷᠦ ᠶᠢᠨ ᠵᠥᠪᠯᠡᠯᠭᠡᠨ ᠳᠤ ᠪᠠᠶᠢᠳᠠᠯ ᠢᠶᠠᠨ ᠮᠡᠳᠡᠭᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ  ᠠᠴᠠ ᠪᠠᠨ ᠬᠦᠯᠢᠶᠡᠵᠦ᠂ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠪᠦᠬᠦ ᠲᠠᠯ᠎ᠠ ᠪᠠᠷ ᠬᠦᠯᠢᠶᠡᠵᠦ᠂ ᠬᠢᠨᠠᠨ ᠪᠣᠲᠣᠯᠲᠠ ᠶᠢᠨ ᠬᠢᠨᠠᠯᠲᠠ ᠲᠠᠯᠪᠢᠬᠤ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 55 ᠬᠤᠪᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 64 ᠬᠤᠪᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ 100% ᠳᠤ ᠬᠦᠷᠴᠡᠢ᠃ ᠣᠪᠣᠷ ᠰᠤᠷᠲᠠᠯ ᠤᠨ ᠰᠠᠶᠢᠵᠢᠷᠠᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠᠶᠢᠭᠤᠯᠤᠯᠲᠠ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠲᠥᠪ ᠬᠤᠷᠢᠶᠠᠨ ᠤ ᠨᠠᠶᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠬᠡᠷᠡᠭᠵᠢᠬᠦᠯᠵᠣ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠡᠷ᠎ᠡ ᠪᠠᠷ ᠬᠤᠷᠠᠯᠳᠤᠭᠤᠯᠣᠭᠰᠠᠨ ᠬᠤᠷᠠᠯ ᠢ 38% ᠪᠠᠷ ᠴᠣᠮᠬᠠᠳᠬᠠᠵᠤ᠂ ᠵᠠᠰᠠᠭ ᠤᠨ ᠣᠷᠳᠣᠨ ᠤ ︽ᠳᠥᠷᠪᠡᠨ ᠲᠥᠷᠥᠯ︾  ᠤᠨ ᠪᠢᠴᠢᠭ ᠮᠠᠲ᠋ᠧᠷᠢᠶᠠᠯ ᠢ 34% ᠪᠠᠷ ᠴᠣᠮᠬᠠᠳᠬᠠᠪᠠ᠃ ᠡᠳ᠋ ᠤᠨ ᠵᠠᠰᠠᠭ ᠤᠨ ᠡᠩ ᠤᠨ ᠴᠢᠨᠠᠷᠲᠠᠶ ᠵᠠᠷᠤᠯᠭ᠎ᠠ ᠶᠢ 23.8% ᠪᠠᠷ ᠪᠠᠭᠠᠰᠬᠠᠵᠤ᠂ ︽ᠭᠤᠷᠪᠠᠨ ᠵᠦᠶᠯ ᠤᠨ ᠠᠯᠪᠠᠨ ᠤ ᠵᠠᠷᠤᠳᠠᠯ︾ ᠢ 30.5% ᠪᠠᠷ ᠪᠠᠭᠤᠷᠠᠭᠤᠯᠪᠠ᠃ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠡᠬᠢᠯᠡᠬᠦᠯᠵᠤ᠂ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠨᠠᠩ ᠵᠦᠢ ᠵᠣᠬᠢᠰᠲᠠᠢ᠂ ᠠᠵᠢᠯᠯᠠᠭᠠᠨ ᠤ ᠲᠣᠭᠲᠠᠴᠠ ᠶᠢ ᠨᠢ ᠨᠠᠩ ᠲᠡᠭᠦᠯᠳᠡᠷᠵᠢᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠬᠡᠶᠢᠷᠡᠬᠦᠯᠵᠤ᠂ ᠬᠤᠰᠢᠭᠤ ᠱᠠᠲᠤᠨ ᠤ ᠲᠡᠰ ᠤᠨ ᠭᠤᠶᠤᠴᠢᠯᠠᠯ ᠶᠣᠰᠣᠭᠠᠷ ᠭᠦᠢᠴᠡᠳᠬᠡᠬᠦ 6 ᠲᠥᠷᠥᠯ ᠤᠨ 436 ᠲᠥᠷᠦᠯ ᠵᠦᠢᠯ ᠢ ᠡᠮᠬᠢᠯᠡᠨ ᠲᠣᠭᠲᠠᠭᠠᠵᠤ᠂ ᠬᠤᠰᠢᠭᠤ ᠱᠠᠲᠤᠨ ᠤ ᠦᠢᠯᠡᠳᠪᠦᠷᠢ ᠬᠤᠳᠠᠯᠳᠤᠭᠠᠨ ᠤ ᠲᠠᠩᠰᠠᠯᠠᠯᠲᠠ ᠶᠢᠨ ᠳᠠᠷᠠᠭᠠᠬᠢ ᠬᠢᠨᠠᠨ ᠵᠥᠪᠰᠢᠶᠡᠷᠡᠬᠦ ᠭᠠᠷᠴᠠᠭ ᠂ ᠣᠯᠠᠨ ᠨᠡᠶᠢᠲᠠ ᠶᠢᠨ ᠦᠢᠯᠡᠴᠢᠯᠡᠭᠡᠨ ᠤ ᠨᠠᠷᠢᠨ ᠳᠠᠩᠰᠠ ᠶᠢ ᠨᠠᠶᠢᠷᠠᠭᠤᠯᠤᠨ ᠨᠡᠶᠢᠲᠡᠯᠡᠵᠦ᠂ ︽ᠮᠣᠷᠢᠨ ᠨᠢᠷᠤᠭᠤᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠰᠢᠨᠡᠴᠢᠯᠡᠨ ᠬᠡᠷᠡᠭᠵᠢᠭᠦᠯᠵᠦ᠂ ︽ᠲᠠᠪᠤᠨ ᠦᠨᠡᠮᠯᠡᠯ ᠢ ᠨᠠᠶᠢᠯᠡᠬᠦᠯᠦᠨ ᠨᠢᠬᠡ ᠪᠣᠯᠭᠠᠬᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠳᠦᠷᠢᠮ ᠢ ᠬᠡᠷᠡᠭᠵᠢᠭᠦᠯᠵᠦ᠂ ᠪᠠᠲᠤᠬᠠᠭᠠᠯᠭ᠎ᠠ ᠪᠠᠯᠭᠠᠰᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠨᠢ ᠬᠤᠲᠠ ᠶᠢᠨ ᠲᠡᠰ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠴᠡᠭ ᠪᠣᠯᠪᠠ᠃ ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠢ ᠪᠢᠳᠡ ᠪᠦᠲᠦᠮᠵᠢᠲᠠᠢ ᠮᠦᠷᠲᠡᠭᠡᠨ ᠪᠠᠲᠣ ᠵᠣᠭᠰᠣᠯᠲᠠ ᠲᠠᠢ ᠦᠩᠭᠡᠷᠡᠭᠦᠯᠵᠣ᠂ ᠬᠦᠴᠢᠷ ᠪᠡᠷᠬᠡᠰᠢᠶᠡᠯ ᠬᠡᠳᠦᠶᠢᠪᠡᠷ ᠰᠠᠨᠠᠭᠰᠠᠨ ᠠᠴᠠ ᠠᠷᠪᠢᠨ ᠪᠣᠯᠪᠠᠴᠤ ᠦᠷ᠎ᠡ ᠪᠦᠲᠦᠮᠵᠢ ᠨᠢ ᠰᠠᠨᠠᠭᠰᠠᠨ ᠠᠴᠠ ᠰᠠᠶᠢᠨ ᠶᠤᠮ᠃ ᠡᠳᠡᠭᠡᠷ ᠠᠮᠵᠢᠯᠲᠠ ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠠ ᠲᠡᠬᠡᠲᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠬᠤᠰᠢᠭᠤ ᠨᠠᠮ ᠤᠨ ᠬᠤᠷᠢᠶ᠎ᠠ ᠪᠦᠬᠦ ᠲᠠᠯ᠎ᠠ ᠶᠢ ᠶᠡᠷᠦᠩᠬᠡᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠥᠨᠳᠥᠷ ᠪᠦᠲᠦᠮᠵᠢᠲᠡᠢ ᠬᠢᠨᠠᠯᠲᠠ ᠲᠠᠯᠪᠢᠵᠣ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠬᠤᠰᠢᠭᠤᠨ ᠤ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠨ ᠲᠦᠯᠦᠭᠡᠯᠡᠵᠣ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠡᠯ᠎ᠡ ᠠᠵᠢᠯ ᠤᠨ ᠪᠠᠶᠢᠷᠢ ᠳᠡᠭᠡᠷ᠎ᠡ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠵᠦ᠂ ᠦᠨᠡᠨᠴᠢ ᠰᠢᠲᠣᠷᠭᠤ ᠵᠢᠳᠬᠦᠭᠰᠡᠨ ᠺᠠᠳ᠋ᠷ ᠣᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ᠂ ᠨᠠᠮ ᠤᠨ ᠭᠡᠰᠢᠭᠦᠨ ᠪᠣᠰᠣ ᠬᠥᠮᠦᠰ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠠ ᠳᠣᠲᠣᠭᠠᠳᠤ ᠶᠢ ᠬᠠᠮᠠᠭᠠᠯᠠᠬᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ᠂ ᠳᠠᠷᠬᠠᠨ ᠮᠤᠤᠮᠢᠩᠭᠠᠨ ᠤ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠭᠰᠠᠨ᠂ ᠳᠡᠮᠵᠢᠭᠰᠡᠨ᠂ ᠣᠷᠣᠯᠴᠠᠭᠰᠠ ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠲᠡᠭᠡᠳᠣ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠦᠲᠦᠮᠵᠢ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠬᠥᠭᠵᠢᠯᠲᠡ ᠶᠢᠨ ᠳᠤᠮᠳᠠ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠᠨᠢᠭᠡ ᠳᠤ ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠭᠦᠯᠬᠦ ᠡᠭᠦᠷᠭᠡ ᠬᠦᠨᠳᠦ᠂ ᠠᠵᠣ ᠦᠶᠯᠡᠳᠪᠦᠷᠢ ᠶᠢᠨ ᠠᠵᠤ ᠦᠶᠯᠡᠰ ᠤᠨ ᠬᠡᠯᠬᠢᠶ᠎ᠡ ᠣᠬᠤᠷ᠂ ᠨᠡᠮᠡᠯᠲᠡ ᠥᠷᠲᠡᠭ ᠳᠣᠤᠷ᠎ᠠ᠂ ︽ᠳᠡᠭᠡᠳᠦ ᠨᠠᠷᠢᠯᠢᠭ ᠬᠦᠴᠦᠷᠬᠡᠭ ᠣᠨᠴᠠ ᠰᠢᠯᠢᠳᠡᠭ︾ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠲᠦᠷᠭᠡᠨ ᠪᠢᠰᠢ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠠᠮᠢᠵᠢᠷᠠᠯ ᠤᠨ ᠬᠦᠴᠣᠨ ᠬᠦᠷᠦᠯᠴᠡᠬᠦ ᠦᠭᠡᠢ᠂ ᠳᠠᠶᠢᠴᠢᠯᠠᠬᠤ ᠬᠦᠴᠦᠨ ᠢᠶᠠᠷ ᠴᠢᠩᠭ᠎ᠠ ᠲᠣᠮᠣ ᠲᠥᠷᠥᠯ ᠵᠦᠶᠯ ᠴᠥᠭᠡᠨ ᠪᠠᠶᠢᠵᠤ᠂ ᠠᠵᠤ ᠠᠬᠤᠶ ᠶᠢᠨ ᠨᠡᠮᠡᠭᠳᠡᠯ ᠤᠨ ᠬᠥᠳᠡᠯᠭᠡᠬᠦ ᠬᠦᠴᠦᠨ ᠪᠣᠯᠤᠨ ᠲᠣᠯᠭᠠᠷᠢᠭᠤᠯᠬᠤ ᠬᠦᠴᠦᠨ ᠬᠦᠷᠦᠯᠴᠡᠬᠦ ᠦᠭᠡᠶ ᠪᠠᠶᠢᠨ᠎ᠠ ᠃ ᠬᠤᠶᠠᠷ ᠲᠤ᠂ ᠪᠣᠳᠠᠲᠤ ᠴᠣᠭᠴᠠ ᠶᠢᠨ ᠠᠵᠤ ᠠᠬᠤᠶ ᠶᠢᠨ ᠬᠦᠴᠢᠷᠳᠡᠯ ᠨᠡᠯᠢᠶᠡᠳ ᠤᠯᠠᠨ ᠪᠠᠶᠢᠵᠤ᠂ ᠠᠷᠠᠳ ᠤᠨ ᠡᠵᠡᠩᠨᠡᠯᠲᠠ ᠶᠢᠨ ᠠᠵᠤ ᠠᠬᠤᠶ ᠶᠢᠨ ᠬᠥᠭᠵᠢᠯᠲᠡ ᠶᠢᠨ ᠣᠷᠴᠢᠨ ᠲᠣᠭᠤᠷᠢᠨ ᠮᠥᠨ ᠯᠡ ᠢᠪᠴᠣᠣ ᠪᠠᠶᠢᠵᠤ᠂ ᠵᠠᠬ᠎ᠠ ᠲᠡᠯᠭᠡᠭᠦᠷ ᠪᠠ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢᠨ ᠨᠥᠯᠥᠭᠡ ᠠᠴᠠ ᠪᠤᠯᠵᠤ᠂ ᠡᠳ᠋ ᠤᠨ ᠵᠠᠰᠠᠭ  ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠬᠤ ᠪᠠ ᠵᠠᠪᠠᠯ ᠵᠠᠷᠣᠬᠤ ᠴᠢᠬᠤᠯᠲᠠᠢ ᠵᠠᠷᠤᠯᠭ᠎ᠠ ᠨᠡᠮᠡᠭᠳᠡᠭᠰᠡᠨ ᠵᠥᠷᠢᠴᠡᠯ ᠲᠤᠪᠤᠶᠢᠮ᠎ᠠ ᠪᠠᠶᠢᠵᠤ᠂ ︽ᠭᠤᠷᠪᠠ ᠶᠢ ᠪᠠᠲᠤᠯᠠᠬᠤ︾ ᠳᠠᠷᠤᠯᠲᠠ ᠨᠡᠯᠢᠶᠡᠳ ᠶᠡᠭᠡ ᠪᠠᠶᠢᠨ᠎ᠠᠭᠤᠷᠪᠠ  ᠳᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠪᠠᠰᠠ ᠴᠥᠭᠡᠨ ᠪᠤᠰᠤ ᠬᠦᠴᠢᠷ ᠠᠰᠠᠭᠤᠳᠠᠯ ᠲᠤᠯᠭᠠᠷᠠᠵᠤ᠂ ᠶᠠᠳᠠᠭᠤ ᠬᠦᠴᠢᠷᠳᠡᠯᠲᠡᠢ ᠪᠠᠶᠢᠭ᠎ᠠ ᠤᠯᠠᠨ ᠲᠦᠮᠡᠨ ᠤ ᠬᠦᠳᠡᠯᠮᠦᠷᠢᠯᠨᠬᠦ ᠴᠢᠳᠠᠪᠤᠷᠢ ᠳᠤᠲᠠᠮᠠᠭ᠂ ᠠᠵᠢᠯ ᠣᠯᠭᠤᠯᠲᠠ ᠶᠢᠨ ᠠᠷᠭ᠎ᠠ ᠵᠠᠮ ᠴᠦᠬᠡᠨ᠂ ᠣᠷᠣᠯᠭ᠎ᠠ ᠶᠢᠨ ᠢᠷᠡᠯᠳᠡ ᠲᠣᠭᠲᠠᠭᠤᠨ ᠪᠢᠰᠢ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠷᠭ᠎ᠠ ᠬᠡᠮᠵᠢᠶ᠎ᠡ ᠳᠠᠩ ᠴᠤᠯᠭᠤᠢ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠪᠠᠰᠠ ᠮᠠᠰᠢ ᠤᠯᠠᠨ ᠠᠵᠢᠯ ᠢ ᠬᠢᠬᠦ ᠴᠢᠬᠤᠯᠠᠲᠠᠢ ᠪᠠᠶᠢᠨ᠎ᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ  ᠳᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠴᠢᠬᠤᠯᠠᠲᠠᠢ᠃ ᠳᠥᠷᠪᠡ ᠳᠤ᠂ ᠰᠤᠷᠭᠠᠨ ᠬᠥᠮᠦᠵᠢᠯ᠂ ᠡᠮᠴᠢᠯᠡᠭᠡ᠂ ᠢᠳᠡᠭᠡᠨ ᠪᠠ ᠡᠮ ᠤᠨ ᠵᠣᠶᠢᠯᠡᠰ ᠤᠨ ᠠᠮᠤᠷ ᠲᠦᠪᠰᠢᠨ᠂ ᠠᠵᠢᠯ ᠣᠯᠭᠤᠯᠲᠠ᠂ ᠰᠠᠭᠤᠭᠠᠯᠢ ᠲᠣᠭᠤᠷᠢᠭ  ᠤᠨ ᠬᠠᠮᠢᠶᠠᠷᠤᠯᠲᠠ ᠵᠡᠷᠭᠡ ᠰᠢᠯᠢᠳᠡᠭ ᠣᠯᠠᠨ ᠨᠡᠶᠢᠲᠡ ᠶᠢᠨ ᠦᠶᠯᠡᠴᠢᠯᠡᠭᠡᠨ ᠤ ᠬᠠᠩᠭᠠᠯᠭ᠎ᠠ ᠨᠢ ᠠᠷᠠᠳ ᠣᠯᠠᠨ ᠤ ᠬᠦᠰᠡᠯ ᠰᠠᠭᠠᠷᠳᠠᠯᠭ᠎ᠠ ᠲᠠᠢ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ ᠃ ᠲᠠᠪᠤ ᠳᠤ᠂ ᠭᠡᠨᠡᠳᠲᠡ ᠡᠭᠦᠰᠦᠭᠰᠡᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠮᠠᠨ ᠤ ᠬᠡᠪ ᠤᠨ ᠦᠶᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠵᠦ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠪᠠᠭᠠᠰᠬᠠᠬᠤ ᠡᠭᠦᠷᠭᠡ ᠲᠤᠶᠢᠯ ᠤᠨ ᠪᠠᠴᠢᠮ ᠲᠣᠯᠭᠠᠮ᠎ᠠ ᠪᠠᠶᠢᠨ᠎ᠠ᠃ ᠵᠢᠷᠭᠤᠭ᠎ᠠ ᠳᠤ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠪᠣᠳᠠᠲᠤ ᠬᠦᠴᠦᠨ ᠢᠶᠠᠨ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠵᠤ᠂ ᠵᠠᠷᠢᠮ ᠺᠠᠳ᠋ᠷ ᠰᠤᠷᠤᠯᠴᠠᠬᠤ ᠳᠤᠷ᠎ᠠ ᠦᠭᠡᠢ᠂ ᠰᠡᠳᠬᠢᠨ ᠪᠤᠳᠤᠬᠤ ᠳᠤᠷ᠎ᠠ ᠦᠭᠡᠢ ᠪᠠᠶᠢᠵᠤ᠂ ᠠᠵᠢᠯ ᠢᠶᠠᠨ ᠲᠥᠯᠥᠪᠯᠡᠨ᠂ ᠠᠰᠠᠭᠤᠳᠠᠯ ᠢ ᠰᠢᠶᠳᠪᠦᠷᠢᠯᠡᠭᠰᠡᠨ ᠨᠢ ᠨᠠᠷᠢᠯᠢᠭ ᠪᠢᠰᠢ᠂ ᠬᠦᠴᠢᠷ ᠪᠡᠷᠬᠡ ᠶᠢ ᠲᠤᠭᠤᠯᠤᠨ ᠳᠠᠪᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠬᠤ ᠡᠷᠴᠢ ᠵᠣᠷᠢᠭ ᠢᠶᠠᠨ ᠪᠠᠰᠠ ᠲᠠᠰᠤᠷᠠᠯᠲᠠ ᠦᠭᠡᠢ ᠴᠢᠩᠭᠠᠳᠬᠠᠬᠤ ᠴᠢᠬᠤᠯᠠᠲᠠᠶ ᠪᠠᠶᠢᠨ᠎ᠠ᠃ ᠡᠳᠡᠭᠡᠷ ᠬᠦᠴᠢᠷᠳᠡᠯ ᠪᠠ ᠠᠰᠠᠭᠤᠳᠠᠯ ᠤᠨ ᠲᠤᠬᠠᠶ ᠪᠢᠳᠡ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨᠬᠦ ᠰᠢᠶᠳᠪᠦᠷᠢᠯᠡᠨ᠎ᠡ᠃      ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ      ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ᠠᠷᠪᠠᠨ ᠭᠤᠷᠪᠠᠳᠤᠭᠠᠷ ᠲᠠᠪᠤᠨ ᠵᠢᠯ  ᠤᠨ ᠲᠥᠯᠥᠪᠵᠢᠭᠦᠯᠭᠡ ᠶᠢ ᠪᠡᠶᠡᠯᠡᠭᠦᠯᠬᠦ ᠬᠠᠮᠤᠭ ᠰᠡᠬᠦᠯᠴᠢ ᠶᠢᠨ ᠵᠢᠯ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠭᠵᠢᠯᠲᠡ ᠪᠠ ᠬᠤᠶᠠᠳᠣᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠵᠤ᠂ ᠵᠠᠰᠠᠭ ᠤᠨ ᠣᠷᠳᠣᠨ ᠤ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ ᠰᠢᠨ᠎ᠡ ᠵᠢᠯ ᠡᠬᠢᠯᠡᠮᠡᠭᠴᠡ᠂ ᠬᠢᠵᠢᠭ ᠤᠨ ᠪᠠᠶᠢᠳᠠᠯ ᠳᠠᠭᠠᠷᠢᠨ ᠢᠷᠡᠵᠦ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠨᠠᠷᠢᠨ ᠨᠢᠮᠪᠠᠶ ᠪᠠᠶᠢᠷᠢᠯᠠᠭᠤᠯᠤᠯᠲᠠ ᠳᠣᠤᠷ᠎ᠠ᠂ ᠪᠥᠬᠦ ᠬᠤᠰᠢᠭᠤᠨ ᠤ ᠲᠦᠮᠡ ᠭᠠᠷᠤᠶ ᠺᠠᠳ᠋ᠷ ᠣᠯᠠᠨ ᠲᠦᠮᠡᠨ ᠡᠮᠦᠨ᠎ᠡ ᠹᠷᠣᠨᠲ ᠲᠤ ᠭᠠᠪᠰᠢᠭᠠᠶᠢᠯᠠᠵᠤ᠂ ᠡᠮᠦᠨ᠎ᠡ ᠹᠷᠣᠨᠲ ᠲᠤ ᠠᠵᠢᠯᠯᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠷᠠᠳ ᠣᠯᠠᠨ ᠤ ᠲᠠᠶᠢᠯᠡᠯᠲᠤᠭᠠᠨ᠂ ᠶᠡᠷᠦᠩᠬᠡᠶ ᠲᠠᠶᠢᠯᠡᠯᠲᠤᠭᠠᠨ᠂ ᠬᠤᠷᠢᠭᠯᠠᠨ ᠴᠣᠬᠢᠬᠤ ᠲᠠᠶᠢᠯᠡᠯᠲᠤᠭᠠᠨ ᠤ ᠪᠥᠬᠦ ᠲᠠᠯ᠎ᠠ ᠪᠠᠷ ᠢᠯᠠᠯᠲᠠ ᠤᠯᠬᠤ ᠬᠦᠴᠦᠷᠬᠡᠭ ᠶᠡᠭᠡ ᠬᠦᠴᠦᠨ ᠢ ᠪᠦᠷᠢᠯᠳᠦᠭᠦᠯᠦᠭᠰᠡᠨ ᠪᠠᠶᠢᠨ᠎ᠠ᠃ ᠬᠢᠵᠢᠭ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠦᠨᠳᠦᠰᠦᠯᠡᠨ᠂ ᠪᠢᠳᠡ ᠠᠵᠢᠯ ᠤᠨ ᠰᠡᠳᠬᠢᠴᠡ ᠪᠣᠯᠤᠨ ᠡᠨᠡ ᠵᠢᠯ ᠤᠨ ᠭᠤᠤᠯᠳᠠᠯᠭ᠎ᠠ  ᠲᠠᠢ ᠠᠵᠢᠯ ᠢᠶᠠᠨ ᠴᠠᠭ ᠲᠤᠬᠠᠶ ᠳᠤᠨᠢ ᠲᠣᠬᠢᠷᠠᠭᠤᠯᠵᠤ᠂ ︽ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠰᠠᠭᠠᠲᠠᠭᠠᠬᠤ ᠦᠭᠡᠶ᠂ ᠬᠤᠶᠠᠷ ᠢ ᠠᠬᠢᠭᠤᠯᠬᠤ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠣ ᠦᠶ᠎ᠡ ᠶᠢᠨ ᠴᠢᠨᠠᠷᠲᠠᠢ ᠢᠯᠠᠯᠲᠠ ᠣᠯᠵᠤ᠂ ᠠᠵᠤ ᠠᠬᠤᠶ ᠨᠡᠶᠢᠭᠡᠮ ᠤᠨ ᠡᠮᠬᠢ ᠳᠢᠭᠯᠢᠮ ᠲᠦᠷᠭᠡᠨ ᠰᠡᠷᠭᠦᠪᠡ᠃ ᠦᠢᠯᠡᠳᠦᠯᠭᠡ ᠭᠡᠷᠡᠴᠢᠯᠡᠭᠰᠡᠨ ᠨᠢ ᠪᠢᠳᠡ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠲᠡᠭᠡᠳᠣ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠢᠲᠡᠭᠡᠯ ᠵᠣᠷᠢᠭ ᠢᠶᠠᠨ ᠪᠠᠲᠤᠳᠬᠠᠵᠤ᠂ ᠪᠣᠳᠠᠲᠠᠢ ᠠᠵᠢᠯᠯᠠᠳᠠᠭ ᠯᠠ ᠶᠤᠮ ᠪᠣᠯ ᠬᠢᠵᠢᠭ ᠤᠨ ᠪᠠᠶᠢᠳᠠᠯ ᠠᠴᠠ ᠪᠣᠯᠤᠭᠰᠠᠨ ᠮᠠᠭᠤ ᠨᠥᠯᠥᠭᠡ ᠶᠢ ᠢᠯᠠᠨ ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠨᠠᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠪᠣᠯᠤᠨ ᠨᠠᠩ ᠭᠡᠭᠡᠨ ᠰᠠᠷᠠᠭᠤᠯ ᠬᠥᠭᠵᠢᠯᠲᠡ ᠶᠢᠨ ᠢᠷᠡᠭᠡᠳᠦᠢ ᠪᠠᠨ ᠤᠭᠲᠤᠨ ᠠᠪᠴᠢᠷᠠᠵᠤ ᠴᠢᠳᠠᠨ᠎ᠠ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ  ᠬᠦᠷᠢᠶᠡᠯᠡᠬᠦ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠬᠠᠷᠠᠯᠲᠡ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠵᠠᠷᠴᠢᠮ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯ ᠢ ᠪᠠᠷᠢᠮᠲᠠᠯᠠᠵᠤ᠂ ᠬᠠᠩᠭᠠᠯᠭ᠎ᠠ ᠶᠢᠨ ᠲᠡᠯ᠎ᠡ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠭᠤᠷᠪᠠᠨ ᠶᠡᠭᠡ ᠪᠣᠭᠤᠮᠲᠠ ᠰᠢᠪᠲᠤᠯᠠᠯᠲᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠳᠠᠰᠤᠷᠠᠯᠲᠡ ᠦᠭᠡᠢ ᠨᠡᠮᠡᠭᠳᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨᠬᠦ ᠪᠠᠲᠤᠯᠠᠵᠤ᠂ ᠠᠷᠠᠳ ᠲᠦᠮᠡᠨ ᠳᠤ ᠮᠡᠳᠡᠷᠡᠭᠳᠡᠵᠦ᠂ ᠴᠠᠭ ᠦᠶ᠎ᠡ ᠶᠢᠨ ᠰᠢᠯᠭᠠᠯᠲᠠ ᠶᠢ ᠲᠠᠭᠠᠭᠠᠵᠣ ᠴᠢᠳᠠᠬᠤ ᠪᠠᠷ ᠴᠢᠷᠮᠠᠶᠢᠨ᠎ᠠ᠃ᠬᠦ ᠵᠢᠯ ᠤᠨ ᠵᠢᠱᠢᠭᠰᠡᠨ ᠭᠤᠤᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠴᠥᠮ 6% ᠣᠷᠴᠢᠮ ᠨᠡᠮᠡᠭᠳᠡᠭᠦᠯᠵᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ  ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6.5% ᠪᠠ 8% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠨ᠎ᠠ᠃ ᠡᠳᠡᠭᠡᠷ ᠵᠢᠱᠢᠭᠰᠡᠨ ᠬᠠᠷᠠᠯᠲᠠ ᠶᠢ ᠲᠣᠭᠲᠠᠭᠠᠭᠰᠠᠨ ᠨᠢ ᠬᠡᠷᠡᠭᠴᠡᠭᠡ ᠪᠣᠯᠤᠨ ᠪᠣᠯᠤᠮᠵᠢ᠂ ᠣᠳᠣᠬᠠᠨ ᠤ ᠪᠠ ᠠᠯᠤᠰ ᠢ ᠬᠠᠮᠲᠤ ᠳᠤᠨᠢ ᠬᠠᠷᠠᠭᠠᠯᠵᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ  ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠲᠠᠢ ᠵᠣᠯᠭᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠯᠳᠤᠨ᠂ ᠮᠠᠨ ᠤ ᠬᠤᠰᠢᠭᠤᠨ ᠤ ᠬᠥᠭᠵᠢᠯᠲᠡ ᠶᠢᠨ ᠪᠠᠶᠢᠳᠠᠯ ᠪᠠ ᠬᠥᠭᠵᠢᠯᠲᠡ ᠶᠢᠨ ᠳᠠᠯᠳᠠ ᠬᠦᠴᠦᠨ ᠲᠠᠢ ᠨᠡᠶᠢᠴᠡᠵᠤ᠂ ᠨᠠᠩ ᠴᠤ ᠬᠤᠰᠢᠭᠤ ᠵᠠᠰᠠᠭ ᠤᠨ ᠤᠷᠳᠤᠨ ᠪᠠ ᠠᠷᠠᠳ ᠣᠯᠠᠨ  ᠪᠦᠯᠬᠦᠮᠳᠡᠵᠤ ᠬᠢᠵᠢᠭ ᠤᠨ ᠪᠠᠶᠢᠳᠠᠯ ᠠᠵᠤ ᠠᠬᠤᠢ ᠨᠡᠶᠢᠬᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠣᠷ᠎ᠠ ᠪᠤᠯᠭᠠᠬᠤ ᠢᠲᠡᠭᠡᠯ ᠪᠠ ᠡᠭᠦᠷᠭᠡ ᠬᠠᠷᠢᠭᠤᠴᠠᠯᠭ᠎ᠠ  ᠢ ᠢᠯᠡᠷᠡᠭᠦᠯᠦᠭᠰᠡᠨ ᠪᠠᠶᠢᠨ᠎ᠠ᠃      ᠶᠡᠷᠦᠩᠬᠡᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠢᠱᠢᠭᠰᠡᠨ ᠬᠠᠷᠠᠯᠲᠠ ᠶᠢ ᠪᠡᠶᠡᠯᠡᠭᠦᠯᠵᠦ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠥᠯᠥᠪᠯᠡᠬᠦ ᠳᠤ ᠡᠷᠬᠡᠪᠰᠢ ᠳᠣᠤᠷᠠᠬᠢ ᠬᠡᠳᠦᠨ ᠲᠠᠯ᠎ᠠ ᠶᠢ ᠰᠠᠶᠢᠲᠤᠷ ᠬᠢᠬᠦ ᠬᠡᠷᠡᠭᠲᠡᠶ᠄      ᠨᠢᠭᠡ ᠳᠤ᠂ ᠤᠨᠤᠯ ᠢᠶᠠᠷ ᠵᠡᠪᠰᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠣ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠦᠨᠵᠡᠭᠡᠢ ᠠᠭᠤᠯᠤᠭᠳᠠᠬᠤᠨ ᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠡ ᠳᠡᠭᠡᠷ᠎ᠡ ᠦᠨᠡᠨᠬᠦ ᠨᠢᠭᠡᠳᠬᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠭᠡᠬᠦ ᠦᠨᠳᠦᠰᠦᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠦᠰᠡᠯ ᠢᠲᠡᠭᠡᠯ ᠢᠶᠠᠨ ᠪᠠᠲᠤᠳᠬᠠᠵᠤ ᠂ ︽ᠨᠠᠢᠮᠠᠨ ᠵᠦᠢᠯ ᠤᠨ ᠴᠢᠳᠠᠪᠤᠷᠢ︾ ᠪᠠᠨ ᠴᠢᠩᠭᠠᠳᠬᠠᠵᠤ᠂ ᠠᠰᠠᠭᠤᠳᠠᠯ ᠢ ᠠᠵᠢᠭᠯᠠᠬᠤ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ︽ᠰᠢᠨ᠎ᠡ ᠴᠠᠭ ᠦᠶ᠎ᠡ︾ ᠳᠤ ᠵᠤᠬᠢᠴᠠᠭᠤᠯᠬᠤ ᠬᠡᠷᠡᠭᠲᠡᠢ᠃  ᠬᠤᠶᠠᠷ ᠲᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠨ᠎ᠠ᠃ ᠴᠠᠭ ᠢᠮᠠᠭᠲᠠ ᠪᠣᠯᠭᠤᠮᠵᠢᠲᠠᠢ᠂ ᠬᠤᠷᠴᠠ ᠰᠡᠷᠭᠡᠭ ᠪᠠᠶᠢᠵᠤ᠂ ᠣᠳᠣᠬᠠᠨ ᠤ ᠲᠤᠯᠭᠠᠷᠠᠵᠤ ᠪᠠᠶᠢᠭ᠎ᠠ ᠪᠠᠶᠢᠳᠠᠯ ᠢ ᠣᠶᠤᠨᠴᠢ ᠪᠠᠷ ᠵᠠᠳᠠᠯᠵᠤ᠂ ᠬᠢᠵᠢᠭ ᠤᠨ ᠪᠠᠶᠢᠳᠠᠯ  ᠪᠦᠬᠦ ᠪᠥᠮᠪᠥᠷᠴᠡᠭ ᠲᠤ ᠳᠡᠯᠭᠡᠷᠡᠭᠰᠡᠨ ᠠᠴᠠ ᠠᠵᠤ ᠠᠬᠤᠢ ᠳᠤ ᠮᠠᠭᠤ ᠨᠥᠯᠥᠭᠡ  ᠠᠪᠴᠢᠷᠠᠭᠰᠠᠨ ᠶᠢ ᠭᠦᠢᠴᠡᠳ ᠲᠠᠨᠢᠵᠤ᠂ ᠠᠷᠭᠠᠴᠠᠬᠤ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠨ ᠲᠤᠬᠢᠷᠠᠭᠤᠯᠬᠤ ᠬᠡᠷᠡᠭᠲᠡᠢ᠃ ᠨᠡᠩ ᠴᠤ ᠬᠢᠵᠢᠭ ᠤᠨ ᠪᠠᠶᠢᠳᠠᠯ  ᠳᠠᠭᠤᠰᠠᠭᠰᠠᠨ ᠤ ᠳᠠᠷᠠᠭᠠᠬᠢ ᠬᠡᠷᠡᠭᠴᠡᠭᠡ ᠱᠠᠭᠠᠷᠳᠠᠯᠭ᠎ᠠ ᠳᠠᠬᠢᠨ ᠨᠡᠮᠡᠭᠳᠡᠬᠦ ᠲᠣᠬᠢᠶᠠᠯ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ  ᠶᠢᠨ ᠥᠷᠭᠡᠵᠢᠬᠦ ᠲᠣᠬᠢᠶᠠᠯ᠂ ᠤᠯᠤᠰ ᠠᠴᠠ ᠳᠡᠮᠵᠢᠬᠦ ᠲᠥᠷᠥ ᠶᠢᠨ ᠪᠤᠳᠤᠯᠭ᠎ᠠ ᠶᠢᠨ ᠲᠣᠬᠢᠶᠠᠯ ᠢ ᠠᠳᠬᠤᠵᠤ᠂ ᠲᠦᠭᠰᠢᠭᠦᠷᠢ ᠶᠢᠨ ᠳᠤᠮᠳᠠ ᠲᠣᠬᠢᠶᠠᠯ ᠡᠷᠢᠵᠦ᠂ ᠲᠦᠭᠰᠢᠭᠦᠷᠢ ᠶᠢ ᠢᠯᠡᠵᠤ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠢᠳᠡᠪᠬᠢᠲᠡᠶ ᠵᠣᠯᠭᠠᠭᠤᠯᠵᠤ᠂ ᠳᠡᠭᠡᠳᠦ ᠱᠠᠲᠤᠨ ᠤ ᠡᠯ᠎ᠡ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢ ᠶᠡᠬᠡᠪᠡᠷ ᠲᠡᠮᠡᠴᠡᠨ ᠣᠯᠵᠤ᠂ ᠰᠠᠭᠤᠷᠢ ᠳᠦᠬᠦᠭᠡᠷᠦᠮᠵᠢ ᠶᠢᠨ ᠳᠤᠲᠠᠭᠳᠠᠯ ᠢᠶᠠᠨ ᠨᠥᠬᠦᠪᠥᠷᠢᠯᠡᠨ᠎ᠡ᠃ ᠬᠢᠵᠢᠭ ᠤᠨ ᠪᠠᠶᠢᠳᠠᠯ  ᠤᠨ ᠳᠠᠭᠠᠤ ᠬᠦᠭᠵᠢᠭᠰᠡᠨ ᠰᠢᠨ᠎ᠡ ᠲᠦᠷᠦᠯ ᠤᠨ ᠡᠵᠡᠩᠨᠡᠯᠲᠡ ᠶᠢᠨ ᠪᠠᠶᠢᠳᠠᠯ ᠢ ᠲᠥᠰᠦᠪᠯᠡᠨ ᠠᠷᠭ᠎ᠠ ᠪᠤᠳᠤᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠬᠦ ᠶᠢ ᠠᠬᠢᠭᠤᠯᠵᠤ᠂ ᠪᠠᠲᠤ ᠢᠳᠡᠭᠡᠯ ᠪᠠ ᠬᠦᠴᠦᠯᠡᠨ ᠴᠢᠷᠮᠠᠶᠢᠬᠤ ᠲᠡᠮᠡᠴᠡᠯ ᠤᠨ ᠵᠣᠷᠢᠭ ᠢᠶᠠᠷ ᠬᠠᠷᠰᠢ ᠰᠠᠭᠠᠳ ᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠵᠤ᠂ ᠬᠥᠭᠵᠢᠯᠲᠡ ᠶᠢᠨ ᠳᠤᠮᠳᠠᠬᠢ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠴᠢᠷᠮᠠᠶᠢᠨ ᠢᠯᠠᠨ ᠳᠠᠪᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠨᠠᠩ ᠰᠠᠶᠢᠨ ᠦᠷ᠎ᠡ ᠳ᠋ᠦᠩ ᠢ ᠲᠡᠮᠡᠴᠡᠨ ᠣᠯᠬᠤ ᠬᠡᠷᠡᠭᠲᠡᠶ᠃ᠭᠤᠷᠪᠠ ᠳᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠣᠨᠣᠪᠴᠢᠲᠠᠢ ᠲᠤᠭᠲᠠᠭᠠᠨ᠎ᠠ᠃ ᠬᠢᠯᠢ ᠶᠢᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠤᠰᠢᠭᠤᠨ ᠤ ᠪᠠᠶᠢᠳᠠᠯ ᠤᠨ ᠲᠤᠬᠠᠢ ᠣᠶᠤᠨᠴᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠤᠨᠴᠠᠭᠠᠢ ᠣᠷᠣᠨ ᠪᠠᠶᠢᠷᠢ ᠶᠢᠨ ᠳᠠᠪᠠᠭᠤᠯᠢᠭ ᠪᠠ ᠢᠯᠡᠳᠲᠡ ᠢᠯᠡᠷᠡᠬᠦ ᠳᠠᠪᠠᠭᠤᠯᠢᠭ ᠲᠤ ᠲᠦᠰᠢᠭᠯᠡᠨ᠂ ᠪᠤᠭᠤᠲᠤ ᠶᠢᠨ ᠣᠮᠠᠷᠠᠳᠡᠬᠢ ᠮᠢᠩᠭᠠᠨ ᠲᠦᠮᠡᠨ ᠺᠢᠯᠣᠸᠠᠲ ᠤᠨ ᠲᠡᠰ ᠤᠨ ᠴᠡᠪᠡᠷ ᠡᠨᠧᠷᠭᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠨ ᠡᠳ᠋ᠰᠢᠬᠦᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠰᠡᠯᠡᠭᠦᠴᠡᠨ ᠠᠮᠠᠷᠠᠬᠤ ᠰᠠᠭᠤᠷᠢᠨ ᠭᠠᠵᠠᠷ᠂ ᠪᠣᠯᠣᠳ ᠲᠡᠮᠦᠷ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠬᠦ ᠬᠦᠴᠦᠨ ᠢᠶᠠᠷ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠴᠣᠭᠴᠠᠯᠠᠬᠤ ᠬᠡᠷᠡᠭᠲᠡᠢ᠃ ᠳᠥᠷᠪᠡ ᠳᠤ᠂ ᠬᠥᠭᠵᠢᠯᠲᠡ ᠶᠢᠨ ᠠᠷᠭ᠎ᠠ ᠵᠠᠮ ᠢ ᠤᠯᠠᠮ ᠨᠢᠭᠡ ᠠᠯᠬᠤᠮ ᠲᠣᠳᠣᠷᠬᠠᠶᠢᠯᠠᠨ᠎ᠠ ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠪᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠳᠤᠲᠠᠭᠳᠠᠯ ᠢᠶᠠᠨ ᠣᠨᠣᠪᠴᠢᠲᠠᠢ ᠡᠷᠢᠵᠦ᠂ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠤᠤᠯ ᠤᠨ ᠪᠠᠶᠢᠭᠰᠠᠨ ᠰᠡᠳᠬᠢᠬᠦᠢ ᠶᠢᠨ ᠬᠡᠪ ᠵᠠᠭᠪᠤᠷ ᠪᠣᠯᠤᠨ ᠠᠷᠭ᠎ᠠ ᠵᠠᠮ ᠳᠤ ᠳᠦᠰᠢᠭᠯᠡᠬᠦ ᠶᠢ ᠦᠭᠡᠷᠡᠴᠢᠯᠡᠵᠤ᠂ ᠪᠠᠶᠢᠭᠤᠯᠤᠮᠵᠢ ᠶᠢᠨ ᠰᠢᠨ᠎ᠡ ᠶᠢ ᠡᠭᠦᠳᠬᠦ᠂ ᠠᠵᠤ ᠦᠢᠯᠡᠰ ᠤᠨ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠠᠬᠢᠭᠤᠯᠵᠤ᠂ ᠨᠢᠭᠡᠳᠦᠭᠡᠷ ᠠᠵᠤ ᠦᠢᠯᠡᠰ ᠢ ᠨᠠᠷᠢᠯᠢᠭᠵᠢᠭᠤᠯᠵᠤ᠂ ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠬᠦ᠂ ᠭᠤᠷᠪᠠᠳᠤᠭᠠᠷ ᠠᠵᠤ ᠦᠢᠯᠡᠰ ᠢ ᠪᠤᠵᠠᠭᠠᠶᠢᠷᠠᠭᠤᠯᠬᠤ ᠶᠢ ᠪᠠᠷᠢᠮᠲᠠᠯᠠᠵᠤ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠰᠢᠨ᠎ᠡ ᠮᠠᠶ᠋ᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠰᠲ᠋ᠧᠮ᠂ ᠥᠨᠳᠥᠷ ᠦᠷ᠎ᠡ ᠠᠰᠢᠭ ᠲᠠᠢ ᠠᠮᠤᠷ ᠳᠦᠪᠰᠢᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ᠂ ᠭᠦᠨ ᠠᠭᠤᠰᠤᠯᠴᠠᠭᠰᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮ᠂ ᠣᠯᠠᠨ ᠡᠰᠢᠵᠢᠭᠦᠯᠦᠨ ᠬᠥᠭᠵᠢᠭᠰᠡᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠰᠲ᠋ᠧᠮ᠂ ᠭᠠᠳᠠᠭᠠᠳᠤ ᠠᠴᠠ ᠣᠷᠣᠭᠤᠯᠵᠤ ᠳᠣᠲᠣᠭᠠᠳᠤ ᠳᠠᠭᠠᠨ ᠬᠤᠯᠪᠣᠭᠠᠯᠠᠬᠤ ᠭᠠᠳᠠᠭᠠᠳᠤ ᠨᠡᠭᠡᠭᠡᠯᠲᠡ ᠶᠢᠨ ᠰᠢᠰᠲ᠋ᠧᠮ ᠢ ᠲᠦᠷᠭᠡᠳᠬᠡᠨ ᠪᠤᠢ ᠪᠣᠯᠭᠠᠨ᠎ᠠ᠃ ᠲᠠᠪᠤ ᠳᠤ ᠬᠥᠭᠵᠢᠯᠲᠡ ᠶᠢᠨ ᠣᠷᠴᠢᠨ ᠤ ᠨᠥᠬᠦᠴᠡᠯ  ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠤᠯᠤᠰ ᠤᠨ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠪᠦᠬᠦ ᠬᠤᠰᠢᠭᠤᠨ ᠤ ᠪᠣᠯᠪᠠᠰᠤᠨ ᠤ ᠬᠡᠮᠵᠢᠶ᠎ᠡ ᠪᠣᠯᠤᠨ ᠰᠠᠭᠤᠭᠠᠯᠢ ᠠᠷᠠᠳ  ᠤᠨ ᠪᠣᠯᠪᠠᠰᠤᠨ ᠤ ᠬᠡᠪ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠤᠨ᠎ᠠ᠃ ᠦᠨᠡᠨᠴᠢ ᠢᠲᠡᠭᠡᠮᠵᠢᠲᠡᠢ ᠨᠥᠬᠦᠷᠰᠡᠭ ᠨᠡᠶᠢᠭᠡᠮ ᠤᠨ ᠣᠷᠴᠢᠨ᠂ ᠲᠦᠭᠡᠮᠡᠯ ᠬᠠᠷᠠᠭᠠᠯᠵᠠᠯᠲᠤ ᠳᠥᠭᠦᠮ ᠳᠥᠲᠡ ᠬᠤᠳᠠᠯᠳᠤᠭ᠎ᠠ ᠡᠵᠡᠩᠨᠡᠬᠦ ᠣᠷᠴᠢᠨ᠂ ᠲᠥᠪ ᠭᠤᠣᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ᠂ ᠦᠨᠡᠨᠴᠢ ᠢᠲᠡᠭᠡᠮᠵᠢᠲᠡᠢ ᠬᠠᠤᠯᠢ ᠴᠠᠭᠠᠵᠠ ᠶᠢ ᠰᠠᠬᠢᠬᠤ ᠵᠠᠬ᠎ᠠ ᠳᠡᠯᠭᠡᠭᠦᠷ ᠤᠨ ᠣᠷᠴᠢᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ᠂ ᠲᠤᠭᠲᠠᠪᠤᠷᠢᠲᠠᠢ ᠬᠥᠭᠵᠢᠬᠦ ᠠᠮᠢ ᠠᠬᠤᠢ ᠶᠢᠨ ᠣᠷᠴᠢᠨ ᠢ ᠬᠦᠴᠦᠯᠡᠨ ᠪᠠᠶᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠰᠢᠶᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠪᠦᠬᠦ ᠤᠯᠤᠰ ᠤᠨ ᠪᠣᠯᠪᠠᠰᠤᠨ ᠰᠢᠶᠠᠨ ᠤ ᠬᠤᠲᠠ᠂ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠴᠢᠷᠮᠠᠶᠢᠨ ᠡᠭᠦᠳᠴᠦ᠂ ᠳᠠᠷᠬᠠᠨ ᠮᠤᠤᠮᠢᠩᠭᠠᠨ ᠤ ᠨᠡᠷ᠎ᠡ ᠠᠯᠲᠠᠷ ᠪᠠ ᠨᠥᠯᠥᠭᠡᠯᠡᠬᠦ ᠬᠦᠴᠦᠨ ᠢ ᠥᠷᠭᠡᠳᠬᠡᠨ᠎ᠠ ᠃ ᠵᠢᠷᠭᠤᠭ᠎ᠠ ᠳᠤ ᠂ ᠬᠥᠭᠵᠢᠯᠲᠡ ᠶᠢᠨ ᠬᠠᠮᠲᠤᠷᠠᠯ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠤᠨ᠎ᠠ᠃ ᠪᠥᠬᠦ ᠬᠤᠰᠢᠭᠤᠨ ᠤ ︽ᠨᠢᠭᠡ ᠴᠤᠭᠴᠠᠲᠤ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠴᠢᠨᠠᠭᠡᠯᠢᠭ ᠨᠡᠶᠢᠭᠡᠮ ᠢ ᠪᠥᠬᠦ ᠲᠠᠯ᠎ᠠ  ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠤᠯᠬᠤ ᠡᠭᠦᠷᠭᠡ ᠬᠠᠷᠠᠯᠲᠠ ᠲᠠᠢ ᠨᠢᠭᠲᠠ ᠤᠶᠠᠯᠳᠤᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠶᠢᠨ ᠪᠠᠶᠢᠭ᠎ᠠ ᠠᠵᠤ ᠦᠶᠯᠡᠰ  ᠤᠨ ᠰᠠᠭᠤᠷᠢ ᠪᠠ ᠬᠥᠭᠵᠢᠯᠲᠡ ᠶᠢᠨ ᠳᠠᠪᠠᠭᠤᠯᠢᠭ ᠲᠤ ᠲᠦᠰᠢᠭᠯᠡᠨ᠂ ᠠᠵᠤ ᠦᠶᠯᠡᠰ ᠤᠨ ᠪᠠᠶᠢᠷᠢᠰᠢᠭᠤᠯᠤᠯᠲᠠ᠂ ᠲᠥᠷᠥᠯ ᠵᠦᠶᠯ ᠢ ᠣᠷᠣᠭᠤᠯᠤᠨ ᠠᠪᠴᠢᠷᠠᠬᠤ᠂ ᠲᠠᠪᠴᠠᠩ ᠢ ᠪᠠᠶᠢᠭᠤᠯᠬᠤ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠲᠠᠯᠪᠢᠵᠤ᠂ ᠨᠠᠩ ᠣᠯᠠᠨ ᠡᠬᠢ ᠪᠠᠶᠠᠯᠢᠭ ᠤᠨ ᠡᠯᠧᠮᠧᠨ᠋ᠲ ᠤᠨ ᠪᠣᠳᠠᠲᠤ ᠴᠣᠭᠴᠠ ᠶᠢᠨ ᠠᠵᠤ ᠠᠬᠤᠶ ᠳᠠᠰᠢ ᠲᠥᠪᠯᠡᠷᠡᠬᠦ ᠶᠢ ᠠᠬᠢᠭᠤᠯᠵᠤ᠂ ᠳᠠᠪᠠᠭᠤᠯᠢᠭ ᠲᠠᠯ᠎ᠠ ᠨᠢ ᠲᠣᠪᠣᠶᠢᠮ᠎ᠠ᠂ ᠪᠦᠲᠦᠴᠡ  ᠨᠢ ᠵᠦᠶ ᠵᠣᠬᠢᠰᠲᠠᠶ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠥᠬᠡᠶ ᠤᠷᠤᠭᠰᠢᠯᠠᠵᠤ᠂ ᠵᠣᠷᠢᠯᠭ᠎ᠠ ᠳᠠᠭᠠᠨ ᠬᠥᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠥᠬᠡᠶ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠥᠬᠦ ᠬᠤᠰᠢᠭᠤ ᠪᠠᠷ  ᠢᠶᠠᠨ ᠰᠢᠨ᠎ᠡ ᠶᠢ ᠡᠭᠦᠳᠬᠦ᠂ ᠵᠣᠷᠢᠭᠲᠠᠶ ᠪᠠᠷ ᠤᠷᠤᠭᠰᠢᠯᠠᠵᠤ᠂ ᠠᠵᠢᠯ ᠬᠢᠵᠦ ᠦᠶᠯᠡᠰ ᠴᠣᠭᠴᠠᠯᠠᠬᠤ ᠶᠢ ᠬᠥᠲᠥᠯᠦᠨ ᠵᠢᠯᠣᠭᠤᠳᠴᠤ᠂ ᠴᠢᠨᠠᠷ ᠰᠠᠶᠢᠲᠠᠶ ᠬᠦᠭᠵᠢᠯᠲᠠ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠦᠨᠡᠨᠬᠦ ᠨᠢᠭᠲᠠᠷᠠᠭᠤᠯᠤᠨ᠎ᠠ᠃      2020 ᠣᠨ ᠳᠤ ᠳᠣᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠭᠡ︶ ᠠᠵᠤ ᠠᠬᠤᠶ ᠶᠢᠨ ᠠᠵᠢᠯᠯᠠᠭᠠᠨ ᠢ ᠦᠷᠭᠦᠯᠵᠢᠯᠡᠨ ᠲᠣᠭᠲᠠᠭᠤᠨ ᠪᠠᠶᠢᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠠᠭᠤᠷᠢ ᠬᠦᠴᠦᠨ ᠢ ᠪᠠᠬᠢᠵᠢᠭᠦᠯᠦᠨ᠎ᠡ᠃ ᠬᠢᠵᠢᠭ ᠤᠨ ᠪᠠᠶᠢᠳᠠᠯ ᠤᠨ ᠠᠵᠤ ᠠᠬᠤᠶ ᠳᠤ ᠤᠴᠠᠷᠠᠭᠤᠯᠤᠭᠰᠠᠨ ᠲᠠᠭᠠᠷᠢᠯᠳᠠ ᠶᠢ ᠢᠳᠡᠪᠬᠢᠲᠡᠶ ᠵᠤᠬᠢᠴᠠᠭᠤᠯᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ︽ᠠᠷᠭ᠎ᠠ︾ ᠶᠢ ᠣᠨᠣᠪᠴᠢᠲᠠᠶ ᠪᠠᠷ ᠭᠡᠷᠡᠭᠵᠢᠬᠦᠯᠵᠤ᠂ ᠭᠤᠤᠯ ᠪᠣᠯᠬᠤ ᠠᠵᠤ ᠠᠬᠤᠶ ᠶᠢᠨ ᠭᠦᠶᠴᠡᠳᠬᠡᠬᠦ ᠲᠤᠭ᠎ᠠ ᠨᠤᠷᠮ᠎ᠠ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠵᠤ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃      ᠠᠵᠤ ᠠᠬᠤᠶᠢᠯᠠᠯ ᠤᠨ ᠠᠵᠢᠯ ᠰᠡᠷᠭᠦᠭᠡᠬᠦ ᠦᠢᠯᠡᠳᠪᠦᠷᠢᠯᠡᠯ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠬᠤ ᠶᠢᠨ ᠬᠠᠮᠲᠤ ᠠᠵᠢᠯ ᠰᠡᠷᠭᠦᠭᠡᠬᠦ ᠦᠶᠯᠡᠳᠪᠦᠷᠢᠯᠡᠯ ᠰᠡᠷᠭᠦᠭᠡᠬᠦ ᠲᠤᠬᠠᠶ ᠵᠢᠯᠣᠭᠤᠳᠬᠤ ᠰᠠᠨᠠᠯ ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠠᠲᠠᠨ᠎ᠠ ᠠᠴᠠ ᠤᠷᠤᠵᠤ ᠢᠷᠡᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠤᠷᠢᠲᠠᠯ ᠳᠣᠤᠷ᠎ᠠ᠂ ᠬᠦᠴᠦᠨ ᠵᠦᠶᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠠᠵᠢᠯ ᠰᠡᠷᠭᠦᠭᠡᠬᠦ ᠦᠶᠯᠡᠳᠪᠦᠷᠢᠯᠡᠯ ᠰᠡᠷᠭᠦᠭᠡᠬᠦ᠂ ᠬᠤᠳᠠᠯᠳᠤᠭ᠎ᠠ ᠰᠡᠷᠭᠦᠭᠡᠵᠦ ᠵᠠᠬ᠎ᠠ ᠳᠡᠯᠭᠡᠭᠦᠷ ᠢ ᠰᠡᠷᠭᠦᠭᠡᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠪᠠᠯᠠ ᠮᠥᠩᠭᠦ᠂ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠪᠠ ᠦᠶᠯᠡᠳᠬᠦᠨ  ᠤ ᠪᠣᠷᠣᠯᠠᠭᠤᠯᠭ᠎ᠠ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠢᠶᠳᠪᠦᠷᠢᠯᠡᠵᠦ᠂ ᠰᠡᠷᠭᠦᠭᠡᠬᠦ ᠴᠢᠬᠤᠯᠠᠲᠠᠢ ᠪᠦᠬᠦᠨ ᠢ ᠰᠡᠷᠭᠦᠭᠡᠬᠦ ᠭᠡᠷᠡᠭᠲᠠᠢ᠃ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠪᠣᠯᠤᠨ ᠴᠢᠬᠤᠯᠠ ᠬᠤᠯᠢᠰᠢᠨ ᠢᠳᠡᠭᠡᠨ ᠤ ᠭᠠᠷᠤᠯᠲᠠ ᠶᠢ ᠲᠣᠭᠳᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠰᠠᠶᠢᠲᠤᠷ ᠠᠳᠬᠤᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠭᠡᠬᠦᠷ ᠤᠨ ᠡᠵᠡᠩᠨᠡᠯᠲᠡ ᠶᠢ ᠪᠦᠬᠦ ᠲᠠᠯ᠎ᠠ ᠪᠠᠷ ᠰᠡᠷᠭᠦᠭᠡᠨ᠎ᠡ᠃ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠡᠪᠤᠷᠢᠵᠢᠭᠤᠯᠬᠤ ᠵᠡᠷᠭᠡ ᠡᠯ᠎ᠡ ᠵᠦᠶᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠴᠠᠬᠢᠯᠭᠠᠨ ᠬᠦᠴᠦᠨ ᠤ ᠶᠡᠷᠦᠩᠬᠡᠶᠢᠯᠡᠭᠰᠡᠨ ᠳᠡᠮᠵᠢᠯᠭᠡ ᠶᠢ ᠣᠯᠵᠤ᠂ ᠠᠵᠤ ᠦᠶᠯᠡᠳᠪᠤᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠠᠵᠤ ᠠᠬᠤᠶᠢᠯᠠᠯ ᠢ ᠦᠨᠡᠨᠬᠦ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠠ ᠶᠢ ᠳᠠᠮᠵᠢᠵᠤ᠂ ᠳᠤᠮᠳᠠ ᠵᠢᠵᠢᠭ ᠠᠵᠤ ᠠᠬᠤᠶᠢᠯᠡᠯ ᠤᠨ ᠠᠭᠤᠰᠤᠯᠴᠠᠨ ᠬᠥᠭᠵᠢᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠵᠥᠪᠰᠢᠶᠡᠷᠡᠯ ᠤᠯᠭᠤᠬᠤ᠂ ᠥᠪᠡᠷ ᠤᠨ ᠥᠷᠲᠡᠭ᠂ ᠭᠠᠶᠢᠯᠢ ᠰᠦᠢᠳᠬᠡᠯ᠂ ᠪᠡᠯᠡ ᠬᠤᠷᠠᠮᠳᠤᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠥᠭᠵᠢᠯᠲᠡ ᠶᠢᠨ ᠳᠠᠯᠳᠠ ᠬᠦᠴᠦᠨ ᠲᠠᠢ ᠳᠤᠮᠳᠠ ᠵᠢᠵᠢᠭ ᠠᠵᠤ ᠠᠬᠤᠶᠢᠯᠠᠯ ᠢ ᠠᠮᠢᠳᠤᠯᠢᠭ ᠪᠣᠯᠭᠠᠨ᠎ᠠ᠃      ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ︽ᠲᠥᠷᠥᠯ ᠵᠦᠶᠯ ᠢ ᠲᠦᠯᠬᠢᠨ ᠠᠬᠢᠭᠤᠯᠬᠤ ᠣᠨ︾ ᠤ ᠠᠵᠢᠯᠯᠠᠭ᠎ᠠ ᠶᠢ ᠬᠡᠷᠡᠭᠵᠢᠭᠦᠯᠵᠦ᠂ ᠲᠥᠷᠥᠯ ᠵᠦᠶᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ︽ᠨᠢᠭᠡ ᠪᠦᠯᠦᠭ ᠲᠦᠷᠤᠯ ᠵᠤᠶᠢᠯ ᠢ ᠨᠥᠭᠡᠴᠡᠯᠡᠵᠦ᠂ ᠨᠢᠭᠡ ᠪᠦᠯᠦᠭ ᠲᠦᠷᠤᠯ ᠵᠤᠶᠢᠯ ᠢ ᠡᠬᠢᠨ ᠤ ᠬᠤᠭᠤᠴᠠᠭᠠᠨ ᠳᠤ ᠰᠢᠪᠲᠤᠯᠵᠤ᠂ ᠨᠢᠭᠡ ᠪᠦᠯᠦᠭ ᠲᠦᠷᠤᠯ ᠵᠤᠶᠢᠯ ᠢ ᠪᠦᠲᠦᠭᠡᠨ ᠪᠠᠶᠢᠭᠤᠯᠤᠨ ᠭᠡᠷᠡᠭᠵᠢᠭᠦᠯᠵᠤ᠂ ᠨᠢᠭᠡ ᠪᠦᠯᠦᠭ ᠲᠥᠷᠥᠯ ᠵᠦᠶᠯ ᠢ ᠪᠦᠲᠦᠭᠡᠨ ᠪᠠᠶᠢᠭᠤᠯᠤᠨ ᠠᠰᠢᠭᠯᠠᠯᠲᠠ ᠳᠤ ᠣᠷᠣᠭᠤᠯᠬᠤ︾ ᠢ ᠲᠦᠯᠬᠢᠨ ᠠᠬᠢᠭᠤᠯᠬᠤ ᠪᠠᠶᠢᠷᠢᠰᠢᠯ ᠢ ᠪᠣᠶ ᠪᠣᠯᠭᠠᠵᠤ᠂ ᠲᠥᠷᠥᠯ ᠵᠦᠶᠯ ᠤᠨ ᠠᠵᠢᠯ ᠡᠬᠢᠯᠡᠭᠦᠯᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠠᠷᠭ᠎ᠠ ᠪᠦᠬᠦᠨ ᠢ ᠰᠦᠪᠡᠭᠴᠢᠯᠡᠨ ᠥᠷᠭᠡᠳᠬᠡᠵᠤ᠂ ᠠᠵᠤ ᠠᠬᠤᠶ ᠶᠢᠨ ᠠᠵᠢᠯᠯᠠᠭᠠᠨ ᠢ ᠲᠣᠭᠲᠠᠭᠤᠨ ᠪᠠᠶᠢᠯᠭᠠᠬᠤ ᠪᠠ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢ ᠶᠢ ᠪᠠᠬᠢᠵᠢᠭᠦᠯᠦᠨ᠎ᠡ᠃ ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ  ᠢ 51 ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠶᠢ 215 ᠳ᠋ᠦᠩᠰᠢᠭᠤᠷ ᠲᠥᠭᠦᠷᠢᠭ ᠲᠤ ᠬᠦᠷᠭᠡᠵᠦ᠂ ᠵᠢᠯ ᠤᠨ ᠳᠣᠲᠣᠷ᠎ᠠ 60 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠬᠤ  ᠶᠢ ᠪᠡᠶᠡᠯᠡᠭᠦᠯᠦᠨ᠎ᠡ᠃ ᠬᠤᠰᠢᠭᠤ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠨ ᠲᠣᠬᠢᠷᠠᠭᠤᠯᠤᠭᠰᠠᠨ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠶᠢᠷᠡᠭᠦᠯᠵᠦ᠂ ᠲᠣᠮᠢᠯᠠᠨ ᠰᠠᠭᠤᠯᠭᠠᠭᠰᠠᠨ ᠭᠤᠤᠯᠳᠠᠯᠭ᠎ᠠ ᠲᠠᠢ ᠠᠵᠤ ᠠᠬᠤᠶᠢᠯᠠᠯ ᠪᠣᠯᠤᠨ ᠭᠤᠤᠯᠳᠠᠯᠭ᠎ᠠ ᠲᠠᠢ ᠲᠥᠷᠥᠯ ᠵᠦᠶᠯ ᠤᠨ ︽ᠲᠤᠰᠬᠠᠶ ᠲᠣᠮᠢᠯᠠᠭᠰᠠᠨ ᠬᠠᠮᠢᠶᠠᠷᠤᠭᠴᠢ︾ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠂ ᠲᠥᠷᠥᠯ ᠵᠦᠶᠯ ᠨᠢᠭᠡᠪᠦᠷᠢ ᠶᠢᠨ ︽ᠨᠢᠭᠡ ᠪᠠᠭ᠂ ᠨᠢᠭᠡ ᠲᠤᠭᠤᠶᠢᠯᠠᠩ᠂ ᠨᠢᠭᠡ ᠲᠥᠰᠦᠯ︾ ᠢ ᠠᠬᠢᠭᠤᠯᠬᠤ ᠲᠣᠭᠲᠠᠴᠠ ᠶᠢ ᠪᠤᠢ ᠪᠣᠯᠭᠠᠵᠤ᠂ ᠲᠥᠷᠥᠯ ᠵᠦᠶᠯ ᠢ ᠠᠬᠢᠭᠤᠯᠤᠨ ᠲᠣᠬᠢᠷᠠᠭᠤᠯᠬᠤ  ᠶᠢ ᠴᠢᠩᠭᠠᠳᠬᠠᠨ᠂ ᠲᠦᠷᠦᠯ ᠵᠦᠶᠯ ᠢ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠭᠠᠷᠳᠠᠮ ᠢ ᠭᠦᠶᠴᠡᠳᠬᠡᠬᠦ᠂ ᠠᠵᠢᠯ ᠡᠬᠢᠯᠡᠭᠦᠯᠦᠨ ᠪᠠᠷᠢᠯᠭ᠎ᠠ ᠳᠠᠭᠤᠰᠬᠠᠬᠤ᠂ ᠠᠰᠢᠭᠯᠠᠯᠲᠠ ᠳᠤ ᠣᠷᠣᠭᠤᠯᠤᠨ ᠦᠶᠯᠡᠳᠪᠦᠷᠢᠯᠡᠬᠦ ᠳᠤ ᠬᠦᠷᠦᠭᠦᠯᠬᠦ ᠵᠡᠷᠭᠡ ᠵᠠᠩᠭᠢᠯᠠᠭ᠎ᠠ ᠶᠢᠨ ᠭᠤᠭᠴᠣᠭᠠᠨ ᠤ ᠲᠣᠭᠤᠷᠢᠨ ᠳᠤ᠂ ᠪᠦᠬᠦ ᠲᠠᠯ᠎ᠠ ᠶᠢᠨ ᠦᠶᠯᠡᠴᠢᠯᠡᠭᠡᠨ ᠢ ᠰᠠᠶᠢᠲᠤᠷ ᠬᠢᠵᠦ᠂ ᠦᠷᠭᠦᠯᠵᠢᠯᠡᠨ ᠪᠠᠶᠢᠭᠤᠯᠬᠤ ᠲᠥᠷᠥᠯ ᠵᠦᠶᠯ ᠢ 4 ᠳ᠋ᠦ᠋ᠭᠡᠷ ᠰᠠᠷ᠎ᠠ ᠶᠢᠨ ᠰᠡᠭᠦᠯᠴᠢ ᠳᠤ ᠪᠦᠬᠦᠨ ᠢ ᠠᠵᠢᠯ ᠰᠡᠷᠭᠦᠭᠡᠬᠦ  ᠪᠠᠷ ᠴᠢᠷᠮᠠᠶᠢᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠶᠯ ᠢ 6 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠠᠵᠢᠯ ᠡᠬᠢᠯᠡᠭᠦᠯᠦᠨ᠎ᠡ᠃         ᠤᠨᠤᠪᠴᠢᠲᠠᠢ ᠪᠠᠷ ᠬᠤᠳᠠᠯᠳᠤᠭᠠᠴᠢᠨ ᠤᠷᠢᠬᠤ ᠡᠷᠴᠢᠮ ᠢ ᠬᠦᠴᠦᠯᠡᠨ ᠴᠢᠩᠭᠠᠳᠬᠠᠨ᠎ᠠ᠃ ᠠᠷᠠᠯᠵᠢᠶᠠᠴᠢᠨ ᠤᠷᠢᠵᠤ ᠪᠠᠯᠠ ᠤᠷᠤᠭᠤᠯᠬᠤ ︽ᠬᠤᠲᠠ ᠶᠢᠨ ᠳᠠᠷᠤᠭ᠎ᠠ ᠬᠤᠰᠢᠭᠤ ᠰᠢᠶᠠᠨ ᠤ ᠳᠠᠷᠤᠭ᠎ᠠ︾ ᠶᠢᠨ ᠢᠨᠵᠧᠨᠧᠷᠢᠩ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠾᠧᠪᠸᠢ ᠵᠡᠷᠭᠡ ᠬᠥᠭᠵᠢᠭᠰᠡᠨ ᠭᠠᠵᠠᠷ ᠣᠷᠣᠨ ᠢ ᠠᠩᠬᠠᠷᠴᠤ᠂ ᠨᠡᠷᠡᠲᠤ ᠲᠣᠮᠣ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠠᠨᠳᠤᠰᠢ ᠶᠢ ᠠᠩᠬᠠᠷᠴᠤ᠂ ᠬᠤᠳᠠᠯᠳᠤᠭᠠᠴᠢᠨ ᠤᠷᠢᠬᠤ ︽ᠵᠠᠮ ᠱᠤᠭᠤᠮ ᠤᠨ ᠵᠢᠷᠤᠭ︾ ᠢ ᠲᠡᠭᠦᠯᠳᠡᠷᠵᠢᠭᠦᠯᠵᠦ᠂ ᠨᠢᠭᠡ ᠪᠦᠯᠦᠭ ᠠᠵᠤ ᠦᠶᠯᠡᠰ ᠤᠨ ᠬᠡᠯᠬᠢᠶ᠎ᠡ ᠶᠢ ᠵᠠᠯᠭᠠᠭᠤᠯᠬᠤ ᠴᠢᠬᠤᠯᠠ ᠶᠡᠭᠡ ᠲᠥᠷᠥᠯ ᠵᠦᠶᠯ ᠢ ᠣᠷᠣᠭᠤᠯᠵᠤ ᠠᠪᠴᠢᠷᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠥᠷᠥᠯ ᠵᠦᠶᠯ ᠤᠨ ᠬᠥᠮᠥᠷᠭᠡ᠂ ᠵᠠᠰᠠᠭ ᠤᠨ ᠤᠷᠲᠤᠨ ᠤ ᠪᠠᠯᠠ ᠣᠷᠣᠭᠤᠯᠤᠯᠲᠠ ᠪᠠ ᠵᠢᠭᠡᠯᠡᠯᠭᠡ ᠶᠢᠨ ᠲᠡᠮᠳᠡᠭᠲᠦ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠬᠥᠮᠥᠷᠭᠡ᠂ ᠴᠢᠬᠤᠯᠠ ᠶᠡᠭᠡ ᠲᠥᠷᠥᠯ ᠵᠦᠶᠯ ᠤᠨ ᠨᠥᠭᠡᠴᠡ ᠬᠥᠮᠥᠷᠭᠡ ᠶᠢ ᠨᠠᠶᠢᠷᠠᠭᠤᠯᠤᠨ ᠵᠣᠬᠢᠶᠠᠵᠤ᠂ ᠬᠤᠳᠠᠯᠲᠤᠭᠠᠴᠢᠨ ᠤᠷᠢᠬᠤ ᠲᠥᠷᠥᠯ ᠵᠦᠶᠯ ᠬᠢᠭᠡᠳ ᠬᠠᠨᠲᠤᠯᠭᠠᠲᠤ ᠰᠠᠨᠠᠭᠠᠴᠢᠯᠠᠭ᠎ᠠ ᠲᠠᠢ ᠠᠵᠤ ᠠᠬᠤᠶᠢᠯᠠᠯ ᠤᠨ ᠬᠥᠮᠥᠷᠭᠡ ᠶᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠤᠨᠤᠪᠴᠢᠲᠠᠢ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ ᠵᠡᠷᠭᠡ ᠶᠢ ᠢᠳᠡᠪᠬᠢᠲᠡᠢ ᠥᠷᠨᠢᠭᠦᠯᠵᠦ᠂ ᠪᠦᠬᠦ ᠵᠢᠯ ᠳᠤ 10 ᠠᠴᠠ ᠳᠡᠭᠡᠭᠰᠢ ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠵᠥᠪᠯᠡᠯᠴᠡᠭᠡᠷ ᠤᠨ ᠪᠡᠯᠡ ᠤᠷᠤᠭᠤᠯᠤᠯᠲᠠ ᠶᠢᠨ ᠲᠤᠭ᠎ᠠ 200 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠵᠤ᠂ 2-3 ︽ᠤᠯᠤᠰ ᠤᠨ ᠲᠠᠰ ᠤᠨ ᠲᠡᠮᠲᠡᠭᠲᠤ︾ ᠠᠵᠤ ᠠᠬᠤᠶᠢᠯᠠᠯ ᠢ ᠤᠷᠢᠨ ᠣᠷᠣᠭᠤᠯᠬᠤ ᠪᠠᠷ ᠴᠢᠷᠮᠠᠶᠢᠨ᠎ᠠ᠃      ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ ᠪᠠᠷᠠᠭᠤᠨ ᠠᠵᠤ ᠦᠶᠯᠡᠳᠪᠦᠷᠢ ᠶᠢᠨ ᠲᠣᠭᠤᠷᠢᠭ ᠤᠨ ᠲᠣᠬᠢᠷᠠᠭᠤᠯᠤᠭᠰᠠᠨ ᠤ ᠲᠠᠷᠠᠭᠠᠬᠢ ᠶᠡᠷᠦᠩᠬᠡᠶ ᠲᠥᠯᠥᠪᠵᠢᠭᠦᠯᠭᠡ᠂ ᠠᠵᠤ ᠦᠢᠯᠡᠰ  ᠤᠨ ᠲᠥᠯᠥᠪᠵᠢᠭᠦᠯᠭᠡ ᠶᠢ ᠪᠡᠶᠡᠯᠡᠭᠦᠯᠵᠦ᠂ ᠣᠷᠴᠢᠨ ᠲᠣᠭᠤᠷᠢᠨ ᠤ ᠦᠨᠡᠯᠡᠯᠲᠡ ᠶᠢ ᠬᠢᠨᠠᠨ ᠲᠣᠭᠲᠠᠭᠠᠬᠤ᠂ ᠬᠢᠨᠠᠨ ᠵᠥᠪᠰᠢᠶᠡᠷᠡᠬᠦ ᠵᠡᠷᠭᠡ ᠠᠵᠢᠯ ᠢ ᠲᠥᠯᠥᠪᠵᠢᠭᠦᠯᠵᠤ᠂ ᠤᠰᠤᠨ ᠤ ᠡᠬᠢ ᠪᠠᠶᠠᠯᠢᠭ ᠤᠨ ᠨᠤᠲᠠᠯᠠᠯᠲᠠ᠂ ᠭᠠᠵᠠᠷ ᠰᠢᠷᠣᠶ  ᠶᠢᠨ ᠬᠠᠶᠢᠨ ᠪᠠᠶᠢᠴᠠᠭᠠᠯᠲᠠ ᠶᠢᠨ ᠵᠠᠭᠠᠭ ᠲᠣᠭᠲᠠᠭᠠᠬᠤ ᠵᠡᠷᠭᠡ ᠣᠷᠣᠨ ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃ ᠠᠵᠤ ᠠᠬᠤᠶᠢᠯᠠᠯ ᠤᠨ ᠦᠶᠯᠡᠳᠪᠦᠷᠢᠯᠡᠯ ᠤᠨ ᠤᠷ᠎ᠠ ᠮᠡᠷᠭᠡᠰᠢᠯ ᠢ ᠥᠭᠡᠷᠡᠴᠢᠯᠡᠨ ᠳᠡᠰ ᠳᠡᠪᠰᠢᠭᠦᠯᠬᠦ ᠶᠢ ᠳᠠᠮᠵᠢᠵᠤ᠂ ᠪᠠᠷᠠᠭᠤᠨ ᠺᠤᠮᠫᠠᠨᠢ ᠶᠢᠨ ᠠᠭᠤᠷᠬᠠᠢ ᠶᠢᠨ ᠲᠤᠭᠤᠷᠢᠭ ᠤᠨ ᠬᠦᠳᠡᠷ ᠰᠤᠩᠭᠤᠬᠤ ᠠᠴᠠ ᠡᠮᠦᠨᠡᠬᠢ ᠥᠨᠳᠥᠷ ᠳᠠᠷᠤᠯᠲᠠᠲᠤ ᠲᠡᠭᠡᠷᠮ᠎ᠡ᠂ ᠪᠠᠷᠠᠭᠤᠨ ᠺᠣᠮᠫᠠᠨᠢ ᠶᠢᠨ ᠠᠭᠤᠷᠬᠠᠢ ᠮᠠᠯᠲᠠᠬᠤ ᠲᠠᠯᠠᠪᠠᠢ ᠶᠢᠨ ᠭᠤᠮ ᠪᠦᠰᠡ ᠪᠠᠷ ᠲᠡᠭᠡᠭᠡᠪᠦᠷᠢᠯᠡᠬᠦ ᠰᠢᠰᠲ᠋ᠧᠮ ᠵᠡᠷᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ  ᠶᠢ ᠠᠬᠢᠭᠤᠯᠤᠨ᠎ᠠ᠃ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠬᠡᠯᠬᠢᠶ᠎ᠡ ᠶᠢ ᠵᠠᠯᠭᠠᠭᠤᠯᠬᠤ ᠶᠢ ᠲᠦᠷᠭᠡᠳᠬᠡᠵᠦ᠂ 20 ᠲᠦᠮᠡᠨ ᠲᠣᠨ ᠹᠯᠣᠷᠲᠤ ᠬᠥᠩᠭᠡᠨ ᠴᠠᠭᠠᠨ᠂ ᠪᠠᠷᠠᠭᠤᠨ ᠺᠣᠮᠫᠠᠨᠢ ᠶᠢᠨ ᠬᠠᠶᠠᠭᠳᠠᠮᠠᠯ ᠬᠦᠳᠡᠷ ᠢ ᠲᠠᠬᠢᠨ ᠠᠰᠢᠭᠯᠠᠬᠤ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠲᠤᠰᠬᠠᠶ ᠵᠦᠶᠯ  ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠴᠢᠷᠮᠠᠶᠢᠨ ᠣᠯᠵᠤ᠂ ᠲᠣᠭᠤᠷᠢᠭ ᠤᠨ ᠰᠠᠭᠤᠷᠢ ᠪᠡᠯᠡᠳᠬᠡᠮᠵᠢ  ᠶᠢ ᠰᠠᠶᠢᠵᠢᠷᠠᠭᠤᠯᠵᠤ᠂ ᠰᠢᠨ᠎ᠡ ᠮᠠᠶ᠋ᠢᠭ ᠤᠨ ᠠᠵᠤ ᠤᠶᠢᠯᠡᠳᠪᠤᠷᠢ ᠶᠢᠨ ᠲᠤᠭᠤᠷᠢᠭ ᠤᠨ ᠬᠠᠮᠲᠤ ᠶᠢᠨ ᠬᠠᠶᠠᠭᠲᠠᠮᠠᠯ ᠪᠤᠲᠠᠰ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ︽ᠪᠤᠭᠤᠲᠤ ᠬᠤᠲᠠ ᠶᠢᠨ ︿ᠭᠠᠵᠠᠷ ᠤᠷᠤᠨ ᠠᠯᠤᠰᠯᠠᠭᠰᠠᠨ ᠠᠵᠤ ᠠᠬᠤᠶ﹀ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠲᠤᠬᠠᠶ ᠠᠷᠭ᠎ᠠ ᠬᠡᠮᠵᠢᠶ᠎ᠡ︾ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠠ ᠭᠠᠵᠠᠷ ᠣᠷᠣᠨ ᠤ ᠠᠭᠤᠰᠤᠯᠴᠠᠨ ᠬᠦᠭᠵᠢᠬᠦ ᠶᠢ ᠪᠠᠷᠢᠮᠲᠠᠯᠠᠨ᠂ ᠪᠤᠰᠤᠳ ᠭᠠᠵᠠᠷ ᠣᠷᠣᠨ ᠤ ᠠᠵᠤ ᠦᠶᠯᠡᠳᠪᠦᠷᠢ ᠶᠢᠨ ᠲᠣᠭᠤᠷᠢᠭ ᠲᠠᠢ ᠬᠠᠮᠲᠤ ᠪᠠᠷ ᠪᠠᠶᠢᠭᠤᠯᠵᠤ᠂ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠢᠳᠡᠪᠬᠢᠲᠡᠢ ᠰᠦᠪᠡᠭᠴᠢᠯᠡᠨ᠂ ︽ᠭᠠᠵᠠᠷ ᠤᠷᠤᠨ ᠠᠯᠤᠰᠯᠠᠭᠰᠠᠨ ᠠᠵᠤ ᠠᠬᠤᠶ︾ ᠶᠢ ᠬᠦᠴᠦᠷᠭᠡᠭᠵᠢᠬᠦᠯᠤᠨ᠎ᠠ᠃      ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠪᠤᠭᠤᠲᠤ ᠬᠤᠲᠠ ᠶᠢᠨ ᠥᠷᠢ ᠥᠭᠴᠡᠭᠡ ᠶᠢᠨ ᠬᠠᠮᠢᠶᠠᠷᠤᠯᠲᠠ  ᠶᠢᠨ ᠠᠮᠵᠢᠯᠲᠠ ᠪᠦᠲᠦᠮᠵᠢ ᠶᠢ ᠦᠨᠡᠯᠡᠬᠦ ᠠᠷᠭ᠎ᠠ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠮᠦᠨ᠎ᠡ ᠡᠭᠦᠳᠡ ᠶᠢ ᠨᠡᠭᠡᠭᠡᠬᠦ ᠪᠠ ᠠᠷᠤ ᠡᠭᠦᠳᠡ ᠶᠢ ᠬᠠᠭᠠᠬᠤ ᠶᠢ ᠤᠶᠠᠯᠲᠤᠭᠤᠯᠬᠤ ᠶᠢ ᠪᠠᠷᠢᠮᠲᠠᠯᠠᠨ᠂ ᠮᠥᠩᠭᠦᠨ ᠭᠦᠶᠯᠭᠡᠭᠡᠨ ᠳᠤ ᠣᠷᠣᠯᠴᠠᠬᠤ᠂ ᠲᠠᠪᠴᠠᠩ ᠤᠨ ᠬᠡᠯᠪᠡᠷᠢ ᠪᠠᠨ ᠬᠤᠪᠢᠷᠠᠭᠤᠯᠬᠤ᠂ ᠡᠳ᠋ ᠬᠥᠷᠥᠩᠭᠡ ᠶᠢ ᠰᠢᠶᠳᠪᠦᠷᠢᠯᠡᠬᠦ᠂ ᠦᠨ᠎ᠡ ᠬᠠᠩᠰᠢ ᠶᠢ ᠬᠢᠨᠠᠨ ᠬᠠᠷᠭᠤᠭᠤᠯᠵᠤ ᠬᠠᠰᠤᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠷᠢᠯᠭᠠᠵᠤ᠂ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠦᠷᠢ ᠶᠢ ᠪᠦᠬᠦᠨ ᠢ ᠲᠥᠯᠥᠵᠦ ᠳᠠᠭᠤᠰᠬᠠᠬᠤ ᠶᠢ ᠦᠨᠡᠨᠬᠦ ᠪᠠᠲᠤᠯᠠᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢᠨ ᠪᠠᠶᠢᠴᠠᠭᠠᠯᠲᠠ ᠶᠢᠨ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠳ᠋ ᠤᠨ ᠶᠠᠪᠤᠳᠠᠯ ᠤᠨ ᠠᠯᠳᠠᠰᠢ ᠭᠠᠷᠬᠤ ᠶᠢ ᠪᠦᠲᠦᠮᠵᠢᠲᠡᠢ ᠬᠤᠷᠢᠭᠯᠠᠨ᠎ᠠ᠃ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠰᠢᠶᠳᠪᠦᠷᠢᠯᠡᠬᠦ ᠡᠷᠴᠢᠮ ᠢ ᠴᠢᠩᠭᠠᠳᠬᠠᠵᠤ᠂ ᠰᠦᠯᠵᠢᠶᠡᠨ ᠤ ᠵᠢᠭᠡᠯᠡᠯᠭᠡ᠂ ᠮᠠᠯᠴᠢᠨ ᠲᠠᠷᠢᠶᠠᠴᠢᠨ ᠤ ᠵᠢᠭᠡᠯᠡᠯᠭᠡ ᠵᠡᠷᠭᠡ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠲᠥᠷᠥᠯ ᠤᠨ ᠬᠠᠤᠯᠢ ᠪᠤᠰᠤ ᠮᠥᠩᠭᠦᠨ ᠭᠦᠶᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠢᠵᠢᠭ ᠤᠨ ᠪᠠᠶᠢᠳᠠᠯ ᠢ ᠨᠠᠮᠳᠠᠭᠤᠯᠬᠤ  ᠳᠤ ᠦᠵᠡᠭᠦᠯᠬᠦ ᠲᠥᠪ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠨᠡᠮᠡᠭᠳᠡᠭᠦᠯᠬᠦ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠣᠷᠣᠨ ᠨᠤᠲᠤᠭ ᠤᠨ ᠵᠢᠭᠡᠯᠡᠯᠭᠡ  ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠲᠠ ᠪᠠ ᠬᠥᠭᠵᠢᠯᠲᠡ ᠶᠢᠨ ᠣᠷᠣᠭᠤᠯᠤᠯᠲᠠ ᠬᠦᠷᠦᠯᠴᠡᠬᠦ ᠦᠭᠡᠢ ᠪᠠᠶᠢᠲᠠᠯ ᠢ ᠪᠦᠲᠦᠮᠵᠢᠲᠡᠶ ᠲᠤᠭᠲᠠᠪᠤᠷᠢᠵᠢᠭᠤᠯᠵᠤ᠂ ᠠᠵᠤ ᠠᠬᠤᠶ ᠪᠠ ᠮᠥᠩᠭᠦᠨ ᠭᠦᠶᠯᠭᠡᠭᠡᠨ ᠤ ᠬᠦᠷᠢᠶᠡᠨ ᠳᠠᠬᠢ ᠡᠯ᠎ᠡ ᠲᠦᠷᠦᠯ ᠤᠨ ᠲᠠᠯᠲᠠ ᠠᠶᠤᠯ ᠢ ᠰᠡᠷᠭᠡᠶᠢᠯᠡᠨ᠎ᠡ᠃      ︵ᠬᠤᠶᠠᠷ︶ ᠠᠵᠤ ᠦᠶᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠵᠤ ᠦᠶᠯᠡᠰ ᠤᠨ ᠰᠢᠰᠲ᠋ᠧᠮ ᠢ ᠪᠠᠶᠢᠭᠤᠯᠤᠨ᠎ᠠ᠃ ᠠᠵᠤ ᠦᠢᠯᠡᠰ ᠤᠨ ᠬᠠᠳᠠᠭᠠᠯᠠᠭᠳᠠᠴᠠ ᠶᠢ ᠳᠡᠭᠡᠭᠰᠢᠯᠡᠭᠦᠯᠬᠦ᠂ ᠨᠡᠮᠡᠭᠳᠡᠯ ᠢ ᠰᠢᠯᠢᠳᠡᠭᠵᠢᠭᠦᠯᠬᠦ᠂ ᠳᠠᠪᠠᠭᠤᠯᠢᠭ ᠢ ᠳᠠᠬᠢᠨ ᠡᠬᠦᠳᠬᠦ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠰᠠᠭᠤᠷᠢ ᠴᠢᠳᠠᠪᠤᠷᠢ ᠪᠠ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶᠡᠵᠢᠯ ᠪᠠ ᠠᠵᠤ ᠦᠢᠯᠡᠰ ᠤᠨ ᠪᠦᠯᠦᠭᠯᠡᠯ ᠢ ᠬᠦᠴᠦᠯᠡᠨ ᠪᠠᠶᠢᠭᠤᠯᠤᠨ᠎ᠠ᠃ᠠᠵᠤ ᠦᠶᠯᠡᠳᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠤᠨ᠎ᠠ᠃ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠲᠣᠨᠣᠭᠯᠠᠯ ᠪᠠ ᠰᠢᠨ᠎ᠡ ᠵᠠᠭᠪᠤᠷ ᠢ ᠶᠡᠷᠦᠩᠬᠡᠶᠢᠯᠡᠨ ᠬᠡᠷᠡᠭᠯᠡᠵᠦ᠂ ᠤᠯᠠᠮᠵᠢᠯᠠᠯᠲᠤ ᠠᠵᠤ ᠦᠶᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠴᠢᠩᠭᠠᠳᠬᠠᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠪᠠ ᠠᠵᠤ ᠦᠶᠯᠡᠰ ᠤᠨ ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ ᠬᠤᠪᠣᠷ ᠰᠢᠷᠣᠶ᠂ ᠪᠣᠯᠣᠳ ᠲᠡᠮᠦᠷ ᠵᠡᠷᠭᠡ ᠤᠯᠠᠮᠵᠢᠯᠠᠯᠲᠤ ᠠᠵᠤ ᠦᠶᠯᠡᠳᠪᠦᠷᠢ ᠶᠢᠨ ︽ᠬᠤᠶᠠᠳᠠᠬᠢ ᠤᠲᠠᠭᠠᠨ ᠤ ᠤᠶᠢᠯᠡᠰ ᠪᠤᠰᠬᠠᠬᠤ︾ ᠶᠢ ᠢᠲᠡᠪᠬᠢᠲᠠᠢ ᠠᠬᠢᠭᠤᠯᠵᠤ ᠰᠢᠷᠣᠶ ᠶᠢᠨ ᠱᠡᠤ ᠦᠭᠡᠶᠢᠳᠡᠭᠦᠯᠬᠦ ᠲᠦᠷᠭᠡᠳᠭᠡᠬᠦ ᠡᠳ᠋᠂ ᠰᠠᠨ ᠾᠧ ᠮᠢᠩ ᠤᠨ ᠪᠠᠷᠠᠭᠤᠨ ᠬᠡᠰᠡᠭ ᠤᠨ ᠤᠨᠴᠠᠭᠠᠢ ᠣᠷᠣᠨ ᠢ ᠨᠡᠭᠡᠭᠡᠨ ᠠᠰᠢᠭᠯᠠᠬᠤ ᠵᠡᠷᠭᠡ ᠲᠥᠷᠥᠯ ᠵᠦᠶᠯ ᠢ ᠬᠡᠷᠡᠭᠵᠢᠭᠦᠯᠵᠦ᠂ ᠦᠶᠯᠡᠳᠬᠦᠨ ᠤ ᠨᠡᠮᠡᠯᠲᠡ ᠥᠷᠲᠡᠭ ᠪᠣᠯᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠠᠵᠤ ᠦᠶᠯᠡᠳᠪᠦᠷᠢ ᠶᠢᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠡᠨᠧᠷᠭᠢ ᠠᠷᠪᠢᠯᠡᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠶᠯᠡᠰ ᠢ ᠳᠡᠮᠵᠢᠨ ᠬᠥᠭᠵᠢᠭᠦᠯᠵᠦ᠂ ᠵᠢᠯ ᠪᠦᠷᠢ 100 ᠲᠦᠮᠡᠨ ᠲᠣᠨ ᠤ ᠬᠠᠶᠠᠭᠳᠠᠮᠠᠯ ᠬᠦᠳᠡᠷ ᠢ ᠲᠠᠬᠢᠨ ᠠᠰᠢᠭᠯᠠᠬᠤ᠂ ᠷᠦᠨ ᠪᠣᠣ ᠲᠠᠢ ᠬᠠᠲᠠᠭᠤ ᠪᠠᠶᠠᠲᠤ ᠬᠠᠶᠠᠭᠳᠠᠮᠠᠯ ᠪᠣᠳᠠᠰ ᠢ ᠠᠰᠢᠭᠯᠨᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠦᠶᠯᠡᠳᠪᠦᠷᠢᠯᠡᠬᠦ ᠲᠥᠷᠥᠯ ᠵᠦᠶᠯ ᠢ ᠠᠵᠢᠯ ᠡᠬᠢᠯᠡᠭᠦᠯᠦᠨ ᠪᠠᠶᠢᠭᠤᠯᠵᠤ᠂ ᠬᠥᠭᠡᠯᠭᠡᠵᠦ ᠪᠣᠯᠬᠤᠶᠢᠴᠠ ᠪᠠᠯ ᠴᠢᠯᠠᠭᠤ ᠵᠢᠴᠢ ᠨᠠᠷᠢᠯᠢᠭ ᠪᠤᠯᠪᠠᠰᠤᠷᠠᠭᠤᠯᠬᠤ ᠲᠥᠷᠥᠯ ᠵᠦᠶᠯ ᠢ ᠬᠡᠷᠡᠭᠵᠢᠭᠦᠯᠦᠨ᠎ᠡ᠃ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠵᠤ᠂ ᠪᠤᠭᠤᠲᠤ ᠬᠤᠲᠠ ᠶᠢᠨ ᠳᠠᠬᠢᠨ ᠠᠰᠢᠭᠯᠠᠵᠤ ᠪᠣᠯᠬᠤ ᠡᠨᠧᠷᠭᠢ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ 160 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠠᠩᠬᠠᠨ ᠤ ᠬᠤᠭᠤᠴᠠᠭᠠᠨ ᠤ ᠠᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 300 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠭᠡᠷᠡᠭᠵᠢᠬᠦᠯᠵᠤ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ ᠠᠴᠠ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠲᠤᠭᠤᠷᠢᠭ ᠲᠤ ᠴᠠᠬᠢᠯᠭᠠᠨ ᠬᠠᠩᠭᠠᠬᠤ ᠲᠤᠰᠬᠠᠢ ᠱᠤᠭᠤᠮ ᠤᠨ ᠲᠥᠷᠥᠯ ᠵᠦᠢᠯ ᠢ ᠲᠦᠯᠬᠢᠨ ᠠᠬᠢᠭᠤᠯᠵᠤ᠂ ᠪᠤᠬᠢᠷᠲᠤᠯ ᠦᠭᠡᠢ ᠡᠨᠧᠷᠭᠢ ᠶᠢᠨ ᠨᠢᠭᠡ ᠴᠤᠭᠴᠠᠵᠢᠯᠲᠠ ᠶᠢ ᠲᠤᠬᠠᠢ ᠶᠢᠨ ᠭᠠᠵᠠᠷ ᠲᠤᠨᠢ ᠰᠢᠩᠭᠡᠭᠡᠨ ᠠᠪᠴᠤ ᠠᠰᠢᠭᠯᠠᠬᠤ ᠶᠢ ᠪᠡᠶᠡᠯᠡᠭᠦᠯᠦᠨ᠎ᠡ᠃      ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠤᠨ᠎ᠠ᠃ ︽ᠦᠨᠲᠤᠷ ᠨᠠᠷᠢᠯᠢᠭ ᠬᠦᠴᠦᠷᠭᠡᠭ ᠣᠨᠴᠠ ᠰᠢᠯᠢᠳᠡᠭ︾ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠦᠭᠵᠢᠭᠦᠯᠵᠦ᠂ ᠭᠠᠵᠠᠷ ᠰᠢᠷᠣᠢ ᠳᠤ ᠬᠤᠪᠢ ᠣᠷᠣᠭᠤᠯᠬᠤ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ᠂ ᠬᠤᠯᠪᠣᠭᠠᠯᠠᠨ ᠲᠠᠷᠢᠬᠤ ᠵᠡᠷᠭᠡ ᠣᠯᠠᠨ ᠲᠥᠷᠥᠯ ᠤᠨ ᠡᠵᠡᠩᠨᠡᠯᠲᠡ ᠶᠢᠨ ᠠᠷᠭ᠎ᠠ ᠮᠠᠶ᠋ᠢᠭ ᠢᠶᠠᠷ ᠳᠠᠮᠵᠢᠨ᠂ ᠲᠠᠷᠢᠶᠠᠯᠠᠩ ᠤᠨ ᠵᠣᠬᠢᠰᠲᠠᠢ ᠬᠡᠪᠴᠢᠶᠡᠵᠢᠭᠰᠡᠨ ᠡᠵᠡᠩᠨᠡᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ 2 ᠪᠠᠷᠢᠮᠵᠢᠶᠠᠵᠢᠭᠰᠠᠨ ᠲᠠᠷᠢᠮᠠᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ᠂ 2 ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠶᠯᠡᠴᠢᠯᠡᠭᠡᠨ ᠤ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠩ ᠤᠨ ᠪᠥᠬᠦ ᠶᠠᠪᠤᠴᠠ ᠶᠢᠨ ᠮᠠᠰᠢᠨ ᠢᠶᠠᠷ ᠠᠵᠢᠯᠯᠠᠬᠤ ᠶᠢ ᠳᠥᠯᠭᠢᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 2.5 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠮᠠᠯ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠤᠨᠴᠢᠷ ᠤᠨ ᠡᠭᠦᠯᠳᠡᠷ ᠪᠣᠶᠢᠵᠢᠭᠤᠯᠬᠤ ᠶᠢ ᠶᠡᠬᠡᠪᠠᠷ ᠠᠬᠢᠭᠤᠯᠵᠤ᠂ 2 ᠲᠦᠮᠡᠨ ᠮᠤ᠋ ᠰᠢᠯᠢᠳᠡᠭ ᠬᠤᠨᠴᠢᠷ ᠲᠠᠷᠢᠨ᠎ᠠ᠃ ᠤᠯᠠᠭᠠᠨ ᠬᠠᠯᠢᠰᠤᠲᠤ ᠪᠤᠭᠤᠳᠠᠢ᠂ ᠨᠣᠶᠢᠯ ᠪᠤᠭᠤᠳᠠᠢ᠂ ᠨᠣᠭᠤᠭᠠᠨ ᠲᠣᠯᠣᠭᠠᠶᠢᠲᠤ ᠰᠠᠷᠢᠮᠰᠠᠭ ᠵᠡᠷᠭᠡ ᠣᠨᠴᠠᠯᠢᠭᠲᠤ ᠲᠠᠷᠢᠮᠡᠯ ᠢ ᠵᠣᠷᠢᠭᠵᠢᠭᠤᠯᠤᠨ ᠬᠥᠭᠵᠢᠭᠦᠯᠵᠦ᠂ ᠲᠥᠮᠥᠰᠥ᠂ ᠡᠷᠳᠡᠨᠢ ᠰᠢᠰᠢ ᠵᠡᠷᠭᠡ ᠠᠮᠤ ᠪᠤᠳᠠᠭ᠎ᠠ ᠲᠠᠷᠢᠬᠤ ᠶᠢ ᠲᠤᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ 10 ᠲᠦᠮᠡᠨ ᠲᠣᠨ ᠠᠴᠠ ᠳᠡᠭᠡᠭᠰᠢ ᠪᠠᠶᠢᠯᠭᠠᠨ᠎ᠠ᠃ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠢᠲᠡᠰᠢᠨ ᠦᠬᠡᠷ ᠬᠤᠨᠢ  ᠶᠢᠨ ᠡᠭᠦᠯᠳᠡᠷ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ 2 ᠰᠠᠭᠤᠷᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠲᠡᠵᠢᠭᠡᠨ ᠦᠷᠡᠵᠢᠭᠦᠯᠬᠦ ᠦᠢᠯᠡᠰ ᠤᠨ ᠬᠡᠪᠴᠢᠶᠡᠵᠢᠭᠰᠡᠨ᠂ ᠲᠥᠬᠦᠭᠡᠷᠦᠮᠵᠢᠭᠰᠡᠨ᠂ ᠦᠢᠯᠡᠳᠪᠦᠷᠢᠵᠢᠭᠰᠡᠨ᠂ ᠠᠮᠢ ᠠᠬᠤᠶᠢᠵᠢᠭᠰᠠᠨ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠭᠠᠭ᠋ᠠᠶ ᠲᠡᠵᠢᠭᠡᠨ ᠦᠷᠡᠵᠢᠭᠦᠯᠬᠦ ᠶᠢ ᠠᠬᠢᠭᠤᠯᠵᠤ᠂ 3 ᠲᠡᠵᠢᠭᠡᠨ ᠦᠷᠡᠵᠢᠭᠦᠯᠬᠦ ᠲᠠᠯᠠᠪᠠᠢ ᠶᠢ ᠥᠭᠡᠷᠡᠴᠢᠯᠡᠨ ᠪᠠᠶᠢᠭᠤᠯᠤᠨ᠎ᠠ᠃ ᠰᠦᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ  ᠶᠢ ᠨᠠᠶᠢᠳᠠᠪᠤᠷᠢᠵᠢᠭᠤᠯᠵᠤ᠂ ᠴᠠᠭᠠᠨ ᠢᠳᠡᠭᠡ ᠪᠤᠯᠪᠠᠰᠤᠷᠠᠭᠤᠯᠬᠤ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠶᠢ ᠳᠠᠮᠵᠢᠨ᠎ᠠ᠃ ᠰᠢᠯᠢᠳᠡᠭ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 4 ᠲᠡᠵᠢᠭᠡᠯ ᠡᠪᠡᠰᠦ ᠪᠣᠯᠪᠠᠰᠤᠷᠠᠭᠤᠯᠬᠤ ᠦᠢᠯᠡᠳᠪᠦᠷᠢ ᠶᠢ ᠥᠭᠡᠷᠡᠴᠢᠯᠡᠨ ᠰᠠᠶᠢᠵᠢᠷᠠᠭᠤᠯᠵᠤ᠂ ᠪᠦᠬᠦ ᠵᠢᠯ ᠳᠤ 2 ᠲᠦᠮᠡᠨ ᠲᠣᠨ ᠠᠴᠠ ᠳᠡᠭᠡᠭᠰᠢ ᠨᠠᠷᠢᠯᠢᠭ ᠲᠡᠵᠢᠭᠡᠯ ᠪᠣᠷᠳᠤᠭ᠎ᠠ ᠶᠢ ᠪᠣᠯᠪᠠᠰᠤᠷᠠᠭᠤᠯᠤᠨ᠎ᠠ᠃ ᠮᠠᠯᠴᠢᠨ ᠲᠠᠷᠢᠶᠠᠴᠢᠳ ᠤᠨ ᠬᠤᠷᠰᠢᠶᠠᠵᠢᠯ ᠤᠨ ᠲᠦᠷᠢᠮᠵᠢᠨ ᠬᠦᠭᠵᠢᠬᠦᠯᠬᠦ ᠠᠵᠢᠯᠯᠠᠭ᠎ᠠ ᠶᠢ ᠥᠷᠨᠢᠭᠦᠯᠵᠤ᠂ ᠵᠢᠯ ᠤᠨ ᠳᠣᠲᠣᠷ᠎ᠠ ᠬᠤᠲᠠ ᠶᠢᠨ ᠲᠠᠰ ᠤᠨ ᠲᠠᠭᠠᠭᠤᠯᠤᠭᠴᠢ ᠠᠵᠤ ᠠᠬᠤᠶᠢᠯᠠᠯ ᠢ 2 ᠠᠴᠠ ᠳᠡᠭᠡᠭᠰᠢ ᠰᠢᠨ᠎ᠡ ᠪᠠᠷ ᠨᠡᠮᠡᠭᠳᠡᠬᠦᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠭᠠᠭᠤᠯᠤᠭᠴᠢ ᠠᠵᠤ ᠠᠬᠤᠶᠢᠯᠠᠯ ᠢ 3  ᠶᠢ ᠪᠤᠢ ᠪᠤᠯᠭᠠᠨ᠎ᠠ᠃ ᠲᠠᠯ᠎ᠠ ᠨᠤᠲᠤᠭ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠪᠠᠶᠢᠭᠤᠯᠤᠯᠲᠠ  ᠶᠢᠨ ᠠᠵᠢᠯᠯᠠᠭ᠎ᠠ ᠶᠢ ᠭᠡᠷᠡᠭᠵᠢᠭᠦᠯᠵᠦ᠂ ᠬᠤᠩᠭᠤᠷᠲᠠᠯ᠎ᠠ᠂ ᠲᠤᠤ ᠮᠠ ᠭᠸᠦ ᠵᠡᠷᠭᠡ ᠠᠵᠤ ᠦᠶᠯᠡᠰ ᠤᠨ ᠬᠦᠭᠵᠢᠬᠦ ᠵᠢᠱᠢᠶ᠎ᠡ ᠦᠵᠡᠭᠦᠯᠬᠦ ᠲᠥᠷᠥᠯ ᠵᠦᠶᠯ ᠢ ᠪᠠᠶᠢᠭᠤᠯᠤᠨ᠎ᠠ᠃ ᠬᠤᠩᠭᠤᠷᠲᠠᠯ᠎ᠠ ᠪᠣᠬᠢᠷᠲᠤᠯ ᠦᠭᠡᠢ ᠢᠳᠡᠭᠡᠨ ᠢ ᠨᠠᠷᠢᠯᠢᠭ ᠪᠤᠯᠪᠠᠰᠤᠷᠠᠭᠤᠯᠬᠤ᠂ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ 10 ᠲᠦᠮᠡᠨ ᠲᠣᠨ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠪᠠᠷᠠᠭ᠎ᠠ  ᠶᠢᠨ ᠭᠦᠢᠯᠭᠡᠭᠡᠨ ᠤ ᠲᠥᠷᠥᠯ ᠵᠦᠢᠯ ᠪᠠ ᠵᠢᠯ ᠳᠤ 100 ᠲᠦᠮᠡᠨ ᠢᠲᠡᠰᠢᠨ ᠬᠤᠨᠢ ᠨᠢᠲᠤᠯᠬᠤ ᠦᠢᠯᠡᠳᠪᠦᠷᠢᠯᠡᠯ  ᠤᠨ ᠱᠤᠭᠤᠮ ᠢ ᠪᠠᠶᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠪᠠᠶᠢᠷᠢᠰᠢᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠵᠦᠶᠯ ᠤᠨ ᠴᠢᠳᠠᠮᠵᠢ ᠶᠢ ᠬᠦᠴᠦᠯᠡᠨ ᠨᠡᠭᠡᠭᠡᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠬᠢᠭᠡᠳ ᠪᠤᠯᠪᠠᠰᠤᠷᠠᠭᠤᠯᠬᠤ᠂ ᠨᠡᠪᠲᠡᠷᠡᠬᠦ᠂ ᠵᠢᠭᠤᠯᠴᠢᠯᠠᠯ᠂ ᠰᠣᠶᠣᠯ᠂ ᠡᠷᠡᠬᠦᠯᠵᠢᠯ ᠵᠡᠷᠭᠡ ᠠᠵᠤ ᠦᠢᠯᠡᠰ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠤᠨ᠂ ᠲᠠᠷᠢᠶ᠋ᠨᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠤᠯᠪᠠᠰᠤᠷᠠᠭᠤᠯᠤᠨ ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠤᠨ᠎ᠠ᠃ ᠲᠠᠭᠠᠭᠤᠯᠤᠭᠴᠢ ᠠᠵᠤ ᠠᠬᠤᠶᠢᠯᠠᠯ ᠤᠨ ᠨᠡᠷᠡᠲᠦ ᠲᠠᠸᠠᠷ ᠤᠨ ᠲᠡᠮᠳᠡᠭ ᠪᠠ ᠭᠠᠵᠠᠷ ᠵᠦᠶ ᠶᠢᠨ ᠲᠡᠮᠳᠡᠭ ᠲᠠᠢ ᠲᠠᠸᠠᠷ ᠤᠨ ᠲᠡᠮᠲᠡᠭᠲᠤ ᠶᠢ ᠭᠤᠶᠤᠴᠢᠯᠠᠨ ᠮᠡᠳᠡᠭᠦᠯᠬᠦ ᠪᠠᠷ ᠳᠠᠮᠵᠢᠵᠤ᠂ ᠣᠷᠣᠨ ᠨᠤᠲᠤᠭ ᠤᠨ ᠣᠨᠴᠠᠯᠢᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢ ᠪᠤᠢ ᠪᠣᠯᠭᠠᠵᠤ᠂ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾᠂ ︽ᠳᠠᠷᠬᠠᠨ ᠮᠤᠤᠮᠢᠩᠭᠠᠨ ᠤ ᠲᠥᠮᠥᠰᠥ︾᠂ ︽ᠤᠯᠠᠭᠠᠨ ᠬᠠᠯᠢᠰᠤᠲᠤ ᠪᠣᠭᠤᠳᠠᠶ︾ ᠵᠡᠷᠭᠡ ᠨᠡᠷᠡᠲᠦ ᠲᠡᠮᠳᠡᠭᠲᠦ ᠶᠢᠨ ᠳᠠᠪᠠᠭᠤᠯᠢᠭ  ᠢ ᠦᠨᠡᠨᠬᠦ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠲᠤᠰᠬᠠᠶᠢᠵᠢᠭᠰᠠᠨ ᠲᠠᠷᠢᠶᠠᠯᠠᠩ ᠮᠠᠯ ᠠᠵᠤ ᠠᠬᠤᠢ ᠶᠢᠨ ᠡᠩᠨᠡᠭᠡ ᠶᠢ ᠪᠠᠶᠢᠭᠤᠯᠵᠤ᠂ ᠦᠶᠯᠡᠳᠪᠦᠷᠢᠯᠡᠯ ᠡᠵᠡᠩᠨᠠᠯᠲᠠ ᠶᠢᠨ ᠴᠢᠨᠠᠷᠲᠠᠶ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢᠶᠠᠷ ᠭᠤᠤᠯᠳᠠᠯᠭ᠎ᠠ ᠪᠣᠯᠭᠠᠨ᠂ ᠲᠤᠮᠲᠠ ᠤᠷᠲᠤ ᠬᠤᠭᠤᠴᠠᠭᠠᠨ ᠤ ᠬᠥᠮᠦᠵᠢᠭᠦᠯᠬᠦ ᠲᠥᠯᠥᠪᠵᠢᠭᠦᠯᠭᠡ ᠶᠢ ᠲᠣᠭᠲᠠᠭᠠᠵᠤ᠂ ᠲᠤᠬᠠᠶ ᠶᠢᠨ ᠲᠠᠯᠠᠪᠠᠢ ᠶᠢᠨ ᠵᠢᠯᠤᠭᠤᠳᠣᠯᠭ᠎ᠠ᠂ ᠰᠦᠯᠵᠢᠶᠡᠨ ᠳᠡᠭᠡᠷᠡᠬᠢ ᠪᠣᠯᠪᠠᠰᠤᠷᠠᠯ᠂ ᠮᠡᠷᠭᠡᠵᠢᠯ ᠤᠨ ᠠᠰᠠᠭᠤᠨ ᠯᠠᠪᠯᠠᠬᠤ ᠵᠡᠷᠭᠡ ᠦᠶᠯᠡᠴᠢᠯᠡᠭᠡᠨ ᠢ ᠬᠠᠩᠭᠠᠵᠤ᠂ ᠨᠢᠭᠡ ᠪᠦᠯᠦᠭ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠤᠵᠢᠬᠦᠯᠤᠨ᠎ᠠ᠃      ᠰᠣᠶᠣᠯ ᠵᠢᠭᠤᠯᠴᠢᠯᠠᠯ ᠤᠨ ᠠᠭᠤᠰᠤᠯᠴᠠᠭᠤᠯᠤᠨ ᠬᠥᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠭᠦᠨᠵᠡᠬᠡᠶᠢᠷᠡᠬᠦᠯᠵᠤ᠂ ᠵᠢᠭᠤᠯᠴᠢᠯᠠᠯ ᠬᠢᠭᠡᠳ ᠰᠣᠶᠣᠯ᠂ ᠠᠮᠢ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠢᠭᠤᠯᠴᠢᠯᠡᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ᠵᠢᠭᠤᠯᠴᠢᠯᠠᠯ ᠤᠨ ᠲᠦᠷᠢᠮᠵᠢᠭᠰᠡᠨ ᠪᠠᠶᠢᠭᠤᠯᠤᠯᠲᠠ ᠶᠢ ᠲᠦᠷᠭᠡᠳᠬᠡᠵᠦ᠂ ᠵᠢᠭᠤᠯᠴᠢᠳ  ᠤᠨ ᠦᠶᠯᠡᠴᠢᠯᠡᠭᠡᠨ ᠤ ᠲᠥᠪ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠭᠠᠵᠠᠷ᠂ ᠵᠢᠭᠤᠯᠴᠢᠯᠠᠯ  ᠤᠨ ᠵᠠᠮ ᠱᠤᠭᠤᠮ ᠤᠨ ᠲᠡᠮᠳᠡᠭ ᠫᠠᠶᠢᠰᠠ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠢᠷᠠᠮᠥ᠋ᠷᠡᠨ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠢᠩᠭ᠎ᠠ ᠴᠡᠭᠴᠡᠯᠡᠨ ᠵᠠᠰᠠᠬᠤ ᠪᠠᠷ ᠭᠠᠷᠳᠠᠬᠤ ᠴᠡᠭ ᠪᠣᠯᠭᠠᠵᠤ᠂ ᠵᠢᠭᠤᠯᠴᠢᠯᠠᠯ ᠤᠨ ᠲᠥᠷᠥᠯ ᠵᠦᠶᠯ ᠤᠨ ᠨᠡᠭᠡᠭᠡᠨ ᠬᠥᠭᠵᠢᠭᠦᠯᠦᠯᠲᠡ ᠶᠢ ᠬᠠᠤᠯᠢ ᠶᠣᠰᠣᠭᠠᠷ ᠲᠦᠷᠢᠮᠵᠢᠬᠦᠯᠵᠤ᠂ ᠲᠥᠷᠥᠯ ᠵᠦᠶᠯ ᠤᠨ ᠵᠥᠪᠰᠢᠶᠡᠷᠡᠯ ᠣᠷᠣᠭᠤᠯᠬᠤ ᠶᠢ ᠤᠷᠢᠳᠴᠢᠯᠠᠨ ᠬᠢᠨᠠᠬᠤ᠂ ᠦᠷ᠎ᠡ ᠠᠰᠢᠭ ᠢ ᠦᠨᠡᠯᠡᠨ ᠵᠢᠱᠢᠬᠦ ᠪᠠ ᠬᠠᠤᠯᠢ ᠶᠣᠰᠣᠭᠠᠷ ᠪᠤᠴᠠᠵᠤ ᠭᠠᠷᠬᠤ ᠲᠣᠭᠲᠠᠴᠠ ᠶᠢ ᠪᠠᠶᠢᠭᠤᠯᠤᠨ᠎ᠠ︔ ᠣᠳᠣ ᠪᠠᠶᠢᠭ᠎ᠠ ᠵᠢᠭᠤᠯᠴᠢᠯᠠᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ  ᠤᠨ ᠡᠵᠡᠩᠨᠡᠯᠲᠡ ᠶᠢᠨ ᠡᠮᠬᠢ ᠳᠢᠭᠯᠢᠮ ᠢ ᠴᠡᠭᠴᠡᠯᠡᠵᠦ᠂ ᠦᠨ᠎ᠡ ᠬᠠᠩᠰᠢ ᠶᠢ ᠢᠯᠡ ᠲᠡᠮᠳᠡᠭᠯᠡᠬᠦ ᠶᠢ ᠬᠡᠷᠡᠭᠵᠢᠭᠦᠯᠵᠦ᠂ ᠬᠠᠤᠯᠢ ᠶᠣᠰᠣᠭᠠᠷ ᠭᠠᠶᠢᠯᠢ ᠲᠤᠰᠢᠶᠠᠬᠤ ᠶᠢ ᠵᠢᠷᠤᠮᠯᠠᠵᠤ᠂ ᠵᠢᠭᠤᠯᠴᠢᠯᠠᠯ ᠤᠨ ᠨᠡᠭᠡᠭᠡᠯᠲᠡ ᠶᠢᠨ ᠶᠠᠪᠤᠴᠠ ᠳᠠᠬᠢ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠤᠨ ᠬᠠᠷᠢᠯᠴᠠᠨ ᠨᠢᠭᠡᠳᠬᠦ ᠶᠢ ᠦᠨᠡᠨᠬᠦ ᠪᠨᠲᠤᠯᠠᠨ᠎ᠠ᠃ ᠨᠠᠶᠮᠠᠳᠤᠭᠠᠷ ᠬᠤᠭᠤᠴᠠᠭᠠᠨ ᠤ ᠨᠡᠭᠦᠳᠡᠯ ᠰᠣᠶᠣᠯ ᠤᠨ ᠵᠤᠭᠠᠴᠠᠯ  ᠤᠨ ᠨᠠᠶᠢᠷ ᠢ ᠰᠠᠶᠢᠲᠤᠷ ᠡᠷᠬᠢᠯᠡᠵᠦ᠂ ︽ᠨᠡᠭᠦᠳᠡᠯ ᠰᠣᠶᠣᠯ︾ ᠤᠨ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠎ᠡ᠃ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠪᠠᠲᠤᠬᠠᠭᠠᠯᠭ᠎ᠠ ᠨᠢᠰᠬᠡᠯ ᠤᠨ ᠪᠠᠭᠤᠳᠠᠯ ᠢ ᠲᠦᠷᠭᠡᠳᠬᠡᠨ ᠡᠵᠡᠩᠨᠡᠵᠦ᠂ ᠬᠤᠳᠠᠯᠳᠤᠭᠠᠴᠢᠨ ᠤᠷᠢᠵᠤ ᠠᠵᠤ ᠦᠶᠯᠡᠰ ᠢ ᠬᠥᠭᠵᠢᠭᠦᠯᠵᠦ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠥᠷᠭᠡᠳᠭᠡᠨ᠎ᠠ᠃ ᠤᠷᠠᠨ ᠰᠠᠶᠢᠬᠠᠨ ᠤ ᠲᠣᠭᠯᠠᠯᠲᠠ ᠶᠢᠨ ᠲᠥᠪ ᠤᠨ ᠠᠵᠢᠯᠯᠠᠭ᠎ᠠ ᠶᠢ ᠡᠬᠢᠯᠡᠭᠦᠯᠵᠦ᠂ ᠨᠠᠭᠠᠳᠤᠮ ᠤᠨ ᠬᠤᠷᠠᠯ ᠤᠨ ᠲᠠᠯᠠᠪᠠᠢ ᠶᠢᠨ ᠡᠵᠡᠩᠨᠡᠯᠲᠠ ᠶᠢ ᠠᠮᠢᠯᠠᠭᠤᠯᠵᠤ᠂ ︽ᠳᠠᠷᠬᠠᠨ ᠮᠤᠤᠮᠢᠩᠭᠠᠨ  ᠤ ᠵᠢᠭᠤᠯᠴᠢᠯᠠᠯ︾ ᠢ ᠠᠮᠢᠵᠢᠷᠡᠯ ᠤᠨ ᠬᠦᠴᠦᠨ ᠲᠠᠢ ᠪᠤᠯᠭᠠᠨ᠎ᠠ᠃      ᠤᠳᠤ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠰᠢᠰᠲ᠋ᠧᠮ ᠢ ᠢᠳᠡᠪᠬᠢᠲᠡᠶ ᠪᠠᠶᠢᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠦᠶᠯᠡᠳᠪᠦᠷᠢᠯᠡᠯ ᠤᠨ ᠴᠢᠨᠠᠷ ᠲᠠᠢ ᠦᠶᠯᠡᠴᠢᠯᠡᠭᠡᠨ ᠤ ᠦᠶᠯᠡᠰ ᠢ ᠪᠤᠢ ᠪᠤᠯᠭᠠᠨ ᠬᠦᠭᠵᠢᠬᠦᠯᠵᠤ᠂ ᠰᠣᠶᠣᠯ ᠵᠢᠭᠤᠯᠴᠢᠯᠠᠯ᠂ ᠡᠷᠡᠭᠦᠯ ᠮᠡᠨᠳᠦ᠂ ᠨᠠᠰᠤᠵᠢᠯ  ᠤᠨ ᠠᠰᠠᠷᠠᠮᠵᠢ᠂ ᠭᠡᠷ ᠪᠦᠯᠢ ᠶᠢᠨ ᠦᠶᠯᠡᠴᠢᠯᠡᠭᠡᠨ ᠵᠡᠷᠭᠡ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ ᠶᠡᠬᠡᠪᠡᠷ ᠬᠥᠭᠵᠢᠭᠦᠯᠵᠦ᠂ ᠲᠠᠪᠴᠠᠩ ᠤᠨ ᠠᠵᠤ ᠠᠬᠤᠶ ᠵᠡᠷᠭᠡ ᠰᠢᠨ᠎ᠡ ᠪᠠᠷ ᠬᠥᠭᠵᠢᠭᠰᠡᠨ ᠦᠶᠯᠡᠴᠢᠯᠡᠭᠡᠨ ᠤ ᠦᠶᠯᠡᠰ  ᠢ ᠵᠣᠷᠢᠭᠵᠢᠭᠤᠯᠤᠨ ᠬᠥᠭᠵᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠲᠦᠷᠭᠡᠨ ᠬᠦᠷᠭᠡᠯᠲᠠ ᠶᠢᠨ ᠲᠤᠬᠠᠶᠢᠯᠠᠭᠰᠠᠨ ᠠᠵᠢᠯ ᠢ ᠢᠳᠡᠪᠬᠢᠲᠡᠢ ᠬᠥᠭᠵᠢᠭᠦᠯᠵᠦ᠂ ᠬᠠᠮ ᠵᠠᠭᠤᠴᠢᠯᠠᠭᠤᠷ ᠤᠨ ᠠᠳᠠᠯ ᠦᠶᠯᠡᠰ ᠴᠣᠭᠴᠠᠯᠠᠬᠤ ᠬᠦᠷᠢᠶᠡᠯᠡᠩ ᠳᠤ ᠲᠦᠰᠢᠭᠯᠡᠨ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠤ ᠶᠡᠷᠤᠩᠭᠡᠶᠢᠯᠡᠭᠰᠡᠨ ᠡᠯᠧᠺᠲᠷᠣᠨ ᠬᠤᠳᠠᠯᠳᠤᠭᠠᠨ ᠤ ᠲᠠᠪᠴᠠᠩ ᠢ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠎ᠡ᠃ 9 ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢ ᠥᠭᠡᠷᠡᠴᠢᠯᠡᠨ ᠰᠠᠶᠢᠵᠢᠷᠡᠭᠤᠯᠵᠤ᠂ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠦᠢᠯᠡᠳᠪᠦᠷᠢᠯᠡᠯ ᠤᠨ ᠦᠢᠯᠡᠴᠢᠯᠡᠭᠡᠨ ᠤ ᠲᠥᠪ 2 ᠢ ᠪᠠᠶᠢᠭᠤᠯᠵᠤ᠂ ᠰᠢᠶᠠᠩ ᠪᠠᠯᠭᠠᠰᠤ ᠶᠢᠨ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ 2 ᠶᠢ ᠪᠠᠶᠢᠭᠤᠯᠵᠤ᠂ ︽ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠬᠤ ᠮᠠᠯᠵᠢᠬᠤ ᠣᠷᠣᠨ᠂ ᠲᠠᠷᠢᠶᠠᠴᠢᠨ ᠮᠠᠯᠴᠢᠳ︾ ᠲᠤ ᠦᠢᠯᠡᠴᠢᠯᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠮᠠᠷᠠᠲᠤ ᠬᠢᠯᠢ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠦᠢᠲᠡᠨ ᠬᠡᠯᠬᠢᠶᠡᠲᠦ ᠬᠥᠮᠥᠷᠭᠡ᠂ ᠪᠠᠷᠠᠭ᠎ᠠ ᠶᠢᠨ ᠭᠦᠶᠯᠭᠡᠭᠡᠨ ᠤ ᠲᠤᠬᠢᠷᠠᠭᠤᠯᠤᠨ ᠬᠦᠷᠭᠡᠬᠦ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠮᠠᠨᠳᠤᠯ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠠᠭ᠎ᠠ ᠶᠢᠨ ᠭᠦᠢᠯᠭᠡᠭᠡᠨ ᠤ ᠠᠷᠠᠯᠵᠢᠶᠠᠨ ᠤ ᠲᠡᠩᠬᠢᠮ ᠢ ᠪᠦᠲᠦᠭᠡᠨ ᠪᠠᠶᠢᠭᠤᠯᠤᠨ᠎ᠡ᠃ ᠮᠥᠩᠭᠦᠨ ᠭᠦᠶᠯᠭᠡᠭᠡᠨ ᠤ ᠠᠵᠤ ᠦᠶᠯᠡᠰ ᠢ ᠲᠦᠷᠭᠡᠳᠭᠡᠨ ᠬᠥᠭᠵᠢᠭᠦᠯᠵᠦ᠂ ᠪᠤᠬᠢᠷᠲᠤᠯ ᠦᠭᠡᠢ ᠡᠨᠧᠷᠭᠢ ᠶᠢᠨ ᠰᠤᠷᠪᠤᠯᠵᠢ ᠵᠡᠷᠭᠡ ᠠᠵᠤ ᠦᠶᠯᠡᠰ ᠤᠨ ᠰᠠᠭᠤᠷᠢ ᠮᠥᠩᠭᠦ ᠶᠢ ᠣᠷᠣᠭᠤᠯᠤᠨ ᠠᠪᠴᠢᠷᠠᠵᠤ᠂ ᠮᠥᠩᠭᠦᠨ ᠭᠦᠶᠯᠭᠡᠭᠡᠨ ᠤ ᠦᠶᠯᠡᠳᠬᠦᠨ ᠪᠠ ᠡᠵᠡᠩᠨᠡᠯᠲᠡ ᠶᠢᠨ ᠬᠡᠯᠪᠡᠷᠢ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠳᠤ ᠨᠡᠩ ᠰᠠᠶᠢᠲᠤᠷ ᠦᠶᠯᠡᠴᠢᠯᠡᠨ᠎ᠡ᠃     ︵ᠭᠤᠷᠪᠠ︶ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠤᠯᠵᠤ᠂ ᠰᠢᠨ᠎ᠡ ᠶᠢ ᠡᠭᠦᠳᠬᠦ ᠠᠴᠠ ᠬᠥᠳᠡᠯᠭᠡᠬᠦ ᠬᠦᠴᠦᠨ ᠤᠯᠵᠤ᠂ ᠨᠠᠭᠡᠭᠡᠯᠲᠠ ᠠᠴᠠ ᠳᠠᠯᠳᠠ ᠬᠦᠴᠦᠨ ᠬᠠᠶᠢᠬᠤ ᠶᠢ ᠪᠠᠷᠢᠮᠲᠠᠯᠠᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠭᠦᠭᠵᠢᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠦᠭᠡᠷᠡᠴᠢᠯᠡᠯᠲᠠ  ᠶᠢᠨ ᠬᠦᠴᠦᠷᠬᠡᠭ ᠶᠡᠭᠡ ᠬᠥᠳᠡᠯᠭᠡᠭᠦᠷ ᠢ ᠬᠦᠴᠦᠯᠡᠨ ᠪᠣᠶ ᠪᠣᠯᠭᠠᠨ᠎ᠠ᠃ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠣᠯᠬᠤ ᠶᠢ ᠪᠠᠷᠢᠮᠳᠠᠯᠠᠵᠣ᠂ ᠰᠢᠨ᠎ᠡ ᠬᠥᠭᠵᠢᠯᠲᠡ ᠶᠢᠨ ᠠᠷᠭ᠎ᠠ ᠮᠠᠶ᠋ᠢᠭ ᠢᠶᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠣ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ︽ᠵᠠᠰᠠᠭ  ᠤᠨ ᠣᠷᠳᠣᠨ᠂ ᠠᠵᠤ ᠦᠶᠯᠡᠰ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠵᠢᠴᠢ ᠮᠥᠩᠭᠦᠨ ᠭᠦᠶᠯᠭᠡᠭᠡᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡ᠂ ᠬᠠᠷᠠᠯᠲᠠᠲᠤ ᠬᠡᠷᠡᠭᠯᠡᠭᠴᠢᠳ︾ ᠶᠢ ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ ᠰᠢᠨ᠎ᠡ ᠶᠢ ᠡᠭᠦᠳᠬᠦ ᠬᠦᠴᠦᠨ ᠵᠦᠶᠯ ᠢ ᠬᠥᠲᠥᠯᠥᠨ ᠵᠢᠯᠣᠭᠤᠳᠴᠤ ᠠᠵᠤ ᠠᠬᠤᠶᠢᠯᠠᠯ ᠲᠡᠰᠢ ᠲᠦᠪᠯᠡᠷᠡᠭᠦᠯᠵᠣ᠂ ᠲᠦᠷᠦ ᠶᠢᠨ ᠪᠤᠳᠤᠯᠭ᠎ᠠ ᠶᠢᠨ ᠦᠶᠯᠡᠴᠢᠯᠡᠭᠡ ᠶᠢ ᠴᠢᠩᠭᠠᠳᠬᠠᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠬᠦᠴᠦᠨ ᠢᠶᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠠᠵᠤ ᠠᠬᠤᠶᠢᠯᠠᠯ  ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠳᠡᠭᠡᠳᠦ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠶᠯ ᠤᠨ ᠪᠡᠯᠡ ᠮᠥᠩᠭᠦ ᠶᠢ ᠴᠢᠷᠮᠠᠶᠢᠨ ᠣᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠯᠲᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ᠃ ᠬᠡᠰᠡᠭ ᠪᠦᠯᠦᠭ ᠤᠨ ᠬᠡᠯᠬᠢᠶᠡᠲᠦ ᠠᠵᠤ ᠦᠶᠯᠡᠰ ᠤᠨ ᠠᠵᠤ ᠠᠬᠤᠶ ᠶᠢ ᠰᠦᠪᠡᠭᠴᠢᠯᠡᠨ ᠬᠥᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠯᠤᠭ᠎ᠠ ᠣᠯᠠᠨ ᠲᠠᠯ᠎ᠠ ᠪᠠᠷ ᠠᠭᠤᠰᠤᠯᠴᠠᠬᠤ ᠶᠢ ᠠᠬᠢᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠭᠠᠳᠠᠨ᠎ᠠ ᠣᠷᠣᠨ ᠤ ᠴᠢᠳᠠᠪᠣᠷᠢᠲᠠᠨ ᠢ ᠢᠳᠡᠪᠬᠢᠲᠡᠢ ᠪᠠᠷ ᠠᠪᠴᠢᠷᠠᠵᠤ᠂ ᠣᠳᠣ ᠪᠠᠶᠢᠭ᠎ᠠ ᠴᠢᠳᠠᠪᠤᠷᠢᠲᠠᠨ ᠢ ᠦᠯᠡᠳᠡᠭᠡᠨ ᠠᠪᠴᠤ᠂ ᠲᠣᠰ ᠭᠠᠵᠠᠷ ᠣᠷᠣᠨ ᠤ ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠡᠯ᠎ᠡ ᠲᠥᠷᠥᠯ ᠤᠨ ᠴᠢᠳᠠᠪᠤᠷᠢᠲᠠᠨ ᠪᠠ ᠵᠠᠯᠠᠭᠤᠴᠤᠳ ᠢ ᠠᠵᠢᠯ ᠦᠢᠯᠡᠰ ᠴᠣᠭᠴᠠᠯᠠᠬᠤ ᠳᠤ ᠲᠠᠪᠴᠠᠩ ᠲᠠᠢ᠂ ᠬᠥᠭᠵᠢᠯᠲᠡ ᠳᠤ ᠣᠷᠣᠨ ᠵᠠᠢ ᠲᠠᠢ ᠪᠣᠯᠭᠠᠬᠤ ᠪᠠᠷ ᠴᠢᠷᠮᠠᠶᠢᠵᠤ᠂ ᠵᠢᠯ ᠤᠨ ᠳᠣᠲᠣᠷ᠎ᠠ 153 ᠨᠡᠷᠡᠰ ᠡᠯ᠎ᠡ ᠲᠥᠷᠥᠯ ᠤᠨ ᠳᠤᠲᠠᠭᠳᠠᠵᠤ ᠪᠠᠶᠢᠭ᠎ᠠ ᠪᠠᠴᠢᠮ ᠬᠡᠷᠡᠭᠰᠡᠬᠦ ᠴᠢᠳᠠᠪᠣᠷᠢᠲᠠᠨ ᠢ ᠤᠷᠢᠵᠤ᠂ ᠠᠷᠪᠠᠨ ᠲᠡᠭᠡᠳᠦ ᠮᠡᠷᠭᠡᠵᠢᠯ ᠤᠨ ᠴᠢᠳᠠᠪᠤᠷᠢᠲᠠᠨ ᠶᠢ ᠬᠥᠮᠦᠵᠢᠭᠦᠯᠦᠨ᠎ᠡ᠃      ᠭᠤᠤᠯᠳᠠᠯᠭ᠎ᠠ ᠲᠠᠢ ᠭᠦᠷᠢᠶ᠎ᠠ ᠬᠡᠪᠴᠢᠶ᠎ᠡ ᠶᠢᠨ ᠦᠭᠡᠷᠡᠴᠢᠯᠡᠯᠳᠠ ᠶᠢ ᠭᠦᠨᠵᠡᠭᠡᠶᠢᠷᠡᠭᠦᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ᠶᠢᠨ ᠳᠦᠷᠢᠮ ᠪᠠ ᠬᠠᠮᠳᠤ ᠶᠢᠨ ᠦᠮᠴᠢᠯᠡᠯ ᠤᠨ ᠡᠷᠭᠡ ᠶᠢᠨ ᠳᠦᠷᠢᠮ ᠤᠨ ᠦᠭᠡᠷᠡᠴᠢᠡᠯᠯᠳᠠ ᠶᠢ ᠠᠭᠢᠭᠤᠯᠵᠤ᠂ ︽ᠭᠤᠷᠪᠠᠨ ᠡᠷᠭᠡ︾ ᠢ ᠰᠠᠯᠭᠠᠬᠤ ᠳᠦᠷᠢᠮ ᠢ ᠳᠡᠭᠦᠯᠳᠡᠷᠵᠢᠭᠦᠯᠤᠨ᠂ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠶᠢ ᠭᠦᠭᠵᠢᠭᠦᠯᠤᠨ ᠪᠤᠵᠠᠭᠠᠶᠢᠷᠠᠭᠤᠯᠤᠨ᠎ᠠ᠃ ᠣᠷᠣᠰᠢᠨ ᠰᠠᠭᠤᠬᠤ ᠦᠨᠡᠮᠯᠡᠯ  ᠤᠨ ᠳᠦᠷᠢᠮ ᠢ ᠨᠠᠶᠢᠳᠠᠪᠤᠷᠢᠵᠢᠭᠤᠯᠵᠤ᠂ ᠮᠠᠯᠴᠢᠨ ᠳᠠᠷᠢᠶᠠᠴᠢᠳ ᠤᠨ ᠬᠤᠳᠠᠴᠢᠯᠠᠯᠳᠠ ᠶᠢ ᠡᠮᠭᠢ ᠵᠢᠷᠦᠮ ᠲᠠᠢ ᠵᠢᠯᠤᠭᠤᠳᠤᠨ ᠳᠠᠭᠠᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠠᠵᠢᠯ ᠦᠢᠯᠡᠰ ᠤᠨ ᠨᠢᠭᠡᠴᠠ ᠶᠢᠨ ᠠᠯᠪᠠᠨ ᠤ ᠳᠡᠷᠭᠡ ᠶᠢ ᠭᠡᠷᠡᠭᠯᠡᠭᠦ ᠳᠦᠷᠢᠮ ᠤᠨ ᠦᠭᠡᠷᠡᠴᠢᠯᠡᠯᠳᠠ ᠶᠢ ᠪᠦᠭᠦ ᠳᠠᠯ᠎ᠠ ᠪᠠᠷ ᠪᠡᠶᠡᠯᠡᠭᠦᠯᠤᠨ᠎ᠠ᠃ ᠪᠠᠭᠰᠢᠨᠠᠷ ᠤᠨ ᠬᠠᠮᠢᠶᠠᠷᠤᠯᠳᠠ ᠶᠢᠨ ᠦᠭᠡᠷᠡᠴᠢᠯᠡᠯᠳᠠ ᠶᠢ ᠬᠦᠨᠵᠡᠭᠡᠶᠢᠷᠡᠭᠦᠯᠵᠤ ︽ᠬᠤᠰᠢᠭᠤ ᠰᠢᠶᠠᠨ ᠠᠴᠠ ᠬᠠᠮᠢᠶᠠᠷᠴᠤ ᠰᠤᠷᠭᠭᠤᠯᠢ ᠤᠷᠢᠨ ᠭᠡᠷᠡᠭᠯᠡᠭᠦ︾ ᠦᠭᠡᠷᠡᠴᠢᠯᠡᠯᠳᠠ ᠶᠢ ᠠᠭᠢᠭᠤᠯᠤᠨ᠎ᠠ᠃ ᠠᠯᠪᠠᠨ ᠠᠴᠠ ᠡᠷᠭᠢᠯᠡᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠠ ᠶᠢᠨ ᠦᠷ᠎ᠠ ᠪᠦᠳᠦᠮᠵᠢ ᠶᠢ ᠪᠠᠳᠤᠳᠬᠠᠨ ᠦᠷᠭᠡᠳᠭᠡᠵᠤ᠂ ᠤᠯᠠᠨ ᠳᠤᠭᠢᠶᠠᠯᠳᠤᠬᠤ ᠡᠪᠡᠳᠴᠢᠨ᠂ ᠠᠮᠠᠷᠬᠠᠨ ᠣᠯᠬᠤ ᠡᠪᠡᠳᠴᠢᠨ ᠳᠤ ᠬᠤᠯᠪᠤᠭᠳᠠᠭᠰᠠᠨ ᠳᠤᠰᠬᠠᠢ ᠰᠠᠯᠠᠭ᠎ᠠ ᠪᠠ ᠳᠤᠳᠠᠭᠳᠠᠵᠤ ᠪᠠᠶᠢᠭ᠎ᠠ ᠳᠤᠰᠬᠠᠢ ᠮᠡᠷᠭᠡᠵᠢᠯ ᠤᠨ ᠡᠮᠴᠢᠯᠡᠭᠡᠨ ᠤ ᠰᠠᠯᠠᠭ᠎ᠠ ᠶᠢᠨ ᠪᠦᠳᠦᠭᠡᠨ ᠪᠠᠶᠢᠭᠤᠯᠤᠯᠳᠠ ᠶᠢ ᠠᠭᠢᠭᠤᠯᠤᠨ᠎ᠠ᠃ ᠦᠯᠤ ᠭᠦᠳᠡᠯᠭᠦ ᠭᠦᠷᠦᠩᠭᠡ ᠶᠢ ᠪᠦᠷᠢᠳᠭᠡᠨ ᠳᠠᠩᠰᠠᠯᠠᠬᠤ ᠶᠠᠪᠤᠴᠠ ᠶᠢ ᠰᠢᠯᠢᠳᠡᠭᠵᠢᠭᠦᠯᠤᠨ ᠳᠦᠭᠦᠮᠴᠢᠯᠡᠵᠤ᠂ ᠦᠯᠤ ᠭᠦᠳᠡᠯᠭᠦ ᠬᠦᠷᠦᠩᠭᠡ ᠶᠢ ᠪᠦᠷᠢᠳᠭᠡᠨ ᠳᠠᠩᠰᠠᠯᠠᠬᠤ ᠳᠤ ᠭᠡᠷᠡᠭᠯᠡᠭᠦ ᠴᠠᠭ ᠬᠤᠭᠤᠴᠠᠭ᠎ᠠ ᠢ ᠪᠠᠭᠠᠰᠬᠠᠵᠣ ᠳᠠᠪᠤᠨ ᠡᠳᠤᠷ ᠠᠴᠠ ᠬᠡᠳᠦᠷᠡᠭᠦᠯᠬᠦ ᠦᠭᠡᠢ ᠪᠠᠶᠢᠯᠠᠭᠠᠨ᠎ᠠ᠃ ︽ᠵᠤᠭᠤᠰ ᠵᠠᠷᠤᠪᠠᠯ ᠡᠷᠭᠡᠪᠰᠢ ᠦᠷ᠎ᠠ ᠪᠦᠳᠦᠮᠵᠢ ᠶᠢ ᠨᠢ ᠠᠰᠠᠭᠤᠵᠤ᠂ ᠦᠷ᠎ᠠ ᠪᠦᠳᠦᠮᠵᠢ ᠦᠭᠡᠢ ᠪᠤᠯ ᠡᠷᠭᠡᠪᠰᠢ ᠬᠠᠷᠢᠭᠤᠴᠠᠯᠭ᠎ᠠ ᠨᠡᠭᠡᠮᠵᠢᠯᠡᠭᠦ︾ ᠶᠢ ᠪᠠᠷᠢᠮᠳᠠᠯᠠᠨ᠂ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠤᠨ᠎ᠠ᠃ ᠡᠳ᠋ ᠤᠨ ᠵᠠᠰᠠᠭ ᠤᠨ ᠡᠷᠭᠡ ᠪᠠ ᠵᠠᠷᠤᠯᠭ᠎ᠠ  ᠶᠢᠨ ᠬᠠᠷᠢᠭᠤᠴᠠᠯᠭ᠎ᠠ ᠶᠢᠨ ᠪᠦᠷᠢᠳᠭᠡᠯ ᠢ ᠳᠡᠭᠦᠯᠳᠡᠷᠵᠢᠭᠦᠯᠤᠨ᠂ ᠳᠦᠰᠦᠪ ᠤᠨ ᠦᠷ᠎ᠠ ᠪᠦᠳᠦᠮᠵᠢ ᠶᠢᠨ ᠬᠠᠮᠢᠶᠠᠷᠤᠯᠳᠠ ᠶᠢ ᠪᠦᠬᠦ ᠳᠠᠯ᠎ᠠ ᠪᠠᠷ ᠭᠡᠷᠡᠭᠵᠢᠭᠦᠯᠤᠨ᠂ ᠡᠳ᠋ ᠤᠨ ᠵᠠᠰᠠᠭ ᠤᠨ ᠪᠠᠯᠠ ᠮᠦᠡᠭᠭᠦ ᠶᠢ ᠵᠤᠭᠢᠴᠠᠭᠤᠯᠬᠤ ᠪᠠ ᠠᠰᠢᠭᠯᠠᠬᠤ ᠦᠷ᠎ᠠ ᠠᠰᠢᠭ ᠢ ᠳᠡᠭᠡᠭᠰᠢᠯᠡᠭᠦᠯᠤᠨ᠎ᠠ᠃      ᠭᠠᠳᠠᠭᠠᠳᠤ ᠲᠠᠢ ᠴᠢᠯᠦᠭᠡᠳᠠᠢ ᠶᠠᠪᠤᠯᠴᠠᠵᠤ ᠬᠠᠮᠵᠢᠯᠴᠠᠬᠤ ᠶᠢ ᠠᠭᠢᠭᠤᠯᠤᠨ᠎ᠠ᠃ ︽ᠪᠤᠭᠤᠳᠤ ᠬᠤᠳᠠ ᠶᠢᠨ ᠪᠤᠭᠤᠮᠳᠠ ᠶᠢᠨ ᠠᠵᠤ ᠠᠬᠤᠢ ᠶᠢ ᠠᠭᠤᠰᠤᠯᠴᠠᠭᠤᠯᠤᠨ ᠭᠦᠭᠵᠢᠭᠦᠯᠭᠦ ᠠᠵᠢᠯ ᠤᠨ ᠳᠦᠰᠦᠯ︾ ᠢ ᠨᠠᠷᠢᠨ ᠭᠢᠨᠠᠮᠭᠠᠢ ᠨᠠᠶᠢᠳᠠᠪᠤᠷᠢᠵᠢᠭᠤᠯᠵᠤ᠂ ᠪᠤᠭᠤᠮᠳᠠ ᠶᠢᠨ ᠪᠠᠷᠠᠭ᠎ᠠ ᠰᠢᠯᠭᠠᠬᠤ᠂ ᠪᠠᠷᠠᠭ᠎ᠠ ᠶᠢ ᠰᠢᠯᠵᠢᠭᠦᠯᠤᠨ ᠬᠠᠶᠢᠷᠴᠠᠭᠯᠠᠬᠤ ᠳᠠᠯᠠᠪᠠᠢ᠂ ᠤᠷᠴᠢᠨ ᠳᠤᠭᠤᠷᠢᠨ ᠢ ᠬᠠᠮᠠᠭᠠᠯᠠᠬᠤ ᠰᠠᠷᠠᠪᠴᠢ ᠵᠡᠷᠭᠡ ᠰᠠᠭᠤᠷᠢ ᠳᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠡᠭᠦᠯᠳᠡᠷᠵᠢᠭᠦᠯᠦᠨ᠎ᠡ᠃ ᠬᠠᠩᠭᠢ ᠪᠣᠭᠤᠮᠲᠠ — ᠲᠠᠪᠤᠨᠲᠣᠯᠣᠭᠠᠢ ᠠᠭᠤᠷᠬᠠᠢ ᠶᠢᠨ ᠲᠡᠭᠡᠭᠡᠪᠦᠷᠢ ᠶᠢᠨ ᠵᠠᠰᠠᠮᠠᠯ ᠵᠠᠮ᠂ ᠮᠠᠨᠳᠣᠯ — ᠬᠠᠩᠭᠢ ᠪᠣᠭᠤᠮᠲᠠ ᠶᠢᠨ ᠲᠡᠮᠦᠷ ᠵᠠᠮ ᠤᠨ ᠬᠤᠯᠪᠣᠬᠤ ᠱᠤᠭᠤᠮ᠂ ᠬᠠᠩᠭᠢ ᠪᠣᠭᠤᠮᠲᠠ — ᠰᠠᠶᠢᠨᠱᠠᠩᠲᠠ ᠬᠢᠯᠢ ᠠᠯᠣᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠮᠠᠷᠠᠰᠢ ᠣᠷᠣᠰ ᠮᠣᠩᠭᠤᠯ ᠪᠣᠯᠤᠨ ᠳᠤᠮᠳᠠ ᠵᠡᠭᠦᠨ ᠧᠦ᠋ᠷᠣᠫᠠ᠂ ᠡᠮᠦᠨᠡᠰᠢ ᠤᠯᠤᠰ ᠤᠨ ᠳᠣᠲᠣᠷ᠎ᠠ ᠭᠠᠵᠠᠷ ᠬᠦᠷᠬᠦ ᠪᠠᠷᠠᠭ᠎ᠠ ᠶᠢᠨ ᠲᠡᠭᠡᠭᠡᠪᠦᠷᠢ  ᠶᠢᠨ ᠵᠠᠮ ᠢ ᠨᠡᠪᠲᠡᠷᠡᠭᠦᠯᠵᠦ᠂ ᠪᠣᠭᠤᠮᠲᠠ ᠶᠢᠨ ᠬᠤᠪᠣᠷ ᠴᠤᠬᠠᠭ ᠡᠬᠢ ᠪᠠᠶᠠᠯᠢᠭ ᠢ ᠠᠮᠢᠳᠤᠯᠢᠭᠵᠢᠭᠤᠯᠵᠤ᠂ ᠮᠠᠨᠳᠤᠯ ᠪᠣᠭᠤᠮᠲᠠ ᠶᠢ ᠲᠡᠮᠦᠷ ᠵᠠᠮ ᠪᠠ ᠵᠠᠰᠠᠮᠠᠯ ᠵᠠᠮ ᠢ ᠨᠢᠭᠡ ᠴᠣᠭᠴᠠᠵᠢᠭᠤᠯᠤᠭᠰᠠᠨ ᠣᠯᠠᠨ ᠤᠯᠤᠰ ᠤᠨ ᠪᠣᠭᠤᠮᠲᠠ ᠪᠣᠯᠭᠠᠨ ᠪᠠᠶᠢᠭᠤᠯᠣᠨ᠎ᠠ᠃ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠣᠭᠤᠮᠲᠠ ᠶᠢᠨ ᠴᠢᠩᠭᠡᠯᠢᠭ ᠤᠨ ᠪᠠᠷᠠᠭ᠎ᠠ ᠶᠢᠨ ᠭᠦᠢᠯᠭᠡᠭᠡᠨ ᠤ ᠲᠣᠭᠤᠷᠢᠭ᠂ ᠲᠡᠮᠦᠷ ᠵᠠᠮ ᠤᠨ ᠲᠡᠷᠭᠡ ᠠᠴᠢᠶᠠᠯᠠᠬᠤ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠣ᠂ ᠭᠠᠳᠠᠭᠠᠳᠤ ᠠᠴᠠ ᠣᠷᠣᠭᠤᠯᠤᠭᠰᠠᠨ ᠮᠢᠬᠠᠨ ᠤ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠪᠧᠢ ᠹᠠᠩ ᠺᠣᠮᠫᠠᠨᠢ ᠳᠤ ᠢᠳᠡᠪᠬᠢᠲᠠᠢ ᠦᠢᠯᠡᠴᠢᠯᠡᠵᠣ ᠪᠠᠷᠠᠭ᠎ᠠ ᠶᠢ ᠰᠢᠯᠭᠠᠨ ᠦᠡᠭᠭᠡᠷᠡᠭᠦᠯᠭᠦ ᠦᠷ᠎ᠠ ᠠᠰᠢᠭ ᠢ ᠲᠡᠭᠡᠭᠰᠢᠯᠡᠭᠦᠯᠦᠨ᠂ ᠪᠦᠭᠦ ᠵᠢᠯ ᠤᠨ ᠪᠠᠷᠠᠭ᠎ᠠ ᠭᠠᠷᠭᠠᠵᠤ ᠤᠷᠤᠭᠤᠯᠬᠤ ᠭᠡᠮᠵᠢᠶ᠎ᠠ ᠶᠢ 5 % ᠠᠴᠠ ᠢᠯᠡᠭᠦᠤ ᠪᠠᠷ ᠨᠡᠮᠡᠭᠳᠡᠭᠦᠯᠭᠦ ᠪᠠᠷ ᠴᠢᠷᠮᠠᠶᠢᠨ᠎ᠠ᠃ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠶᠯ ᠤᠨ ᠡᠬᠢ ᠪᠠᠶᠠᠯᠢᠭ ᠢ ᠨᠢᠭᠡᠳᠣᠯᠲᠠᠢ ᠲᠥᠯᠥᠪᠯᠡᠨ᠂ ᠮᠣᠩᠭᠤᠯ ᠤᠯᠤᠰ ᠤᠨ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠰᠠᠭᠤᠷᠢᠰᠢᠭᠤᠯᠤᠨ ᠡᠳ᠋ᠰᠢᠭᠦᠯᠵᠤ᠂ ᠭᠠᠳᠠᠭᠠᠳᠤ ᠳᠤ ᠭᠠᠷᠭᠠᠬᠤ ᠡᠬᠢ ᠪᠠᠶᠠᠯᠢᠭ ᠢ ᠲᠥᠪᠯᠡᠷᠡᠭᠦᠯᠦᠨ ᠲᠠᠷᠬᠠᠭᠠᠬᠤ ᠶᠢ ᠠᠬᠢᠭᠤᠯᠵᠤ᠂ ᠲᠠᠮᠵᠢᠨ ᠦᠩᠭᠡᠷᠡᠬᠦ ᠠᠵᠤ ᠠᠬᠤᠶ ᠶᠢ ᠰᠠᠭᠤᠷᠢᠰᠢᠭᠰᠠᠨ ᠠᠵᠤ ᠠᠬᠤᠶ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠭᠠᠳᠠᠭᠠᠳᠤ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠤᠰ ᠤᠨ ᠴᠢᠯᠥᠭᠡᠲᠦ ᠠᠷᠠᠯᠵᠢᠶᠠᠨ ᠤ ᠣᠷᠣᠨ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠬᠥᠭᠵᠢᠭᠰᠡᠨ ᠭᠠᠵᠠᠷ ᠣᠷᠣᠨ ᠤ ᠲᠤᠷᠰᠢᠯᠭ᠎ᠠ ᠶᠢ ᠠᠰᠢᠭᠯᠠᠵᠣ᠂ ᠭᠠᠳᠠᠭᠠᠳᠤ ᠠᠵᠤ ᠠᠬᠤᠶ ᠠᠷᠠᠯᠵᠢᠶ᠎ᠠ᠂ ᠰᠣᠶᠣᠯ᠂ ᠰᠤᠷᠭᠠᠨ ᠬᠥᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠴᠢᠳᠠᠪᠤᠷᠢᠲᠠᠨ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠶ ᠥᠷᠭᠡᠳᠬᠡᠵᠦ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠭᠠᠳᠠᠭᠰᠢ ᠨᠡᠭᠡᠭᠡᠯᠳᠡ ᠶᠢ ᠠᠬᠢᠭᠤᠯᠤᠨ᠎ᠠ᠃      ᠡᠵᠡᠩᠨᠡᠯᠳᠠ ᠶᠢᠨ ᠤᠷᠴᠢᠨ ᠳᠤᠭᠤᠷᠢᠨ ᠢ ᠪᠦᠬᠦ ᠲᠠᠯ᠎ᠡ ᠪᠠᠷ ᠰᠢᠯᠢᠳᠡᠭᠵᠢᠭᠦᠯᠦᠨ᠎ᠡ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠵᠤ᠂ ᠵᠠᠰᠠᠭ ᠤᠨ ᠶᠠᠪᠤᠳᠠᠯ ᠤᠨ ᠲᠢᠩᠬᠢᠮ ᠤᠨ ᠦᠶᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠵᠠᠰᠠᠭ ᠤᠨ ᠤᠷᠳᠤᠨ ᠤ ᠰᠤᠷᠠᠭ ᠵᠠᠩᠭᠢ ᠶᠢᠨ ᠰᠢᠰᠲ᠋ᠧᠮ ᠢ ᠶᠡᠭᠡᠪᠡᠷ ᠴᠤᠮᠬᠠᠳᠬᠠᠨ᠂ ︽ᠢᠨᠲ᠋ᠧᠷ ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠦᠳᠦᠭᠡᠨ ᠪᠠᠶᠢᠭᠤᠯᠤᠯᠳᠠ ᠶᠢ ᠠᠭᠢᠭᠤᠯᠤᠨ᠂ ᠥᠨᠳᠥᠷ ᠳᠠᠪᠲᠠᠮᠵᠢᠲᠤ ᠬᠡᠷᠡᠭ ᠶᠠᠪᠤᠳᠠᠯ ᠤᠨ︽ᠨᠢᠭᠡᠯᠠ ᠰᠦᠯᠵᠢᠶ᠎ᠠ  ᠪᠠᠷ ᠭᠠᠷᠳᠠᠮ ᠢᠶᠠᠨ ᠭᠦᠢᠴᠡᠳᠭᠡᠭᠦ︾ ᠶᠢ ᠪᠠᠶᠠᠯᠡᠭᠦᠯᠤᠨ᠎ᠠ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠬᠤ᠂ ᠡᠷᠬᠡ ᠬᠠᠷᠢᠭᠤᠴᠠᠯᠭ᠎ᠠ  ᠶᠢᠨ ᠵᠦᠶᠯᠡᠰ ᠤᠨ ᠲᠣᠳᠣᠷᠬᠠᠶ ᠬᠠᠭᠤᠳᠠᠰᠤ ᠶᠢ ᠬᠦᠳᠡᠯᠦᠩᠭᠦᠢ ᠪᠠᠷ ᠲᠣᠬᠢᠷᠠᠭᠤᠯᠤᠨ᠎ᠠ᠃ ᠠᠵᠤ ᠠᠬᠤᠶᠢᠯᠠᠯ ᠤᠨ ᠳᠡᠩᠰᠡᠯᠡᠯᠲᠡ ᠶᠢᠨ ᠪᠥᠬᠦ ᠶᠠᠪᠤᠴᠠ ᠶᠢ ᠡᠯᠧᠺᠲᠷᠤᠨᠴᠢᠯᠠᠬᠤ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠢ ᠲᠠᠩᠰᠠᠯᠠᠬᠤ ᠴᠠᠭ ᠢ ᠨᠢᠭᠡ ᠡᠳᠦᠷ ᠤᠨ ᠳᠣᠲᠣᠷ᠎ᠠ ᠪᠣᠭᠤᠨᠢᠰᠬᠠᠨ᠎ᠠ᠃ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ᠲᠥᠬᠦᠮ ᠦᠵᠡᠭᠦᠯᠬᠦ ᠥᠭᠡᠷᠡᠴᠢᠯᠡᠯᠲᠡ᠂ ᠠᠵᠤ ᠠᠬᠤᠶᠢᠯᠠᠯ ᠤᠨ ᠪᠠᠯᠠ ᠣᠷᠣᠯᠠᠭᠤᠯᠣᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠥᠭᠡᠷᠡᠴᠢᠯᠡᠯᠲᠡ᠂ ᠢᠨᠵᠧᠨᠧᠷᠢᠩ ᠤᠨ ᠪᠥᠲᠥᠭᠡᠨ ᠪᠠᠶᠢᠭᠤᠯᠣᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ︽ᠨᠢᠭᠡ ᠴᠣᠩᠬᠤ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ︾ ᠥᠭᠡᠷᠡᠴᠢᠯᠡᠯᠲᠡ ᠶᠢ ᠬᠦᠨᠵᠡᠭᠡᠶᠢᠷᠡᠭᠦᠯᠵᠣ᠂ ᠠᠵᠢᠯ ᠲᠦᠷᠦᠯ ᠢ ᠣᠯᠠᠮ ᠨᠢᠭᠡ ᠠᠯᠬᠤᠮ ᠪᠠᠭᠠᠰᠬᠠᠵᠤ᠂ ᠶᠠᠪᠣᠴᠠ ᠶᠢ ᠪᠠᠭᠠᠰᠬᠠᠵᠤ᠂ ᠮᠠᠲ᠋ᠧᠷᠢᠶᠡᠯ ᠢ ᠪᠠᠭᠠᠰᠬᠠᠵᠤ᠂ ᠴᠠᠭ ᠬᠤᠭᠤᠴᠠᠭ᠎ᠠ  ᠶᠢ ᠪᠠᠭᠠᠰᠬᠠᠵᠤ᠂ ᠲᠥᠷᠥᠯ ᠵᠦᠶᠯ ᠤᠨ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠬᠡᠵᠦ᠂ ᠠᠵᠤ ᠠᠬᠤᠶᠢᠯᠠᠯ  ᠤᠨ ᠠᠵᠢᠯ ᠶᠠᠪᠤᠳᠠᠯ ᠭᠦᠶᠴᠡᠳᠬᠡᠬᠦ ᠳᠤ ᠳᠠᠬᠢᠨ ᠲᠥᠬᠦᠮ ᠦᠵᠡᠭᠦᠯᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ᠂ ︽ᠬᠤᠶᠠᠷ ᠵᠣᠶᠢᠯ ᠢ ᠰᠣᠩᠭᠤᠨ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾  ᠶᠢ ᠶᠡᠬᠡᠪᠡᠷ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠵᠤ᠂ ᠣᠯᠠᠨ ᠲᠠᠯ᠎ᠠ ᠠᠴᠠ ᠲᠠᠪᠬᠤᠷ ᠲᠠᠪᠬᠤᠷ ᠬᠠᠤᠯᠢ ᠬᠡᠷᠡᠭᠵᠢᠭᠦᠯᠬᠦ ᠦᠭᠡᠢ᠂ ᠳᠥᠭᠦᠮ ᠪᠦᠳᠦᠭᠦᠯᠢᠭ ᠢᠶᠠᠷ ᠬᠠᠤᠯᠢ ᠬᠡᠷᠡᠭᠵᠢᠭᠦᠯᠬᠦ ᠦᠭᠡᠢ᠂ ᠳᠤᠷ᠎ᠠ ᠪᠠᠷ ᠢᠶᠠᠨ ᠬᠠᠤᠯᠢ ᠬᠡᠷᠡᠭᠵᠢᠭᠦᠯᠬᠦ ᠦᠭᠡᠢ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠶᠡᠭᠡ ᠲᠢᠩᠬᠢᠮ ᠳᠤ ᠬᠦᠢᠴᠡᠳᠭᠡᠬᠦ᠂ ᠰᠦᠯᠵᠢᠶᠡᠨ ᠲᠡᠭᠡᠷ᠎ᠡ ᠬᠦᠢᠴᠡᠳᠭᠡᠬᠦ᠂ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠤᠷᠳᠤᠴᠠ ᠶᠢ ᠨᠡᠮᠡᠭᠳᠡᠭᠦᠯᠵᠣ᠂ ᠦᠷ᠎ᠡ ᠪᠦᠲᠦᠮᠵᠢ ᠲᠡᠭᠡᠭᠰᠢᠯᠡᠭᠦᠯᠦᠨ᠎ᠡ      ︵ᠳᠦᠷᠪᠡ︶ ᠭᠦᠳᠡᠭᠡ ᠳᠤᠰᠬᠤᠨ ᠢ ᠭᠦᠭᠵᠢᠭᠦᠯᠤᠨ ᠮᠠᠨᠳᠤᠭᠤᠯᠬᠤ ᠠᠵᠢᠯ ᠢ ᠴᠢᠩᠭ᠎ᠠ ᠠᠳᠬᠤᠵᠤ᠂ ᠴᠢᠨᠡᠭᠡᠯᠢᠭ ᠨᠡᠶᠢᠭᠡᠮ ᠢ ᠪᠦᠭᠦ ᠳᠠᠯ᠎ᠠ ᠪᠠᠷ ᠪᠦᠳᠦᠭᠡᠨ ᠪᠠᠶᠢᠭᠤᠯᠬᠤ ᠬᠤᠳᠠ ᠭᠦᠳᠡᠭᠡ ᠶᠢᠨ ᠪᠠᠶᠢᠷᠢᠰᠢᠯ ᠢ ᠳᠡᠭᠦᠯᠳᠡᠷᠵᠢᠭᠦᠯᠤᠨ᠎ᠠ᠃ ᠭᠢᠨᠠᠵᠤ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ᠂ ᠬᠤᠳᠠ ᠭᠦᠳᠡᠭᠡ ᠶᠢ ᠳᠡᠩᠴᠡᠭᠦᠷᠢᠳᠠᠢ ᠪᠠᠶᠢᠯᠭᠠᠨ᠂ ᠦᠢᠯᠡᠳᠪᠤᠷᠢᠯᠠᠯ ᠠᠮᠢᠳᠤᠷᠠᠯ ᠠᠮᠢ ᠠᠬᠤᠢ ᠶᠢ ᠨᠢᠭᠡᠳᠤᠯᠳᠠᠢ ᠳᠦᠯᠦᠪᠵᠢᠭᠦᠯᠤᠨ ᠰᠢᠯᠢᠳᠡᠭᠵᠢᠭᠦᠯᠭᠦ ᠳᠤᠭᠳᠠᠴᠠ ᠶᠢ ᠪᠠᠷᠢᠮᠳᠠᠯᠠᠨ᠂ ᠬᠤᠳᠠ ᠪᠠᠯᠭᠠᠰᠤ ᠶᠢᠨ ᠳᠤᠳᠤᠭᠠᠳᠤ ᠠᠭᠤᠯᠤᠭᠳᠠᠬᠤᠨ ᠢ ᠡᠯᠪᠡᠭᠵᠢᠭᠦᠯᠦᠭᠰᠠᠨ᠂ ᠡᠷᠴᠢᠮᠵᠢᠭᠦᠯᠦᠭᠰᠠᠨ᠂ ᠪᠤᠭᠢᠷᠳᠤᠯ ᠦᠭᠡᠢ ᠭᠦᠭᠵᠢᠯᠳᠠ ᠶᠢ ᠠᠭᠢᠭᠤᠯᠤᠨ᠎ᠠ᠃      ᠤᠨᠴᠠᠯᠢᠭᠳᠤ ᠬᠤᠳᠠ ᠪᠠᠯᠭᠠᠰᠤ ᠶᠢᠨ ᠪᠠᠶᠢᠭᠤᠯᠣᠯᠲᠠ ᠶᠢ ᠲᠦᠷᠭᠡᠳᠭᠡᠨ᠎ᠡ᠃ ᠪᠠᠳᠤᠬᠠᠭᠠᠯᠭ᠎ᠠ ᠪᠠᠯᠭᠠᠰᠤ ᠶᠢ ᠴᠢᠨᠠᠷᠵᠢᠭᠤᠨ ᠪᠠᠯᠭᠠᠰᠤ ᠪᠣᠯᠭᠠᠨ ᠪᠠᠶᠢᠭᠤᠯᠬᠤ ᠶᠢ ᠪᠠᠷᠢᠮᠳᠠᠯᠠᠨ᠂ ᠤᠰᠤ ᠴᠠᠭᠢᠯᠭᠠᠨ ᠪᠠᠶᠢᠭᠠᠯᠢ ᠶᠢᠨ ᠰᠢᠳᠠᠮᠠᠬᠠᠢ ᠭᠡᠢ ᠳᠤᠯᠠᠭᠠᠯᠭ᠎ᠠ ᠵᠡᠷᠭᠡ ᠳᠦᠭᠦᠭᠡᠷᠦᠮᠵᠢ ᠶᠢᠨ ᠳᠡᠭᠦᠯᠳᠡᠷᠵᠢᠯ ᠢ ᠳᠦᠷᠭᠡᠳᠭᠡᠵᠤ᠂ ᠰᠠᠭᠤᠭᠠᠯᠢ ᠳᠤᠭᠤᠷᠢᠭ ᠲᠤ ᠴᠠᠭᠢᠯᠭᠠᠨ ᠴᠡᠨᠡᠭᠯᠡᠭᠦ ᠪᠠᠭᠠᠨ᠎ᠠ ᠣᠭᠰᠠᠷᠠᠵᠣ᠂ ᠮᠠᠰᠢᠨ ᠳᠡᠷᠭᠡᠨ ᠤ ᠵᠤᠭᠰᠤᠭᠠᠯ ᠭᠠᠷᠭᠠᠨ᠂ ᠳᠦᠭᠦᠮ ᠪᠦᠳᠦᠴᠠᠳᠤ ᠤᠷᠤᠨ ᠰᠠᠭᠤᠴᠠ ᠶᠢ ᠨᠤᠷᠠᠭᠠᠨ ᠬᠤᠭᠤᠰᠤᠯᠠᠭᠰᠠᠨ ᠤᠷᠤᠨ ᠢ ᠴᠡᠭᠴᠯᠡᠨ ᠵᠠᠰᠠᠬᠤ ᠠᠵᠢᠯ ᠢ ᠰᠠᠶᠢᠳᠤᠷ ᠭᠢᠵᠤ᠂ ᠫᠦ᠋ ᠳ᠋ᠦᠩ ᠬᠤᠸᠠ ᠹᠦ᠋᠂ ᠶᠢᠨ ᠰᠢᠤ ᠬᠤᠸᠠ ᠶᠤᠸᠠᠨ ᠳᠦᠭᠦᠮ ᠪᠦᠳᠦᠴᠡᠳᠤ ᠤᠷᠤᠨ ᠰᠠᠭᠤᠴᠠ ᠶᠢ ᠰᠢᠨᠡᠳᠭᠡᠭᠦ ᠳᠦᠷᠦᠯ ᠵᠦᠢᠯ ᠵᠡᠷᠭᠡ ᠶᠢ ᠭᠡᠷᠡᠭᠵᠢᠭᠦᠯᠤᠨ᠂ ᠬᠤᠳᠠ ᠶᠢᠨ ᠳᠠᠭᠠᠭᠠᠪᠤᠷᠢᠳᠤ ᠴᠢᠨᠡᠷ ᠢ ᠳᠠᠰᠤᠷᠠᠯᠳᠠ ᠦᠭᠡᠢ ᠳᠡᠭᠡᠭᠰᠢᠯᠡᠭᠦᠯᠤᠨ᠎ᠠ᠃ ᠮᠠᠨᠳᠤᠯ ᠪᠠᠯᠭᠠᠰᠣᠨ ᠳᠤ ᠪᠤᠭᠤᠮᠳᠠ ᠪᠠᠷ ᠪᠠᠯᠭᠠᠰᠤ ᠪᠠᠨ ᠬᠦᠭᠵᠢᠭᠦᠯᠬᠦ ᠶᠢ ᠪᠠᠷᠢᠮᠳᠠᠯᠠᠨ᠂ ᠬᠤᠨᠣᠵᠤ ᠬᠡᠪᠲᠡᠬᠦ᠂ ᠢᠳᠡᠭᠡᠨ ᠤᠮᠳᠠᠭᠠᠨ᠂ ᠣᠨᠴᠠᠯᠢᠭᠲᠤ ᠵᠢᠭᠤᠯᠴᠢᠯᠠᠯ ᠵᠡᠷᠭᠡ ᠠᠵᠤ ᠦᠢᠯᠡᠰ ᠤᠨ ᠬᠥᠭᠵᠢᠯᠲᠡ ᠶᠢ ᠢᠳᠡᠪᠬᠢᠲᠠᠢ ᠲᠦᠯᠬᠢᠨ ᠠᠬᠢᠭᠤᠯᠵᠤ᠂ ᠣᠰᠣ᠂ ᠴᠠᠬᠢᠯᠭᠠᠨ᠂ ᠵᠠᠮ ᠵᠡᠷᠭᠡ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠪᠣᠭᠤᠮᠲᠠ ᠶᠢᠨ ᠣᠨᠴᠠᠯᠢᠭᠲᠣ ᠪᠠᠯᠭᠠᠰᠤ ᠪᠣᠯᠭᠠᠨ ᠪᠦᠲᠦᠭᠡᠨ ᠪᠠᠶᠢᠭᠤᠯᠤᠨ᠎ᠠ᠃ ᠰᠢᠷᠠᠮᠥ᠋ᠷᠡᠨ ᠪᠠᠯᠭᠠᠰᠤ ᠵᠢᠭᠤᠯᠴᠢᠯᠠᠯ  ᠢᠶᠠᠷ ᠬᠤᠲᠠ ᠪᠠᠯᠭᠠᠰᠤ ᠪᠠᠨ ᠮᠠᠨᠳᠤᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠡᠷᠲᠡᠨ ᠤ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠵᠢᠭᠤᠯᠴᠢᠯᠠᠯ ᠤᠨ ᠣᠨᠴᠠᠯᠢᠭᠲᠣ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ ᠪᠤᠰᠤᠳ ᠰᠤᠮᠤ ᠰᠢᠶᠠᠩ ᠪᠠᠯᠭᠠᠰᠤ ᠨᠢ ᠦᠪᠡᠷ ᠦᠪᠡᠷ ᠤᠨ ᠳᠠᠪᠠᠭᠤᠯᠢᠭ ᠪᠤᠯᠤᠨ ᠰᠠᠭᠤᠷᠢ ᠨᠦᠭᠦᠴᠡᠯ ᠳᠡᠭᠡᠨ ᠳᠦᠰᠢᠭᠯᠡᠵᠤ᠂ ᠳᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠠ ᠶᠢ ᠡᠳ᠋ᠰᠢᠭᠦᠯᠵᠤ ᠪᠤᠯᠪᠠᠰᠤᠷᠠᠭᠤᠯᠬᠤ᠂ ᠭᠦᠳᠡᠭᠡ ᠳᠤᠰᠬᠤᠨ ᠤ ᠵᠢᠭᠤᠯᠴᠢᠯᠠᠯ᠂ ᠠᠵᠣ ᠦᠢᠯᠡᠳᠪᠦᠷᠢ ᠠᠭᠤᠷᠬᠠᠢ ᠶᠢᠨ ᠦᠢᠯᠡᠴᠢᠯᠡᠭᠡ ᠵᠡᠷᠭᠡ ᠠᠵᠤ ᠦᠢᠯᠡᠰ ᠢ ᠭᠦᠭᠵᠢᠭᠦᠯᠵᠤ᠂ ᠠᠵᠤ ᠦᠢᠯᠡᠰ ᠤᠨ ᠳᠤᠯᠭᠠᠭᠤᠷᠢᠯᠠᠬᠤ ᠪᠠ ᠳᠠᠶᠢᠴᠢᠯᠠᠨ ᠳᠠᠭᠠᠭᠤᠯᠬᠤ ᠴᠢᠳᠠᠪᠤᠷᠢ ᠪᠠᠨ ᠴᠢᠩᠭᠠᠷᠠᠭᠤᠯᠣᠨ᠎ᠠ᠃      ᠨᠠᠷᠢᠯᠢᠭ ᠬᠠᠮᠢᠶᠠᠷᠤᠯᠳᠠ ᠪᠠᠨ ᠲᠡᠭᠡᠭᠰᠢᠯᠡᠭᠦᠯᠦᠨ᠎ᠡ᠃ ᠪᠠᠲᠤᠬᠠᠭᠠᠯᠭ᠎ᠠ ᠪᠠᠯᠭᠠᠰᠤᠨ ᠤ ᠲᠠᠪᠣᠨ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠶᠠᠪᠣᠭᠳᠠᠭᠤᠯᠵᠣ᠂ ᠰᠠᠭᠤᠭᠠᠯᠢ ᠲᠣᠭᠤᠷᠢᠭ ᠤᠨ ᠭᠠᠵᠠᠷ ᠳᠣᠣᠷᠠᠬᠢ ᠬᠤᠭᠤᠯᠠᠢ ᠲᠣᠣᠷ ᠤᠨ ᠬᠠᠭᠤᠴᠢᠷᠠᠭᠰᠠᠨ᠂ ᠵᠠᠮ ᠤᠨ ᠭᠠᠳᠠᠷᠭᠤ ᠡᠪᠳᠡᠷᠡᠭᠰᠡᠨ ᠵᠡᠷᠭᠡ ᠣᠯᠠᠨ ᠲᠦᠮᠡᠨ ᠤ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠲᠦᠷᠭᠡᠨ ᠰᠢᠢᠳᠪᠦᠷᠢᠯᠡᠨ᠎ᠡ᠃ ᠰᠠᠭᠤᠭᠠᠯᠢ ᠲᠣᠭᠤᠷᠢᠭ ᠤᠨ ᠣᠷᠣᠵᠣ ᠭᠠᠷᠬᠤ ᠭᠠᠵᠠᠷ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠠᠭᠤᠭᠠᠯᠢ ᠲᠣᠭᠤᠷᠢᠭ  ᠤᠨ ᠠᠳᠠᠯ ᠠᠬᠤᠶ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠶᠢ ᠲᠦᠷᠢᠮᠵᠢᠭᠦᠯᠵᠣ᠂ ᠠᠳᠠᠯ ᠠᠬᠤᠶ ᠶᠢᠨ ᠢᠵᠢ ᠪᠥᠷᠢᠳᠦᠭᠦᠯᠬᠦ ᠦᠶᠯᠡᠴᠢᠯᠡᠭᠡ ᠶᠢ ᠲᠡᠭᠦᠯᠳᠡᠷᠵᠢᠭᠦᠯᠦᠨ᠎ᠡ᠃ ᠬᠤᠲᠠ ᠪᠠᠯᠭᠠᠰᠤ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠣ᠂ ᠰᠠᠭᠤᠭᠠᠯᠢ ᠠᠷᠠᠳ ᠤᠨ ᠲᠣᠭᠤᠷᠢᠭ ᠲᠤ ᠳᠤᠷ᠎ᠠ ᠪᠠᠷ ᠢᠶᠠᠨ ᠪᠠᠶᠢᠭᠤᠯᠬᠤ᠂ ᠨᠡᠶᠢᠲᠡ ᠶᠢᠨ ᠬᠡᠷᠡᠭᠯᠡᠭᠡᠨ ᠤ ᠭᠠᠵᠠᠷ ᠢ ᠬᠦᠷᠢᠶᠡᠯᠡᠨ ᠡᠵᠡᠯᠡᠬᠦ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠵᠡᠷᠭᠡ ᠣᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ ᠡᠯ᠎ᠡ ᠲᠥᠷᠥᠯ ᠤᠨ ᠦᠢᠯᠡ ᠠᠵᠢᠯᠯᠠᠭᠠᠨ ᠳᠤ ᠴᠢᠩᠭ᠎ᠠ ᠴᠣᠬᠢᠯᠲᠠ ᠦᠭᠭᠦᠨ᠎ᠡ᠃ ᠬᠤᠲᠠ ᠲᠣᠭᠤᠷᠢᠭ ᠤᠨ ︽ᠵᠢᠷᠭᠤᠭᠠᠨ ᠲᠣᠷ᠎ᠠ ᠵᠣᠷᠢᠭ ᠤᠨ ᠦᠵᠡᠭᠳᠡᠯ︾᠂ ᠱᠤᠤᠭᠢᠶᠠᠨ ᠤ ᠪᠣᠬᠢᠷᠲᠤᠯ᠂ ᠭᠠᠵᠠᠷ ᠪᠣᠯᠭᠠᠨ ᠳᠤ ᠮᠠᠯ ᠢ ᠠᠯᠠᠵᠤ ᠨᠢᠲᠤᠯᠬᠤ ᠵᠡᠷᠭᠡ ᠣᠯᠠᠨ ᠲᠦᠮᠡᠨ  ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠬᠤᠲᠠ ᠪᠠᠯᠭᠠᠰᠤ ᠶᠢᠨ ᠡᠷᠬᠢᠨ ᠲᠣᠭᠤᠷᠢᠨ ᠳᠤ ᠲᠡᠵᠢᠭᠡᠭᠰᠡᠨ ᠮᠠᠯ ︽ᠴᠡᠴᠡᠷᠯᠢᠭ ᠲᠤ ᠣᠷᠣᠬᠤ᠂ ᠵᠡᠭᠡᠯᠢ ᠳᠤ ᠭᠠᠷᠴᠣ ᠪᠠᠶᠢᠬᠤ︾ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠠᠮᠢᠶᠠᠷᠤᠯᠲᠠ ᠪᠠᠷ ᠴᠢᠩᠭ᠎ᠠ᠂ ᠠᠷᠢᠭᠤᠨ ᠴᠡᠪᠡᠷ᠂ ᠪᠣᠯᠪᠠᠰᠤᠨ᠂ ᠡᠮᠬᠢ ᠲᠢᠭᠯᠢᠮ ᠲᠠᠢ᠂ ᠲᠠᠭᠠᠯᠠᠮᠵᠢᠲᠠᠶ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠨ᠎ᠠ      ᠰᠠᠭᠤᠷᠢ ᠳᠦᠭᠦᠭᠡᠷᠦᠮᠵᠢ ᠶᠢ ᠲᠡᠭᠦᠯᠳᠡᠷᠵᠢᠬᠦ ᠶᠢ ᠲᠦᠯᠬᠢᠨ ᠠᠬᠢᠭᠤᠯᠣᠨ᠎ᠠ᠃ ︽ᠲᠦᠷᠪᠡᠨ ᠰᠠᠶᠢᠨ ᠵᠠᠰᠠᠮᠠᠯ ᠵᠠᠮ︾ ᠤᠨ ᠪᠦᠬᠦ ᠣᠯᠣᠰ ᠤᠨ ᠵᠢᠱᠢᠶᠡᠴᠢ ᠰᠢᠶᠠᠨ ᠢ ᠡᠭᠦᠳᠦᠨ ᠪᠠᠶᠢᠭᠤᠯᠣᠭᠰᠠᠨ ᠦᠷ᠎ᠡ ᠪᠦᠲᠦᠮᠵᠢ ᠢ ᠪᠠᠲᠣᠳᠬᠠᠵᠣ ᠭᠦᠳᠡᠭᠡ ᠳᠤᠰᠬᠤᠨ ᠮᠠᠯᠵᠢᠬᠤ ᠤᠷᠤᠨ ᠤ ᠵᠠᠰᠠᠮᠠᠯ ᠵᠠᠮ ᠤ ᠪᠦᠳᠦᠭᠡᠨ ᠪᠠᠶᠢᠭᠤᠯᠣᠯᠲᠠ᠂ ᠬᠠᠮᠢᠶᠠᠷᠤᠨ ᠠᠷᠠᠴᠢᠯᠠᠬᠤ ᠳᠤᠭᠳᠠᠴᠠ ᠶᠢ ᠲᠡᠭᠦᠯᠳᠡᠷᠵᠢᠭᠦᠯᠵᠣ᠂ ᠰᠢᠭᠤᠳ ᠰᠢᠯᠤᠭᠤᠨ᠂ ᠠᠮᠤᠷ ᠳᠦᠪᠰᠢᠨ᠂ ᠳᠤᠭᠢᠯᠢᠭ ᠳᠠᠭᠠᠯᠠᠮᠵᠢᠳᠠᠢ ᠵᠠᠰᠠᠮᠠᠯ ᠵᠠᠮ ᠤᠨ ᠤᠷᠴᠢᠨ ᠳᠤᠭᠤᠷᠢᠨ ᠢ ᠪᠠᠶᠢᠭᠤᠯᠤᠨ᠎ᠠ᠃ ᠮᠠᠨᠳᠣᠯ ᠪᠤᠭᠤᠮᠳᠠ ᠠᠴᠠ ᠪᠠᠶ᠋ᠬᠠᠤᠪᠤᠭ᠎ᠠ ᠭᠦᠷᠭᠦ᠂ ᠬᠤᠸᠠᠩ ᠵᠢᠶᠠ ᠲᠠᠨ ᠠᠴᠠ ᠪᠠᠳᠤᠬᠠᠭᠠᠯᠭ᠎ᠠ ᠭᠦᠷᠭᠦ ᠵᠠᠰᠠᠮᠠᠯ ᠵᠠᠮ ᠪᠦᠬᠦᠨ ᠢᠶᠠᠷ ᠲᠡᠷᠭᠡ ᠨᠡᠪᠳᠡᠷᠡᠵᠣ᠂ ᠪᠠᠳᠤᠬᠠᠭᠠᠯᠭ᠎ᠠ ᠪᠠᠯᠭᠠᠰᠤ  ᠠᠴᠠ ᠡᠮᠦᠨᠡᠰᠢ ᠭᠠᠷᠬᠤ ᠡᠭᠦᠳᠡ ᠶᠢ ᠦᠭᠡᠷᠡᠴᠢᠯᠡᠨ ᠪᠠᠶᠢᠭᠤᠯᠬᠤ ᠠᠵᠢᠯ ᠢ ᠳᠠᠭᠤᠰᠬᠠᠨ ᠠᠰᠢᠭᠯᠠᠯᠳᠠ ᠳᠤ ᠤᠷᠤᠭᠤᠯᠤᠨ᠎ᠠ᠃ ᠰᠢᠶᠠᠨ ᠤ ᠵᠠᠮ ᠪᠣᠯᠬᠤ ᠴᠠᠭᠠᠨᠬᠠᠳᠠ ᠠᠴᠠ ᠳᠠᠷᠬᠠᠨ ᠰᠤᠮᠤ ᠭᠦᠷᠭᠦ ᠵᠢᠭᠤᠯᠴᠢᠯᠠᠯ ᠤᠨ ᠵᠠᠮ ᠢ ᠪᠠᠶᠢᠭᠤᠯᠵᠤ ᠳᠡᠷᠭᠡ ᠨᠡᠪᠳᠡᠷᠡᠭᠦᠯᠤᠨ᠎ᠠ᠃ ᠳᠠᠯ᠎ᠠ ᠶᠢᠨ ᠭᠦᠨ᠂ ᠳᠠᠪᠤᠨ ᠭᠤᠤᠯ ᠤᠨ ᠤᠰᠤᠨ ᠴᠦᠭᠦᠷᠦᠮ ᠤᠨ ᠪᠦᠳᠦᠭᠡᠨ ᠪᠠᠶᠢᠭᠤᠯᠤᠯᠳᠠ ᠶᠢ ᠳᠦᠷᠭᠡᠳᠭᠡᠨ᠂ 40 ᠬᠠᠪᠳᠠᠭᠠᠢ ᠳᠦᠷᠪᠡᠯᠵᠢᠨ ᠺᠢᠯᠦᠮᠧᠲᠷ ᠪᠦᠭᠦᠢ ᠭᠤᠤᠯ ᠤᠨ ᠰᠠᠪᠠ ᠭᠠᠵᠠᠷ ᠢ ᠵᠠᠰᠠᠨ᠎ᠠ᠃ ᠠᠶᠢᠪᠠᠭ᠎ᠠ ᠭᠤᠤᠯ ᠤᠨ ᠤᠰᠤᠨ ᠤ ᠰᠢᠰᠲ᠋ᠧᠮ ᠢ ᠨᠡᠪᠳᠡᠷᠡᠭᠦᠯᠭᠦ ᠪᠠᠷᠢᠯᠭ᠎ᠠ ᠶᠢ ᠪᠠᠶᠢᠭᠤᠯᠵᠤ᠂ 11.5 ᠺᠢᠯᠦᠮᠧᠲᠷ ᠤᠨ ᠭᠤᠤᠯ ᠤᠨ ᠬᠦᠨᠲᠡᠢ ᠶᠢ ᠵᠠᠰᠠᠨ᠎ᠠ᠃ 15 ᠭᠠᠵᠠᠷ ᠲᠤ ᠠᠶᠤᠯᠭᠦᠢ ᠤᠤᠭᠤᠬᠤ ᠤᠰᠤᠨ ᠤ ᠢᠨᠵᠧᠨ᠋ᠧᠷᠢᠩ ᠢ ᠭᠡᠷᠡᠭᠵᠢᠭᠦᠯᠵᠤ᠂ 30 ᠤᠰᠤ ᠬᠠᠨᠭ᠍ᠭᠠᠬᠤ ᠬᠤᠳᠳᠤᠭ ᠢ ᠪᠠᠶᠢᠭᠤᠯᠣᠨ᠎ᠠ᠃ ᠭᠠᠭᠴᠠ ᠡᠷᠦᠬᠡ ᠶᠢᠨ ᠤᠰᠤ ᠴᠡᠪᠡᠷᠰᠢᠬᠦᠯᠬᠦ ᠮᠠᠰᠢᠨ ᠢ 6000 ᠰᠠᠭᠤᠷᠢ ᠠᠴᠠ ᠳᠡᠭᠡᠭᠰᠢ ᠤᠭᠰᠠᠷᠠᠨ᠂ ᠤᠯᠠᠨ ᠲᠦᠮᠠᠨ ᠤ ᠬᠡᠷᠡᠭᠯᠡᠬᠦ ᠤᠰᠤ ᠪᠠ ᠣᠣᠭᠤᠬᠤ ᠣᠰᠣᠨ ᠤ ᠠᠮᠣᠷ ᠲᠦᠪᠰᠢᠨ ᠢ ᠪᠠᠲᠣᠯᠠᠨ᠎ᠠ᠃ ᠮᠡᠳᠡᠭᠡ ᠵᠠᠩᠭᠢᠵᠢᠯᠲᠠ  ᠶᠢᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠳᠠᠷᠬᠠᠨ ᠮᠤᠤᠮᠢᠩᠭᠠᠨ ᠤ ᠲᠣᠮᠣ ᠳ᠋ᠠᠶᠢᠲ᠋ᠠ ᠶᠢᠨ ᠲᠥᠪ ᠲᠤ ᠲᠦᠰᠢᠭᠯᠡᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠢ ᠪᠦᠲᠦᠭᠡᠨ ᠪᠠᠶᠢᠭᠤᠯᠵᠤ᠂ ᠲᠣᠨᠤᠭ ᠲᠥᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠵᠢᠯ ᠤᠨ ᠳᠣᠲᠣᠷ᠎ᠠ ᠡᠵᠡᠩᠨᠡᠯᠲᠡ ᠳᠤ ᠣᠷᠣᠭᠤᠯᠵᠤ ᠂ ︽ᠲᠣᠭᠠᠴᠢᠯᠠᠭᠰᠠᠨ ᠲᠠᠷᠬᠠᠨ ᠮᠤᠤᠮᠢᠩᠭᠠᠨ︾ ᠰᠢᠨ᠎ᠡ ᠵᠠᠭᠪᠤᠷ ᠢ ᠪᠤᠢ ᠪᠣᠯᠭᠠᠨ᠎ᠠ᠃ 5G ᠰᠠᠭᠤᠷᠢ ᠥᠷᠲᠡᠭᠡ ᠶᠢᠨ ᠪᠠᠶᠢᠷᠢᠰᠢᠭᠤᠯᠤᠨ ᠪᠠᠶᠢᠭᠤᠯᠬᠤ ᠶᠢ ᠠᠬᠢᠭᠤᠯᠵᠤ᠂ ᠪᠠᠲᠤᠬᠠᠭᠠᠯᠭ᠎ᠠ ᠪᠠᠯᠭᠠᠰᠤ ᠶᠢᠨ ᠲᠣᠷᠰᠢᠯᠲᠠ ᠶᠢᠨ ᠰᠠᠭᠤᠷᠢ ᠥᠷᠲᠡᠭᠡ ᠨᠡᠪᠳᠡᠷᠡᠬᠦ ᠶᠢ ᠪᠡᠶᠡᠯᠡᠭᠦᠯᠦᠨ᠎ᠡ᠃ ᠳᠠᠷᠬᠠᠨ ᠮᠤᠤᠮᠢᠩᠭᠠᠨ ᠤ 500 KV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠥᠷᠲᠡᠭᠡ ᠶᠢᠨ ᠮᠡᠷᠭᠡᠵᠢᠯ ᠤᠨ ᠦᠭᠡᠷᠡᠴᠢᠯᠡᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠦᠭᠡᠷᠬᠤᠳᠳᠤᠭ ᠤᠨ 110KV ᠬᠦᠴᠦᠳᠡᠯ ᠥᠭᠡᠷᠡᠴᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠵᠤ᠂ ᠬᠢᠯᠢ ᠬᠢᠵᠠᠭᠠᠷ ᠣᠷᠣᠨ ᠳᠤ ᠬᠥᠳᠡᠯᠭᠡᠭᠴᠢ ᠬᠦᠴᠦᠨ ᠤ ᠴᠠᠬᠢᠯᠭᠠᠨ ᠢ ᠲᠦᠭᠡᠮᠡᠯᠵᠢᠭᠦᠯᠵᠣ᠂ ᠴᠠᠬᠢᠯᠭᠠᠨ ᠬᠠᠩᠭᠠᠬᠤ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃      ᠬᠦᠳᠡᠭᠡ ᠳᠤᠰᠬᠤᠨ ᠤ ᠰᠠᠭᠤᠷᠢᠰᠢᠯ ᠤᠨ ᠤᠷᠴᠢᠨ ᠳᠤᠭᠤᠷᠢᠨ ᠤ ᠴᠢᠭᠴᠡᠯᠡᠯᠲᠡ ᠶᠢ ᠬᠦᠨᠵᠡᠭᠡᠶᠢᠷᠡᠭᠦᠯᠦᠨ᠎ᠡ᠃ ᠭᠦᠳᠡᠭᠡ ᠳᠤᠰᠬᠤᠨ ᠤ ︽ᠭᠤᠷᠪᠠ ᠶᠢ ᠴᠡᠪᠡᠷᠯᠡᠵᠣ᠂ ᠨᠢᠭᠡ ᠶᠢ ᠦᠭᠡᠷᠡᠴᠢᠯᠡᠬᠦ︾ ᠲᠣᠰᠬᠠᠢ ᠬᠦᠳᠡᠯᠭᠡᠭᠡᠨ ᠢ ᠦᠷᠨᠢᠭᠦᠯᠵᠣ᠂ ᠦᠷᠭᠦᠯᠵᠢᠯᠡᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠴᠡᠪᠡᠷᠯᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠪᠠ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠᠷ ᠭᠤᠤᠯ ᠴᠢᠭᠯᠡᠯ ᠪᠣᠯᠭᠠᠨ ᠦᠪᠡᠷᠳᠡᠭᠡᠨ ᠵᠠᠰᠠᠬᠤ ᠤᠷᠤᠨ ᠤ ᠳᠡᠰ ᠤᠨ ᠰᠠᠭᠤᠷᠢᠰᠢᠯ ᠤᠨ ᠤᠷᠴᠢᠨ ᠳᠤᠭᠤᠷᠢᠨ ᠢ ᠵᠠᠰᠠᠭᠰᠠᠨ ᠵᠢᠱᠢᠶ᠎ᠡ ᠦᠵᠡᠭᠦᠯᠭᠦ 1 ᠰᠢᠶᠠᠩ ᠪᠠᠯᠭᠠᠰᠤ᠂ 17 ᠭᠠᠴᠠᠭ᠎ᠠ ᠳᠤᠰᠬᠤᠨ ᠢ ᠪᠠᠶᠢᠭᠤᠯᠤᠨ᠎ᠠ᠃ ᠤᠷᠴᠢᠨ ᠳᠤᠭᠤᠷᠢᠨ ᠤ ᠠᠷᠢᠭᠤᠨ ᠴᠡᠪᠡᠷ ᠢ ᠬᠠᠮᠢᠶᠠᠷᠤᠨ ᠬᠠᠮᠠᠭᠠᠯᠠᠬᠤ ᠳᠤᠭᠳᠠᠴᠠ ᠶᠢ ᠳᠡᠭᠦᠯᠳᠡᠷᠵᠢᠭᠦᠯᠵᠤ᠂ 1917 ᠡᠷᠦᠭᠡ ᠶᠢᠨ ᠵᠤᠷᠯᠤᠩ ᠢ ᠦᠭᠡᠷᠡᠴᠢᠯᠡᠨ ᠪᠠᠶᠢᠭᠤᠯᠵᠤ᠂ 95 % ᠠᠴᠠ ᠳᠡᠭᠡᠭᠰᠢᠭᠢ ᠵᠠᠰᠠᠭ ᠵᠠᠭᠢᠷᠭᠠᠨ ᠤ ᠳᠤᠰᠬᠤᠨ ᠤ ᠠᠮᠢᠳᠤᠷᠠᠯ ᠤᠨ ᠬᠤᠭ ᠨᠤᠪᠰᠢ ᠶᠢ ᠪᠦᠳᠦᠮᠵᠢᠳᠠᠢ ᠰᠢᠢᠳᠪᠤᠷᠢᠯᠠᠨ᠎ᠠ᠃ 5000 ᠲᠦᠮᠠᠨ ᠳᠦᠭᠦᠷᠢᠭ ᠤᠨ ᠪᠠᠯᠠ ᠤᠷᠤᠭᠤᠯᠵᠤ᠂ ᠰᠢᠪᠡᠷᠬᠦ᠋ᠷᠢᠶ᠎ᠡ ᠵᠡᠷᠭᠡ ᠵᠢᠷᠭᠤᠭᠠᠨ ᠰᠢᠶᠠᠩ ᠪᠠᠯᠭᠠᠰᠤ ᠳᠤ ᠠᠮᠢᠳᠤᠷᠠᠯ  ᠤᠨ ᠪᠤᠵᠠᠷ ᠤᠰᠤ ᠶᠢ ᠴᠡᠪᠡᠷᠯᠠᠨ ᠵᠠᠰᠠᠬᠤ ᠢᠨᠵᠧᠨᠧᠷᠢᠩ ᠢ ᠭᠡᠷᠡᠭᠵᠢᠭᠦᠯᠤᠨ᠂ 5.2 ᠺᠢᠯᠦᠮᠧᠲᠷ ᠤᠨ ᠪᠤᠵᠠᠷ ᠤᠰᠤᠨ  ᠤ ᠬᠤᠭᠤᠯᠠᠢ ᠶᠢ ᠳᠡᠪᠢᠰᠴᠤ᠂ ᠪᠤᠭᠢᠷᠳᠤᠯ ᠪᠤᠳᠠᠰ ᠢ ᠳᠠᠳᠠᠬᠤ ᠮᠠᠰᠢᠨ ᠳᠡᠷᠭᠡ᠂ ᠬᠤᠭ ᠤᠨ ᠬᠠᠶᠢᠷᠴᠠᠭ᠂ ᠬᠤᠭ ᠨᠤᠪᠰᠢ ᠶᠢ ᠰᠢᠯᠵᠢᠭᠦᠯᠤᠨ ᠵᠦᠭᠡᠭᠡᠪᠤᠷᠢᠯᠡᠭᠦ ᠦᠷᠳᠡᠭᠡ ᠵᠢᠴᠢ ᠬᠤᠭ ᠨᠤᠪᠰᠢ ᠶᠢ ᠰᠢᠳᠠᠭᠠᠨ ᠠᠷᠢᠯᠭᠠᠬᠤ ᠵᠤᠤᠬ᠎ᠠ ᠵᠡᠷᠭᠡ ᠳᠤᠨᠤᠭ ᠳᠦᠭᠦᠭᠡᠷᠦᠮᠵᠢ ᠶᠢ ᠢᠵᠢ ᠪᠦᠷᠢᠳᠦᠭᠦᠯᠵᠤ ᠦᠭᠭᠦᠨ᠎ᠠ᠃ ᠭᠤᠤᠯᠳᠠᠯᠭ᠎ᠠ ᠲᠠᠢ ᠳᠡᠵᠢᠭᠡᠨ ᠦᠷᠡᠵᠢᠭᠦᠯᠭᠦ ᠳᠠᠯᠠᠪᠤᠷ ᠤᠨ ᠬᠠᠶᠠᠭᠳᠠᠮᠠᠯ ᠤᠰᠤ ᠶᠢ ᠵᠠᠰᠠᠬᠤ ᠳᠦᠷᠦᠯ ᠵᠦᠢᠯ ᠢ ᠭᠡᠷᠡᠭᠵᠢᠭᠦᠯᠵᠤ᠂ ᠪᠤᠵᠠᠷ ᠤᠰᠤ ᠶᠢ ᠳᠤᠷᠠᠪᠠᠷ ᠭᠠᠳᠠᠭᠰᠢᠯᠭᠤᠯᠬᠤ ᠠᠰᠠᠭᠤᠳᠠᠯ ᠢ ᠰᠢᠢᠳᠪᠤᠷᠢᠯᠠᠨ᠎ᠠ᠃ ᠳᠤᠰᠬᠤᠨ ᠤ ᠠᠷᠠᠳ ᠤᠨ ᠦᠪᠡᠷᠳᠡᠭᠡᠨ ᠵᠠᠰᠠᠬᠤ ᠳᠦᠷᠢᠮ ᠢ ᠪᠦᠷᠢᠨᠰᠢᠭᠦᠯᠵᠤ᠂ ᠳᠤᠰᠬᠤᠨ ᠤ ᠠᠷᠠᠳ ᠤᠨ ᠭᠡᠷ᠎ᠠ ᠶᠢ ᠳᠡᠭᠦᠯᠳᠡᠷᠵᠢᠭᠦᠯᠤᠨ᠂ ᠵᠠᠩ ᠳᠠᠳᠬᠠᠯ ᠢ ᠨᠢ ᠬᠤᠪᠢᠷᠠᠭᠤᠯᠵᠤ ᠂ ᠪᠤᠯᠪᠠᠰᠤᠨ ᠰᠤᠷᠳᠠᠯ ᠢ ᠪᠤᠢ ᠪᠤᠯᠭᠠᠨ᠎ᠠ᠃      ︵ᠳᠠᠪᠤ︶ ᠦᠵᠡᠰᠭᠦᠯᠡᠩᠳᠤ ᠳᠠᠷᠬᠠᠨ ᠮᠤᠤᠮᠢᠩᠭᠠᠨ ᠢ ᠦᠷᠭᠦᠯᠵᠢᠯᠡᠨ ᠪᠠᠶᠢᠭᠤᠯᠵᠣ᠂ ᠴᠢᠨᠡᠭᠡᠯᠢᠭ ᠨᠡᠶᠢᠭᠡᠮ ᠢ ᠪᠦᠭᠦ ᠳᠠᠯ᠎ᠠ ᠪᠠᠷ ᠪᠦᠳᠦᠭᠡᠨ ᠪᠠᠶᠢᠭᠤᠯᠬᠤ ᠠᠮᠢ ᠠᠬᠤᠢ ᠶᠢᠨ ᠬᠠᠯᠬᠠᠪᠴᠢ ᠶᠢ ᠪᠠᠭᠢᠵᠢᠭᠦᠯᠤᠨ᠎ᠠ᠃ ︽ᠬᠦᠭᠡ ᠤᠰᠤ ᠭᠦᠭᠡᠮᠳᠦᠭ ᠠᠭᠤᠯᠠ ᠪᠤᠯ ᠠᠯᠳᠠ ᠮᠦᠡᠭᠭᠦᠨ ᠠᠭᠤᠯᠠ︾ ᠭᠡᠰᠠᠨ ᠢ ᠪᠠᠷᠢᠮᠳᠠᠯᠠᠵᠤ᠂ ᠡᠭᠢ ᠪᠠᠶᠠᠯᠢᠭ ᠢ ᠠᠷᠪᠢᠯᠠᠬᠤ ᠪᠠ ᠤᠷᠴᠢᠨ ᠳᠤᠭᠤᠷᠢᠨ ᠢ ᠬᠠᠮᠠᠭᠠᠯᠠᠬᠤ ᠤᠷᠤᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠳᠦᠴᠠ᠂ ᠦᠢᠯᠡᠳᠪᠤᠷᠢᠯᠠᠯ ᠤᠨ ᠠᠷᠭ᠎ᠠ᠂ ᠠᠮᠢᠳᠤᠷᠠᠯ ᠤᠨ ᠭᠡᠯᠪᠡᠷᠢ ᠢ ᠪᠤᠢ ᠪᠤᠯᠭᠠᠬᠤ ᠶᠢ ᠠᠭᠢᠭᠤᠯᠤᠨ᠂ ᠡᠭᠡ ᠤᠯᠤᠰ ᠤᠨ ᠤᠮᠠᠷᠠᠳᠤ ᠭᠢᠯᠢ ᠶᠢᠨ ᠠᠮᠢ ᠠᠬᠤᠢ ᠶᠢᠨ ᠠᠮᠤᠷ ᠳᠦᠪᠰᠢᠨ ᠤ ᠴᠢᠬᠤᠯᠠ ᠬᠠᠯᠬᠠᠪᠴᠢ ᠶᠢ ᠤᠯᠠᠮ ᠪᠠᠳᠤᠵᠢᠭᠤᠯᠤᠨ᠎ᠠ᠃      ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠱᠠᠲᠤ ᠦᠶ᠎ᠡ ᠶᠢᠨ ᠴᠢᠨᠠᠷᠲᠠᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠳᠦᠪ ᠪᠠ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠳᠤᠭᠤᠷᠢᠨ ᠤ ᠪᠠᠶᠢᠴᠠᠭᠠᠯᠳᠠ ᠳᠤ ᠢᠯᠡᠷᠡᠭᠰᠠᠨ ᠠᠰᠠᠭᠤᠳᠠᠯ ᠢ ᠴᠡᠭᠴᠡᠯᠡᠬᠦ ᠠᠵᠢᠯ ᠢ ᠨᠢᠮᠪᠠᠢ ᠶᠠᠪᠤᠭᠳᠠᠭᠤᠯᠵᠤ᠂ ᠶᠡᠷᠦᠩᠭᠡᠢ ᠳᠦᠰᠦᠯ ᠵᠢᠴᠢ ᠪᠡᠯᠴᠢᠭᠡᠷᠡᠯᠡᠨ ᠮᠠᠯᠵᠢᠬᠤ ᠶᠢ ᠬᠤᠷᠢᠭᠯᠠᠨ ᠬᠠᠮᠢᠶᠠᠷᠬᠤ᠂ ᠠᠭᠤᠷᠬᠠᠢ  ᠶᠢᠨ ᠠᠵᠤ ᠠᠬᠤᠶᠢᠯᠠᠯ ᠪᠠ ᠵᠢᠭᠤᠯᠴᠢᠯᠠᠯ ᠤᠨ ᠠᠵᠤ ᠠᠬᠤᠶᠢᠯᠠᠯ ᠨᠤᠳᠤᠭ ᠪᠡᠯᠴᠢᠭᠡᠷ ᠢ ᠡᠵᠡᠯᠡᠭᠦ ᠵᠡᠷᠭᠡ ᠶᠢ ᠳᠦᠷᠦᠯ ᠬᠤᠪᠢᠶᠠᠨ ᠰᠢᠢᠳᠪᠤᠷᠢᠯᠡᠭᠦ ᠳᠦᠰᠦᠯ ᠢ ᠳᠤᠭᠳᠠᠭᠠᠵᠤ᠂ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠠᠴᠠ ᠬᠠᠭᠠᠰ ᠰᠠᠷ᠎ᠠ ᠪᠤᠯᠭᠠᠨ ᠨᠢᠭᠡ ᠶᠠᠷᠢᠯᠴᠠᠵᠤ᠂ ᠬᠤᠪᠢᠶᠠᠨ ᠬᠠᠮᠢᠶᠠᠷᠴᠤ ᠪᠠᠶᠢᠭ᠎ᠠ ᠳᠠᠷᠤᠭ᠎ᠠ ᠨᠡᠷ ᠭᠠᠷᠠᠭ ᠪᠤᠯᠭᠠᠨ ᠨᠢᠭᠡ ᠤᠳᠠᠭ᠎ᠠ ᠵᠤᠭᠢᠴᠠᠭᠤᠯᠤᠨ ᠠᠭᠢᠭᠤᠯᠬᠤ ᠳᠤᠭᠳᠠᠴᠠ ᠶᠢ ᠴᠢᠩᠭ᠎ᠠ ᠬᠡᠷᠡᠭᠵᠢᠭᠦᠯᠵᠣ᠂ ᠳᠤᠭᠳᠠᠭᠰᠠᠨ ᠴᠠᠭ ᠲᠤ ᠵᠠᠰᠠᠨ ᠴᠡᠭᠴᠡᠯᠡᠬᠦ ᠡᠭᠦᠷᠭᠡ ᠶᠢ ᠪᠠᠶᠠᠯᠡᠭᠦᠯᠭᠦ ᠶᠢ ᠪᠠᠳᠤᠯᠠᠨ᠎ᠠ᠃ ᠬᠦᠭᠡ ᠳᠡᠭᠷᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠳᠠ  ᠶᠢ ᠳᠡᠮᠡᠴᠡᠵᠤ᠂ ᠵᠢᠢ ᠳ᠋ᠦᠡᠭ ᠱᠦᠢᠨᠢ ᠶᠢᠨ ᠠᠭᠤᠷᠬᠠᠢ ᠶᠢᠨ ᠬᠤᠭ ᠳᠤᠭᠤᠰᠤ ᠶᠢ ᠠᠷᠢᠯᠭᠠᠬᠤ ᠪᠠ ᠨᠡᠭᠦᠷᠠᠰᠤᠨ ᠰᠠᠷᠡᠪᠴᠢ ᠶᠢ ᠪᠢᠳᠡᠭᠦᠮᠵᠢᠯᠡᠭᠦ᠂ ᠵᠢᠤᠢ ᠹᠸᠡᠭ ᠬᠤᠪᠤᠷ ᠰᠢᠷᠤᠢ ᠶᠢᠨ ᠵᠤᠤᠬ᠎ᠠ ᠶᠢᠨ ᠬᠠᠶᠠᠭᠳᠠᠮᠠᠯ ᠭᠡᠢ ᠶᠢ ᠵᠠᠰᠠᠬᠤ᠂ ᠰᠢᠨ᠎ᠠ ᠳᠠᠷᠬᠠᠨ ᠮᠤᠤᠮᠢᠩᠭᠠᠨ ᠬᠤᠪᠤᠷ ᠰᠢᠷᠤᠢ ᠶᠢ ᠬᠠᠶᠢᠯᠤᠭᠤᠯᠬᠤ ᠪᠦᠯᠦᠭᠯᠡᠯ ᠤᠨ ᠬᠠᠶᠠᠭᠳᠠᠮᠠᠯ ᠭᠡᠢ ᠶᠢ ᠵᠠᠰᠠᠬᠤ ᠵᠡᠷᠭᠡ ᠳᠦᠷᠦᠯ ᠵᠦᠢᠯ ᠢ ᠭᠡᠷᠡᠭᠵᠢᠭᠦᠯᠵᠤ᠂ ᠰᠣᠯᠠ ᠨᠡᠭᠦᠷᠠᠰᠤ ᠶᠢ ᠵᠠᠰᠠᠬᠤ᠂ ᠳᠤᠭᠤᠰᠤ ᠶᠢ ᠵᠠᠰᠠᠬᠤ ᠠᠵᠢᠯ ᠢ ᠰᠠᠶᠢᠳᠤᠷ ᠭᠢᠵᠤ᠂ ᠠᠭᠠᠷ ᠮᠠᠨᠳᠠᠯ ᠤᠨ ᠪᠠᠷᠢᠮᠵᠢᠶ᠎ᠠ ᠰᠢᠯᠢᠳᠡᠭ ᠰᠠᠶᠢᠨ ᠪᠠᠷᠢᠮᠵᠢᠶ᠎ᠠ ᠳᠤ ᠭᠦᠷᠦᠭᠰᠠᠨ ᠡᠳᠤᠷ ᠤᠨ ᠡᠵᠡᠯᠡᠭᠦ ᠬᠠᠷᠢᠴᠠᠯ ᠢ 90% ᠠᠴᠠ ᠳᠠᠪᠠᠭᠤᠯᠤᠨ᠎ᠠ᠃ ᠭᠦᠭᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠳᠤᠷ ᠭᠢᠵᠤ᠂ ᠭᠤᠤᠯ ᠵᠦᠭ ᠬᠠᠨᠳᠤᠭᠰᠠᠨ ᠪᠤᠭᠢᠷᠳᠤᠯ ᠢ ᠭᠠᠳᠠᠭᠰᠢᠯᠠᠭᠤᠯᠬᠤ ᠠᠮᠠᠰᠠᠷ ᠢ ᠵᠠᠰᠠᠵᠤ᠂ ᠳᠦᠪᠯᠡᠷᠡᠭᠦᠯᠦᠭᠰᠠᠨ ᠤᠤᠭᠤᠬᠤ ᠤᠰᠤᠨ ᠤ ᠡᠭᠢ ᠶᠢ ᠳᠦᠷᠢᠮᠵᠢᠭᠦᠯᠤᠨ ᠴᠡᠭᠴᠡᠯᠡᠬᠦ ᠠᠵᠢᠯ ᠢ ᠴᠢᠩᠭᠠᠳᠬᠠᠵᠤ᠂ ᠭᠠᠵᠠᠷ ᠳᠤᠤᠷᠠᠭᠢ ᠤᠰᠤᠨ ᠤ ᠡᠭᠢ ᠪᠠᠶᠠᠯᠢᠭ ᠢ ᠬᠠᠮᠠᠭᠠᠯᠠᠬᠤ ᠳᠤᠰᠬᠠᠢ ᠳᠦᠷᠦᠯ ᠤᠨ ᠠᠵᠢᠯᠯᠠᠭ᠎ᠠ ᠶᠢ ᠦᠷᠨᠢᠭᠦᠯᠵᠤ᠂ ᠳᠦᠷᠢᠮ ᠠᠴᠠ ᠵᠦᠷᠢᠴᠡᠨ ᠤᠰᠤ ᠭᠡᠷᠡᠭᠯᠡᠭᠦ ᠦᠢᠯᠠ ᠠᠵᠢᠯᠯᠭ᠎ᠠ ᠳᠤ ᠴᠢᠩᠭ᠎ᠠ ᠴᠤᠭᠢᠯᠳᠠ ᠦᠭᠭᠦᠨ᠎ᠠ᠃ ᠴᠡᠪᠡᠷ ᠭᠦᠷᠦᠰᠤ ᠶᠢ ᠬᠠᠮᠠᠭᠠᠯᠠᠬᠤ ᠳᠠᠶᠢᠯᠠᠯᠳᠤᠭᠠᠨ ᠢ ᠯᠠᠪᠳᠠᠭᠤᠨ ᠪᠠᠳᠤᠳᠠᠢ ᠭᠢᠵᠤ᠂ ᠳᠡᠮᠦᠷᠯᠢᠭ ᠤᠨ ᠪᠤᠭᠢᠷᠳᠤᠯ ᠤᠨ ᠭᠠᠳᠠᠭᠰᠢᠯᠠᠯᠳᠠ ᠶᠢᠨ ᠭᠡᠮᠵᠢᠶ᠎ᠠ ᠶᠢ ᠴᠢᠩᠭ᠎ᠠ ᠭᠢᠵᠠᠭᠠᠷᠯᠠᠵᠤ᠂ ᠭᠦᠷᠦᠰᠤᠨ ᠤ ᠪᠤᠭᠢᠷᠳᠤᠯ ᠢ ᠬᠠᠷᠭᠤᠭᠤᠯᠤᠨ ᠪᠠᠶᠢᠴᠠᠭᠠᠬᠤ᠂ ᠭᠤᠤᠯᠳᠠᠯᠭ᠎ᠠ ᠲᠠᠢ ᠠᠵᠢᠯ ᠦᠢᠯᠡᠰ ᠤᠨ ᠤᠷᠴᠢᠨ ᠳᠤᠭᠤᠷᠢᠨ ᠤ ᠪᠠᠶᠢᠳᠠᠯ ᠢ ᠪᠠᠶᠢᠴᠠᠭᠠᠬᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠦᠷᠦᠰᠤ ᠶᠢ ᠪᠤᠭᠢᠷᠳᠤᠭᠤᠯᠬᠤ ᠳᠦᠭᠰᠢᠭᠦᠷᠢ ᠶᠢ ᠦᠨᠡᠯᠡᠨ ᠳᠤᠭᠳᠠᠭᠠᠬᠤ ᠵᠡᠷᠭᠡ ᠠᠵᠢᠯ ᠢ ᠦᠷᠨᠢᠭᠦᠯᠦᠨ᠂ ︽ᠬᠠᠶᠠᠭᠳᠠᠮᠠᠯ ᠪᠣᠳᠠᠰ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠶᠤᠯᠲᠠᠶ ᠬᠠᠶᠠᠭᠳᠠᠮᠠᠯ ᠪᠣᠳᠠᠰ ᠢ ᠲᠦᠷᠢᠮᠵᠢᠬᠦᠯᠤᠨ ᠬᠠᠮᠢᠶᠠᠷᠬᠤ ᠪᠠ ᠲᠠᠷᠢᠶᠠᠯᠠᠩ ᠤᠨ ᠭᠠᠵᠠᠷ ᠤᠨ ᠭᠠᠳᠠᠷᠭᠤ ᠲᠠᠪᠬᠤᠷᠭ᠎ᠠ ᠵᠢᠨ‌‍ᠪᠣᠬᠢᠷᠲᠤᠯ ᠢ ᠵᠠᠰᠠᠬᠤ ᠶᠢ ᠴᠢᠩᠭᠠᠷᠠᠭᠤᠯᠵᠣ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ︽ᠳᠠᠷᠬᠠᠢ ᠪᠤᠳᠠᠷᠬᠠᠢ᠂ ᠡᠮᠭᠢ ᠵᠠᠮᠪᠠᠷᠠᠭ᠎ᠠ ᠦᠭᠡᠢ᠂ ᠪᠤᠵᠠᠷ︾ ᠠᠵᠤ ᠦᠢᠯᠡᠳᠪᠤᠷᠢ ᠶᠢᠨ ᠠᠵᠤ ᠠᠬᠤᠶᠢᠯᠠᠯ ᠢ ᠶᠡᠷᠦᠩᠭᠡᠶᠢᠯᠡᠨ ᠵᠠᠰᠠᠵᠤ᠂ ᠨᠢᠭᠡᠴᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠪᠤᠯᠭᠠᠨ ᠤ ᠡᠨᠧᠷᠭᠢ ᠶᠢᠨ ᠬᠤᠷᠤᠭᠳᠠᠯ ᠢ 3% ᠪᠠᠷ ᠪᠠᠭᠤᠷᠠᠭᠤᠯᠤᠨ᠎ᠠ᠃ ᠪᠦᠭᠦ ᠤᠯᠤᠰ ᠤᠨ ᠪᠤᠭᠢᠷᠳᠤᠯ ᠤᠨ ᠡᠭᠢ ᠶᠢ ᠪᠠᠶᠢᠴᠠᠭᠠᠬᠤ ᠬᠤᠶᠠᠳᠤᠭᠠᠷ ᠤᠳᠠᠭᠠᠨ ᠤ ᠨᠡᠶᠢᠳᠡᠮ  ᠤᠨ ᠪᠠᠶᠢᠴᠠᠭᠠᠯᠳᠠ ᠶᠢ ᠪᠦᠭᠦ ᠳᠠᠯ᠎ᠠ ᠪᠠᠷ ᠪᠡᠶᠡᠯᠡᠭᠦᠯᠦᠨ᠎ᠠ᠃      ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠠᠨ ᠴᠢᠩᠭᠠᠳᠬᠠᠨ᠎ᠠ᠃ ᠠᠭᠤᠯᠠ ᠤᠰᠤ᠂ ᠤᠢ ᠮᠣᠳᠣ᠂ ᠳᠠᠷᠢᠶ᠎ᠠ᠂ ᠨᠠᠭᠤᠷ ᠪᠡᠯᠴᠢᠭᠡᠷ ᠤᠨ ᠵᠠᠰᠠᠯᠳᠠ ᠶᠢ ᠨᠢᠭᠡᠳᠤᠯᠳᠠᠢ ᠳᠦᠯᠦᠪᠵᠢᠭᠦᠯᠤᠨ ᠠᠭᠢᠭᠤᠯᠵᠤ᠂ ᠪᠠᠶᠢᠭᠠᠯᠢᠯᠢᠭ ᠤᠢ᠂ ᠨᠡᠶᠢᠳᠠ ᠶᠢᠨ ᠤᠢ ᠰᠢᠭᠤᠢ ᠶᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠭᠡᠷᠡᠭᠵᠢᠭᠦᠯᠵᠤ᠂ 20 ᠲᠦᠮᠠᠨ ᠮᠤ᠋ ᠭᠠᠵᠠᠷ ᠲᠤ ᠪᠡᠭᠡᠵᠢᠩ ᠲᠢᠶᠠᠨᠵᠢᠨ ᠤ ᠡᠯᠡᠰᠤᠨ ᠤ ᠡᠭᠢ ᠶᠢ ᠵᠠᠰᠠᠬᠤ ᠢᠨᠵᠧᠨᠧᠷᠢᠩ ᠢ ᠭᠡᠷᠡᠭᠵᠢᠭᠦᠯᠤᠨ᠂ 13.4 ᠲᠦᠮᠠᠨ ᠮᠤ᠋ ᠳᠠᠴᠢᠷᠳᠠᠵᠤ ᠮᠠᠭᠤᠳᠠᠭᠰᠠᠨ ᠪᠡᠯᠴᠢᠭᠡᠷ ᠨᠤᠳᠤᠭ ᠢ ᠵᠠᠰᠠᠨ᠎ᠠ᠃ ᠨᠤᠳᠤᠭ ᠳᠡᠪᠢᠰᠭᠡᠷ ᠢ ᠶᠡᠭᠡ ᠭᠡᠪᠴᠢᠶ᠎ᠠ ᠪᠠᠷ ᠨᠤᠭᠤᠭᠠᠷᠠᠭᠤᠯᠬᠤ ᠠᠵᠢᠯᠯᠭᠠᠨ ᠢ ᠶᠠᠪᠤᠭᠳᠠᠭᠤᠯᠵᠤ᠂ ᠭᠦᠮᠤᠨ ᠤ ᠭᠦᠴᠤ ᠪᠠᠷ ᠦᠢᠵᠢᠭᠤᠯᠤᠭᠰᠠᠨ ᠳᠠᠯᠠᠪᠠᠢ ᠶᠢ 2 ᠲᠦᠮᠠᠨ ᠮᠤ᠋ ᠠᠴᠠ ᠳᠡᠭᠡᠭᠰᠢ ᠨᠡᠮᠡᠭᠳᠡᠭᠦᠯᠤᠨ᠎ᠠ᠃ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠵᠠᠰᠠᠬᠤ ᠡᠷᠴᠢᠮ ᠢᠶᠠᠨ ᠴᠢᠩᠭᠠᠳᠬᠠᠵᠤ᠂ ᠪᠡᠯᠴᠢᠭᠡᠷ ᠢ ᠳᠤᠤᠷᠯᠠᠬᠤ ᠭᠡᠪᠴᠢᠶ᠎ᠠ ᠶᠢ ᠵᠤᠭᠢᠰᠳᠠᠢ ᠳᠤᠭᠢᠷᠠᠭᠤᠯᠤᠨ᠎ᠠ᠃ ᠪᠡᠯᠴᠢᠭᠡᠷ ᠤᠨ ᠭᠤᠣᠯ ᠭᠠᠵᠠᠷ ᠲᠤ ᠰᠠᠯᠭᠢᠨ ᠭᠦᠴᠤᠨ  ᠢᠶᠠᠷ ᠴᠠᠭᠢᠯᠭᠠᠨ ᠭᠠᠷᠭᠠᠬᠤ ᠳᠠᠯᠠᠪᠠᠢ ᠪᠠᠶᠢᠭᠤᠯᠬᠤ᠂ ᠭᠡᠷᠡᠯᠯᠢᠭ ᠴᠠᠭᠢᠯᠭᠠᠨ ᠤ ᠦᠷᠳᠡᠭᠡ ᠪᠠ ᠠᠭᠤᠷᠬᠠᠢ ᠶᠢᠨ ᠳᠦᠷᠦᠯ ᠵᠦᠢᠯ ᠪᠠᠶᠢᠭᠤᠯᠬᠤ ᠶᠢ ᠴᠢᠩᠭ᠎ᠠ ᠭᠢᠵᠠᠭᠠᠷᠯᠠᠵᠤ᠂ ︽ᠤᠯᠤᠰ ᠤᠨ ᠲᠠᠯ᠎ᠠ ᠨᠤᠲᠤᠭ ᠤᠨ ᠠᠮᠢ ᠠᠬᠤᠶ ᠶᠢᠨ ᠴᠡᠴᠡᠷᠯᠢᠭ ︾ ᠤᠨ ᠲᠥᠷᠥᠯ ᠵᠦᠶᠯ ᠢ ᠴᠢᠷᠮᠠᠶᠢᠨ ᠣᠯᠵᠤ᠂ ᠠᠮᠢ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠬᠠᠮᠠᠭᠠᠯᠠᠯᠲᠠ ᠪᠣᠯᠤᠨ ᠠᠰᠢᠭᠯᠠᠯᠲᠠ ᠶᠢ ᠵᠡᠷᠭᠡ ᠳᠤᠨᠢ ᠴᠢᠬᠤᠯᠠᠴᠢᠯᠠᠬᠤ ᠶᠢ ᠠᠬᠢᠭᠤᠯᠵᠣ᠂ ᠡᠷᠡᠭᠦᠯ ᠳᠤᠭᠳᠠᠭᠤᠨ ᠳᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠳᠤᠭᠤᠷᠢᠨ ᠤ ᠰᠢᠰᠲ᠋ᠧᠮ ᠢ ᠪᠠᠶᠢᠭᠤᠯᠤᠨ᠎ᠠ᠃ ᠪᠤᠯᠤᠳ ᠳᠡᠮᠤᠷ᠂ ᠦᠡᠭᠭᠡᠳᠤ ᠳᠡᠮᠦᠷᠯᠢᠭ᠂ ᠬᠤᠪᠤᠷ ᠰᠢᠷᠤᠢ ᠵᠡᠷᠭᠡ ᠭᠤᠤᠯᠳᠠᠯᠭ᠎ᠠ ᠲᠠᠢ ᠠᠵᠢᠯ ᠦᠢᠯᠡᠰ ᠢ ᠵᠤᠷᠢᠭᠵᠢᠭᠤᠯᠤᠨ᠂ ᠪᠤᠭᠢᠷᠳᠤᠯ ᠢ ᠪᠠᠭᠠᠰᠬᠠᠬᠤ ᠦᠭᠡᠷᠡᠴᠢᠯᠡᠯᠳᠠ ᠭᠢᠯᠭᠡᠨ᠂ ᠵᠢᠢ ᠳ᠋ᠦᠡᠭ ᠱᠦᠢᠨᠢ᠂ ᠪᠠᠶ᠋ᠬᠠᠤᠪᠤᠭ᠎ᠠ ᠶᠢᠨ ᠪᠠᠷᠠᠭᠤᠨ ᠠᠭᠤᠷᠬᠠᠢ ᠶᠢᠨ ᠪᠤᠭᠢᠷᠳᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢ ᠪᠠᠶᠡᠯᠡᠭᠦᠯᠤᠨ᠎ᠠ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠠᠴᠠ ᠠᠭᠤᠷᠬᠠᠢ ᠶᠢᠨ ᠦᠢᠯᠡᠰ ᠢ ᠪᠦᠭᠦᠨ ᠢ ᠭᠠᠷᠭᠠᠵᠤ᠂ ᠬᠤᠶᠢᠰᠢᠭᠢ ᠭᠢᠨᠠᠨ ᠳᠤᠭᠳᠠᠭᠠᠯᠳᠠ ᠶᠢᠨ ᠠᠵᠢᠯ ᠪᠠ ᠠᠮᠢ ᠠᠬᠤᠢ ᠶᠢ ᠵᠠᠰᠠᠨ ᠰᠡᠷᠭᠦᠭᠡᠭᠦ ᠠᠵᠢᠯ ᠢ ᠰᠠᠶᠢᠳᠤᠷ ᠭᠢᠨ᠎ᠠ᠃ ᠪᠤᠭᠢᠷᠳᠤᠯ ᠦᠭᠡᠢ ᠳᠤᠤᠷ᠎ᠠ ᠨᠡᠭᠦᠷᠠᠰᠦᠳᠦᠷᠦᠭᠴᠢᠳᠤ ᠠᠮᠢᠳᠤᠷᠠᠯ ᠤᠨ ᠠᠷᠭ᠎ᠠ ᠮᠠᠶ᠋ᠢᠭ ᠢ ᠤᠷᠢᠶᠠᠯᠠᠵᠤ᠂ ᠬᠤᠭ ᠨᠤᠪᠰᠢ ᠶᠢ ᠳᠦᠷᠦᠯ ᠢᠯᠭᠠᠨ ᠬᠠᠶᠠᠬᠤ ᠪᠠ ᠡᠭᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠢᠳᠡᠪᠭᠢᠳᠠᠢ ᠠᠭᠢᠭᠤᠯᠵᠤ᠂ ᠤᠢ ᠮᠤᠳᠤᠨ ᠤ ᠳᠤᠤᠷᠠᠭᠢ ᠠᠵᠤ ᠠᠬᠤᠢ᠂ ᠪᠤᠭᠢᠷᠳᠤᠯ ᠦᠭᠡᠢ ᠳᠡᠵᠢᠭᠡᠨ ᠦᠷᠡᠵᠢᠭᠦᠯᠭᠦ ᠵᠡᠷᠭᠡ ᠠᠮᠢ ᠠᠬᠤᠶᠢᠴᠢᠯᠠᠭᠰᠠᠨ ᠠᠷᠠᠳ ᠲᠤ ᠠᠰᠢᠭ ᠭᠦᠷᠳᠡᠭᠡᠭᠦ ᠠᠵᠤ ᠦᠢᠯᠡᠰ ᠢ ᠭᠦᠭᠵᠢᠭᠦᠯᠬᠦ ᠶᠢ ᠵᠤᠷᠢᠭᠵᠢᠭᠤᠯᠤᠨ᠂ ᠠᠮᠢ ᠠᠬᠤᠢ ᠶᠢᠨ ᠦᠷ᠎ᠠ ᠠᠰᠢᠭ ᠢ ᠠᠵᠤ ᠠᠬᠤᠢ ᠶᠢᠨ ᠦᠷ᠎ᠠ ᠠᠰᠢᠭ ᠳᠡᠰᠢ ᠬᠤᠪᠢᠷᠠᠭᠤᠯᠬᠤ ᠶᠢ ᠠᠭᠢᠭᠤᠯᠤᠨ᠎ᠠ᠃      ᠠᠮᠢ ᠠᠬᠤᠢ ᠤᠷᠴᠢᠨ ᠳᠤᠭᠤᠷᠢᠨ ᠢ ᠬᠠᠮᠠᠭᠠᠯᠠᠬᠤ ᠰᠢᠰᠲ᠋ᠧᠮ ᠢ ᠳᠡᠭᠦᠯᠳᠡᠷᠵᠢᠭᠦᠯᠤᠨ᠎ᠠ᠃ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠶᠡᠬᠡᠪᠡᠷ ᠲᠦᠯᠬᠢᠨ ᠠᠬᠢᠭᠤᠯᠵᠣ᠂ ᠨᠤᠳᠤᠭ ᠳᠡᠪᠢᠰᠭᠡᠷ ᠤᠨ ᠤᠷᠤᠨ ᠵᠠᠢ ᠶᠢᠨ ᠳᠦᠯᠦᠪᠵᠢᠭᠦᠯᠭᠡ ᠶᠢ ᠰᠠᠶᠢᠳᠤᠷ ᠨᠠᠶᠢᠷᠠᠭᠤᠯᠤᠨ ᠭᠡᠷᠡᠭᠵᠢᠭᠦᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠦᠨᠡᠯᠡᠨ ᠳᠤᠭᠳᠠᠭᠠᠵᠤ ᠰᠢᠯᠢᠳᠡᠭᠵᠢᠭᠦᠯᠭᠦ᠂ ᠦᠨᠢᠳᠠ ᠶᠢᠨ ᠦᠨᠳᠤᠰᠤᠨ ᠳᠠᠷᠢᠶᠠᠨ ᠭᠠᠵᠠᠷ ᠢ ᠴᠡᠭᠴᠡᠯᠡᠨ ᠨᠦᠭᠦᠪᠤᠷᠢᠯᠡᠭᠦ᠂ ᠬᠤᠳᠠ ᠪᠠᠯᠭᠠᠰᠤ ᠳᠤ ᠨᠡᠭᠡᠭᠡᠯᠳᠠ ᠭᠢᠭᠦ ᠵᠠᠭᠠᠭ ᠱᠤᠭᠤᠮ ᠪᠠ ᠡᠯ᠎ᠠ ᠳᠦᠷᠦᠯ ᠤᠨ ᠨᠤᠭᠤᠭᠠᠨ ᠭᠠᠵᠠᠷ ᠤᠨ ᠭᠦᠷᠢᠶ᠎ᠠ ᠭᠡᠪᠴᠢᠶ᠎ᠠ ᠶᠢᠨ ᠵᠠᠭᠠᠭ ᠱᠤᠭᠤᠮ ᠵᠢᠴᠢ ᠭᠤᠤᠯ ᠤᠨ ᠵᠠᠮ ᠢ ᠬᠠᠮᠠᠭᠠᠯᠠᠬᠤ ᠵᠠᠭᠠᠭ ᠱᠤᠭᠤᠮ ᠶᠢ ᠳᠤᠭᠳᠠᠭᠠᠬᠤ ᠠᠵᠢᠯ ᠢ ᠪᠠᠶᠠᠯᠡᠭᠦᠯᠤᠨ᠎ᠠ᠃ ᠭᠤᠤᠯ ︵ᠨᠠᠭᠤᠷ︶ ᠤᠨ ᠳᠠᠷᠤᠭ᠎ᠠ ᠶᠢᠨ ᠳᠦᠷᠢᠮ ᠶᠢ ᠪᠦᠭᠦ ᠳᠠᠯ᠎ᠠ ᠪᠠᠷ ᠨᠠᠶᠢᠳᠠᠪᠤᠷᠢᠵᠢᠭᠤᠯᠵᠤ᠂ ᠠᠶᠢᠪᠠᠭ᠎ᠠ ᠭᠤᠤᠯ᠂ ᠳᠠᠷᠭᠤᠨ ᠭᠤᠤᠯ᠂ ᠵᠠᠳᠠᠭᠠᠢ ᠭᠤᠤᠯ᠂ ᠳᠡᠭᠷᠢ ᠨᠠᠭᠤᠷ ᠤᠨ ᠭᠦᠪᠡᠭᠡ ᠶᠢ ᠬᠠᠮᠠᠭᠠᠯᠠᠬᠤ ᠪᠠ ᠠᠰᠢᠭᠯᠠᠬᠤ ᠳᠦᠯᠦᠪᠵᠢᠭᠦᠯᠭᠡ ᠶᠢ ᠨᠠᠶᠢᠷᠠᠭᠤᠯᠵᠤ᠂ ᠰᠢᠶᠠᠩ ᠤᠨ ᠳᠡᠰ ᠤᠨ 86 ᠵᠤᠷᠪᠤᠰ ᠭᠤᠤᠯ  ᠤᠨ ᠵᠠᠭᠠᠭ ᠢ ᠳᠤᠭᠳᠠᠭᠠᠬᠤ ᠠᠵᠢᠯ ᠢ ᠪᠡᠶᠡᠯᠡᠭᠦᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠲᠣᠷ᠎ᠠ ᠵᠣᠷᠢᠭ ᠤᠨ ᠠᠵᠢᠯᠯᠠᠭ᠎ᠠ ᠶᠢ ᠴᠡᠭᠴᠡᠯᠡᠬᠦ︾ ᠠᠵᠢᠯᠯᠠᠭ᠎ᠠ ᠶᠢ ᠦᠷᠨᠢᠭᠦᠯᠵᠣ᠂ ︽ᠭᠤᠣᠯ ᠨᠢ ᠰᠠᠭᠠᠳ ᠦᠭᠡᠢ ᠨᠡᠪᠲᠡᠷᠡᠨ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠭᠤᠶᠤ︾ ᠪᠠᠶᠢᠬᠤ ᠶᠢ ᠪᠡᠶᠡᠯᠡᠭᠦᠯᠦᠨ᠎ᠡ ᠃ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠠᠵᠢᠯ ᠢ ᠴᠢᠩᠭᠠᠳᠬᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠢᠯᠠᠩᠭᠤᠶ᠎ᠠ ᠨᠡᠭᠦᠷᠡᠰᠦᠨ ᠤ ᠡᠬᠢ ᠪᠠᠶᠠᠯᠢᠭ ᠤᠨ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠴᠢᠩᠭ᠎ᠠ ᠥᠷᠨᠢᠭᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠤᠯᠳᠠᠯᠭ᠎ᠠ  ᠲᠠᠢ ᠠᠵᠤ ᠠᠬᠤᠶᠢᠯᠠᠯ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠵᠣ᠂ ᠠᠮᠢ ᠠᠬᠤᠶ ᠶᠢᠨ ᠣᠷᠴᠢᠨ ᠲᠣᠭᠤᠷᠢᠨ ᠤ ᠬᠤᠬᠢᠷᠠᠯ ᠳᠤ ᠲᠦᠯᠦᠪᠦᠷᠢ ᠦᠭᠬᠦ ᠲᠦᠷᠢᠮ ᠢ ᠨᠠᠶᠢᠳᠠᠪᠤᠷᠢᠵᠢᠭᠤᠯᠵᠤ᠂ ᠣᠷᠴᠢᠨ ᠠᠬᠤᠶ  ᠶᠢᠨ ᠪᠣᠬᠢᠷᠲᠤᠯ ᠪᠠ ᠠᠮᠢ ᠠᠬᠤᠶ ᠶᠢ ᠡᠪᠳᠡᠬᠦ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠨ᠎ᠠ᠃ ︽ᠪᠤᠭᠤᠳᠤ ᠬᠤᠳᠠ  ᠶᠢᠨ ᠪᠡᠯᠴᠢᠭᠡᠷᠯᠡᠨ ᠮᠠᠯᠵᠢᠬᠤ ᠶᠢ ᠬᠤᠷᠢᠭᠯᠠᠵᠤ ᠪᠡᠯᠴᠢᠭᠡᠷ ᠢ ᠰᠡᠷᠭᠦᠭᠡᠭᠦ ᠳᠦᠷᠢᠮ︾ ᠢ ᠴᠢᠩᠭ᠎ᠠ ᠭᠡᠷᠡᠭᠵᠢᠭᠦᠯᠤᠨ᠂ ᠠᠮᠢ ᠠᠬᠤᠢ ᠶᠢᠨ ᠨᠦᠭᠦᠪᠤᠷᠢ ᠱᠠᠩᠨᠠᠯ ᠤᠨ ᠮᠦᠩᠭᠦ ᠶᠢᠨ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠤᠨ ᠳᠡᠩᠴᠡᠭᠦᠷᠢ ᠶᠢ ᠪᠠᠳᠤᠯᠬᠠᠤ ᠳᠦᠷᠢᠮ ᠢ ᠳᠠᠰᠤᠷᠠᠯᠳᠠ ᠦᠭᠡᠢ ᠳᠡᠭᠦᠯᠳᠡᠷᠵᠢᠭᠦᠯᠦᠨ᠂ ᠪᠡᠯᠴᠢᠭᠡᠷᠯᠡᠭᠦᠯᠬᠦ  ᠶᠢ ᠴᠠᠭᠠᠵᠠᠯᠠᠬᠤ ᠬᠠᠮᠢᠶᠠᠷᠤᠯᠲᠠ ᠬᠠᠮᠠᠭᠠᠯᠠᠯᠲᠠ ᠶᠢ ᠬᠠᠤᠯᠢᠵᠢᠭᠤᠯᠬᠤ᠂ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠵᠢᠷᠭᠤᠭ᠎ᠠ︶ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠰᠡᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠠ᠊ᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠲᠠᠲᠠᠢ ᠲᠦᠷᠦᠯ ᠵᠦᠢᠯ ᠢ ᠬᠡᠷᠡᠭᠵᠢᠭᠦᠯᠵᠦ᠂ ᠠᠷᠠᠳ ᠣᠯᠠᠨ ᠢ ᠨᠠᠩ ᠣᠯᠠᠨ ᠬᠦᠷᠲᠡᠮᠵᠢ ᠶᠢᠨ ᠲᠥᠷᠥᠭᠳᠡᠯ ᠲᠠᠢ᠂ ᠵᠣᠯ ᠵᠢᠷᠭᠠᠯᠲᠤ ᠲᠥᠷᠥᠭᠳᠡᠯ ᠲᠠᠢ ᠪᠠ ᠠᠮᠤᠷ ᠲᠠᠶᠢᠪᠣᠭᠤᠨ ᠲᠥᠷᠥᠭᠳᠡᠯ ᠲᠠᠢ ᠪᠣᠯᠭᠠᠬᠤ ᠪᠠᠷ ᠴᠢᠷᠮᠠᠶᠢᠨ᠎ᠠ᠃      ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠥᠬᠦ ᠲᠠᠯ᠎ᠠ ᠶᠢᠨ ᠢᠯᠠᠯᠲᠠ ᠶᠢ ᠡᠷᠡᠰ ᠲᠡᠮᠡᠴᠡᠨ ᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠲᠡᠮᠡᠴᠡᠯ ᠤᠨ ᠰᠢᠢᠳᠪᠦᠷᠢᠲᠦ ᠢᠯᠠᠯᠲᠠ ᠶᠢ ᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠤᠨᠤᠪᠴᠢᠲᠠᠢ︾ ︽ᠲᠠᠪᠤᠨ ᠨᠢᠭᠡ ᠪᠦᠯᠦᠭ︾ ᠪᠠ ︽ᠲᠦᠷᠪᠡ  ᠰᠠᠯᠬᠤ ᠦᠭᠡᠢ︾ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠦᠷ᠎ᠡ ᠪᠦᠲᠦᠭᠡᠯ ᠢ ᠪᠠᠬᠢᠵᠢᠭᠦᠯᠦᠨ᠎ᠡ᠃ 5082 ᠲᠦᠮᠡᠨ ᠲᠥᠭᠦᠷᠢᠭ ᠤᠨ ᠪᠠᠯᠠ ᠣᠷᠣᠭᠤᠯᠵᠤ 88 ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠶᠠᠳᠠᠭᠤ ᠶᠢ ᠴᠦᠭᠡᠳᠭᠡᠵᠤ ᠶᠠᠳᠠᠭᠤ ᠶᠢ ᠳᠠᠶᠢᠴᠢᠯᠠᠬᠤ ᠲᠥᠷᠥᠯ ᠵᠦᠢᠯ ᠢ ᠬᠡᠷᠡᠭᠵᠢᠭᠦᠯᠵᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠭᠦᠬᠦ ᠡᠷᠴᠢᠮ ᠢᠶᠠᠨ ᠴᠢᠩᠭᠠᠷᠠᠭᠤᠯᠤᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠳᠠᠬᠢᠨ ᠰᠡᠷᠭᠦᠭᠡᠨ ᠨᠣᠭᠤᠭᠠᠷᠠᠭᠤᠯᠬᠤ ᠪᠠ ᠲᠤᠲᠠᠮᠠᠭ ᠲᠠᠯ᠎ᠡ ᠪᠠᠨ ᠨᠥᠬᠦᠪᠥᠷᠢᠯᠡᠬᠦ ᠵᠡᠷᠭᠡ ᠠᠵᠢᠯ ᠢ ᠰᠠᠶᠢᠲᠤᠷ ᠠᠳᠬᠤᠵᠤ᠂ ︽ᠤᠶᠤᠨ ᠤᠬᠠᠭᠠᠨ ᠬᠤᠶᠠᠷ ᠢ ᠲᠡᠳᠬᠦᠬᠦ︾ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠦᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠮᠦᠷᠳᠡᠨ ᠪᠠᠶᠢᠴᠠᠭᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ᠂ ᠠᠮᠠᠷᠬᠠᠨ ᠶᠠᠳᠠᠭᠤᠷᠠᠵᠤ ᠶᠠᠳᠠᠭᠤ ᠬᠦᠴᠢᠷᠳᠡᠯᠲᠡᠶ ᠪᠤᠯᠬᠤ ᠡᠷᠦᠬᠡ ᠪᠠ ᠬᠢᠵᠢᠭ ᠤᠨ ᠪᠠᠶᠢᠳᠠᠯ ᠠᠴᠠ ᠪᠣᠯᠵᠤ ᠣᠷᠣᠯᠭ᠎ᠠ ᠨᠢ ᠭᠡᠨᠡᠳᠲᠡ ᠬᠠᠰᠤᠭᠳᠠᠭᠰᠠᠨ ᠡᠷᠦᠬᠡ ᠶᠢ ᠮᠦᠷᠳᠡᠨ ᠪᠠᠶᠢᠴᠠᠭᠠᠬᠤ  ᠶᠢ ᠴᠢᠩᠭᠠᠳᠬᠠᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠰᠠᠭᠤᠷᠢ ᠮᠥᠩᠭᠦ ᠪᠠᠶᠢᠭᠤᠯᠵᠤ᠂ ᠶᠠᠳᠠᠭᠤᠷᠠᠬᠤ ᠪᠠ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠳ ᠤᠯᠠᠨ ᠪᠦᠬᠦᠨ ᠢ ᠴᠢᠨᠡᠭᠡᠯᠢᠭ ᠨᠡᠶᠢᠭᠡᠮ ᠳᠤ ᠤᠷᠤᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠭᠡ ᠪᠠᠶᠢᠴᠠᠭᠠᠯᠲᠠ ᠪᠠ ᠲᠥᠪᠯᠡᠷᠡᠭᠦᠯᠦᠨ ᠮᠥᠷᠳᠡᠨ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠥᠪ ᠤᠨ ᠲᠣᠭᠤᠷᠢᠨ  ᠪᠠᠶᠢᠴᠠᠭᠠᠯᠲᠠ ᠶᠢᠨ ︽ᠡᠷᠬᠢᠨ ᠬᠠᠷᠠᠬᠤ︾ ᠳᠤ ᠵᠢᠭᠠᠵᠤ ᠭᠠᠷᠭᠠᠭᠰᠠᠨ ᠠᠰᠠᠭᠤᠳᠠᠯ᠂ ᠦᠷ᠎ᠡ ᠪᠦᠲᠦᠮᠵᠢ ᠶᠢ ᠬᠢᠨᠠᠨ ᠰᠢᠯᠭᠠᠵᠤ ᠵᠠᠷᠯᠠᠨ ᠮᠡᠳᠡᠭᠳᠡᠭᠰᠡᠨ ᠠᠰᠠᠭᠤᠳᠠᠯ᠂ ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠦᠵᠡᠭᠰᠡᠨ ᠠᠰᠠᠭᠤᠳᠠᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠴᠤᠬᠴᠠᠵᠢᠭᠤᠯᠤᠨ ᠴᠡᠭᠴᠡᠯᠡᠵᠤ ᠪᠣᠳᠠᠲᠠᠢ ᠳᠤ ᠨᠠᠶᠢᠳᠠᠪᠤᠷᠢᠵᠢᠭᠤᠯᠵᠤ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠤᠢ ᠪᠦᠬᠦᠢ ᠠᠰᠠᠭᠤᠳᠠᠯ ᠢ ᠪᠦᠬᠦᠨ ᠢ ᠰᠢᠢᠳᠪᠦᠷᠢᠯᠡᠵᠤ᠂ ᠲᠤᠭ᠎ᠠ ᠪᠠᠷᠢᠮᠲᠡ ᠪᠠᠷ ᠶᠠᠳᠠᠭᠤ ᠠᠴᠠ ᠠᠩᠭᠢᠵᠢᠷᠠᠭᠤᠯᠬᠤ᠂ ᠬᠤᠳᠠᠯ ᠬᠠᠭᠤᠷᠮᠠᠭ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠡᠷᠡᠰ ᠬᠤᠷᠢᠭᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠰᠤ ᠴᠢᠨᠠᠷ ᠢ ᠪᠠᠲᠤᠯᠠᠨ᠎ᠠ᠃ ᠤᠯᠤᠰ ᠠᠴᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠡᠶᠢᠳᠡᠮ ᠪᠠᠶᠢᠴᠠᠭᠠᠯᠲᠠ ᠶᠢᠨ ᠪᠡᠯᠡᠳᠬᠡᠯ ᠠᠵᠢᠯ ᠢ ᠰᠠᠶᠢᠲᠤᠷ ᠬᠢᠨ᠎ᠡ᠃ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠠᠪᠴᠠᠯᠳᠠᠭᠤᠯᠬᠤ ᠶᠢ ᠦᠷᠭᠦᠯᠵᠢᠯᠡᠨ ᠠᠬᠢᠭᠤᠯᠵᠤ᠂ ᠲᠤᠲᠠᠮᠠᠭ ᠲᠠᠯ᠎ᠡ  ᠪᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠣᠷᠣᠯᠭ᠎ᠠ ᠪᠠᠭ᠎ᠠ ᠬᠥᠮᠦᠨ ᠠᠮᠠ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃      ᠠᠵᠢᠯ ᠣᠯᠭᠤᠯᠲᠠ ᠶᠢᠨ ᠲᠣᠭᠲᠠᠭᠤᠨ ᠪᠠᠶᠢᠳᠠᠯ ᠢ ᠴᠢᠷᠮᠠᠶᠢᠨ ᠪᠠᠲᠤᠯᠠᠨ᠎ᠠ᠃ ᠠᠵᠢᠯ ᠣᠯᠭᠤᠯᠲᠠ ᠪᠠ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤ ᠬᠤᠪᠢᠶᠠᠨ ᠬᠠᠰᠤᠵᠤ ᠬᠡᠯᠲᠦᠷᠢᠬᠦᠯᠬᠦ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ ᠠᠵᠢᠯ ᠤᠯᠤᠯᠲᠡ ᠶᠢᠨ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ  ᠶᠢ  ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ︽ᠬᠢᠵᠢᠭ ᠤᠨ ᠪᠠᠶᠢᠳᠠᠯ ᠲᠠᠢ ᠲᠡᠮᠡᠴᠡᠵᠤ᠂ ᠠᠵᠢᠯ ᠤᠨ ᠰᠡᠷᠬᠦᠯᠲᠡ ᠶᠢ ᠪᠠᠲᠤᠯᠠᠨ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ︾ ᠠᠵᠢᠯᠯᠠᠭ᠎ᠠ ᠶᠢ ᠥᠷᠨᠢᠭᠦᠯᠦᠨ᠂ ᠬᠢᠵᠢᠭ ᠰᠡᠷᠭᠡᠶᠢᠯᠡᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠶᠢᠨ ᠪᠠᠶᠢᠷᠢ ᠶᠢ ᠢᠳᠡᠪᠬᠢᠲᠡᠶ ᠨᠡᠭᠡᠭᠡᠨ ᠬᠦᠭᠵᠢᠬᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠬᠥᠳᠡᠯᠮᠦᠷᠢ ᠶᠢᠨ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠢ ᠶᠡᠬᠡᠪᠡᠷ ᠥᠷᠨᠢᠭᠦᠯᠵᠦ᠂ ᠠᠵᠤ ᠠᠬᠤᠶᠢᠯᠠᠯ ᠤᠨ ᠬᠥᠳᠡᠯᠮᠦᠷᠢ ᠬᠦᠴᠦ ᠬᠡᠷᠡᠭᠯᠡᠬᠦ ᠲᠦᠷ ᠴᠠᠭ ᠤᠨ ᠴᠢᠨᠠᠷᠲᠠᠢ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠤ᠂ ᠣᠯᠠᠨ ᠠᠷᠭ᠎ᠠ ᠵᠠᠮ ᠢᠶᠠᠷ ᠠᠮᠢᠳᠤᠯᠢᠭ ᠠᠵᠢᠯ ᠣᠯᠭᠤᠬᠤ ᠶᠢ ᠳᠡᠮᠵᠢᠵᠦ᠂ ᠵᠢᠯ ᠤᠨ ᠳᠣᠲᠣᠷ᠎ᠠ ᠬᠤᠲᠠ ᠪᠠᠯᠭᠠᠰᠤᠨ ᠳᠤ 1500 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢᠨ ᠪᠠᠶᠢᠳᠠᠯ ᠢ ᠬᠥᠳᠡᠯᠦᠩᠭᠦᠶ ᠪᠠᠷ ᠠᠷᠢᠯᠭᠠᠬᠤ ᠶᠢ ᠪᠠᠲᠤᠯᠠᠨ᠎ᠠ᠃ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ 3000 ᠲᠦᠮᠡᠨ ᠲᠥᠭᠦᠷᠢᠭ ᠠᠴᠠ ᠳᠡᠭᠡᠭᠰᠢ ᠲᠠᠯᠪᠢᠵᠤ᠂ ᠠᠳᠠᠯ ᠦᠢᠯᠡᠰ ᠴᠣᠭᠴᠠᠯᠠᠬᠤ ᠪᠠᠷ ᠲᠠᠮᠵᠢᠵᠤ 500 ᠬᠥᠮᠦᠨ  ᠢᠯᠡᠭᠦᠤ ᠬᠥᠮᠦᠨ ᠳᠤ ᠠᠵᠢᠯ ᠣᠯᠭᠤᠬᠤ ᠶᠢ ᠳᠠᠶᠢᠴᠢᠯᠠᠨ᠎ᠠ᠃      ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ 1400 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠴᠢᠳᠠᠪᠤᠷᠢ ᠪᠠᠨ ᠠᠯᠳᠠᠭᠰᠠᠳ ᠶᠢᠨ ᠰᠤᠪᠢᠯᠠᠯᠲᠡ ᠶᠢ ᠴᠢᠩᠭᠠᠳᠬᠠᠵᠤ᠂ ᠭᠤᠤᠨᠢ ᠪᠡᠯᠪᠡᠰᠦᠨ ᠥᠨᠥᠴᠢᠨ ᠵᠡᠷᠭᠡ ᠣᠨᠴᠠᠭᠠᠶ ᠬᠦᠴᠢᠷᠳᠡᠯ ᠲᠠᠢ ᠬᠦᠮᠦᠰ ᠤᠨ ᠦᠨᠳᠦᠰᠦᠨ ᠠᠮᠢᠳᠤᠷᠠᠯ ᠢ ᠪᠠᠲᠤᠯᠠᠨ᠎ᠠ᠃ ᠨᠠᠰᠤᠲᠠᠶᠢᠴᠤᠳ ᠤᠨ ᠦᠢᠯᠡᠰ ᠢ ᠶᠡᠬᠡᠪᠡᠷ ᠬᠥᠭᠵᠢᠭᠦᠯᠵᠦ᠂ ᠰᠦᠯᠵᠢᠶᠠᠨ ᠤ ᠬᠡᠯᠪᠡᠷᠢ ᠶᠢᠨ ᠨᠠᠰᠤᠵᠢᠯ ᠤᠨ ᠦᠢᠯᠡᠴᠢᠯᠡᠭᠡᠨ ᠤ ᠲᠥᠪ᠂ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ ᠢ ᠪᠠᠶᠢᠭᠤᠯᠵᠤ᠂ 3 ᠰᠠᠭᠤᠷᠢ ᠨᠠᠰᠤᠲᠠᠨ ᠢ ᠠᠰᠠᠷᠠᠬᠤ ᠬᠦᠷᠢᠶᠡᠯᠡᠩ ᠢ ᠪᠠᠶᠢᠭᠤᠯᠬᠤ ᠡᠭᠦᠷᠭᠡ ᠶᠢ ᠪᠡᠶᠡᠯᠡᠬᠦᠯᠦᠨ᠎ᠡ᠃ ᠡᠯ᠎ᠡ ᠲᠥᠷᠥᠯ ᠤᠨ ᠠᠵᠤ ᠠᠬᠤᠶᠢᠯᠠᠯ ᠤᠨ ᠬᠥᠳᠡᠯᠮᠦᠷᠢ ᠶᠢᠨ ᠭᠡᠷ᠎ᠡ ᠲᠣᠭᠲᠠᠬᠤ ᠨᠣᠷᠮ᠎ᠠ ᠶᠢ 98% ᠠᠴᠠ ᠳᠡᠭᠡᠭᠰᠢ ᠪᠤᠯᠭᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠪᠠ ᠨᠢᠭᠦᠯᠡᠰᠦᠩᠭᠦᠶ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠡᠮᠵᠢᠨ᠎ᠠ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠬᠥᠲᠥᠯᠪᠦᠷᠢ︾ ᠶᠢ ᠰᠢᠯᠭᠠᠨ ᠠᠪᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠡᠮᠡᠭᠲᠡᠶᠢᠴᠦᠳ᠂ ᠬᠡᠤᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃      ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠨ ᠨᠡᠶᠢᠲᠡᠯᠡᠵᠤ᠂ ᠰᠤᠷᠭᠠᠨ ᠬᠥᠮᠦᠵᠢᠯ ᠤᠨ ᠠᠵᠢᠯ ᠢ ᠦᠨᠡᠨᠬᠦ ᠴᠢᠬᠤᠯᠠᠴᠢᠯᠠᠨ ᠴᠢᠩᠭᠠᠳᠬᠠᠵᠤ᠂ ᠰᠤᠷᠭᠠᠭᠤᠯᠢ ᠶᠢᠨ ᠬᠠᠮᠢᠶᠠᠷᠤᠯᠲᠠ ᠪᠠ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠬᠤᠶᠠᠷ ᠵᠦᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠠᠷᠳᠠᠬᠤ ᠴᠡᠭ ᠪᠣᠯᠭᠠᠵᠤ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠬᠤᠶᠠᠷ ᠡᠩᠨᠡᠭᠡᠨ ᠤ ᠪᠠᠶᠢᠭᠤᠯᠤᠯᠲᠡ ᠶᠢ ᠴᠢᠩᠭ᠎ᠠ ᠠᠳᠬᠠᠵᠤ᠂ ᠰᠠᠭᠤᠷᠢ ᠰᠤᠷᠭᠠᠨ ᠬᠥᠮᠦᠵᠢᠯ ᠢ ᠯᠠᠪᠳᠠᠭᠤᠨ ᠪᠠᠲᠤᠲᠠᠶ ᠰᠠᠶᠢᠲᠤᠷ ᠡᠷᠬᠢᠯᠡᠵᠤ᠂ ᠰᠣᠷᠣᠭᠴᠢ ᠶᠢᠨ ᠢᠷᠡᠯᠲᠡ  ᠪᠠᠭᠠᠰᠤᠭᠰᠠᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠤᠪᠢᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠠᠭᠰᠢ ᠶᠢᠨ ᠦᠷ᠎ᠡ ᠪᠦᠲᠦᠮᠵᠢ ᠶᠢ ᠰᠢᠯᠭᠠᠨ ᠦᠨᠡᠯᠡᠬᠦ ᠪᠠ ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠯᠠᠬᠤ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠢᠯᠡᠭᠦᠤ ᠬᠥᠳᠡᠯᠮᠦᠷᠢᠯᠡᠪᠡᠯ ᠢᠯᠡᠭᠦᠤ ᠤᠯᠬᠤ ᠤᠷᠮᠠᠰᠢᠭᠤᠯᠬᠤ ᠲᠣᠭᠲᠠᠴᠠ ᠶᠢ ᠪᠣᠶ ᠪᠣᠯᠭᠠᠵᠤ᠂ ᠮᠡᠷᠭᠡᠵᠢᠯ ᠤᠨ ᠴᠣᠯᠠ ᠲᠣᠭᠲᠠᠭᠠᠵᠤ ᠤᠷᠢᠨ ᠬᠡᠷᠡᠭᠯᠡᠬᠦ ᠶᠢ ᠰᠢᠯᠢᠳᠡᠭ ᠵᠠᠯᠠᠭᠤ ᠪᠠᠭᠰᠢ ᠳᠠᠰᠢ ᠬᠡᠯᠪᠠᠶᠢᠯᠭᠡᠬᠦ ᠶᠢ ᠠᠬᠢᠭᠤᠯᠵᠤ᠂ ᠪᠠᠭᠰᠢ ᠶᠢᠨ ᠠᠵᠢᠯ ᠤᠨ ᠢᠳᠡᠪᠬᠢᠵᠢᠯ ᠢ ᠬᠦᠢᠴᠡᠳ ᠳᠠᠶᠢᠴᠢᠯᠠᠵᠤ᠂ ᠰᠤᠷᠭᠠᠭᠤᠯᠢ᠂ ᠪᠠᠭᠰᠢ᠂ ᠰᠣᠷᠣᠭᠴᠢ᠂ ᠬᠡᠷ ᠤᠨ ᠠᠬᠠᠮᠠᠳ ᠤᠨ ᠨᠡᠪᠲᠡᠷᠡᠯᠴᠡᠬᠦ ᠳᠤᠭᠲᠠᠴᠠ ᠶᠢ ᠪᠠᠶᠢᠭᠤᠯᠵᠤ᠂ ᠨᠡᠭᠡᠭᠡᠯᠲᠡᠲᠦ ᠮᠠᠶ᠋ᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠨᠡᠯᠡᠯᠲᠡ ᠶᠢᠨ ᠰᠢᠰᠲ᠋ᠧᠮ ᠶᠢ ᠪᠠᠶᠢᠭᠤᠯᠤᠨ᠎ᠠ᠃ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠂ ᠮᠣᠩᠭᠤᠯ ᠦᠨᠳᠦᠰᠦᠲᠡᠨ ᠤ ᠰᠤᠷᠭᠠᠭᠤᠯᠢ᠂ ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ᠂ ᠬᠦᠳᠡᠯᠬᠡᠬᠡᠨ ᠤ ᠲᠠᠰᠤᠭ ᠵᠡᠷᠭᠡ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠨᠡᠶᠢᠭᠡᠮ ᠤᠨ ᠬᠦᠴᠦᠨ ᠤ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠬᠡᠨ ᠤ ᠬᠦᠭᠵᠢᠯᠲᠡ ᠶᠢ ᠳᠡᠮᠵᠢᠵᠦ᠂ ᠣᠨᠴᠠᠯᠢᠭᠲᠤ ᠦᠨᠳᠦᠰᠦᠲᠡᠨ ᠤ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ᠪᠠᠭᠰᠢ ᠶᠢᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠤᠷᠭᠠᠭᠤᠯᠢ ᠶᠢ ᠵᠠᠰᠠᠵᠤ ᠬᠥᠮᠦᠨ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ︽ᠲᠠᠪᠤᠨ ᠬᠥᠮᠦᠵᠢᠯ︾ ᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠥᠭᠵᠢᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠪᠡᠶᠡᠯᠡᠬᠦᠯᠬᠦ ᠰᠢᠨ᠎ᠡ ᠬᠥᠮᠦᠨ ᠢ ᠬᠥᠮᠦᠵᠢᠭᠦᠯᠦᠨ᠎ᠡ᠃      ᠡᠷᠡᠭᠦᠯ ᠮᠡᠨᠳᠦ ᠶᠢᠨ ᠳᠠᠷᠬᠠᠨ ᠮᠤᠤᠮᠢᠩᠭᠠᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠢ ᠲᠦᠷᠭᠡᠳᠬᠡᠨ ᠲᠡᠭᠦᠯᠳᠡᠷᠵᠢᠭᠦᠯᠵᠦ᠂ ︽ᠡᠷᠡᠭᠦᠯ ᠡᠩᠬᠡ ᠡᠰ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠪᠦᠬᠦ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 20% ᠠᠴᠠ ᠳᠡᠭᠡᠭᠰᠢ ᠪᠤᠯᠭᠠᠨ᠎ᠠ᠃ ᠬᠤᠰᠢᠭᠤ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠬᠤ ᠡᠭᠦᠳᠡᠨ ᠡᠮᠨᠡᠯᠭᠡ ᠪᠠ ᠰᠡᠷᠡᠨ ᠡᠵᠡᠮᠳᠡᠬᠦ ᠰᠠᠯᠠᠭ᠎ᠠ  ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠣᠩᠭᠤᠯ ᠡᠮ ᠡᠮᠨᠡᠯᠭᠡ ᠶᠢᠨ ᠨᠠᠶᠢᠷᠠᠭᠤᠯᠤᠨ ᠦᠢᠯᠡᠳᠪᠦᠷᠢᠯᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠡᠮᠨᠡᠯᠭᠡ ᠶᠢᠨ ᠠᠵᠢᠯᠲᠠᠨ  ᠤ ᠲᠤᠭ᠎ᠠ ᠶᠢ ᠨᠥᠬᠦᠪᠥᠷᠢᠯᠡᠵᠦ᠂ ᠮᠠᠯᠴᠢᠨ ᠲᠠᠷᠢᠶᠠᠴᠢᠨ ᠤ ᠡᠷᠡᠭᠦᠯ ᠮᠡᠨᠳᠦ ᠶᠢᠨ ᠬᠥᠮᠦᠵᠢᠯ ᠪᠠ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠵᠡᠷᠭᠡ ᠠᠵᠢᠯ ᠢ ᠰᠠᠶᠢᠲᠤᠷ ᠬᠢᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠ ᠰᠢᠰᠲ᠋ᠧᠮ ᠤᠨ ᠪᠠᠶᠢᠭᠤᠯᠤᠯᠲᠠ ᠶᠢ ᠳᠤᠪᠤᠶᠢᠮ᠎ᠡ ᠴᠢᠩᠭᠠᠳᠬᠠᠵᠤ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠨᠥᠭᠡᠴᠡ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠴᠢᠷᠮᠠᠶᠢᠨ ᠤᠯᠵᠤ᠂ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠦᠨᠡᠨᠬᠦ ᠰᠠᠶᠢᠲᠤᠷ ᠬᠢᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ P2 ᠲᠤᠷᠰᠢᠯᠲᠠ ᠶᠢᠨ ᠲᠠᠰᠤᠭ᠂ ᠴᠠᠭᠠᠨᠬᠠᠳᠠ ᠶᠢᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠴᠡᠭ ᠢ ᠦᠭᠡᠷᠡᠴᠢᠯᠡᠨ ᠥᠷᠭᠡᠳᠬᠡᠨ ᠪᠠᠶᠢᠭᠤᠯᠬᠤ ᠢᠨᠵᠧᠨᠧᠷᠢᠩ ᠢ ᠪᠠᠶᠡᠯᠡᠬᠦᠯᠵᠤ᠂ ᠨᠢᠭᠡ ᠰᠥᠭᠡᠷᠭᠦ ᠳᠠᠷᠤᠯᠲᠠᠲᠤ ᠲᠦᠷᠭᠡᠨ ᠠᠪᠤᠷᠠᠯᠲᠠ ᠶᠢᠨ ᠲᠡᠷᠭᠡ ᠲᠣᠬᠢᠷᠠᠭᠤᠯᠬᠤ ᠪᠠᠷ ᠴᠢᠷᠮᠠᠶᠢᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠦᠷᠨᠢᠭᠦᠯᠵᠤ᠂ ᠡᠯ᠎ᠡ ᠲᠥᠷᠥᠯ ᠤᠨ ᠬᠠᠯᠳᠠᠪᠤᠷᠢᠲᠤ ᠡᠪᠡᠳᠴᠢᠨ ᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠨ᠎ᠠ᠃      ᠰᠣᠶᠣᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠂ ᠨᠣᠮ ᠤᠨ ᠰᠠᠩ ᠤᠨ ᠨᠢᠭᠡ ᠴᠣᠭᠴᠠᠵᠢᠭᠰᠠᠨ ᠥᠭᠡᠷᠡᠴᠢᠯᠡᠯᠲᠡ ᠶᠢ ᠬᠡᠷᠡᠭᠵᠢᠬᠦᠯᠵᠤ᠂ ᠰᠣᠶᠣᠯ ᠤᠨ ᠰᠠᠭᠤᠷᠢᠨ ᠭᠠᠵᠠᠷ ᠢ ᠪᠠᠬᠢᠵᠢᠭᠦᠯᠦᠨ᠎ᠡ᠃ ᠮᠦᠽᠧᠢ᠂ ᠳᠤᠷᠠᠰᠬᠠᠯ ᠤᠨ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠶᠢ ᠠᠬᠢᠭᠤᠯᠤᠨ᠎ᠠ᠃ ᠰᠣᠶᠣᠯ  ᠢ ᠬᠥᠳᠡᠭᠡ ᠪᠠᠭᠤᠯᠭᠠᠵᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠲᠦᠯᠬᠢᠨ ᠠᠬᠢᠭᠤᠯᠵᠤ᠂ 1100 ᠲᠠᠯᠠᠪᠤᠷ ᠠᠴᠠ ᠳᠡᠭᠡᠭᠰᠢ ᠺᠢᠨᠣ᠋ ᠵᠦᠴᠦᠬᠡ ᠶᠢ ᠬᠦᠳᠡᠭᠡ ᠳᠤᠰᠬᠤᠨ ᠳᠤ ᠬᠦᠷᠭᠡᠨ᠎ᠡ ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠲᠦᠷᠢᠮ︾ ᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠤᠯᠠᠭᠠᠨᠮᠥ᠋ᠴᠢᠷ ᠤᠨ ᠪᠠᠷᠢᠮᠵᠢᠶ᠎ᠡ ᠳᠤ ᠬᠦᠷᠬᠦ ᠪᠦᠲᠦᠭᠡᠨ ᠪᠠᠢᠭᠤᠯᠤᠯᠲᠠ ᠪᠠ ︽ᠲᠤᠯᠤᠭᠠᠨ ᠨᠢᠭᠡ ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠣᠶᠣᠯ ᠤᠨ ᠵᠠᠬ᠎ᠠ ᠳᠡᠯᠭᠡᠭᠦᠷ ᠤᠨ ᠣᠯᠠᠨ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠵᠦ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠵᠤ᠂ ᠤᠯᠠᠨᠰᠦ᠋ᠮ᠎ᠡ  ᠡᠷᠲᠡᠨ ᠤ ᠬᠤᠲᠠ ᠶᠢᠨ ᠠᠮᠤᠷ ᠲᠦᠪᠰᠢᠨ ᠤ ᠰᠡᠷᠭᠡᠶᠢᠯᠡᠯᠲᠡ᠂ ᠰᠢᠷᠠᠴᠢᠯᠠᠭᠤ ᠰᠦᠮ᠎ᠡ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠪᠦᠬᠦ ᠠᠷᠠᠳ ᠢᠶᠠᠷ ᠢᠶᠠᠨ ᠨᠣᠮ ᠤᠩᠰᠢᠬᠤ᠂ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠷᠠᠳ ᠣᠯᠠᠨ ᠤ ᠣᠶᠤᠨ ᠤ ᠪᠠ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ ᠬᠦᠯᠢᠶᠡᠨ ᠠᠪᠤᠭᠴᠢ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠮ ᠵᠠᠭᠤᠴᠢᠯᠠᠭᠤᠷ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ  ᠃      ᠪᠦᠬᠦ ᠬᠦᠴᠦᠨ ᠢᠶᠠᠷ ᠢᠶᠠᠨ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠦᠷᠭᠦᠯᠵᠢᠯᠡᠨ ᠭᠦᠨᠵᠡᠭᠡᠶ ᠦᠷᠨᠢᠭᠦᠯᠵᠤ᠂ ᠭᠤᠷᠪᠠᠨ ᠵᠢᠯ ᠤᠨ ᠬᠠᠷᠠᠯᠲᠠ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠨ᠎ᠠ᠃ ᠠᠮᠤᠷ ᠠᠮᠤᠭᠤᠯᠠᠩ ᠳᠠᠷᠬᠠᠨ ᠮᠤᠤᠮᠢᠩᠭᠠᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷᠲᠤ ᠡᠳ᠋ ᠫᠠᠨᠽᠠᠯᠠᠬᠤ︾᠂ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾ ᠵᠡᠷᠭᠡ ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ ᠦᠭᠭᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠷᠢᠨ ᠪᠣᠯᠭᠠᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠵᠦᠢᠯᠡᠰ  ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠨᠡᠭᠦᠳᠡᠯ ᠬᠤᠭᠤᠯᠠᠨ ᠲᠡᠷᠭᠡ᠂ ᠵᠢᠵᠢᠭ ᠦᠢᠯᠡᠳᠬᠡᠯ ᠵᠡᠷᠭᠡ ᠶᠢᠨ ᠲᠤᠰᠬᠠᠢ ᠴᠡᠭᠴᠡᠯᠡᠨ ᠵᠠᠰᠠᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ᠪᠠ ᠲᠤᠰᠬᠠᠶ ᠲᠥᠰᠦᠯ ᠢ ᠨᠠᠶᠢᠷᠠᠭᠤᠯᠤᠨ ᠵᠣᠬᠢᠶᠠᠵᠤ᠂ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠦᠨᠡᠯᠡᠯᠲᠡ ᠶᠢ ᠪᠡᠶᠡᠯᠡᠭᠦᠯᠦᠨ᠎ᠡ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠲᠠᠯ᠎ᠡ ᠪᠠᠷ ᠰᠢᠢᠳᠪᠦᠷᠢᠯᠡᠬᠦ ᠲᠥᠪ ᠪᠠ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ︽ᠬᠠᠮᠤᠭ ᠤᠯᠠᠨ ᠳᠠᠭᠠᠨ ᠨᠢᠭᠡ ᠤᠳᠠᠭ᠎ᠠ ᠵᠠᠬᠢᠳᠠᠯ ᠰᠤᠷᠪᠤᠯᠵᠢᠯᠠᠭ᠎ᠠ ᠬᠢᠬᠦ︾ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ  ︽ᠨᠠᠢᠮᠠᠨ ᠭᠠᠵᠠᠷ ᠳᠤ ᠦᠷᠨᠢᠭᠦᠯᠦᠭᠰᠡᠨ︾ ᠨᠡᠶᠢᠲᠡᠯᠢᠭ ᠵᠢᠱᠢᠶ᠎ᠡ ᠶᠢ ᠰᠤᠩᠭᠤᠨ ᠭᠠᠷᠭᠠᠨ᠎ᠠ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤᠨ ᠤ ︽ᠨᠠᠢᠮᠠᠨ ᠵᠢᠯ ᠳᠠᠷᠠᠭᠠᠯᠠᠨ ᠮᠠᠩᠯᠠᠢ ᠠᠪᠬᠤ︾ ᠶᠢ ᠪᠠᠶᠡᠯᠡᠭᠦᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃      ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ     ᠮᠠᠨ ᠤ ᠵᠠᠰᠠᠭ ᠤᠨ ᠣᠷᠳᠣᠨ ᠪᠣᠯ ᠠᠷᠠᠳ ᠲᠦᠮᠡᠨ ᠤ ᠵᠠᠰᠠᠭ ᠤᠨ ᠣᠷᠳᠣᠨ ᠮᠥᠨ ᠪᠣᠯᠬᠤᠷ ᠡᠷᠬᠡᠪᠰᠢ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠬᠠᠷᠢᠭᠤᠴᠠᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠠᠰᠤᠷᠠᠯᠲᠡ ᠦᠭᠡᠢ ᠲᠦᠯᠬᠢᠨ ᠠᠬᠢᠭᠤᠯᠤᠨ᠎ᠠ᠃      ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠪᠦᠬᠦ ᠵᠠᠰᠠᠭ ᠤᠨ ᠣᠷᠳᠣᠨ ᠤ ᠠᠵᠢᠯᠲᠠᠳ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠤᠯᠠᠮ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ︽ᠣᠭ ᠰᠠᠨᠠᠭ᠎ᠠ ᠪᠠᠨ ᠥᠯᠥ ᠮᠡᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠬᠡᠪᠴᠢᠶ᠎ᠡ ᠡᠯ᠎ᠡ ᠭᠤᠭᠴᠤᠭ᠎ᠠ ᠳᠤ᠂ ᠶᠡᠷᠦᠩᠬᠡᠶ ᠱᠦᠵᠢ ᠰᠢ ᠶᠢᠨ ᠫᠢᠩ ᠤᠨ ᠦᠪᠦᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠵᠤᠷᠪᠤᠰ ᠳᠠᠷᠠᠭᠠᠯᠠᠨ ᠡᠮᠬᠢᠯᠡᠵᠦ ᠰᠤᠳᠤᠯᠤᠨ᠂ ᠰᠡᠳᠬᠢᠮᠵᠢ ᠪᠠᠨ ᠲᠡᠭᠦᠯᠳᠡᠷᠵᠢᠭᠦᠯᠦᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠤᠭᠤᠰᠢᠯᠠᠭᠤᠯᠤᠨ ᠨᠠᠶᠢᠳᠠᠪᠦᠷᠢᠵᠢᠭᠤᠯᠬᠤ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ ᠪᠠ ᠵᠠᠮ ᠤᠨ ᠵᠢᠷᠤᠭ ᠢ ᠵᠤᠭᠢᠶᠠᠵᠤ᠂ ᠬᠠᠮᠤᠭ ᠤᠨ ᠳᠡᠭᠡᠳᠦ ᠪᠠᠷᠢᠮᠵᠢᠶ᠎ᠠ  ᠪᠠᠷ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠤᠯᠤᠰ ᠲᠥᠷᠦ ᠶᠢᠨ ᠰᠠᠬᠢᠯᠭ᠎ᠠ ᠪᠠᠲᠤ ᠪᠠ ᠤᠯᠤᠰ ᠲᠥᠷᠦ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠨᠠᠮ ᠤᠨ ᠲᠥᠪ ᠬᠤᠷᠢᠶᠠᠨ  ᠤ ᠰᠢᠢᠳᠪᠦᠷᠢᠲᠦ ᠪᠣᠳᠣᠯᠭ᠎ᠠ ᠪᠠᠶᠢᠷᠢᠯᠡᠭᠤᠯᠤᠯᠲᠡ ᠪᠠ ᠦᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠶᠢᠷᠢᠯᠡᠭᠤᠯᠤᠯᠲᠡ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠰᠠᠭᠠᠳ ᠦᠭᠡᠢ ᠨᠡᠪᠲᠡᠷᠡᠬᠦ᠂ ᠵᠠᠷᠯᠢᠭ ᠴᠠᠭᠠᠵᠠ ᠶᠢ ᠳᠠᠭᠠᠬᠤ ᠶᠢ ᠪᠠᠲᠤᠯᠠᠨ᠎ᠠ᠃      ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠦᠬᠦ ᠲᠠᠯ᠎ᠠ ᠪᠠᠷ ᠬᠦᠢᠴᠡᠳᠭᠡᠨ᠎ᠡ᠃ ᠵᠠᠰᠠᠭ ᠤᠨ ᠣᠷᠳᠣᠨ ᠤ ᠪᠦᠬᠦ ᠠᠵᠢᠯᠲᠠᠳ ᠲᠦᠷᠦᠭᠦᠯᠡᠨ ᠬᠠᠤᠯᠢ ᠶᠢ ᠬᠦᠨᠳᠦᠳᠬᠡᠵᠦ ᠬᠠᠤᠯᠢ ᠶᠢ ᠰᠠᠬᠢᠵᠤ ᠬᠠᠤᠯᠢ ᠶᠢ ᠬᠡᠷᠡᠭᠯᠡᠵᠤ ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ᠃ ︽ᠭᠤᠷᠪᠠᠨ ᠴᠢᠬᠤᠯᠠ ᠨᠢᠭᠡ ᠶᠡᠭᠡ︾ ᠶᠢᠨ ᠬᠡᠷᠡᠭ ᠵᠥᠪᠯᠡᠵᠦ ᠰᠢᠢᠳᠪᠦᠷᠢᠲᠤ ᠪᠤᠳᠤᠯᠭ᠎ᠠ ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ᠂ ᠴᠢᠬᠤᠯᠠ ᠶᠡᠭᠡ ᠰᠢᠢᠳᠪᠦᠷᠢᠲᠤ ᠪᠤᠳᠤᠯᠭ᠎ᠠ ᠶᠢᠨ ᠵᠥᠪᠯᠡᠯᠭᠡ ᠥᠭᠴᠦ ᠨᠤᠲᠠᠯᠠᠯᠲᠠ ᠬᠢᠵᠦ ᠭᠡᠷᠡᠴᠢᠯᠡᠭᠡ ᠰᠣᠨᠣᠰᠬᠤ ᠵᠡᠷᠭᠡ ᠲᠦᠷᠢᠮ ᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠰᠢᠢᠳᠪᠦᠷᠢᠲᠤ ᠪᠤᠳᠤᠯᠭ᠎ᠠ ᠲᠣᠭᠲᠠᠭᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠤ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠤ ᠪᠤᠳᠤᠯᠭ᠎ᠠ ᠲᠣᠭᠲᠠᠭᠠᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠴᠢᠩᠭᠠᠳᠬᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠡ ᠶᠢ ᠲᠦᠯᠬᠢᠨ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠯᠲᠡ ᠶᠢᠨ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠤᠨ ᠪᠤᠰᠤ ᠬᠥᠮᠦᠰ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠤᠨᠤᠰᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠬᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠠᠶᠢᠲᠤᠷ ᠡᠷᠬᠢᠯᠡᠨ᠎ᠠ᠃ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠵᠦ᠂ ︽ᠦᠢᠯᠡᠴᠢᠯᠡᠭᠡ ᠶᠢ ᠰᠠᠶᠢᠲᠤᠷ ᠬᠢᠬᠦ ᠪᠣᠯ ᠡᠭᠦᠷᠭᠡ ᠬᠠᠷᠢᠭᠤᠴᠠᠯᠭ᠎ᠠ᠂ ᠰᠠᠶᠢᠲᠤᠷ ᠦᠢᠯᠡᠴᠢᠯᠡᠬᠦ ᠥᠬᠡᠶ ᠪᠣᠯ ᠬᠠᠷᠢᠭᠤᠴᠠᠯᠭ᠎ᠠ ᠠᠯᠳᠠᠭᠰᠠᠨ ᠶᠠᠪᠤᠳᠠᠯ ᠮᠥᠨ︾ ᠭᠡᠬᠦ ᠦᠵᠡᠯ ᠤᠬᠠᠮᠰᠠᠷ ᠢ ᠴᠢᠩᠭᠠᠳᠬᠠᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠠᠩᠬᠠᠷᠤᠯ ᠲᠠᠯᠪᠢᠭᠰᠠᠨ ᠤᠴᠢᠷ ᠶᠠᠪᠤᠳᠠᠯ  ᠢ ᠬᠦᠴᠦ ᠲᠠᠯᠪᠢᠨ ᠰᠢᠢᠳᠪᠦᠷᠢᠯᠡᠵᠤ᠂ ᠠᠷᠠᠳ ᠲᠦᠮᠡᠨ ᠪᠠ ᠠᠵᠤ ᠠᠬᠤᠶᠢᠯᠠᠯ ᠳᠤ ᠦᠢᠯᠡᠴᠢᠯᠡᠬᠦ ︽ᠦᠢᠯᠡᠴᠢᠯᠡᠭᠴᠢ ︾ ᠪᠣᠯᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠵᠠᠰᠠᠭ ᠤᠨ ᠤᠷᠳᠤᠨ ᠤ ᠦᠢᠯᠡᠴᠢᠯᠡᠬᠡᠨ ᠤ ᠵᠦᠢᠯᠡᠰ ᠤᠨ ᠭᠠᠷᠴᠠᠭ ᠢ ᠨᠡᠶᠢᠲᠡᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠳᠤ ︽ᠦᠨᠡᠯᠡᠯᠲᠡ ᠦᠭᠬᠦ︾ ᠲᠦᠷᠢᠮ ᠢ ᠪᠠᠶᠢᠭᠤᠯᠤᠨ᠂ ᠣᠯᠠᠨ ᠲᠦᠮᠡᠨ ᠪᠠ ᠠᠵᠤ ᠠᠬᠤᠶᠢᠯᠠᠯ ᠤᠨ ᠦᠪᠡᠷᠲᠡᠬᠡᠨ ᠦᠨᠡᠯᠡᠬᠦ ᠶᠢ ᠪᠦᠬᠦ ᠲᠠᠯ᠎ᠠ ᠪᠠᠷ ᠬᠦᠯᠢᠶᠡᠬᠦ ᠬᠡᠷᠡᠭᠲᠡᠶ᠃ ᠮᠡᠳᠡᠭᠡ ᠵᠠᠩᠭᠢ ᠨᠡᠶᠢᠲᠡᠯᠡᠬᠦ ᠲᠦᠷᠢᠮ ᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠲᠥᠰᠦᠪ᠂ ᠤᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ᠂ ᠴᠢᠬᠤᠯᠠ ᠶᠡᠭᠡ ᠵᠦᠢᠯᠡᠰ ᠢ ᠬᠡᠷᠡᠭᠵᠢᠭᠦᠯᠬᠦ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠲᠠ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠤᠨ᠎ᠠ᠃ ︽ᠳᠣᠲᠣᠨᠣ︾ ︽ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠪᠠ ᠬᠤᠳᠠᠯᠳᠤᠭᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠠᠵᠤ ᠠᠬᠤᠶᠢᠯᠠᠯᠲᠠᠨ ᠢ ᠰᠠᠨᠠᠭ᠎ᠠ ᠠᠮᠤᠷ ᠡᠵᠡᠩᠨᠡᠯᠲᠡ ᠬᠢᠯᠭᠡᠵᠦ᠂ ᠰᠠᠨᠠᠭ᠎ᠠ ᠠᠮᠤᠷ ᠠᠵᠤ ᠠᠬᠤᠶᠢᠯᠠᠯ ᠡᠷᠬᠢᠯᠡᠭᠦᠯᠦᠨ᠎ᠡ᠃ ᠴᠢᠩᠭ᠎ᠠ ᠬᠥᠮᠦᠵᠢᠭᠦᠯᠬᠦ᠂ ᠴᠢᠩᠭ᠎ᠠ ᠬᠠᠮᠢᠶᠠᠷᠬᠤ᠂ ᠴᠢᠩᠭ᠎ᠠ ᠬᠢᠨᠠᠯᠲᠠ ᠲᠠᠯᠪᠢᠬᠤ ᠶᠢ ᠳᠣᠪᠤᠶᠢᠯᠭᠠᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠴᠢᠳᠠᠪᠤᠷᠢ ᠴᠢᠩᠭ᠎ᠠ᠂ ᠣᠪᠣᠷ ᠰᠤᠷᠲᠠᠯ ᠰᠢᠯᠢᠳᠡᠭ ᠰᠠᠶᠢᠨ᠂ ᠠᠵᠢᠯᠴᠢ ᠬᠢᠴᠢᠶᠡᠩᠭᠦᠶ ᠪᠠᠷ ᠪᠣᠳᠠᠲᠠᠶ ᠶᠢ ᠡᠷᠬᠢᠮᠯᠡᠵᠤ᠂ ᠠᠵᠢᠯ ᠬᠢᠵᠦ ᠦᠢᠯᠡᠰ ᠴᠣᠭᠴᠠᠯᠠᠬᠤ ᠡᠩᠨᠡᠭᠡ ᠶᠢ  ᠪᠠᠶᠢᠭᠤᠯᠤᠨ᠎ᠠ᠃      ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠨ᠎ᠠ᠃ ᠪᠦᠬᠦ ᠵᠠᠰᠠᠭ ᠤᠨ ᠣᠷᠳᠣᠨ ᠤ ᠠᠵᠢᠯᠲᠠᠳ ᠳᠠᠷᠬᠠᠨ ᠮᠤᠤᠮᠢᠩᠭᠠᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠬᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ︽ᠭᠠᠪᠢᠶ᠎ᠠ ᠪᠠᠶᠢᠭᠤᠯᠬᠤ ᠳᠤ ᠡᠷᠬᠡᠪᠰᠢ ᠪᠢ ᠪᠠᠶᠢᠬᠤ ᠬᠡᠷᠡᠭᠲᠡᠢ︾ ᠭᠡᠬᠦ ᠡᠭᠦᠷᠭᠡᠯᠡᠯ ᠢᠶᠠᠷ᠂ ᠡᠷᠡᠯᠭᠡᠭᠯᠡᠨ ᠲᠡᠮᠡᠴᠡᠬᠦ ᠣᠷᠭᠢᠯᠤᠮ᠎ᠠ ᠰᠡᠳᠬᠢᠯᠭᠡ᠂ ᠪᠣᠳᠠᠲᠠᠢ ᠶᠢ ᠡᠷᠬᠢᠮᠯᠡᠨ ᠠᠵᠢᠯᠯᠠᠬᠤ ᠵᠣᠷᠢᠭ ᠰᠠᠨᠠᠭ᠎ᠠ ᠪᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠥᠭᠡᠷᠡᠴᠢᠯᠡᠯᠲᠡ ᠬᠢᠬᠦ᠂ ᠬᠥᠭᠵᠢᠭᠦᠯᠬᠦ ᠪᠠ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠳᠤ ᠠᠰᠢᠭ ᠬᠦᠷᠲᠡᠭᠡᠬᠦ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠪᠠᠨ ᠭᠦᠢᠴᠡᠳ ᠬᠢᠵᠤ᠂ ᠤᠴᠢᠷ ᠶᠠᠪᠤᠳᠠᠯ ᠢ ᠪᠦᠲᠦᠭᠡᠨ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠦᠴᠢᠷ ᠠᠴᠠ ᠠᠶᠤᠬᠤ ᠦᠭᠡᠢ᠂ ᠢᠯᠠᠭᠳᠠᠯ  ᠳᠤ ᠵᠤᠷᠢᠭ ᠮᠤᠬᠤᠬᠤ ᠦᠭᠡᠢ ᠰᠥᠰᠥ ᠵᠣᠷᠢᠭ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠠᠵᠢᠯᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠦᠨᠡᠨ ᠪᠣᠳᠠᠲᠠᠶ  ᠠᠵᠢᠯᠯᠠᠬᠤ ᠶᠢ ᠪᠠᠷᠢᠮᠲᠠᠯᠠᠵᠤ᠂ ︽ᠲᠤᠰᠬᠠᠶ ᠲᠦᠯᠬᠢᠨ ᠠᠬᠢᠭᠤᠯᠬᠤ ᠠᠷᠭ᠎ᠠ︾᠂ ︽ᠴᠢᠭ  ᠢ ᠨᠢ ᠴᠢᠭ  ᠲᠠᠢ ᠲᠠᠭᠠᠷᠠᠭᠤᠯᠬᠤ ᠠᠵᠢᠯ ᠤᠨ ᠠᠷᠭ᠎ᠠ︾᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠵᠡᠷᠭᠡ ᠠᠷᠭ᠎ᠠ ᠪᠠᠷᠢᠯ ᠢ ᠠᠪᠴᠤ᠂ ᠭᠤᠤᠯᠳᠠᠯᠭ᠎ᠠ ᠲᠠᠢ ᠠᠵᠢᠯ ᠤᠨ ᠲᠤᠳᠤᠷᠬᠠᠢ ᠬᠠᠭᠤᠳᠠᠰᠤ ᠶᠢᠨ ᠲᠦᠷᠢᠮ ᠢ ᠲᠡᠭᠦᠯᠳᠡᠷᠵᠢᠭᠦᠯᠵᠦ᠂ ᠴᠢᠬᠤᠯᠠ ᠶᠡᠭᠡ ᠰᠢᠢᠳᠪᠦᠷᠢᠲᠤ ᠪᠣᠳᠣᠯᠭ᠎ᠠ᠂ ᠭᠤᠤᠯᠳᠠᠯᠭ᠎ᠠ ᠲᠠᠢ ᠲᠥᠷᠥᠯ ᠵᠦᠢᠯ᠂ ᠭᠤᠤᠯᠳᠠᠯᠭ᠎ᠠ ᠲᠠᠢ ᠠᠵᠢᠯ  ᠢ ᠲᠦᠯᠦᠪᠯᠡᠯᠬᠡ ᠪᠤᠳᠤᠯᠭ᠎ᠠ ᠲᠠᠢ ᠬᠢᠵᠤ᠂ ᠨᠢᠭᠡ ᠨᠢᠭᠡ ᠶᠠᠪᠤᠳᠠᠯ ᠢᠶᠠᠷ ᠴᠢᠩᠭ᠎ᠠ ᠠᠳᠬᠤᠵᠤ᠂ ᠨᠢᠭᠡ ᠨᠢᠭᠡ ᠠᠯᠬᠤᠮ ᠪᠠᠷ ᠪᠣᠳᠠᠲᠠᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ᠂ ᠨᠠᠶᠢᠳᠠᠪᠦᠷᠢᠵᠢᠭᠤᠯᠬᠤ ᠬᠦᠴᠦᠨ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠨᠠᠶᠢᠳᠠᠪᠤ‌‍ᠷᠢᠵᠢᠭᠤᠯᠵᠤ᠂ ᠠᠯᠵᠠᠭᠤ ᠬᠤᠶᠢᠷᠭᠤ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ ᠵᠡᠷᠭᠡ ᠲᠤᠪᠤᠶᠢᠮ᠎ᠠ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠺᠠᠳ᠋ᠷᠴᠤᠳ ᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠠᠵᠢᠯ ᠬᠢᠬᠦ᠂ ᠠᠵᠢᠯ ᠶᠠᠪᠤᠳᠠᠯ ᠪᠦᠲᠦᠭᠡᠬᠦ ᠶᠢ ᠵᠣᠷᠢᠭᠵᠢᠭᠤᠯᠤᠨ᠎ᠠ᠃      ᠣᠪᠣᠷ ᠰᠤᠷᠲᠠᠯ ᠢᠶᠠᠨ ᠭᠦᠨᠵᠡᠭᠡᠢ ᠰᠠᠶᠢᠵᠢᠷᠠᠭᠤᠯᠤᠨ᠎ᠠ᠃ ᠵᠠᠰᠠᠭ ᠤᠨ ᠣᠷᠳᠣᠨ ᠤ ᠪᠦᠬᠦ ᠠᠵᠢᠯᠲᠠᠳ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭ᠎ᠠ ᠠᠳᠬᠤᠵᠤ ᠪᠣᠳᠠᠲᠠᠢ ᠠᠳᠬᠤᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠭᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤ ᠴᠣᠭᠴᠠᠯᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠬᠦᠨᠳᠡᠬᠦ ᠦᠭᠡᠢ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ᠬᠤᠷᠠᠯ ᠪᠠ ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠴᠣᠮᠬᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠨ᠎ᠡ᠃ ᠠᠷᠪᠢᠯᠠᠨ ᠬᠡᠷᠡᠭᠯᠡᠵᠦ ᠠᠷᠠᠳ ᠢ ᠪᠠᠶᠠᠵᠢᠭᠤᠯᠬᠤ ᠶᠢ ᠪᠠᠷᠢᠮᠲᠠᠯᠠᠨ᠂ ︽ᠵᠠᠰᠠᠭ ᠤᠨ ᠣᠷᠳᠣᠨ ᠠᠷᠪᠢᠯᠠᠨ ᠭᠠᠮᠨᠠᠨ᠂ ᠤᠯᠠᠨ ᠲᠦᠮᠡᠨ ᠰᠠᠶᠢᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠳ᠋ ᠤᠨ ᠵᠠᠰᠠᠭ ᠤᠨ ᠡᠩ ᠤᠨ ᠴᠢᠨᠠᠷᠲᠠᠶ ᠵᠠᠷᠤᠯᠭ᠎ᠠ ᠶᠢ 10% ᠪᠠᠷ ᠪᠠᠭᠠᠰᠬᠠᠨ᠎ᠠ᠃ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢ ᠨᠢᠭᠲᠠ ᠠᠩᠬᠠᠷᠴᠤ᠂ ᠤᠯᠠᠨ ᠲᠦᠮᠡᠨ ᠤ ᠳᠡᠷᠭᠡᠳᠡᠬᠢ ︽ᠪᠢᠴᠢᠯ ᠢᠯᠵᠠᠷᠠᠯ︾ ᠤᠨ ᠠᠰᠠᠭᠤᠳᠠᠯ ᠢ ᠲᠥᠪ ᠴᠢᠩᠭ᠎ᠠ ᠪᠠᠷ ᠴᠡᠭᠴᠡᠯᠡᠨ ᠵᠠᠰᠠᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠪᠠ ᠤᠯᠤᠰ  ᠤᠨ ᠥᠮᠴᠢᠯᠡᠯᠲᠡ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠦᠷᠢᠮ ᠢ ᠪᠦᠷᠢᠨᠰᠢᠭᠦᠯᠵᠤ ᠪᠡᠯᠡ ᠮᠥᠩᠭᠦ ᠶᠢᠨ ᠠᠮᠤᠷ ᠲᠦᠪᠰᠢᠨ᠂ ᠲᠥᠷᠥᠯ ᠵᠦᠢᠯ ᠤᠨ ᠠᠮᠤᠷ ᠲᠦᠪᠰᠢᠨ᠂ ᠺᠠᠳ᠋ᠷ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃      ᠲᠥᠯᠥᠭᠡᠯᠡᠭᠴᠢᠳ ᠡ︕ ᠵᠣᠯ ᠵᠢᠷᠭᠠᠯᠲᠤ ᠴᠢᠨᠡᠭᠡᠯᠢᠭ ᠠᠮᠢᠳᠤᠷᠠᠯ ᠢ ᠬᠦᠯᠢᠶᠡᠵᠤ ᠤᠯᠳᠠᠭ ᠪᠢᠰᠢ᠂ ᠵᠥᠪᠬᠡᠨ ᠠᠵᠢᠯᠯᠠᠭ᠎ᠠ ᠪᠠᠷ ᠲᠠᠮᠵᠢᠨ ᠬᠢᠵᠤ ᠪᠦᠲᠦᠭᠡᠳᠡᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣ‌‍ᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠲᠦᠰᠢᠭᠯᠡᠨ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠴᠢᠷ ᠪᠡᠷᠬᠡ ᠶᠢ ᠲᠤᠭᠤᠯᠤᠨ ᠳᠠᠪᠠᠵᠤ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠰᠢᠨ᠎ᠡ ᠴᠠᠭ ᠦᠶ᠎ᠡ ᠶᠢᠨ ᠳᠠᠷᠬᠠᠨ ᠮᠤᠤᠮᠢᠩᠭᠠᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ︕ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷᠡᠰ ᠤᠨ ᠲᠠᠶᠢᠯᠪᠤᠷᠢ      1. ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ(三清一改)᠄ ᠲᠤᠬᠠᠶᠢᠯᠠᠪᠠᠯ ᠬᠥᠳᠡᠭᠡ ᠲᠣᠰᠬᠤᠨ ᠤ ᠬᠠᠶᠠᠭᠳᠠᠮᠠᠯ ᠬᠤᠭ ᠨᠣᠪᠰᠢ ᠶᠢ ᠴᠡᠪᠡᠷᠯᠡᠬᠦ᠂ ᠴᠥᠭᠦᠷᠥᠮ ᠤᠨ ᠬᠤᠭ ᠨᠣᠪᠰᠢ ᠶᠢ ᠴᠡᠪᠡᠷᠯᠡᠬᠦ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠴᠡᠪᠡᠷᠯᠡᠵᠦ᠂ ᠬᠥᠳᠡᠭᠡ ᠲᠣᠰᠬᠤᠨ ᠤ ᠠᠷᠠᠳ ᠲᠦᠮᠡᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠨᠥᠯᠥᠭᠡᠯᠡᠬᠦ ᠮᠠᠭᠤ ᠳᠠᠳᠬᠠᠯ ᠢ ᠦᠭᠡᠷᠡᠴᠢᠯᠡᠨ᠎ᠡ᠃      2. ᠳᠦᠷᠪᠡᠨ ᠰᠠᠶᠢᠨ ᠬᠦᠳᠡᠭᠡ ᠲᠤᠰᠬᠤᠨ ᠤ ᠵᠠᠰᠠᠮᠠᠯ ᠵᠠᠮ (四好农村路)᠄ ᠳᠠᠷᠤᠢ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠨ ᠵᠠᠰᠠᠵᠤ᠂ ᠰᠠᠶᠢᠨ ᠬᠠᠮᠢᠶᠠᠷᠴᠤ᠂ ᠰᠠᠶᠢᠨ ᠬᠠᠮᠠᠭᠠᠯᠠᠵᠤ᠂ ᠰᠠᠶᠢᠨ ᠡᠵᠡᠩᠨᠡᠬᠦ ᠪᠤᠯᠤᠨ᠎ᠠ᠃      3. ᠭᠤᠤᠯ ᠮᠥᠷᠡᠨ ᠨᠠᠭᠤᠷ ᠴᠥᠭᠦᠷᠥᠮ ᠤᠨ ᠤᠷᠤᠨ ᠳᠤ ︽ᠳᠥᠷᠪᠡᠨ ᠳᠤᠷ᠎ᠠ ᠵᠤᠷᠢᠭ ᠤᠨ ᠠᠵᠢᠯᠯᠠᠭ᠎ᠠ ᠶᠢ ᠴᠡᠭᠴᠡᠯᠡᠬᠦ︾(河湖“清四乱”行动)᠄ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠪᠣᠶᠢᠮ᠎ᠠ ᠠᠰᠠᠭᠤᠳᠠᠯ ᠳᠤ ᠬᠠᠨᠳᠤᠭᠤᠯᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢ ᠵᠢᠭᠠᠵᠤ ᠪᠣᠶ᠃      4. ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠪᠠᠷᠢᠮᠵᠢᠶ᠎ᠠ ᠳᠤ ᠬᠦᠷᠦᠭᠦᠯᠬᠦ︾ ᠠᠷᠪᠠᠨ ᠵᠦᠶᠯ ᠤᠨ ᠠᠵᠢᠯᠯᠠᠭ᠎ᠠ(脱贫攻坚“清零达标”十项行动)᠄ ᠲᠤᠬᠠᠶᠢᠯᠠᠪᠠᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠷᠦᠬᠡ ᠳᠤ ᠬᠦᠷᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠬᠡᠷᠡᠭᠵᠢᠭᠦᠯᠬᠦ ᠳᠤ ᠵᠦᠷᠢᠶ᠎ᠠ ᠲᠠᠢ ᠪᠠᠶᠢᠬᠤ ᠶᠢ ᠠᠷᠢᠯᠭᠠᠬᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠶᠢ ᠲᠡᠳᠬᠦᠬᠦ ᠠᠵᠤ ᠦᠶᠯᠡᠰ ᠤᠨ ᠲᠥᠷᠥᠯ ᠵᠦᠶᠯ ᠢ ᠤᠯᠭᠤᠭᠰᠠᠨ ᠥᠬᠡᠶ ᠪᠠ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠵᠦᠶᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠤᠯᠭᠤᠭᠰᠠᠨ ᠥᠬᠡᠶ ᠪᠠᠶᠢᠬᠤ ᠶᠢ ᠠᠷᠢᠯᠭᠠᠬᠤ᠂ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠪᠠᠶᠢᠬᠤ ᠥᠬᠡᠶ ᠶᠢ ᠦᠭᠡᠷᠡᠴᠢᠯᠡᠨ ᠨᠡᠮᠡᠭᠳᠡᠭᠦᠯᠬᠦ᠂ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠬᠡᠶ ᠪᠣᠯᠭᠠᠬᠤ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ ᠬᠥᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠡ ᠦᠭᠡᠢ ᠪᠠ ᠶᠠᠳᠠᠭᠤ ᠬᠦᠴᠢᠷᠳᠡᠯᠲᠡᠶ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠨᠡᠪᠲᠡᠷᠡᠭᠡ ᠦᠭᠡᠢ ᠪᠠᠶᠢᠬᠤ ᠪᠠᠶᠢᠳᠠᠯ ᠢ ᠠᠷᠢᠯᠭᠠᠬᠤ᠂ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠣᠨᠳᠣᠤ ᠭᠠᠵᠠᠷ ᠲᠤ ᠨᠡᠭᠦᠯᠭᠡᠨ ᠳᠡᠳᠬᠦᠵᠤ ᠶᠠᠳᠠᠭᠤ ᠶᠢ ᠲᠡᠳᠬᠦᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠤᠨᠤᠪᠴᠢᠲᠡᠢ ᠪᠠᠷ ᠶᠠᠳᠠᠭᠤ ᠶᠢ ᠲᠡᠳᠬᠦᠬᠦ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠷᠢᠮᠵᠢᠶ᠎ᠠ ᠳᠤ ᠬᠦᠷᠭᠡᠨ᠎ᠡ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠲᠠᠰᠤᠭ︶ ᠶᠢᠨ ᠲᠣᠨᠤᠭ ᠲᠥᠬᠦᠭᠡᠷᠦᠮᠵᠢ᠂ ᠠᠵᠢᠯᠲᠠᠨ᠂ ᠡᠮ ᠤᠨ ᠵᠦᠢᠯ ᠵᠡᠷᠭᠡ ᠦᠨᠳᠦᠰᠦᠨ ᠡᠮᠴᠢᠯᠡᠭᠡᠨ ᠤ ᠦᠶᠯᠡᠴᠢᠯᠡᠭᠡ ᠶᠢ ᠪᠠᠷᠢᠮᠵᠢᠶ᠎ᠠ ᠳᠤ ᠬᠦᠷᠭᠡᠨ᠎ᠡ᠂ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶ᠎ᠠ ᠳᠤ ᠬᠦᠷᠭᠡᠵᠤ᠂ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠦᠷ᠎ᠡ ᠬᠡᠦᠬᠡᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠨᠢ ᠪᠠᠲᠤᠯᠠᠬᠤ ᠪᠠᠷᠢᠮᠵᠢᠶ᠎ᠠ ᠳᠤ ᠬᠦᠷᠭᠡᠨ᠎ᠡ᠃      5. ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ(两不愁、三保障)᠄ ᠲᠤᠬᠠᠶᠢᠯᠠᠪᠠᠯ 2020 ᠣᠨ ᠪᠣᠯᠬᠤ ᠳᠤ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠢᠳᠡᠵᠦ ᠡᠮᠦᠰᠬᠦ ᠶᠢᠨ ᠲᠦᠯᠦᠭᠡ ᠵᠣᠪᠠᠭ᠋ᠤ ᠥᠬᠡᠶ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠤᠯᠭᠠᠬᠤ ᠶᠢ ᠲᠣᠭᠲᠠᠭᠤᠨ ᠢᠶᠠᠷ ᠪᠡᠶᠡᠯᠡᠭᠦᠯᠦᠨ᠎ᠡ᠃      6. ᠭᠤᠷᠪᠠ ᠶᠢ ᠬᠢᠬᠦ ᠦᠭᠡᠢ ᠭᠤᠷᠪᠠ ᠶᠢ ᠮᠡᠳᠡᠭᠦᠯᠬᠦ(三不三报)᠄ ᠳᠠᠷᠤᠶ ᠬᠢᠵᠢᠭ ᠤᠨ ᠬᠠᠯᠳᠠᠪᠤᠷᠢᠲᠦ ᠡᠬᠢ ᠲᠠᠢ ᠠᠮᠢᠲᠠᠨ ᠢ ᠳᠤᠷ᠎ᠠ ᠪᠠᠷ ᠢᠶᠠᠨ ᠠᠩᠨᠠᠬᠤ ᠥᠬᠡᠶ᠂ ᠬᠢᠵᠢᠭ ᠤᠨ ᠡᠬᠢ ᠲᠠᠢ ᠠᠮᠢᠲᠠᠨ ᠢ ᠦᠪᠴᠢᠵᠤ ᠢᠳᠡᠬᠦ ᠥᠬᠡᠶ᠂ ᠬᠢᠵᠢᠭ ᠤᠨ ᠡᠬᠢ ᠲᠠᠢ ᠠᠮᠢᠲᠠᠨ ᠵᠢᠴᠢ ᠪᠦᠲᠦᠭᠡᠭᠳᠡᠬᠦᠨ ᠢ ᠬᠢᠵᠢᠭ ᠲᠠᠢ ᠤᠷᠤᠨ ᠠᠴᠠ ᠳᠤᠷ᠎ᠠ ᠪᠠᠷ ᠢᠶᠠᠨ ᠠᠪᠴᠤ ᠭᠠᠷᠬᠤ ᠥᠬᠡᠶ᠂ ᠡᠪᠡᠳᠴᠢᠨ ᠢᠶᠠᠷ ᠥᠭᠦᠭᠰᠡᠨ ᠬᠤᠯᠤᠭᠠᠨ᠎ᠠ ᠶᠢ ᠮᠡᠳᠡᠭᠦᠯᠬᠦ᠂ ᠬᠤᠯᠤᠭᠠᠨ᠎ᠠ  ᠶᠢᠨ ᠬᠢᠵᠢᠭ ᠤᠨ ᠰᠡᠵᠢᠭᠯᠡᠯᠲᠡᠶ ᠡᠪᠡᠳᠴᠢᠲᠡᠨ ᠢ ᠮᠡᠳᠡᠭᠦᠯᠬᠦ᠂ ᠰᠢᠯᠲᠠᠭᠠᠨ ᠨᠢ ᠲᠣᠳᠣᠷᠬᠠᠶ ᠥᠬᠡᠶ ᠥᠨᠳᠥᠷ ᠬᠠᠯᠠᠭᠤᠷᠠᠭᠰᠠᠨ ᠡᠪᠡᠳᠴᠢᠲᠡᠨ ᠪᠠ ᠭᠡᠨᠡᠳᠲᠡ ᠥᠭᠦᠭᠰᠡᠨ ᠡᠪᠡᠳᠴᠢᠲᠡᠨ ᠢ ᠮᠡᠳᠡᠭᠦᠯᠬᠦ ᠵᠡᠷᠭᠡ ᠶᠢ ᠬᠡᠯᠡᠨ᠎ᠡ᠃      7. ᠵᠠᠰᠠᠭ ᠤᠨ ᠤᠷᠳᠤᠨ ᠤ ︽ᠳᠥᠷᠪᠡᠨ ᠲᠥᠷᠥᠯ︾ ᠤᠨ ᠪᠢᠴᠢᠭ ᠮᠠᠲ᠋ᠧᠷᠢᠶᠠᠯ(政府“四类”文件)᠄ ᠲᠤᠬᠠᠶᠢᠯᠠᠪᠠᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠤᠶᠤ ᠬᠤᠰᠢᠭᠤ ᠠᠷᠠᠳ  ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠪᠠᠭᠤᠯᠭᠠᠭᠰᠠᠨ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠪᠦᠷᠢᠯᠳᠦᠬᠦᠨ ᠤ ᠲᠥᠷᠥᠯ ᠤᠨ ᠪᠢᠴᠢᠭ ᠮᠠᠲ᠋ᠧᠷᠢᠶᠠᠯ᠂ ᠨᠡᠶᠢᠲᠡᠯᠡᠯ ᠤᠨ ᠲᠥᠷᠥᠯ ᠤᠨ ᠪᠢᠴᠢᠭ ᠮᠠᠲ᠋ᠧᠷᠢᠶᠠᠯ᠂ ᠠᠵᠢᠯ ᠤᠨ ᠪᠠᠶᠢᠷᠢᠯᠠᠭᠤᠯᠤᠯᠲᠠ ᠶᠢᠨ ᠲᠥᠷᠥᠯ  ᠤᠨ ᠮᠡᠳᠡᠭᠳᠡᠯ ᠵᠡᠷᠭᠡ ᠪᠣᠯᠤᠨ᠎ᠠ᠃      8. ᠮᠤᠷᠢᠨ ᠨᠢᠷᠤᠭᠤᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ(马背政务服务)᠄ ᠳᠠᠷᠤᠢ ᠮᠠᠨ ᠤ ᠬᠤᠰᠢᠭᠤᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠶᠤᠮ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠵᠦ ᠦᠶᠯᠡᠰ ᠴᠣᠭᠴᠠᠯᠠᠬᠤ ᠳᠤ ᠨᠠᠩ ᠲᠦᠷᠭᠡᠨ ᠨᠠᠩ ᠲᠥᠬᠦᠮ ᠦᠵᠡᠭᠦᠯᠬᠦ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠰᠢᠭᠤᠳ ᠬᠠᠨᠳᠤᠭᠤᠯᠤᠭᠰᠠᠨ ᠬᠢᠨᠠᠨ ᠵᠦᠪᠰᠢᠶᠡᠷᠡᠬᠦ ᠦᠶᠯᠡᠴᠢᠯᠡᠭᠡᠨ ᠤ ᠵᠦᠶᠯᠡᠰ ᠤᠨ ᠲᠣᠭᠤᠷᠢᠨ ᠳᠤ᠂ ᠬᠡᠷ ᠲᠤᠨᠢ ᠬᠦᠷᠴᠦ ᠭᠦᠶᠴᠡᠳᠬᠡᠬᠦ᠂ ᠣᠷᠣᠯᠠᠨ ᠭᠦᠶᠴᠡᠳᠬᠡᠬᠦ᠂ ᠰᠦᠯᠵᠢᠶᠡᠨ ᠳᠡᠭᠡᠷ᠎ᠡ ᠭᠦᠶᠴᠡᠳᠬᠡᠬᠦ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠦᠨ᠂ ᠬᠦᠴᠦᠯᠡᠨ ᠪᠦᠷᠢᠯᠳᠦᠭᠦᠯᠵᠤ ᠪᠠᠶᠢᠭ᠎ᠠ ᠦᠶᠯᠡᠴᠢᠯᠡᠭᠡᠨ ᠤ ᠬᠡᠯᠪᠡᠷᠢ ᠪᠤᠯᠤᠨ᠎ᠠ᠃       9. ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠳᠦᠷᠢᠮ(“五证合一、一照一码”登记制度)᠄ ᠲᠤᠬᠠᠶᠢᠯᠠᠪᠠᠯ ᠠᠵᠤ ᠦᠶᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠳ᠋ᠤᠭᠠᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠳᠡᠭᠯᠡᠬᠦ ᠦᠨᠡᠮᠯᠡᠯ ︽ᠭᠤᠷᠪᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠳᠠᠩᠰᠠᠯᠠᠨ ᠲᠡᠮᠳᠡᠭᠯᠡᠬᠦ ᠳᠦᠷᠢᠮ  ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠨᠡᠶᠢᠭᠡᠮ ᠤᠨ ᠳᠠᠭᠠᠳᠬᠠᠯ ᠤᠨ ᠳᠠᠩᠰᠠᠯᠠᠨ ᠲᠡᠮᠳᠡᠭᠯᠡᠬᠦ ᠦᠨᠡᠮᠯᠡᠯ ᠪᠠ ᠲᠤᠭ᠎ᠠ ᠪᠦᠷᠢᠳᠬᠡᠯ ᠤᠨ ᠳᠠᠩᠰᠠᠯᠠᠨ ᠲᠡᠮᠳᠡᠭᠯᠡᠬᠦ ᠦᠨᠡᠮᠯᠡᠯ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡ ᠡᠵᠡᠩᠨᠡᠯᠲᠡ ᠶᠢᠨ ᠦᠨᠡᠮᠯᠡᠯ ᠬᠢᠨᠠᠨ ᠣᠯᠭᠤᠵᠤ᠂ ᠨᠢᠭᠡ ᠨᠡᠶᠢᠭᠡᠮ ᠤᠨ ᠢᠲᠡᠭᠡᠮᠵᠢ ᠶᠢᠨ ᠣᠷᠣᠯᠠᠬᠤ ᠲᠡᠮᠳᠡᠭ ᠬᠠᠳᠠᠬᠤ  ᠶᠢ ᠬᠡᠯᠡᠨ᠎ᠡ᠃      10. ᠵᠢᠷᠭᠤᠭ᠎ᠠ ᠶᠢ ᠲᠣᠭᠲᠠᠪᠤᠷᠢᠵᠢᠭᠤᠯᠬᠤ(六稳)᠄ ᠲᠤᠬᠠᠶᠢᠯᠠᠪᠠᠯ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠮᠦᠩᠬᠦ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠵᠡᠷᠭᠡ ᠪᠤᠯᠤᠨ᠎ᠠ᠃      11 ᠨᠠᠢᠮᠠᠨ ᠵᠦᠢᠯ ᠤᠨ ᠴᠢᠳᠠᠪᠤᠷᠢ(八种本领)᠄ ᠲᠤᠬᠠᠶᠢᠯᠠᠪᠠᠯ ᠰᠤᠷᠤᠯᠴᠠᠬᠤ ᠴᠢᠳᠠᠪᠤᠷᠢ᠂ ᠤᠯᠤᠰ ᠲᠥᠷᠥ ᠶᠢᠨ ᠤᠳᠤᠷᠢᠳᠬᠤ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠴᠢᠳᠠᠪᠤᠷᠢ᠂ ᠬᠠᠤᠯᠢ ᠶᠣᠰᠣᠭᠠᠷ ᠵᠠᠰᠠᠭ ᠪᠠᠷᠢᠬᠤ ᠴᠢᠳᠠᠪᠤᠷᠢ᠂ ᠣᠯᠠᠨ ᠲᠦᠮᠡᠨ ᠤ ᠠᠵᠢᠯ ᠢ ᠬᠢᠬᠦ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠴᠢᠳᠠᠪᠤᠷᠢ᠂ ᠠᠶᠤᠯ ᠲᠦᠭᠰᠢᠭᠦᠷᠢ ᠢ ᠡᠵᠡᠮᠳᠡᠬᠦ ᠴᠢᠳᠠᠪᠤᠷᠢ ᠵᠡᠷᠭᠡ ᠪᠣᠯᠤᠨ᠎ᠠ᠃      12 . ᠭᠠᠵᠠᠷ ᠤᠷᠤᠨ ᠠᠯᠤᠰᠯᠠᠭᠰᠠᠨ ᠠᠵᠤ ᠠᠬᠤᠶ(飞地经济)᠄ ᠲᠤᠬᠠᠶᠢᠯᠠᠪᠠᠯ ᠬᠠᠷᠢᠯᠴᠠᠨ ᠪᠡᠶ᠎ᠡ ᠪᠠᠨ ᠳᠠᠭᠠᠭᠠᠭᠰᠠᠨ ᠬᠤᠶᠠᠷ ᠵᠠᠰᠠᠭ ᠵᠠᠬᠢᠷᠭᠠᠨ ᠤ ᠣᠷᠣᠨ ᠨᠢ ᠤᠤᠯ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠢᠵᠠᠭᠠᠷᠯᠠᠯ ᠢ ᠳᠠᠪᠠᠵᠤ᠂ ᠣᠷᠣᠨ ᠪᠦᠰᠡ ᠠᠯᠤᠰᠯᠠᠭᠰᠠᠨ᠂ ᠣᠷᠣᠨ ᠵᠠᠶ ᠠᠯᠤᠰᠯᠠᠭᠰᠠᠨ ᠵᠠᠰᠠᠭ ᠵᠠᠬᠢᠷᠭᠠᠨ ᠤ ᠬᠠᠮᠢᠶᠠᠷᠤᠯᠲᠠ ᠪᠠ ᠠᠵᠤ ᠠᠬᠤᠶ ᠶᠢᠨ ᠨᠡᠭᠡᠭᠡᠯᠲᠡ ᠪᠠᠷ ᠳᠠᠮᠵᠢᠭᠤᠯᠤᠨ᠂ ᠬᠤᠶᠠᠷ ᠭᠠᠵᠠᠷ ᠤᠨ ᠡᠬᠢ ᠪᠠᠶᠠᠯᠢᠭ ᠢ ᠬᠠᠷᠢᠯᠴᠠᠨ ᠨᠥᠬᠦᠪᠥᠷᠢᠯᠡᠬᠦ᠂ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ‍ ᠨᠢᠭᠡ ᠵᠦᠶᠯ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠬᠡᠪ ᠵᠠᠭᠪᠤᠷ ᠪᠣᠯᠤᠨ᠎ᠠ᠃      13. ᠣᠯᠠᠨ ᠲᠥᠯᠥᠪᠵᠢᠭᠦᠯᠭᠡ ᠶᠢ ᠨᠢᠭᠡᠳᠬᠡᠬᠦ(多规合一)᠄ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠪᠡ᠂ ᠬᠤᠲᠠ ᠬᠥᠳᠡᠭᠡ ᠶᠢᠨ ᠲᠥᠯᠥᠪᠵᠢᠭᠦᠯᠪᠡ᠂ ᠭᠠᠵᠠᠷ ᠰᠢᠷᠣᠢ ᠶᠢᠨ ᠠᠰᠢᠭᠯᠠᠯᠲᠠ ᠶᠢᠨ ᠲᠥᠯᠥᠪᠵᠢᠭᠦᠯᠪᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠲᠥᠯᠥᠪᠵᠢᠭᠦᠯᠪᠡ ᠵᠡᠷᠭᠡ ᠣᠯᠠᠨ ᠲᠥᠯᠥᠪᠵᠢᠭᠦᠯᠭᠡ ᠶᠢ ᠨᠢᠭᠡ ᠣᠷᠣᠨ ᠪᠦᠰᠡ ᠳᠤ ᠠᠭᠤᠰᠬᠠᠵᠤ᠂ ᠨᠢᠭᠡ ᠬᠤᠰᠢᠭᠤ ᠰᠢᠶᠠᠨ ︵ᠲᠣᠭᠤᠷᠢᠭ︶ ᠤ ᠨᠢᠭᠡ ᠲᠥᠯᠥᠪᠵᠢᠭᠦᠯᠭᠡ ᠶᠢᠨ ᠳᠡᠪᠲᠡᠷ᠂ ᠨᠢᠭᠡ ᠵᠢᠷᠤᠭ ᠲᠦᠯᠦᠪᠯᠡᠭᠡ ᠲᠠᠢ ᠪᠠᠶᠢᠬᠤ ᠶᠢ ᠪᠡᠶᠡᠯᠡᠭᠦᠯᠵᠦ᠂ ᠣᠳᠣ ᠪᠠᠶᠢᠭ᠎ᠠ ᠡᠯ᠎ᠡ ᠲᠥᠷᠥᠯ ᠤᠨ ᠲᠥᠯᠥᠪᠵᠢᠭᠦᠯᠭᠡ ᠶᠢᠨ ᠥᠪᠡᠰᠦᠪᠡᠨ ᠰᠢᠰᠲ᠋ᠧᠮᠵᠢᠬᠦ᠂ ᠠᠭᠤᠯᠭ᠎ᠠ ᠶᠢᠨ ᠮᠥᠷᠭᠦᠯᠳᠦᠭᠡᠨ᠂ ᠬᠤᠯᠪᠤᠯᠴᠠᠭ᠎ᠠ ᠳᠤᠲᠠᠮᠠᠭ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠵᠢᠭᠠᠵᠤ ᠪᠠᠶᠢᠨ᠎ᠠ᠃      14. ︽ᠭᠤᠷᠪᠠᠨ ᠡᠷᠬᠡ︾ ᠶᠢ ᠰᠠᠯᠭᠠᠬᠤ(“三权”分置)᠄ ᠲᠤᠬᠠᠶᠢᠯᠠᠪᠠᠯ ᠬᠥᠳᠡᠭᠡ ᠲᠣᠰᠬᠤᠨ ᠤ ᠭᠠᠵᠠᠷ ᠰᠢᠷᠣᠶ ᠶᠢᠨ ᠬᠠᠮᠲᠤ ᠶᠢᠨ ᠦᠮᠴᠢᠯᠡᠯ ᠢ ᠪᠠᠷᠢᠮᠲᠠᠯᠠᠬᠤ ᠤᠷᠢᠲᠠᠯ ᠳᠣᠤᠷ᠎ᠠ᠂ ᠲᠠᠷᠢᠶᠠᠴᠢᠳ ᠤᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ ᠶᠢ ᠦᠯᠡᠳᠡᠭᠡᠬᠦ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ  ᠶᠢ ᠡᠷᠭᠢᠯᠲᠡ ᠳᠤ ᠣᠷᠣᠭᠤᠯᠬᠤ ᠬᠦᠰᠡᠯ ᠳᠤ ᠨᠡᠶᠢᠴᠡᠭᠦᠯᠵᠦ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠳᠠᠭᠠᠭᠠᠴᠢᠯᠠᠯᠲᠠ ᠶᠢᠨ ᠡᠷᠬᠡ ᠪᠠ ᠡᠵᠡᠩᠨᠡᠯᠲᠡ ᠶᠢᠨ ᠡᠷᠬᠡ ᠭᠡᠵᠦ ᠬᠤᠪᠢᠶᠠᠵᠤ᠂ ᠥᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠭᠡᠵᠤ ᠰᠠᠯᠭᠠᠨ ᠵᠡᠷᠭᠡ ᠳᠤᠨᠢ ᠬᠡᠷᠡᠭᠵᠢᠭᠦᠯᠬᠦ ᠶᠢ ᠬᠡᠯᠡᠨ᠎ᠡ᠃      15.ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ(互联网+政务服务)᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶᠡᠨ ᠤ ᠲᠠᠪᠴᠠᠩ ᠳᠤ ᠲᠦᠰᠢᠭᠯᠡᠨ᠂ ᠢᠨᠲ᠋ᠧᠷ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠭᠦᠨᠵᠡᠭᠡᠶ ᠠᠭᠤᠰᠤᠯᠴᠠᠯ ᠢ ᠪᠡᠶᠡᠯᠡᠭᠦᠯᠵᠦ᠂ ︽ᠮᠡᠳᠡᠭᠡ ᠵᠠᠩᠭᠢ  ᠶᠢᠨ ᠭᠠᠴᠠᠭᠠᠷᠳᠠᠮᠠᠯ︾ ᠪᠠᠶᠢᠳᠠᠯ ᠢ ᠡᠪᠳᠡᠵᠦ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠠᠪᠴᠠᠩ ᠳᠤ ᠨᠢᠭᠡᠳᠦᠯᠲᠡᠶ ᠭᠥᠯᠢᠶᠡᠨ ᠠᠪᠴᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ᠂ ᠮᠡᠳᠡᠭᠡ ᠵᠠᠩᠭᠢ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠳᠠᠮᠵᠢᠭᠤᠯᠬᠤ ᠶᠢ ᠠᠬᠢᠭᠤᠯᠵᠤ᠂ ᠣᠯᠠᠨ ᠲᠦᠮᠡᠨ ᠬᠡᠷ ᠡᠷᠦᠬᠡ ᠠᠴᠠ ᠪᠠᠨ ᠭᠠᠷᠬᠤ ᠥᠬᠡᠶ ᠪᠠᠷ ᠤᠴᠢᠷ ᠶᠠᠪᠤᠳᠠᠯ ᠪᠦᠲᠦᠭᠡᠵᠦ ᠳᠡᠶᠢᠯᠬᠦ ᠬᠠᠷᠠᠯᠲᠠ ᠶᠢ ᠪᠡᠶᠡᠯᠡᠭᠦᠯᠦᠨ᠎ᠡ᠃      16. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠶᠯ ᠤᠨ ᠲᠦᠷᠢᠮ︾(行政执法“三项制度”)᠄ ᠳᠠᠷᠤᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ ᠲᠦᠷᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠢᠶᠠᠷ ᠬᠢᠨᠠᠨ ᠬᠠᠷᠭᠤᠭᠤᠯᠬᠤ ᠲᠦᠷᠢᠮ ᠪᠣᠯᠤᠨ᠎ᠠ᠃      17. ᠬᠤᠲᠠ ᠶᠢᠨ ᠲᠣᠭᠤᠷᠢᠭ ᠤᠨ ︽ᠵᠢᠷᠭᠤᠭᠠᠨ ᠳᠤᠷ᠎ᠠ ᠵᠤᠷᠢᠭ ᠤᠨ ᠦᠵᠡᠭᠳᠡᠯ︾(城区“六乱”)᠄ ᠳᠠᠷᠤᠢ ᠳᠤᠷ᠎ᠠ ᠪᠠᠷ ᠢᠶᠠᠨ ᠳᠡᠯᠭᠡᠨ ᠬᠤᠳᠠᠯᠳᠤᠬᠤ᠂ ᠳᠤᠷ᠎ᠠ ᠪᠠᠷ ᠢᠶᠠᠨ ᠵᠠᠮ ᠡᠵᠡᠯᠡᠬᠦ᠂ ᠳᠤᠷ᠎ᠠ ᠪᠠᠷ ᠢᠶᠠᠨ ᠵᠠᠷ ᠲᠠᠯᠪᠢᠬᠤ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠶᠠᠭᠤᠮ᠎ᠠ ᠬᠠᠶᠠᠬᠤ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠵᠡᠷᠭᠡ ᠪᠣᠯᠤᠨ᠎ᠠ᠃     18. ᠵᠢᠷᠭᠤᠭᠠᠨ ᠣᠨᠣᠪᠴᠢᠲᠠᠢ(六个精准)᠄ ᠳᠠᠷᠤᠢ ᠶᠠᠳᠠᠭᠤ ᠬᠦᠴᠢᠷᠳᠡᠯᠲᠡᠢ ᠳᠡᠳᠬᠦᠬᠦ ᠡᠲᠡᠭᠡᠳ ᠤᠨᠤᠪᠴᠢᠲᠠᠢ᠂ ᠲᠦᠷᠦᠯ ᠵᠦᠢᠯ ᠤᠨ ᠳᠤᠬᠢᠷᠠᠭᠤᠯᠤᠯᠲᠠ ᠣᠨᠣᠪᠴᠢᠲᠠᠢ᠂ ᠪᠡᠯᠡ ᠮᠥᠩᠭᠦ ᠶᠢᠨ ᠬᠡᠷᠡᠭᠯᠡᠭᠡ ᠤᠨᠤᠪᠴᠢᠲᠠᠢ᠂ ᠶᠠᠳᠠᠭᠤ ᠶᠢ ᠳᠡᠳᠬᠦᠬᠦ ᠠᠷᠭ᠎ᠠ ᠬᠡᠮᠵᠢᠶ᠎ᠡ ᠶᠢ ᠡᠷᠦᠬᠡ ᠳᠤ ᠬᠡᠷᠡᠭᠵᠢᠭᠦᠯᠬᠦ ᠨᠢ ᠣᠨᠣᠪᠴᠢᠲᠠᠢ᠂ ᠲᠣᠰᠬᠤᠨ ᠳᠤ ᠲᠤᠬᠢᠷᠠᠭᠤᠯᠤᠨ ᠬᠥᠮᠦᠨ ᠲᠤᠮᠢᠯᠠᠬᠤ ᠨᠢ ᠣᠨᠣᠪᠴᠢᠲᠠᠢ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠣᠨᠣᠪᠴᠢᠲᠠᠢ ᠪᠠᠶᠢᠬᠤ ᠶᠢ ᠬᠡᠯᠡᠨ᠎ᠡ᠃      19. ᠲᠠᠪᠤᠨ ᠨᠢᠭᠡ ᠪᠦᠯᠦᠭ(五个一批)᠄ ᠳᠠᠷᠤᠶ ᠦᠶᠯᠡᠳᠪᠦᠷᠢᠯᠡᠯ ᠢ ᠬᠥᠭᠵᠢᠭᠦᠯᠵᠦ ᠨᠢᠭᠡ ᠪᠦᠯᠦᠭ ᠬᠦᠮᠦᠰ ᠢ ᠶᠠᠳᠠᠭᠤ ᠠᠴᠠ ᠠᠩᠭᠢᠵᠢᠷᠠᠭᠤᠯᠬᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠨᠢᠭᠡ ᠪᠦᠯᠦᠭ ᠬᠦᠮᠦᠰ ᠢ ᠶᠠᠳᠠᠭᠤ ᠠᠴᠠ ᠠᠩᠭᠢᠵᠢᠷᠠᠭᠤᠯᠬᠤ᠂ ᠠᠮᠢ ᠠᠬᠤᠶ ᠶᠢᠨ ᠨᠥᠬᠦᠪᠥᠷᠢ ᠥᠭᠴᠦ ᠨᠢᠭᠡ ᠪᠦᠯᠦᠭ ᠬᠦᠮᠦᠰ ᠢ ᠶᠠᠳᠠᠭᠤ ᠠᠴᠠ ᠠᠩᠭᠢᠵᠢᠷᠠᠭᠤᠯᠬᠤ᠂ ᠰᠤᠷᠭᠠᠨ ᠬᠥᠮᠦᠵᠢᠯ ᠢ ᠬᠥᠭᠵᠢᠭᠦᠯᠵᠦ ᠨᠢᠭᠡ ᠪᠦᠯᠦᠭ ᠬᠦᠮᠦᠰ ᠢ ᠶᠠᠳᠠᠭᠤ ᠠᠴᠠ ᠠᠩᠭᠢᠵᠢᠷᠠᠭᠤᠯᠬᠤ᠂ ᠨᠡᠶᠢᠭᠡᠮ ᠤᠨ ᠪᠠᠲᠤᠯᠠᠭ᠎ᠠ ᠶᠢᠨ ᠦᠨᠳᠦᠰᠦᠨ ᠵᠦᠶᠯ ᠢ ᠪᠠᠲᠤᠯᠠᠵᠤ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠬᠤ ᠵᠡᠷᠭᠡ ᠲᠠᠪᠤᠨ ᠵᠦᠢᠯ ᠤᠨ ᠠᠷᠭ᠎ᠠ ᠪᠠᠷ ᠶᠠᠳᠠᠭᠤ ᠠᠴᠠ ᠠᠩᠬᠢᠵᠢᠷᠠᠭᠤᠯᠬᠤ ᠶᠢ ᠬᠡᠯᠡᠨ᠎ᠡ᠃      20. ᠳᠦᠷᠪᠡᠨ ᠰᠠᠯᠬᠤ ᠦᠭᠡᠢ(四个不摘)᠄ ᠲᠤᠬᠠᠶᠢᠯᠠᠪᠠᠯ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠰᠠᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠲᠦᠷᠦ ᠶᠢᠨ ᠪᠤᠳᠤᠯᠭ᠎ᠠ ᠰᠠᠯᠬᠤ ᠦᠭᠡᠢ ᠂ ᠶᠠᠳᠠᠭᠤ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠰᠠᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠰᠠᠯᠬᠤ ᠦᠭᠡᠢ ᠪᠠᠶᠢᠬᠤ ᠶᠢ ᠬᠡᠯᠡᠨ᠎ᠡ᠃      21. ᠲᠠᠪᠤᠨ ᠬᠥᠮᠦᠵᠢᠯ(五育)᠄ ᠳᠠᠷᠤᠢ ᠶᠣᠰᠣ ᠰᠤᠷᠲᠠᠬᠤᠨ ᠤ ᠬᠥᠮᠦᠵᠢᠯ᠂ ᠤᠶᠤᠨ ᠤ ᠬᠥᠮᠦᠵᠢᠯ᠂ ᠪᠡᠶ᠎ᠡ ᠶᠢᠨ ᠲᠠᠮᠢᠷ ᠤᠨ ᠬᠦᠮᠦᠵᠢᠯ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠪᠣᠯᠤᠨ᠎ᠠ᠃      22. ᠡᠷᠡᠭᠦᠯ ᠮᠡᠨᠳᠦ ᠶᠢᠨ ᠡᠰ(健康细胞)᠄ ᠲᠤᠬᠠᠶᠢᠯᠠᠪᠠᠯ ᠡᠷᠡᠭᠦᠯ ᠮᠡᠨᠳᠦ ᠨᠡᠶᠢᠭᠡᠮ ᠲᠣᠭᠤᠷᠢᠭ᠂ ᠡᠷᠡᠭᠦᠯ ᠮᠡᠨᠳᠦ ᠪᠠᠶᠢᠭᠤᠯᠭ᠎ᠠ ᠨᠢᠭᠡᠴᠢ᠂ ᠡᠷᠡᠭᠦᠯ ᠮᠡᠨᠳᠦ ᠰᠤᠷᠭᠠᠭᠤᠯᠢ᠂ ᠡᠷᠡᠭᠦᠯ ᠮᠡᠨᠳᠦ ᠬᠡᠷ ᠪᠦᠯᠢ ᠵᠡᠷᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠬᠡᠯᠡᠨ᠎ᠡ᠃      23. ᠤᠯᠠᠭᠠᠨᠮᠥ᠋ᠴᠢᠷ ᠤᠨ ︽ᠲᠤᠯᠤᠭᠠᠨ ᠨᠢᠭᠡ︾ ᠶᠢᠨ ᠪᠥᠲᠥᠭᠡᠨ ᠪᠠᠶᠢᠭᠤᠯᠤᠯᠲᠠ(乌兰牧骑“七个一”建设)᠄ ᠲᠤᠬᠠᠶᠢᠯᠠᠪᠠᠯ ︵1︶ ᠤᠯᠠᠭᠠᠨᠮᠥ᠋ᠴᠢᠷ ᠨᠢᠭᠡᠪᠦᠷᠢ ᠨᠠᠭᠠᠳᠤ ᠵᠠᠬ᠎ᠠ ᠳᠠᠭᠠᠨ ᠲᠤᠬᠠᠶ ᠶᠢᠨ ᠭᠠᠵᠠᠷ ᠤᠨ ᠢᠯᠡ ᠲᠣᠳᠣ ᠦᠨᠳᠦᠰᠦᠲᠡᠨ ᠤ ᠣᠨᠴᠠᠯᠢᠭ ᠪᠠ ᠣᠷᠣᠨ ᠨᠤᠲᠤᠭ ᠤᠨ ᠣᠨᠴᠠᠯᠢᠭ ᠲᠠᠢ ᠰᠣᠩᠭᠤᠳᠠᠭ ᠵᠦᠴᠦᠭᠡ ᠶᠢᠨ ᠫᠷᠤᠭ᠍ᠷᠠᠮ ᠢ ᠨᠠᠶᠢᠷᠠᠭᠤᠯᠤᠨ ᠦᠶᠯᠡᠳᠬᠦ︔ ︵2︶ ᠤᠯᠠᠭᠠᠨᠮᠥ᠋ᠴᠢᠷ ᠨᠢᠭᠡᠪᠦᠷᠢ ᠵᠢᠯ ᠪᠦᠷᠢ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠭᠰᠠᠨ ᠵᠦᠴᠦᠭᠡ ᠶᠢ ᠰᠢᠨ᠎ᠡ ᠪᠠᠷ ᠥᠪᠡᠷ ᠢᠶᠠᠨ ᠨᠠᠶᠢᠷᠠᠭᠤᠯᠤᠨ ᠲᠤᠭᠯᠠᠨ᠎ᠠ︔ ︵3︶ ᠤᠯᠠᠭᠠᠨᠮᠥ᠋ᠴᠢᠷ ᠨᠢᠭᠡᠪᠦᠷᠢ ᠵᠢᠯ ᠪᠦᠷᠢ ᠨᠠᠭᠠᠳᠤ ᠵᠠᠬ᠎ᠠ ᠳᠠᠭᠠᠨ ᠲᠤᠬᠠᠶ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ ᠵᠡᠷᠭᠡ ᠪᠣᠳᠠᠲᠤ ᠠᠬᠤᠢ ᠶᠢᠨ ᠰᠡᠳᠦᠪᠲᠦ ᠵᠦᠴᠦᠭᠡ ᠶᠢᠨ ᠫᠷᠤᠭ᠍ᠷᠠᠮ ᠢ ᠵᠣᠬᠢᠶᠠᠨ ᠪᠦᠲᠦᠭᠡᠨ᠎ᠡ︔ ︵4︶ ᠤᠯᠠᠭᠠᠨᠮᠥ᠋ᠴᠢᠷ ᠨᠢᠭᠡᠪᠦᠷᠢ ᠨᠢ ᠦᠨᠳᠦᠰᠦᠨ ᠱᠠᠲᠤᠨ ᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠵᠢᠯ ᠪᠦᠷᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠲᠦᠷᠢᠮ︾ ᠤᠨ ᠱᠠᠭᠠᠷᠳᠠᠯᠭ᠎ᠠ ᠶᠣᠰᠣᠭᠠᠷ ᠲᠣᠭᠯᠠᠯᠲᠠ ᠭᠠᠷᠭᠠᠬᠤ ᠡᠭᠦᠷᠭᠡ ᠪᠠᠨ ᠪᠡᠶᠡᠯᠡᠭᠦᠯᠦᠨ᠎ᠡ︔ ︵5︶ ᠤᠯᠠᠭᠠᠨᠮᠥ᠋ᠴᠢᠷ ᠨᠢᠭᠡᠪᠦᠷᠢ  ᠨᠢ ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠪᠣᠶ ᠪᠣᠯᠭᠠᠨ᠎ᠠ︔ ︵6︶ ᠤᠯᠠᠭᠠᠨᠮᠥ᠋ᠴᠢᠷ ᠨᠢᠭᠡᠪᠦᠷᠢ ᠵᠢᠯ ᠪᠦᠷᠢ ᠨᠢᠭᠡ ᠪᠦᠯᠦᠭ ᠤᠯᠠᠭᠠᠨᠮᠥ᠋ᠴᠢᠷ  ᠤᠨ ᠭᠡᠰᠢᠭᠦᠳ ᠢ ᠵᠣᠬᠢᠶᠠᠨ ᠪᠠᠶᠢᠭᠤᠯᠵᠤ ᠲᠤᠰᠬᠠᠶ ᠮᠡᠷᠭᠡᠵᠢᠯ ᠤᠨ ᠪᠣᠯᠪᠠᠰᠤᠷᠠᠯ ᠬᠢᠯᠭᠡᠨ᠎ᠡ︔ ︵7︶ ᠤᠯᠠᠭᠠᠨᠮᠥ᠋ᠴᠢᠷ ᠨᠢᠭᠡᠪᠦᠷᠢ ᠨᠢ ᠵᠢᠯ ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠤᠯᠠᠭᠠᠨᠮᠥ᠋ᠴᠢᠷ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ᠂ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ ᠪᠠ ᠲᠣᠭᠤᠷᠢᠨ ᠲᠣᠭᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠃      24. ᠬᠤᠶᠠᠷ ᠬᠥᠲᠥᠯᠪᠦᠷᠢ(两纲)᠄ ︽ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ  ᠶᠢᠨ ᠬᠥᠲᠥᠯᠪᠦᠷᠢ︾᠂ ︽ᠳᠤᠮᠳᠠᠳᠤ ᠤᠯᠤᠰ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ︾ ᠶᠢ ᠬᠡᠯᠡᠵᠦ ᠪᠠᠶᠢᠨ᠎ᠠ᠃     25. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ︽ᠨᠠᠢᠮᠠ ᠳᠤ ᠦᠷᠨᠢᠭᠦᠯᠬᠦ︾(民族团结进步“八进”)᠄ ᠳᠠᠷᠤᠢ ᠭᠡᠷ ᠪᠦᠯᠢ ᠳᠤ ᠦᠷᠨᠢᠭᠦᠯᠬᠦ᠂ ᠠᠯᠪᠠᠨ ᠪᠠᠶᠢᠭᠤᠯᠭ᠎ᠠ ᠳᠤ ᠦᠷᠨᠢᠭᠦᠯᠬᠦ᠂ ᠨᠡᠶᠢᠭᠡᠮ ᠲᠣᠭᠤᠷᠢᠭ ᠲᠤ ᠦᠷᠨᠢᠭᠦᠯᠬᠦ᠂ ᠬᠥᠳᠡᠭᠡ ᠲᠣᠰᠬᠤᠨ ᠳᠤ ᠦᠷᠨᠢᠭᠦᠯᠬᠦ᠂ ᠰᠤᠷᠭᠠᠭᠤᠯᠢ ᠳᠤ ᠦᠷᠨᠢᠭᠦᠯᠬᠦ᠂ ᠠᠵᠤ ᠠᠬᠤᠶᠢᠯᠠᠯ ᠳᠤ ᠦᠷᠨᠢᠭᠦᠯᠬᠦ᠂ ᠰᠦᠮ᠎ᠡ ᠬᠡᠶᠢᠳ ᠲᠤ ᠦᠷᠨᠢᠭᠦᠯᠬᠦ᠂ ᠴᠡᠷᠢᠭ ᠤᠨ ᠬᠤᠸᠠᠷᠠᠨ ᠳᠤ ᠦᠷᠨᠢᠭᠦᠯᠬᠦ ᠵᠡᠷᠭᠡ ᠪᠤᠯᠤᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号