ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠪᠠ
ᠨᠡᠶᠢᠲᠡᠯᠡᠭᠰᠡᠨ ᠴᠠᠭ᠄
2020-06-12
     ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠴᠢᠬᠤᠯᠠᠴᠢᠯᠠᠬᠤ ᠠᠴᠠ ᠴᠠᠭ ᠢᠮᠠᠭᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠴᠢᠪᠬᠠᠳᠠᠰᠤ ᠶᠢ ᠴᠢᠩᠭᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠡᠷᠡᠰ ᠲᠡᠮᠡᠴᠡᠨ ᠣᠯᠬᠤ ᠶᠢ ᠱᠠᠭᠠᠷᠳᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠳᠤᠭᠳᠠᠴᠠ ᠶᠢ ᠪᠠᠲᠤᠯᠠᠬᠤ ᠵᠡᠷᠭᠡ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠨᠢ ᠬᠠᠷᠠᠭ᠎ᠠ ᠠᠭᠤᠳᠠᠮ᠂ ᠠᠭᠤᠯᠤᠭᠳᠠᠬᠤᠨ ᠡᠯᠪᠡᠭ ᠪᠠᠶᠢᠵᠤ᠂ ᠳᠤᠮᠳᠠᠳᠤ ᠤᠯᠤᠰ ᠤᠨ ᠠᠷᠠᠳ ᠳᠥᠮᠡᠨ ᠤ ᠢᠲᠡᠭᠡᠯ ᠵᠣᠷᠢᠭ ᠢ ᠬᠥᠪᠴᠢᠯᠡᠵᠥ᠂ ᠲᠡᠮᠡᠴᠡᠯ ᠤᠨ ᠬᠦᠴᠦᠨ ᠢ ᠨᠢᠭᠲᠠᠷᠠᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠶᠢᠮᠦ ᠠᠴᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠲᠤᠤᠱᠯᠠᠭᠤᠯᠬᠤ ᠨᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠭᠰᠠᠨ ᠪᠠᠶᠢᠨ᠎ᠠ᠃
     6 ᠰᠠᠷ᠎ᠠ ᠶᠢᠨ 11 ᠤ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠬᠤᠷᠠᠯ ᠤᠨ ᠶᠠᠪᠤᠳᠠᠯ ᠤᠨ ᠲᠥᠪ ᠤᠨ ᠬᠤᠶᠠᠳᠤᠭᠠᠷ ᠳᠠᠪᠬᠤᠷᠯᠢᠭ ᠤᠨ ᠬᠤᠷᠠᠯ ᠤᠨ ᠲᠢᠩᠬᠢᠮ ᠳᠤ ᠬᠥᠮᠦᠨ ᠳᠦᠭᠦᠷᠡᠩ ᠪᠠᠶᠢᠯ᠎ᠠ᠃ ᠬᠤᠰᠢᠭᠤ ᠨᠠᠮ ᠤᠨ ᠬᠤᠷᠢᠶᠠᠨ ᠤ ᠭᠤᠣᠯ ᠳᠤᠭᠤᠶᠢᠯᠠᠩ ︵ᠥᠷᠭᠡᠳᠬᠡᠭᠰᠡᠨ︶ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠵᠤ᠂ ᠪᠦᠬᠦ ᠬᠤᠰᠢᠭᠤᠨ ᠤ 200 ᠭᠠᠷᠤᠶ ᠳᠡᠳ᠋ ᠰᠠᠯᠠᠭᠠᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ ᠬᠠᠮᠲᠤ ᠰᠠᠭᠤᠵᠤ᠂ ᠪᠦᠬᠦ ᠤᠯᠤᠰ  ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠠᠷᠢᠬᠢᠨ ᠳᠤ ᠬᠠᠳᠠᠩᠰᠢᠭᠤᠯᠬᠤ ᠶᠢ ᠤᠯᠠᠮ ᠨᠢᠭᠡ ᠠᠯᠬᠤᠮ ᠠᠬᠢᠭᠤᠯᠪᠠ᠃
     ᠰᠤᠷᠤᠯᠴᠠᠬᠤ ᠬᠤᠷᠠᠯ ᠠᠴᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ  ᠪᠠ ᠨᠠᠮ ᠤᠨ ᠪᠠᠶᠢᠭᠤᠯᠤᠯᠳᠠ ᠶᠢᠨ ᠵᠢᠭᠠᠨ ᠰᠤᠳᠤᠯᠬᠤ ᠬᠡᠯᠲᠡᠰ ᠤᠨ ᠫᠷᠤᠹᠧᠰᠰᠤᠷ ᠢᠦᠢ ᠯᠢᠶᠠᠨ ᠷᠦᠢ ᠶᠢ ᠤᠷᠢᠵᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠲᠠᠶᠢᠯᠪᠤᠷᠢᠯᠠᠪᠠ᠃ ᠢᠦᠶ ᠫᠷᠤᠹᠧᠰᠰᠤᠷ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠥᠪᠡᠷ ᠤᠨ ᠦᠵᠡᠭᠰᠡᠨ ᠰᠣᠨᠣᠰᠤᠭᠰᠠᠨ᠂ ᠰᠣᠷᠣᠭᠰᠠᠨ ᠲᠠᠢ ᠪᠠᠨ ᠤᠶᠠᠯᠳᠤᠭᠤᠯᠤᠨ᠂ ᠪᠦᠬᠦ ᠤᠯᠤᠰ ᠤᠨ ᠬᠤᠶᠠᠷ ᠬᠤᠷᠠᠯ ᠤᠨ ᠲᠦᠢᠮᠣ ᠪᠠᠶᠢᠳᠠᠯ ᠵᠢᠴᠢ ᠭᠤᠤᠯ ᠠᠭᠤᠯᠭ᠎ᠠ ᠵᠡᠷᠭᠡ ᠪᠦᠬᠦ ᠲᠠᠯ᠎ᠠ ᠪᠠᠷ ᠨᠠᠷᠢᠨ ᠲᠠᠶᠢᠯᠪᠤᠷᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠪᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠺᠠᠳ᠋ᠷ ᠤᠯᠠᠨ ᠲᠦᠮᠡᠨ ᠤ ᠳᠡᠷᠭᠡᠳᠡ ᠠᠪᠴᠢᠷᠠᠪᠠ᠃
     ᠢᠦᠢ ᠯᠢᠶᠠᠨ ᠷᠦᠢ ᠶᠢᠨ ᠲᠠᠶᠢᠯᠪᠤᠷᠢᠯᠠᠯ ᠨᠢ ᠥᠷᠬᠡᠨ ᠤᠯᠠᠨ  ᠨᠠᠮ ᠤᠨ ᠭᠡᠰᠢᠭᠦᠨ ᠺᠠᠳ᠋ᠷ ᠢ ᠳᠦᠭᠦᠷᠡᠩ ᠣᠯᠤᠯᠲᠠ ᠲᠠᠢ ᠪᠣᠯᠭᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠢᠲᠡᠭᠡᠯ ᠲᠡᠭᠦᠯᠳᠡᠷ ᠪᠣᠯᠭᠠᠵᠠᠢ᠃ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ ᠬᠤᠸᠠᠩ ᠬᠠᠢ ᠰᠢᠶᠠ᠄ ︽ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠳᠡᠭᠡᠷᠡᠬᠢ ᠴᠢᠬᠤᠯᠠ ᠶᠠᠷᠢᠶ᠎ᠠ  ᠨᠢ ᠬᠥᠮᠦᠰ ᠢ ᠵᠣᠷᠢᠭᠵᠢᠭᠤᠯᠤᠨ᠎ᠠ᠃ ᠤᠬᠠᠭᠤᠯᠬᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ ᠡᠷᠬᠡᠪᠰᠢ ᠣᠯᠠᠨ ᠵᠥᠢᠯ ᠤᠨ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠰᠤᠷᠤᠯᠴᠠᠭ᠎ᠠ ᠭᠥᠨ ᠭᠥᠨᠵᠡᠭᠡᠢ᠂ ᠤᠬᠠᠭᠤᠯᠭ᠎ᠠ ᠥᠷᠭᠡᠨ ᠳᠡᠯᠭᠡᠷᠡᠩᠭᠦᠢ᠂ ᠦᠢᠯᠡᠳᠥᠯᠭᠡ ᠶᠢᠨ ᠡᠷᠴᠢᠮ ᠲᠠᠢ ᠪᠠᠶᠢᠬᠤ ᠶᠢ ᠪᠠᠳᠤᠯᠠᠵᠤ᠂ ᠪᠦᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠦᠵᠡᠯ ᠰᠠᠨᠠᠭᠠᠨ ᠤ ᠪᠠᠳᠤᠯᠠᠭ᠎ᠠ᠂ ᠣᠶᠤᠨ ᠰᠠᠨᠠᠭᠠᠨ ᠤ ᠬᠥᠳᠡᠯᠭᠡᠬᠦ ᠬᠦᠴᠦᠨ ᠪᠠ ᠣᠶᠤᠨ ᠤ ᠳᠡᠮᠵᠢᠯᠭᠡ ᠬᠠᠩᠭᠠᠬᠤ ᠪᠠᠷ ᠴᠢᠷᠮᠠᠶᠢᠨ᠎ᠠ᠃
     2020 ᠣᠨ ᠨᠢᠭᠡᠨᠲᠡ ᠬᠠᠭᠠᠰ ᠢ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠤᠷᠢᠲᠠᠯ ᠳᠤᠤᠷ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ  ᠶᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠳᠤᠯᠠᠬᠤ  ᠳᠤ ᠪᠠᠰᠠ ᠴᠥᠭᠡᠨ ᠪᠤᠰᠤ ᠪᠡᠷᠬᠡ ᠪᠣᠭᠤᠮᠲᠠ ᠶᠢ ᠳᠠᠪᠠᠵᠤ᠂ ᠰᠢᠷᠭᠠᠭᠤ ᠴᠢᠷᠮᠠᠶᠢᠯᠭ᠎ᠠ ᠭᠠᠷᠭᠠᠬᠤ ᠬᠡᠷᠡᠭᠲᠡᠶ ᠪᠠᠶᠢᠨ᠎ᠠ᠃ ᠡᠶᠢᠮᠦ ᠠᠴᠠ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠴᠠᠭ ᠮᠥᠴᠡ ᠶᠢ ᠠᠮᠵᠢᠨ ᠴᠢᠷᠮᠠᠶᠢᠨ ᠠᠵᠢᠯᠯᠠᠵᠤ᠂ ᠡᠯ᠎ᠡ ᠵᠥᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠨᠠᠮ ᠪᠠ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠳᠤᠰᠢᠶᠠᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号