ᠯᠢᠦ ᠬᠠᠢ ᠴᠢᠤᠸᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠵᠤ ᠰᠢᠪᠠᠳᠠᠭᠤᠯᠪᠠ
ᠨᠡᠶᠢᠲᠡᠯᠡᠭᠰᠡᠨ ᠴᠠᠭ᠄
2020-06-12
     6 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠮᠤᠤ ᠳᠧᠦ ᠣᠪᠣᠭᠠᠨ ᠤ ᠬᠠᠶᠢᠯᠤᠭᠤᠷ ᠴᠢᠯᠠᠭᠤ ᠶᠢᠨ ᠠᠭᠤᠷᠬᠠᠶ᠂ ᠬᠠᠷ᠎ᠠ ᠡᠯᠡᠰᠦᠲᠦ ᠬᠠᠶᠢᠯᠤᠭᠤᠷ ᠴᠢᠯᠠᠭᠤᠨ ᠠᠭᠤᠷᠬᠠᠶ᠂ ᠶᠡᠭᠡ ᠰᠦᠵᠢ ᠶᠢᠨ ᠡᠮᠦᠨᠡᠲᠦ ᠬᠡᠰᠡᠭ ᠤᠨ ᠲᠡᠮᠦᠷ ᠤᠨ ᠠᠭᠤᠷᠬᠠᠶ ᠵᠡᠷᠭᠡ ᠭᠠᠵᠠᠷ ᠲᠤ ᠭᠦᠨᠵᠡᠭᠡᠶᠢᠷᠡᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠰᠢᠮᠳᠠᠭᠤᠯᠪᠠ᠃ ᠳᠡᠳ᠋ ᠬᠤᠰᠢᠭᠤᠨ ᠳᠠᠷᠤᠭ᠎ᠠ ᠮᠥᠩᠭᠡᠪᠠᠭᠠᠳᠣᠷ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
     ᠬᠦᠷᠦᠭᠰᠡᠨ ᠭᠠᠵᠠᠷ ᠪᠣᠯᠭᠠᠨ ᠳᠤ ᠯᠢᠦ ᠬᠠᠢ ᠴᠢᠤᠸᠠᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠭᠰᠠᠨ ᠪᠠ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠯᠢᠦ ᠬᠠᠢ ᠴᠢᠤᠸᠠᠨ ᠵᠢᠭᠠᠵᠤ ᠭᠠᠷᠭᠠᠭᠰᠠᠨ ᠨᠢ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠪᠣᠯ ᠡᠷᠬᠡᠪᠰᠢ ᠪᠡᠶᠡᠯᠡᠭᠦᠯᠬᠦ ᠤᠯᠤᠰ ᠲᠦᠷᠦ ᠶᠢᠨ ᠡᠭᠦᠷᠭᠡ᠂ ᠨᠡᠩ ᠴᠤ ᠡᠷᠬᠡᠪᠰᠢ ᠪᠡᠶᠡᠯᠡᠭᠦᠯᠬᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠪᠦᠬᠦ ᠬᠤᠰᠢᠭᠤᠨ ᠤ ᠳᠡᠭᠡᠳᠥ ᠳᠣᠣᠷᠠᠳᠤ ᠱᠠᠲᠤᠨ ᠤ ᠬᠢᠨᠢ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠥ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ  ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠶᠡᠭᠡ ᠬᠦᠴᠦᠯᠡᠴᠡ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠨᠡᠩ ᠰᠠᠶᠢᠨ ᠬᠦᠷᠲᠡᠭᠡᠵᠦ᠂ ᠠᠷᠠᠳ ᠲᠦᠮᠡᠨ ᠳᠤ ᠪᠤᠶᠠᠨ ᠦᠢᠯᠡᠳᠦᠨ᠎ᠡ᠃
     ᠯᠢᠦ ᠬᠠᠢ ᠴᠢᠤᠸᠠᠨ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠣᠷᠴᠢᠨ ᠲᠣᠭᠤᠷᠢᠨ ᠢ ᠤᠷᠤᠯᠠᠵᠤ ᠳᠡᠶᠢᠯᠬᠦ ᠡᠳ᠋ ᠪᠠᠶᠢᠬᠤ ᠥᠭᠡᠢ ᠰᠠᠨᠠᠭᠠᠨ ᠳᠤ ᠥᠭᠡᠢ ᠬᠡᠷᠡᠭᠯᠡᠵᠥ᠂ ᠠᠯᠳᠠᠪᠠᠯ ᠣᠷᠣᠰᠢᠨ ᠲᠣᠭᠲᠠᠨᠢᠬᠤᠶ᠎ᠠ ᠪᠡᠷᠬᠡ᠂ ᠣᠷᠴᠢᠨ ᠠᠬᠤᠶ ᠶᠢᠨ ᠬᠠᠮᠠᠭᠠᠯᠠᠯᠲᠠ ᠠᠴᠠ ᠰᠠᠯᠵᠤ ᠠᠵᠤ ᠠᠬᠤᠶ ᠶᠢᠨ ᠬᠥᠭᠵᠢᠯᠲᠡ ᠬᠢᠬᠦ ᠪᠣᠯ ︽ᠵᠢᠭᠠᠰᠤ ᠠᠩᠨᠠᠬᠤ︾ ᠶᠠᠪᠤᠳᠠᠯ ᠮᠥᠨ᠂ ᠠᠰᠠᠭᠤᠳᠠᠯ ᠢ ᠣᠯᠵᠤ ᠮᠡᠳᠡᠭᠡᠳ ᠴᠡᠭᠴᠡᠯᠡᠨ ᠰᠠᠶᠢᠵᠢᠷᠠᠭᠤᠯᠬᠤ ᠦᠭᠡᠢ ᠪᠣᠯ ᠳᠠᠷᠤᠶ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠶᠠᠪᠤᠳᠠᠯ ᠮᠥᠨ᠃ ᠡᠯ᠎ᠡ ᠠᠭᠤᠷᠬᠠᠢ ᠶᠢᠨ ᠠᠵᠤ ᠠᠬᠤᠶᠢᠯᠠᠯ ᠣᠷᠴᠢᠨ ᠲᠣᠭᠤᠷᠢᠨ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠥᠨᠡᠨᠬᠦ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠰᠠᠭᠤᠳᠠᠯ ᠢ ᠲᠥᠪ ᠴᠢᠩᠭ᠎ᠠ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠬᠠᠷᠠᠵᠤ ᠵᠤᠭᠰᠤᠵᠤ ᠬᠦᠯᠢᠶᠡᠬᠦ᠂ ᠥᠪᠡᠷ ᠢ ᠪᠠᠨ ᠬᠠᠭᠤᠷᠴᠤ ᠪᠤᠰᠤᠳ ᠢ ᠮᠡᠬᠡᠯᠡᠬᠦ᠂ ᠠᠵᠠ ᠵᠠᠪᠰᠢᠶᠠᠨ ᠢ ᠳᠠᠯᠢᠮᠳᠠᠭᠤᠯᠬᠤ᠂ ᠬᠠᠰᠢ ᠶᠠᠰᠢ ᠥᠩᠭᠡᠷᠡᠭᠦᠯᠬᠦ ᠰᠡᠳᠬᠢᠴᠡ ᠲᠠᠢ ᠪᠠᠶᠢᠵᠤ ᠶᠠᠭᠠᠬᠢᠭᠰᠠᠨ ᠴᠤ ᠪᠣᠯᠬᠤ ᠦᠭᠡᠢ᠃ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠬᠤ᠂ ︽ᠨᠢᠭᠡ ᠠᠵᠤ ᠠᠬᠤᠶᠢᠯᠠᠯ ᠨᠢᠭᠡ ᠲᠤᠰᠬᠠᠶ ᠠᠩᠭᠢ︾ ᠶᠢᠨ ᠴᠡᠭ ᠢᠶᠠᠷ ᠴᠡᠭ ᠲᠠᠭᠠᠷᠠᠭᠤᠯᠤᠨ ᠮᠥᠷᠳᠡᠨ ᠪᠠᠶᠢᠴᠠᠭᠠᠵᠤ᠂ ᠴᠢᠩᠭ᠎ᠠ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠶ᠃ ᠢᠯᠠᠩᠭᠤᠶ᠎ᠠ ᠵᠢᠭᠤᠯᠴᠢᠯᠠᠯ ᠤᠨ ᠲᠠᠯ᠎ᠠ ᠨᠤᠲᠤᠭ ᠢ ᠰᠦᠢᠳᠭᠡᠬᠦ᠂ ᠠᠭᠤᠷᠬᠠᠶ ᠶᠢᠨ ᠠᠵᠤ ᠠᠬᠤᠶᠢᠯᠠᠯ ᠤᠨ ᠨᠤᠳᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠵᠡᠷᠭᠡ ᠠᠰᠠᠭᠤᠳᠠᠯ ᠤᠨ ᠡᠷᠴᠢᠮ ᠢᠶᠠᠨ ᠨᠡᠮᠡᠭᠳᠡᠭᠦᠯᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠨᠵᠤ᠂ ᠪᠣᠶ ᠪᠥᠬᠦᠶ ᠠᠰᠠᠭᠤᠳᠠᠯ ᠢ ᠡᠷᠬᠡᠪᠰᠢ 6 ᠰᠠᠷ᠎ᠠ ᠶᠢᠨ 30 ᠤ ᠡᠳᠦᠷ ᠠᠴᠠ ᠡᠮᠦᠨ᠎ᠡ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ︔ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤ ᠬᠦᠷᠦᠭᠰᠡᠨ ᠦᠭᠡᠢ ᠶᠢ ᠨᠢ ᠴᠥᠮ ᠬᠠᠤᠯᠢ ᠶᠣᠰᠣᠭᠠᠷ ᠴᠢᠩᠭ᠎ᠠ ᠰᠢᠢᠳᠪᠥᠷᠢᠯᠡᠵᠥ᠂ ᠰᠢᠯᠵᠢᠭᠦᠯᠦᠨ ᠬᠦᠷᠭᠡᠬᠦ ᠶᠣᠰᠣᠲᠠᠶ ᠶᠢ ᠨᠢ ᠰᠢᠯᠵᠢᠭᠦᠯᠦᠨ ᠬᠦᠷᠭᠡᠬᠦ᠂ ᠨᠤᠷᠠᠭᠠᠬᠤ ᠶᠣᠰᠣᠲᠠᠶ ᠶᠢ ᠨᠢ ᠨᠤᠷᠭᠠᠵᠤ᠂ ᠬᠠᠤᠯᠢ ᠶᠢ ᠵᠥᠷᠢᠴᠡᠭᠰᠡᠳ ᠲᠤ ᠶᠠᠮᠠᠷ ᠴᠤ ᠤᠬᠤᠷᠢᠬᠤ ᠵᠠᠮ ᠦᠯᠡᠳᠡᠭᠡᠵᠦ ᠥᠭᠬᠦ ᠦᠭᠡᠢ᠃
     ᠯᠢᠦ ᠬᠠᠢ ᠴᠢᠤᠸᠠᠨ‌‍ᠱᠠᠭᠠᠷᠳᠠᠭᠰᠠᠨ ᠨᠢ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠳᠤ ᠡᠷᠬᠡᠪᠰᠢ ᠪᠠᠶᠢᠯᠳᠤᠬᠤ ᠰᠠᠬᠢᠯᠭ᠎ᠠ ᠪᠠᠲᠤ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠠᠷᠢᠯᠢᠭ ᠣᠨᠣᠴᠠᠲᠠᠶ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠠᠵᠤ ᠠᠬᠤᠶᠢᠯᠠᠯ ᠤᠨ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠥᠩᠭᠡᠨ ᠲᠠᠯ᠎ᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠ ᠰᠠᠯᠠᠭ᠎ᠠ ᠮᠥᠴᠢᠷ ᠤᠨ ᠬᠢᠨᠢ ᠤᠳᠠᠭᠠᠰᠢᠷᠠᠭᠤᠯᠤᠭᠠᠳ ᠬᠢᠬᠦ ᠦᠭᠡᠢ᠂ ᠠᠵᠢᠯ ᠬᠢᠬᠦ ᠥᠭᠡᠢ᠂ ᠳᠤᠷ᠎ᠠ ᠪᠠᠷ ᠢᠶᠠᠨ ᠬᠢᠭᠰᠡᠨ ᠪᠠᠶᠢᠪᠠᠯ᠂ ᠪᠣᠯᠵᠣᠨ ᠶᠠᠷᠢᠯᠴᠠᠬᠤ ᠶᠣᠰᠣᠲᠠᠶ ᠨᠢ ᠪᠣᠯᠵᠣᠨ ᠶᠠᠷᠢᠯᠴᠠᠵᠤ᠂ ᠢᠯᠡᠴᠢᠯᠡᠬᠦ ᠶᠣᠰᠣᠲᠠᠶ ᠶᠢ ᠨᠢ ᠢᠯᠡᠴᠢᠯᠡᠵᠥ᠂ ᠰᠢᠢᠳᠪᠦᠷᠢᠯᠡᠬᠦ ᠶᠣᠰᠣᠲᠠᠢ ᠶᠢ ᠨᠢ ᠬᠠᠤᠯᠢ ᠰᠠᠬᠢᠯᠭ᠎ᠠ ᠪᠠᠲᠤ ᠶᠣᠰᠣᠭᠠᠷ ᠴᠢᠩᠭ᠎ᠠ ᠰᠢᠢᠳᠪᠦᠷᠢᠯᠡᠵᠦ᠂ ᠴᠢᠩᠭ᠎ᠠ ᠬᠥᠴᠥᠳᠠᠢ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠳᠡᠢ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号