ᠳᠠᠷᠬᠠᠨ  ᠮᠤᠤᠮᠢᠩᠭᠠᠨ ᠬᠤᠯᠪᠤᠭᠠᠳᠤ ᠬᠤᠰᠢᠭᠤᠨ ᠤ ᠮᠣᠩᠭᠤᠯ ᠦᠨᠳᠦᠰᠦᠳᠡᠨ‌‍ᠤ ᠰᠤᠷᠭᠠᠭᠤᠯᠢ ᠨᠢ ᠵᠣᠬᠢᠶᠠᠨ ᠪᠠᠶᠢᠭᠤᠯᠵᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠠᠶᠢᠯᠤᠮᠵᠢ ᠶᠢ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2020/5/26
     5 ᠰᠠᠷ᠎ᠠ ᠶᠢᠨ 23 ᠤ ᠡᠳᠦᠷ ᠠᠴᠠ 5  ᠰᠠᠷ᠎ᠠ ᠶᠢᠨ 25 ᠤ ᠡᠳᠦᠷ  ᠂ ᠳᠠᠷᠬᠠᠨ  ᠮᠤᠤᠮᠢᠩᠭᠠᠨ ᠬᠤᠯᠪᠤᠭᠠᠳᠤ ᠬᠤᠰᠢᠭᠤᠨ ᠤ ᠮᠣᠩᠭᠤᠯ ᠦᠨᠳᠦᠰᠦᠳᠡᠨ‌‍ᠤ ᠰᠤᠷᠭᠠᠭᠤᠯᠢ ᠨᠢ ᠰᠤᠷᠭᠠᠭᠤᠯᠢ ᠶᠢᠨ ᠤᠳᠤᠷᠢᠳᠤᠯᠭ᠎ᠠ᠂ ᠵᠠᠩᠭᠢᠯᠠᠭ᠎ᠠ ᠶᠢᠨ ᠺᠠᠳ᠋ᠷ᠂ ᠪᠥᠬᠦ ᠪᠠᠭᠰᠢ ᠵᠢᠴᠢ ᠬᠡᠷ ᠤᠨ ᠠᠬᠠᠮᠠᠳ   ᠢᠶᠠᠨ ᠵᠤᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠭᠠᠨ ᠰᠤᠳᠤᠯᠬᠤ ᠲᠠᠰᠤᠭ   ᠠᠴᠠ ᠡᠷᠭᠢᠯᠡᠭᠰᠡᠨ ︽ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠠᠶᠢᠯᠤᠮᠵᠢ︾ ᠶᠢ ᠭᠥᠯᠢᠶᠡᠨ ᠠᠪᠴᠤ ᠦᠵᠡᠪᠡ᠃      ᠲᠠᠶᠢᠯᠤᠮᠵᠢ ᠶᠢ ᠥᠪᠡᠷᠲᠡᠭᠡᠨ ᠵᠠᠰᠠᠬᠤ ᠣᠷᠣᠨ ᠤ ᠵᠢᠭᠠᠨ ᠰᠤᠳᠤᠯᠬᠤ ᠲᠠᠰᠤᠭ ᠤᠨ ᠣᠨᠴᠠ ᠤᠷᠢᠭᠰᠠᠨ ᠲᠤᠰᠬᠠᠶ  ᠮᠡᠷᠭᠡᠵᠢᠯᠳᠡᠨ᠂ ᠶᠠᠫᠣᠨ ᠤ ᠨᠢᠶᠣᠣ ᠴᠢᠦᠢ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠠᠨᠠᠭᠠᠬᠤ ᠤᠬᠠᠭᠠᠨ ᠤ ᠳ᠋ᠣᠺᠲ᠋ᠣᠷ ᠶᠠᠩ ᠴᠦᠨ ᠾᠦᠢ ᠠᠴᠠ ᠭᠤᠤᠯᠯᠠᠨ ᠶᠠᠷᠢᠵᠤ᠂ ︽ᠵᠠᠯᠠᠭᠤᠴᠤᠳ ᠪᠠᠭᠠᠴᠤᠳ ᠤᠨ ᠭᠠᠩᠰᠠᠷᠠᠬᠤ ᠭᠡᠮ᠂ ᠪᠢᠳᠡᠨ ᠠᠴᠠ ᠬᠡᠳᠦᠶ ᠬᠤᠯᠠ ᠪᠣᠶ︖︾᠂ ︽ᠤᠨᠲᠠᠬᠤ ᠶᠢᠨ ᠮᠥᠨ ᠴᠢᠨᠠᠷ ᠵᠢᠴᠢ ᠨᠦᠢᠷ ᠠᠯᠳᠠᠬᠤ ᠰᠠᠭᠠᠳ ᠤᠨ ᠡᠮᠴᠢᠯᠡᠭᠡ︾ ᠭᠡᠬᠦ ᠬᠤᠶᠠᠷ ᠭᠤᠣᠯ ᠰᠡᠳᠦᠪ ᠢᠶᠠᠷ ᠵᠠᠯᠠᠭᠤ ᠪᠠᠭᠠᠴᠤᠳ ᠤᠨ ᠤᠷᠪᠠᠨ ᠲᠡᠷᠰᠯᠡᠬᠦ ᠬᠤᠭᠤᠴᠠᠭᠠᠨ ᠳᠤ ᠭᠠᠩᠰᠠᠷᠠᠬᠤ ᠭᠡᠮ ᠠᠴᠠ ᠬᠡᠳᠦᠶ ᠬᠤᠯᠠ ᠪᠠᠶᠢᠬᠤ᠂ ᠤᠨᠳᠠᠬᠤ ᠰᠠᠭᠠᠲᠠᠯ ᠪᠠ ᠭᠠᠩᠰᠠᠷᠠᠬᠤ ᠭᠡᠮ ᠤᠨ ᠢᠯᠭᠠᠭ᠎ᠠ᠂ ᠭᠠᠩᠰᠠᠷᠠᠬᠤ ᠡᠪᠡᠳᠴᠢᠨ ᠤ ᠡᠮᠦᠨᠡᠬᠢ ᠬᠤᠭᠤᠴᠠᠭᠠᠨ ᠤ ᠢᠯᠡᠷᠡᠯ᠂ ᠤᠨᠲᠠᠬᠤ ᠶᠠᠰᠤ ᠴᠢᠨᠠᠷ ᠢ ᠬᠡᠷᠬᠢᠨ ᠪᠠᠲᠤᠯᠠᠬᠤ ᠵᠢᠴᠢ ᠵᠠᠯᠠᠭᠤ ᠪᠠᠭᠠᠴᠤᠳ ᠤᠨ ᠭᠠᠩᠰᠠᠷᠠᠬᠤ ᠭᠡᠮ ᠢ ᠰᠡᠷᠭᠡᠶᠢᠯᠡᠬᠦ ᠵᠡᠷᠭᠡ ᠲᠠᠯ᠎ᠠ ᠪᠠᠷ ᠲᠣᠰ ᠲᠣᠰ  ᠳᠠᠨᠢᠯᠴᠠᠭᠤᠯᠤᠨ ᠲᠠᠶᠢᠯᠪᠤᠷᠢᠯᠠᠪᠠ᠃ ᠲᠠᠶᠢᠯᠤᠮᠵᠢ ᠶᠢᠨ ᠠᠭᠤᠯᠤᠭᠳᠠᠬᠤᠨ ᠨᠢ ᠪᠠᠶᠠᠯᠢᠭ᠂ ᠭᠤᠤᠯ ᠰᠡᠳᠦᠪ ᠨᠢ ᠢᠯᠡ ᠲᠣᠳᠣ᠂ ᠭᠦᠨᠵᠡᠭᠡᠶ ᠪᠥᠭᠡᠳ ᠳᠥᠭᠦᠮ᠂ ᠤᠨᠤᠯ ᠪᠠ ᠬᠡᠷᠡᠭ ᠤᠨ ᠵᠢᠱᠢᠶ᠎ᠡ ᠶᠢ ᠤᠶᠠᠯᠳᠤᠭᠤᠯᠵᠤ᠂ ᠨᠡᠯᠢᠶᠡᠳ ᠴᠢᠩᠭ᠎ᠠ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠣ᠂  ᠶᠠᠩ ᠪᠠᠭᠰᠢ ᠰᠤᠨᠤᠰᠤᠭᠴᠢᠳ ᠢ ᠳᠠᠭᠠᠭᠤᠯᠤᠨ ᠢᠳᠡᠪᠬᠢᠲᠡᠶ ᠤᠷᠮ᠎ᠠ ᠰᠡᠳᠬᠢᠯᠭᠡ ᠪᠣᠯᠤᠨ ᠰᠡᠳᠬᠢᠯ ᠰᠠᠨᠠᠭ᠎ᠠ ᠶᠢ ᠪᠤᠢ ᠪᠤᠯᠭᠠᠬᠤ ᠵᠥᠪ ᠠᠷᠭ᠎ᠠ  ᠵᠠᠮ   ᠢ ᠡᠷᠢᠯᠬᠢᠯᠡᠵᠤ᠂ ᠰᠢᠨᠵᠢᠯᠡᠬᠦ ᠤᠬᠠᠭᠠᠨᠴᠢ ᠰᠡᠳᠬᠢᠴᠡ ᠵᠦᠶ ᠶᠢᠨ ᠣᠨᠣᠯ ᠪᠠ ᠠᠷᠭ᠎ᠠ ᠶᠢ ᠬᠡᠷᠡᠭᠯᠡᠨ᠂ ᠲᠤᠰ ᠪᠡᠶ᠎ᠡ ᠶᠢᠨ ᠰᠡᠳᠬᠢᠴᠡ ᠶᠢᠨ ᠬᠦᠷᠦᠩᠭᠡ ᠪᠠᠨ ᠳᠡᠭᠡᠭᠰᠢᠯᠡᠭᠦᠯᠵᠦ᠂ ᠰᠡᠳᠬᠢᠴᠡ ᠶᠢᠨ ᠵᠣᠬᠢᠴᠠᠬᠤ ᠴᠢᠳᠠᠪᠤᠷᠢ ᠪᠠᠨ ᠨᠡᠮᠡᠭᠳᠡᠭᠦᠯᠵᠦ᠂ ᠪᠠᠭᠰᠢ ᠪᠣᠯᠤᠨ ᠭᠡᠷ ᠤᠨ ᠠᠬᠠᠮᠠᠳ‌‍ᠤᠨ ᠬᠤᠵᠢᠮ ‍ᠤᠨ‌ᠠᠵᠢᠯ ᠰᠤᠷᠤᠯᠴᠠᠯᠭ᠎ᠠ ᠪᠠᠨ ᠨᠡᠩ  ᠢᠳᠡᠪᠬᠢᠳᠠᠢ ᠤᠪᠤᠷ ᠢᠶᠠᠷ ᠬᠠᠨᠳᠤᠵᠤ᠂ ᠨᠡᠶᠢᠭᠡᠮ ᠳᠤ  ᠶᠠᠭᠠᠬᠢᠵᠤ ᠬᠤᠪᠢ ᠨᠡᠮᠡᠷᠢ ᠦᠵᠡᠭᠦᠯᠬᠦ  ᠳᠤᠬᠠᠢ ᠤᠯᠠᠮ ᠨᠢᠭᠡ ᠠᠯᠬᠤᠮ ᠲᠠᠶᠢᠯᠪᠤᠷᠢᠯᠠᠯᠲᠠ ᠬᠢᠵᠡᠢ᠃      ᠡᠨᠡ ᠤᠳᠠᠭᠠᠨ ᠤ ᠲᠠᠶᠢᠯᠤᠮᠵᠢ ᠪᠠᠷ ᠳᠠᠮᠵᠢᠨ᠂ ᠭᠡᠷ ᠪᠦᠯᠢ ᠪᠣᠯᠤᠨ ᠰᠤᠷᠭᠠᠭᠤᠯᠢ ᠶᠢᠨ ᠬᠠᠷᠢᠯᠴᠠᠭ᠎ᠠ ᠶᠢ ᠨᠠᠩ ᠨᠢᠭᠲᠠ ᠪᠤᠯᠭᠠᠵᠤ᠂ᠪᠠᠭᠰᠢ ᠪᠣᠯᠤᠨ ᠭᠡᠷ ᠤᠨ ᠠᠬᠠᠮᠠᠳ ᠤᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠤᠯᠠᠮ ᠨᠢᠭᠡ  ᠠᠯᠬᠤᠮ ᠴᠢᠬᠤᠯᠠᠴᠢᠯᠠᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠮᠠᠰᠢ ᠶᠡᠭᠡ ᠵᠢᠯᠣᠭᠤᠳᠬᠤ ᠦᠢᠯᠡᠳᠦᠯ ᠦᠵᠡᠭᠦᠯᠬᠦ   ᠶᠢ ᠢᠳᠡᠭᠡᠵᠥ ᠪᠣᠯᠤᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号