ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠦᠶᠡᠷ ᠢ ᠰᠡᠷᠭᠡᠶᠢᠯᠡᠬᠦ ᠳᠤ ᠢᠳᠡᠪᠬᠢᠲᠡᠶ ᠪᠡᠯᠡᠳᠬᠡᠪᠡ
ᠨᠡᠶᠢᠲᠡᠯᠡᠭᠰᠡᠨ ᠴᠠᠭ᠄
2020-06-12
      6 ᠰᠠᠷ᠎ᠠ ᠶᠢᠨ ᠳᠤᠮᠳᠠᠴᠢ ᠪᠠᠷ᠂ ᠮᠠᠨ ᠤ ᠬᠤᠰᠢᠭᠤ ᠨᠢ ᠦᠶᠡᠷ ᠤᠨ ᠭᠤᠣᠯ ᠬᠤᠭᠤᠴᠠᠭᠠᠨ ᠳᠤ ᠣᠷᠣᠨ᠎ᠠ ᠃ ᠤᠰᠤ ᠭᠠᠩ ᠤᠨ ᠭᠠᠮᠰᠢᠭ ᠢ ᠪᠦᠲᠦᠮᠵᠢᠲᠡᠶ ᠠᠷᠭᠠᠴᠠᠬᠤ ᠶᠢᠨ ᠲᠥᠯᠥᠭᠡ ᠤᠰᠤᠨ ᠤ ᠶᠠᠪᠤᠳᠠᠯ ᠤᠨ ᠲᠣᠪᠴᠢᠶ᠎ᠠ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠢᠳᠡᠪᠬᠢᠲᠡᠶ ᠥᠷᠨᠢᠭᠦᠯᠵᠡᠶ᠃      ᠨᠢᠭᠡ᠂ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ︽ᠭᠤᠷᠪᠠᠨ ᠬᠠᠷᠢᠭᠤᠴᠠᠯᠭ᠎ᠠ ᠡᠭᠦᠷᠭᠡᠯᠡᠭᠴᠢ︾ ᠪᠣᠯᠤᠨ ︽ᠭᠤᠷᠪᠠᠨ ᠭᠤᠤᠯᠳᠠᠯᠭ᠎ᠠ ᠲᠠᠢ ᠭᠤᠭᠴᠤᠭ᠎ᠠ︾ ᠵᠢᠴᠢ ᠨᠦᠯᠦᠮᠡᠯ ᠭᠠᠵᠠᠷ ᠤᠨ ᠬᠠᠰᠢᠯᠭ᠎ᠠ ᠶᠢᠨ ᠦᠶᠡᠷ ᠢ ᠰᠡᠷᠭᠡᠶᠢᠯᠡᠬᠦ ︽ᠭᠤᠷᠪᠠᠨ ᠬᠠᠷᠢᠭᠤᠴᠠᠯᠭ᠎ᠠ ᠡᠭᠦᠷᠭᠡᠯᠡᠭᠴᠢ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠵᠠᠢ᠃ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ︽ᠭᠤᠷᠪᠠᠨ ᠬᠠᠷᠢᠭᠤᠴᠠᠯᠭ᠎ᠠ ᠡᠭᠦᠷᠭᠡᠯᠡᠭᠴᠢ︾ ᠨᠢ ᠲᠣᠣᠷ ᠰᠦᠯᠵᠢᠶᠡᠨ ᠤ ᠪᠤᠯᠪᠠᠰᠤᠷᠠᠯ ᠢᠶᠠᠷ ᠳᠠᠮᠵᠢᠨ ᠪᠦᠬᠦᠨ ᠢᠶᠠᠷ ᠢᠶᠠᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠴᠤ᠂ ᠨᠦᠯᠦᠮᠡᠯ ᠭᠠᠵᠠᠷ ᠤᠨ ᠬᠠᠰᠢᠯᠭ᠎ᠠ ᠶᠢᠨ ᠦᠶᠡᠷ ᠢ ᠰᠡᠷᠭᠡᠶᠢᠯᠡᠬᠦ ︽ᠭᠤᠷᠪᠠᠨ ᠬᠠᠷᠢᠭᠤᠴᠠᠯᠭ᠎ᠠ ᠡᠭᠦᠷᠭᠡᠯᠡᠭᠴᠢ︾ ᠨᠢ ᠲᠥᠪᠯᠡᠷᠡᠭᠦᠯᠦᠨ ᠪᠣᠯᠪᠠᠰᠤᠷᠠᠭᠤᠯᠬᠤ ᠪᠠᠷ ᠳᠠᠮᠵᠢᠨ᠂ ᠲᠣᠳᠣᠷᠬᠠᠶ ᠺᠠᠷᠲ ᠣᠯᠭᠤᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠪᠡ᠃      ᠬᠤᠶᠠᠷ᠂ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠰᠡᠷᠭᠦᠭᠡᠬᠦ ᠠᠵᠢᠯ ᠢ ᠳᠦᠷᠭᠡᠳᠬᠡᠵᠥ᠂ ᠳ᠋ᠦ᠋ ᠵᠢᠶᠠ ᠴᠠᠩ ᠤᠨ ᠡᠷᠭᠢ ᠬᠠᠮᠠᠭᠠᠯᠠᠬᠤ ᠢᠨᠵᠧᠨᠧᠷᠢᠩ ᠢ ᠪᠡᠶᠡᠯᠡᠭᠦᠯᠵᠦ᠂ ᠳ᠋ᠧ ᠴᠧᠩ ᠶᠦᠩ ᠭᠠᠩ ᠬᠠᠭᠰᠠᠷᠠᠭᠠᠨ ᠢ ᠠᠷᠭᠠᠴᠠᠭᠠᠬᠤ ᠤᠰᠤᠨ ᠰᠤᠷᠪᠤᠯᠵᠢ ᠶᠢ ᠵᠠᠰᠠᠨ ᠰᠡᠷᠭᠦᠭᠡᠬᠦ ᠢᠨᠵᠧᠨᠧᠷᠢᠩ ᠢ ᠪᠡᠶᠡᠯᠡᠭᠦᠯᠵᠥ᠂ ᠭᠥᠩ ᠵᠦᠩ ᠶᠢᠨ ᠦᠶᠡᠷ ᠵᠠᠯᠠᠬᠤ ᠬᠠᠭᠠᠯᠲᠠ ᠶᠢ ᠵᠠᠰᠠᠨ ᠰᠡᠷᠭᠦᠭᠡᠬᠦ ᠢᠨᠵᠧᠨᠧᠷᠢᠩ᠂ ᠭᠤᠤ ᠶᠣᠣ ᠬᠠᠶ ᠶᠢᠨ ᠦᠶᠡᠷ ᠵᠠᠯᠠᠬᠤ ᠤᠰᠤᠯᠠᠯᠲᠠ ᠶᠢᠨ ᠢᠨᠵᠧᠨᠧᠷᠢᠩ᠂ ᠳ᠋ᠧ ᠴᠧᠩ ᠶᠦᠩ ᠤᠨ ᠨᠢᠭᠡ ᠬᠠᠰᠢᠯᠭ᠎ᠠ ᠶᠢᠨ ᠦᠶᠡᠷ ᠵᠠᠯᠠᠬᠤ ᠤᠰᠤᠯᠠᠯᠲᠠ ᠶᠢᠨ ᠢᠨᠵᠧᠨᠧᠷᠢᠩ᠂ ᠦᠭᠡᠷᠬᠤᠳᠳᠤᠭ ᠦᠶᠡᠷ ᠵᠠᠯᠠᠬᠤ ᠭᠤᠤ ᠶᠢᠨ ᠢᠨᠵᠧᠨᠧᠷᠢᠩ᠂ ᠠᠶᠢᠪᠠᠭ᠎ᠠ ᠭᠤᠤᠯ ᠤᠨ ᠪᠠᠲᠤᠬᠠᠭᠠᠯᠭ᠎ᠠ ᠪᠠᠯᠭᠠᠰᠤᠨ ᠤ ᠬᠡᠰᠡᠭ ᠢ ᠯᠠᠶᠢᠳᠠᠵᠤ ᠬᠠᠰᠢᠯᠭ᠎ᠠ ᠶᠢ ᠵᠠᠰᠠᠵᠤ ᠪᠠᠬᠢᠯᠡᠬᠦ ᠢᠨᠵᠧᠨᠧᠷᠢᠩ ᠶᠠᠭ ᠶᠠᠭᠠᠷᠠᠯᠲᠠᠶ ᠶᠠᠪᠤᠭᠳᠠᠵᠤ᠂ ᠦᠶᠡᠷ ᠤᠨ ᠭᠤᠤᠯ ᠬᠤᠭᠤᠴᠠᠭᠠᠨ ᠳᠤ ᠪᠦᠬᠦᠨ ᠢ ᠪᠠᠷᠢᠵᠤ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ᠎ᠠ᠃      ᠭᠤᠷᠪᠠ᠂ ᠦᠶᠡᠷ ᠤᠨ ᠬᠤᠭᠤᠴᠠᠭᠠᠨ ᠳᠤ ᠥᠪᠡᠷ ᠤᠨ ᠪᠠᠶᠢᠴᠠᠭᠠᠯᠲᠠ ᠬᠢᠵᠦ᠂ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ᠂ ᠪᠠᠶᠢᠭᠤᠯᠵᠤ ᠪᠠᠶᠢᠭ᠎ᠠ ᠤᠰᠤᠨ ᠰᠢᠰᠲ᠋ᠧᠮ ᠤᠨ ᠬᠤᠯᠪᠤᠯᠳᠤᠭᠰᠠᠨ ᠪᠠᠷᠢᠯᠭ᠎ᠠ ᠳᠤ ᠦᠶᠡᠷ ᠤᠨ ᠬᠤᠭᠤᠴᠠᠭᠠᠨ ᠤ ᠥᠪᠡᠷ ᠤᠨ ᠪᠠᠶᠢᠴᠠᠭᠠᠯᠲᠠ ᠬᠢᠵᠦ᠂ ᠬᠠᠮᠢᠶᠠᠷᠤᠯᠲᠠ ᠶᠢᠨ ᠨᠢᠭᠡᠴᠡ᠂ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠡ ᠶᠢ ᠲᠣᠭᠲᠠᠭᠠᠯ ᠶᠣᠰᠣᠭᠠᠷ ᠦᠶᠡᠷ ᠢ ᠰᠡᠷᠭᠡᠶᠢᠯᠡᠵᠦ ᠦᠶᠡᠷ ᠢ ᠲᠤᠭᠤᠯᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠤᠭᠢᠶᠠᠵᠤ ᠬᠡᠷᠡᠭ ᠭᠠᠷᠬᠤ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠱᠠᠭᠠᠷᠳᠠᠪᠠ᠃      ᠳᠥᠷᠪᠡ᠂ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠲᠥᠬᠦᠭᠡᠷᠦᠮᠵᠢ ᠶᠢ ᠪᠠᠶᠢᠴᠠᠭᠠᠨ ᠵᠠᠰᠠᠵᠤ᠂  ᠡᠭᠦᠨ ᠳᠤ45 ᠤᠷᠢᠳᠴᠢᠯᠠᠨ ᠰᠡᠷᠡᠮᠵᠢᠯᠡᠬᠦ ᠭᠠᠵᠠᠷ᠂ 33 ᠪᠣᠷᠣᠭᠠᠨ ᠤ ᠠᠦ᠋ᠲ᠋ᠣ᠋ ᠬᠡᠮᠵᠢᠶᠡᠨ ᠤ ᠥᠷᠲᠡᠭᠡ᠂ 13 ᠤᠰᠤᠨ ᠳᠥᠪᠰᠢᠨ ᠤ ᠥᠷᠲᠡᠭᠡ᠂ 5 ᠬᠠᠷᠠᠭᠠᠨ ᠳᠠᠪᠲᠠᠮᠵᠢ ᠶᠢᠨ ᠥᠷᠲᠡᠭᠡ ᠪᠠᠶᠢᠵᠤ᠂ ᠰᠦᠯᠵᠢᠶᠡᠨ ᠳᠤ ᠭᠠᠷᠬᠤ ᠨᠣᠷᠮ᠎ᠠ ᠨᠢ ᠳᠡᠭᠡᠳᠦ ᠱᠠᠲᠤᠨ ᠤ ᠱᠠᠭᠠᠷᠳᠠᠯᠭ᠎ᠠ ᠳᠤ ᠬᠦᠷᠦᠭᠰᠡᠨ ᠪᠠᠶᠢᠨ᠎ᠠ᠃      ᠲᠠᠪᠤ᠂ 24 ᠴᠠᠭ ᠵᠢᠵᠢᠭᠦᠷ ᠤᠨ ᠳᠥᠷᠢᠮ ᠢ ᠬᠡᠷᠡᠭᠵᠢᠭᠦᠯᠵᠥ᠂ 6 ᠰᠠᠷ᠎ᠠ ᠶᠢᠨ 10 ᠤ ᠡᠳᠦᠷ ᠠᠴᠠ ᠡᠬᠢᠯᠡᠨ ᠭᠤᠣᠯ ᠤᠳᠤᠷᠢᠳᠤᠯᠭ᠎ᠠ ᠶᠡᠷᠦᠩᠬᠡᠶ ᠠᠩᠭᠢ ᠳᠠᠭᠠᠭᠤᠯᠵᠤ᠂ ᠳᠡᠳ᠋ ᠳᠤᠰᠢᠶᠠᠯᠳᠠᠨ ᠤ ᠤᠳᠤᠷᠢᠳᠤᠯᠭ᠎ᠠ ᠠᠩᠭᠢ ᠳᠠᠭᠠᠭᠤᠯᠵᠤ᠂ 24 ᠴᠠᠭ ᠤᠨ  ᠵᠢᠵᠢᠭᠦᠷᠯᠡᠭᠴᠢ ᠳᠤᠬᠢᠷᠠᠭᠤᠯᠵᠤ᠂ ᠵᠢᠵᠢᠭᠦᠷᠯᠡᠬᠦ ᠠᠵᠢᠯ ᠳᠤ ᠲᠣᠳᠣᠷᠬᠠᠶ ᠱᠠᠭᠠᠷᠳᠠᠯᠭ᠎ᠠ ᠲᠠᠯᠪᠢᠵᠤ᠂ ᠪᠣᠷᠣᠭᠠᠨ ᠤ ᠪᠠᠶᠢᠳᠠᠯ ᠤᠨ ᠮᠡᠳᠡᠭᠡ ᠵᠠᠩᠬᠢ ᠶᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠵᠤ ᠂ ᠦᠶᠡᠷ ᠤᠨ ᠪᠠᠶᠢᠳᠠᠯ ᠦᠶᠡᠷ ᠤᠨ ᠵᠠᠷᠯᠢᠭ ᠢ ᠴᠠᠭ ᠲᠤᠬᠠᠶ ᠳᠤᠨᠢ ᠣᠨᠣᠪᠴᠢᠲᠠᠶ ᠤᠯᠠᠮᠵᠢᠯᠠᠨ᠎ᠠ᠃ᠵᠢᠷᠭᠤᠭ᠎ᠠ᠂ ᠣᠶᠢᠷ᠎ᠠ ᠳᠤ ᠤᠰᠤᠨ ᠴᠥᠭᠦᠷᠥᠮ ᠤᠨ ᠤᠰᠤᠨ ᠳᠡᠭᠡᠷᠡᠬᠢ ᠠᠪᠤᠷᠠᠨ ᠲᠤᠰᠠᠯᠠᠬᠤ ᠰᠣᠷᠢᠯᠲᠠ ᠶᠢ ᠰᠣᠷᠢᠵᠤ᠂ ᠰᠢᠯᠭᠠᠨ ᠪᠠᠶᠢᠴᠠᠭᠠᠬᠤ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠵᠤ᠂ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号