ᠪᠠᠲᠤᠬᠠᠭᠠᠯᠭ᠎ᠠ ᠪᠠᠯᠭᠠᠰᠤ ᠨᠢ ᠭᠤᠷᠪᠠᠨ ᠠᠷᠭ᠎ᠠ ᠬᠡᠮᠵᠢᠶ᠎ᠡ ᠪᠠᠷ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2020-06-12
      ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠬᠠᠨᠳᠤᠯᠭᠠᠲᠤ ᠴᠢᠨᠠᠷ ᠪᠠ ᠪᠥᠳᠥᠮᠵᠢᠳᠥ ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ︽ᠠᠶᠤᠯ ᠦᠭᠡᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ᠂ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠬᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠦᠴᠦᠲᠡᠶ ᠲᠠᠪᠴᠠᠩ ᠪᠣᠯᠭᠠᠨ ᠪᠠᠶᠢᠭᠤᠯᠵᠤ᠂ᠪᠠᠲᠤᠬᠠᠭᠠᠯᠭ᠎ᠠ ᠪᠠᠯᠭᠠᠰᠤ ᠨᠢ ᠭᠤᠷᠪᠠᠨ ᠠᠷᠭ᠎ᠠ ᠬᠡᠮᠵᠢᠶ᠎ᠡ ᠪᠠᠷ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ᠃      ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠪᠠ᠃ 19 ᠳ᠋ᠤᠭᠡᠷ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠶᠢᠨ ᠲᠥᠯᠥᠭᠡ᠂ ᠪᠠᠳᠣᠬᠠᠭᠠᠯᠭ᠎ᠠ ᠪᠠᠯᠭᠠᠰᠤ ᠨᠢ ᠪᠠᠯᠭᠠᠰᠤᠨ  ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠤᠯᠭᠠᠨ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠡᠯ᠎ᠡ ᠭᠠᠴᠠᠭ᠎ᠠ ︵ᠲᠣᠰᠬᠤᠨ︶᠂ ᠨᠡᠶᠢᠭᠡᠮ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ  ᠤᠨ ᠬᠢᠨᠠᠨ ᠬᠠᠮᠢᠶᠠᠷᠤᠭᠴᠢ ᠪᠠᠷ ᠪᠥᠷᠢᠯᠳᠥᠭᠦᠨ ᠪᠣᠯᠭᠠᠭᠰᠠᠨ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ︽ᠠᠶᠤᠯ ᠦᠭᠡᠢ ᠦᠢᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠬᠦᠴᠦᠯᠡᠨ ᠴᠢᠩᠭᠠᠳᠬᠠᠵᠤ᠂ ᠠᠵᠢᠯᠯᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠪᠠ᠃ ᠡᠭᠦᠨ ᠤ ᠬᠠᠮᠲᠤ᠂ ᠪᠠᠯᠭᠠᠰᠤᠨ ‍ᠤ‌ᠬᠤᠪᠢᠳᠠᠨ ᠬᠠᠮᠢᠶᠠᠷᠬᠤ ᠤᠳᠤᠷᠢᠳᠤᠯᠭ᠎ᠠ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠭᠥᠨᠵᠡᠭᠡᠶᠢᠷᠡᠨ ︽ᠠᠶᠤᠯ ᠦᠭᠡᠶ ᠦᠶ᠋ᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠢᠵᠦ᠂ ᠠᠵᠢᠯᠯᠠᠭ᠎ᠠ ᠶᠢᠨ ᠵᠣᠷᠢᠯᠭ᠎ᠠ ᠶᠢ ᠳᠤᠳᠤᠷᠬᠠᠶᠢᠯᠠᠪᠠ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠤᠬᠠᠭᠤᠯᠭ᠎ᠠ ᠬᠢᠬᠦ ᠶᠢᠨ ᠬᠠᠮᠲᠤ ᠠᠶᠤᠯᠭᠦᠢ ᠦᠢᠯᠡᠳᠪᠦᠷᠢᠯᠡᠯ  ᠤᠨ ᠲᠣᠣᠷᠵᠢᠯ ᠤᠨ ᠬᠢᠨᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠪᠡ᠃     ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠠᠷᠢᠮᠳᠠᠯᠠᠪᠠ᠃ ᠥᠷᠭᠡᠨ ᠣᠯᠠᠨ ᠠᠵᠤ ᠠᠬᠤᠶᠢᠯᠠᠯ᠂ ᠬᠤᠪᠢ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠥ᠂ ᠡᠮᠦᠨᠡᠬᠢ ᠬᠤᠭᠤᠴᠠᠭᠠᠨ ᠤ ᠤᠷᠢᠳᠴᠢᠯᠠᠨ ᠰᠡᠷᠭᠡᠶᠢᠯᠡᠬᠦ  ᠠᠵᠢᠯ ᠢ ᠴᠠᠭ ᠲᠤᠬᠠᠶ ᠳᠤᠨᠢ ᠪᠡᠶᠡᠯᠡᠭᠦᠯᠵᠦ᠂᠂ ᠳᠠᠯᠳᠠ ᠭᠡᠮ ᠤᠨ ᠠᠳᠡᠯ ᠭᠠᠷᠬᠤ ᠶᠢ ᠬᠤᠷᠢᠭᠯᠠᠨ ᠵᠣᠭᠰᠣᠭᠠᠬᠤ  ᠶᠢᠨ ᠲᠥᠯᠥᠭᠡ᠂ ᠪᠠᠳᠣᠬᠠᠭᠠᠯᠭ᠎ᠠ ᠪᠠᠯᠭᠠᠰᠤ ᠲᠤᠰ ᠲᠤᠰ ᠬᠠᠷᠢᠶ᠎ᠠ ᠣᠷᠣᠨ ᠤ ᠦᠢᠯᠡᠳᠪᠥᠷᠢ ᠠᠭᠤᠷᠬᠠᠶ ᠶᠢᠨ ᠠᠵᠤ ᠠᠬᠤᠶᠢᠯᠠᠯ ᠪᠠᠯᠭᠠᠰᠤᠨ ᠤ ᠬᠤᠪᠢ ᠶᠢᠨ ᠳᠡᠯᠭᠡᠭᠦᠷ ᠤᠨ ᠳᠠᠯᠳᠠ ᠭᠡᠮ ᠢ ᠪᠠᠶᠢᠴᠠᠭᠠᠬᠤ ᠵᠢᠴᠢ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢ ᠤᠬᠠᠭᠤᠯᠬᠤ ᠠᠵᠢᠯᠯᠠᠭ᠎ᠠ ᠥᠷᠨᠢᠭᠦᠯᠵᠥ᠂ ᠬᠥᠳᠡᠯᠭᠡᠭᠡᠨ ᠤ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ ᠶᠢ ᠪᠠᠷᠢᠮᠲᠠᠯᠠᠵᠤ᠂ ᠥᠷᠭᠡᠨ ᠣᠯᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠬᠤᠪᠢ ᠶᠢᠨ ᠬᠠᠷᠢᠭᠤᠴᠠᠯᠭᠠᠲᠠᠨ ᠳᠤ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠦᠨᠡᠨᠬᠦ ᠣᠶᠢᠯᠠᠭᠠᠭᠤᠯᠵᠤ᠂ ᠰᠠᠭᠤᠭᠠᠯᠢ ᠠᠷᠠᠳ ᠲᠤ ᠠᠵᠢᠯᠯᠠᠭ᠎ᠠ ᠶᠢᠨ ᠭᠤᠤᠯ ᠠᠭᠤᠯᠭ᠎ᠠ ᠪᠣᠯᠤᠨ ᠠᠵᠢᠯ ᠤᠨ ᠡᠭᠦᠷᠭᠡ ᠶ᠋᠊ ᠤᠶᠢᠯᠠᠭᠠᠭᠤᠯᠪᠠ᠃ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠨᠡᠶᠢᠭᠡᠮ ᠳᠠᠶᠠᠭᠠᠷ ᠤᠨ ᠠᠩᠬᠠᠷᠤᠯ ᠤᠨ ᠬᠡᠮᠵᠢᠶ᠎ᠡ ᠶᠢ ᠳᠡᠭᠡᠭᠰᠢᠯᠡᠭᠦᠯᠪᠠ᠃     ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠪᠠ᠃ ᠪᠠᠳᠣᠬᠠᠭᠠᠯᠭ᠎ᠠ ᠪᠠᠯᠭᠠᠰᠤ ︽ᠠᠳᠡᠯ ᠤᠨ ᠳᠠᠯᠳᠠ ᠭᠡᠮ ᠢ ᠠᠷᠢᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ︾ ᠠᠵᠢᠯᠯᠠᠭ᠎ᠠ ᠶᠢᠨ ᠭᠤᠣᠯ ᠰᠡᠳᠦᠪ  ᠲᠠᠢ ᠨᠢᠭᠲᠠ ᠤᠶᠠᠯᠳᠤᠭᠤᠯᠤᠨ᠂ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠥᠢᠯ ᠤᠨ ᠤᠬᠠᠭᠤᠯᠭ᠎ᠠ ᠶᠢᠨ ᠬᠡᠯᠪᠡᠷᠢ ᠶᠢ ᠠᠪᠴᠤ᠂ ᠠᠶᠤᠯ ᠦᠭᠡᠶ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠮᠤᠷ ᠲᠦᠪᠰᠢᠨ ᠤ ᠰᠣᠶᠣᠯ᠂ ᠠᠮᠤᠷ ᠲᠦᠪᠰᠢᠨ ᠤ ᠣᠶᠢᠯᠠᠭᠠᠭᠳᠠᠬᠤᠨ᠂ ᠠᠮᠤᠷ ᠲᠦᠪᠰᠢᠨ ᠤ ᠮᠡᠳᠡᠯᠭᠡ ᠶᠢ ᠠᠵᠤ ᠠᠬᠤᠶᠢᠯᠠᠯ᠂ ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ᠂ ᠭᠡᠷ ᠪᠦᠯᠢ ᠶᠢᠨ ᠠᠶᠤᠯᠭᠦᠶ ᠦᠢᠯᠡᠳᠪᠦᠷᠢᠯᠡᠯ ᠤᠨ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠣᠳᠣᠬᠠᠨ ᠪᠣᠯᠲᠠᠯ᠎ᠠ᠂ ᠨᠡᠶᠢᠲᠡ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ︔ ᠬᠠᠷᠢᠶ᠎ᠠ ᠣᠷᠣᠨ ᠤ ᠳᠣᠲᠣᠷᠠᠬᠢ ᠴᠢᠬᠤᠯᠠ ᠭᠤᠤᠯ ᠤᠨ ᠬᠠᠰᠢᠯᠭ᠎ᠠ ᠳᠤ ᠤᠬᠠᠭᠤᠯᠭ᠎ᠠ ᠶᠢᠨ ᠪᠢᠴᠢᠭᠡᠰᠦ 2 ᠡᠯᠭᠦᠪᠡ︔ ᠣᠯᠠᠨ ᠨᠡᠶᠢᠲᠡ ᠶᠢᠨ ᠳ᠋ᠤᠭᠠᠷ᠂ ᠸᠢᠴᠠᠲ ᠤᠨ ᠪᠦᠯᠦᠭᠯᠡᠯ ᠢ ᠠᠰᠢᠭᠯᠠ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠮᠡᠳᠡᠯᠭᠡ ᠶᠢ 5 ᠵᠤᠷᠪᠤᠰ ᠤᠳᠠᠭ᠎ᠠ ᠨᠡᠶᠢᠲᠡᠯᠡᠵᠦ᠂ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号