ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠪᠴᠢᠶ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ ᠢᠷᠡᠵᠦ ᠠᠵᠢᠯ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-06-12
     6 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠪᠴᠢᠶ᠎ᠠ  ᠶᠢᠨ ᠪᠠᠶᠢᠴᠠᠭᠠᠬᠤ ᠳᠤᠭᠤᠶᠢᠯᠠᠩ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ ᠢᠷᠡᠵᠦ᠂ ᠲᠤᠬᠠᠶ ᠶᠢᠨ ᠲᠠᠯᠠᠪᠠᠶ ᠶᠢᠨ ᠪᠠᠶᠢᠴᠠᠭᠠᠨ ᠵᠢᠯᠣᠭᠤᠳᠬᠤ ᠠᠵᠢᠯ ᠬᠢᠪᠠ᠃ ᠪᠠᠶᠢᠴᠠᠭᠠᠬᠤ ᠳᠤᠭᠤᠶᠢᠯᠠᠩ ᠨᠢ ᠮᠣᠩᠭᠤᠯ ᠡᠮᠨᠡᠯᠭᠡ ᠶᠢᠨ ᠬᠤᠷᠢᠶᠠᠨ ᠤ ᠬᠠᠤᠯᠢ ᠶᠣᠰᠣᠭᠠᠷ ᠠᠵᠢᠯ ᠡᠷᠬᠢᠯᠡᠬᠦ᠂ ᠡᠮ ᠡᠮᠨᠡᠯᠭᠡ ᠶᠢᠨ ᠬᠤᠭ ᠨᠣᠪᠰᠢ᠂ ᠰᠠᠴᠤᠷᠠᠭ ᠡᠪᠡᠳᠴᠢᠨ ᠤ ᠰᠠᠯᠠᠭ᠎ᠠ᠂ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠠᠵᠢᠯ ᠤᠨ ᠶᠠᠪᠤᠴᠠ᠂ ᠤᠷᠢᠳᠴᠢᠯᠠᠨ ᠪᠠᠶᠢᠴᠠᠭᠠᠵᠤ ᠬᠤᠪᠢᠶᠠᠷᠢ ᠡᠮᠴᠢᠯᠡᠭᠡᠨ ᠤ ᠲᠠᠪᠴᠠᠩ ᠤᠨ  ᠪᠡᠯᠡᠳᠬᠡᠮᠵᠢ ᠶᠢ ᠲᠣᠬᠢᠷᠠᠭᠤᠯᠤᠭᠰᠠᠨ ᠪᠠᠶᠢᠳᠠᠯ᠂ ᠡᠭᠦᠳᠡᠨ ᠡᠮᠨᠡᠯᠭᠡ ᠶᠢᠨ ᠡᠳᠦᠷ ᠳᠤᠳᠤᠮ ᠤᠨ ᠲᠡᠮᠳᠡᠭᠯᠡᠯ᠂ ᠬᠠᠯᠠᠭᠤᠷᠠᠬᠤ ᠡᠭᠦᠳᠡᠨ ᠡᠮᠨᠡᠯᠭᠡ ᠶᠢᠨ ᠠᠵᠢᠯ ᠤᠨ ᠶᠠᠪᠤᠴᠠ ᠵᠡᠷᠭᠡ  ᠳᠤ  ᠪᠠᠶᠢᠴᠠᠭᠠᠨ ᠵᠢᠯᠤᠭᠤᠳᠴᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠠᠢ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠬᠤᠶᠢᠰᠢᠳᠠ ᠶᠢᠨ ᠠᠵᠢᠯ ᠤᠨ ᠳᠤᠮᠳᠠ᠂ ᠮᠣᠩᠭᠤᠯ ᠡᠮᠨᠡᠯᠭᠡ ᠶᠢᠨ ᠬᠤᠷᠢᠶ᠎ᠠ ᠡᠯ᠎ᠡ ᠵᠥᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠥᠷᠭᠡᠨ ᠣᠯᠠᠨ ᠳᠥᠮᠡᠨ ᠪᠣᠯᠤᠨ ᠡᠮᠨᠡᠯᠭᠡ ᠶᠢᠨ ᠠᠵᠢᠯᠲᠠᠨ ᠤ ᠡᠷᠡᠭᠦᠯ ᠮᠡᠨᠳᠦ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ ᠭᠡᠵᠤ ᠢᠯᠡᠳᠬᠡᠵᠠᠢ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号