ᠯᠢᠦ ᠬᠠᠢ ᠴᠢᠤᠸᠠᠨ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-12
     6 ᠰᠠᠷ᠎ᠠ ᠶᠢᠨ 10 ᠤ ᠦᠳᠡ ᠡᠮᠦᠨ᠎ᠡ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ  ᠳᠥᠷᠪᠡᠳᠥᠭᠡᠷ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠮᠦᠨᠡᠬᠢ ᠨᠢᠭᠡ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠥᠷᠢᠯᠡᠬᠦ ᠠᠵᠢᠯ ᠢ ᠳ᠋ᠥᠩᠨᠡᠵᠥ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠄      ᠣᠳᠣᠬᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠡᠴᠦᠰ ᠤᠨ ᠰᠢᠪᠲᠤᠯᠤᠯᠲᠠ ᠶᠢᠨ ᠱᠠᠲᠤᠨ ᠳᠤ ᠬᠦᠷᠴᠦ᠂ ᠴᠠᠭ ᠪᠠᠴᠢᠮ᠂ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ ᠪᠠᠶᠢᠨ᠎ᠠ᠃ ᠪᠦᠬᠦ ᠬᠤᠰᠢᠭᠤᠨ ᠤ ᠳᠡᠭᠡᠳᠥ ᠳᠣᠣᠷᠠᠳᠤ ᠱᠠᠲᠤ ᠤᠯᠤᠰ ᠲᠥᠷᠥ ᠶᠢᠨ ᠵᠣᠭᠰᠣᠴᠠ ᠪᠠᠨ ᠳᠠᠬᠢᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠳᠥᠯᠥᠭᠡᠯᠡᠭᠴᠢᠳ‌‍ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠡᠨᠡ ᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠷᠠᠯᠲᠠ ᠪᠠᠨ ᠪᠠᠲᠤ ᠰᠠᠬᠢᠵᠤ᠂ ᠭᠠᠪᠰᠢᠭᠠᠶᠢᠯᠠᠨ ᠪᠠᠶᠢᠯᠳᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ︽ᠡᠴᠦᠰ ᠤᠨ ᠨᠢᠭᠡ  ᠺᠢᠯᠥᠮᠧᠲᠷ︾ ᠤᠨ ᠢᠯᠠᠯᠲᠠ ᠶᠢ ᠡᠷᠡᠰ ᠲᠡᠮᠡᠴᠡᠨ ᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠄      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠴᠠᠭ ᠦᠶ᠎ᠡ ᠪᠣᠯᠬᠤ ᠲᠤᠳᠤᠮ᠂ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠳᠠᠬᠢᠨ ᠣᠨᠣᠪᠴᠢᠲᠠᠶ ᠪᠠᠶᠢᠵᠤ᠂ ᠳᠡᠭᠡᠳᠥ ᠱᠠᠲᠤᠨ ᠤ ᠳᠠᠯᠳᠠᠭᠤᠷ ᠰᠤᠷᠪᠤᠯᠵᠢᠯᠠᠵᠤ ᠰᠤᠭᠤᠴᠢᠨ ᠪᠠᠶᠢᠴᠠᠭᠠᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠰᠬᠠᠶ ᠲᠥᠷᠥᠯ ᠤᠨ ᠬᠢᠨᠠᠨ ᠪᠠᠶᠢᠴᠠᠭᠠᠬᠤ᠂ ᠬᠢᠨᠠᠨ ᠵᠢᠯᠣᠭᠤᠳᠴᠤ ᠦᠨᠡᠯᠡᠨ ᠵᠢᠱᠢᠵᠦ ᠢᠯᠡᠷᠡᠭᠦᠯᠬᠦ ᠪᠠ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠢ ᠪᠦᠬᠦᠢ ᠠᠰᠠᠭᠤᠳᠠᠯ ᠢ ᠡᠷᠬᠡᠪᠰᠢ 6 ᠰᠠᠷ᠎ᠠ ᠶᠢᠨ 15 ᠤ ᠡᠳᠦᠷ ᠠᠴᠠ ᠡᠮᠦᠨ᠎ᠡ ᠪᠦᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠠᠰᠠᠭᠤᠳᠠᠯ ᠤᠨ ︽ᠲᠡᠭᠰᠢᠳᠬᠡᠬᠦ ᠪᠠᠶᠢᠯᠳᠤᠭᠠᠨ︾ ᠢ ᠡᠷᠡᠰ ᠰᠠᠶᠢᠲᠤᠷ  ᠬᠢᠨ᠎ᠡ᠃ ᠦᠷ᠎ᠡ ᠪᠦᠲᠦᠮᠵᠢ ᠶᠢ ᠪᠠᠬᠢᠵᠢᠭᠦᠯᠬᠦ ᠳᠡᠭᠡᠷ᠎ᠡ ᠳᠠᠬᠢᠨᠲᠠ ᠠᠩᠬᠠᠷᠤᠯ ᠢᠶᠠᠨ ᠲᠥᠪᠯᠡᠷᠡᠭᠦᠯᠵᠦ᠂ ︽ᠳᠥᠷᠪᠡ ᠶᠢ ᠦᠯᠦ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠠᠵᠤ ᠦᠢᠯᠡᠰ ᠤᠨ ᠠᠵᠢᠯ ᠤᠯᠤᠯᠳᠠ ᠪᠠᠷ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠮᠵᠢ ᠶᠢ ᠦᠷᠭᠦᠯᠵᠢᠯᠡᠨ ᠴᠢᠩᠭᠠᠳᠬᠠᠵᠤ᠂ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠲᠦᠷᠭᠡᠳᠬᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠪᠠᠬᠢᠵᠢᠭᠦᠯᠥᠨ᠎ᠡ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠡᠭᠡᠷ᠎ᠡ ᠳᠠᠬᠢᠨ ᠪᠣᠳᠠᠲᠠᠶᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠭᠠᠷᠳᠠᠨ᠂ ᠬᠤᠰᠢᠭᠤ ᠲᠠᠢ ᠬᠤᠯᠪᠣᠭᠠᠯᠠᠨ ᠤᠳᠤᠷᠢᠳᠬᠤ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ︽ᠵᠢᠷᠭᠤᠭᠠᠨ ᠲᠠᠯ᠎ᠠ ᠶᠢᠨ ᠬᠠᠷᠢᠭᠤᠴᠠᠯᠭ᠎ᠠ︾ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ︽ᠬᠥᠮᠦᠨ ᠪᠦᠬᠦᠨ ᠲᠦᠷᠦᠭᠦᠯᠡᠨ ᠨᠠᠶᠢᠳᠠᠪᠤᠷᠢᠵᠢᠭᠤᠯᠵᠤ᠂ ᠬᠥᠮᠦᠨ ᠪᠦᠬᠦᠨ ᠦᠢᠯᠡᠳᠥᠯ‌‍ᠢᠶ᠋ᠠᠨ ᠪᠠᠳᠠᠷᠠᠭᠤᠯᠬᠤ︾ ᠶᠢ ᠪᠡᠶᠡᠯᠡᠭᠦᠯᠦᠨ᠎ᠡ᠃ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠰᠢᠢᠳᠪᠤᠷᠢᠳᠥ ᠢᠯᠠᠯᠲᠠ ᠶᠢ ᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠤᠨ᠎ᠠ᠃
     
      ᠬᠤᠷᠠᠯ ᠤᠨ ᠱᠠᠭᠠᠷᠳᠠᠭᠰᠠᠨ ᠨᠢ       ᠣᠳᠣᠬᠠᠨ ᠳᠤ᠂ ᠡᠯ᠎ᠡ ᠲᠠᠯ᠎ᠠ ᠶᠢᠨ ᠠᠵᠢᠯ ᠤᠨ ᠡᠭᠦᠷᠭᠡ ᠮᠥᠨ ᠯᠡ ᠲᠦᠢᠯ ᠤᠨ ᠬᠦᠨᠳᠦ ᠨᠦᠰᠡᠷ ᠪᠠᠶᠢᠨ᠎ᠠ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭᠠᠨ ᠪᠠᠲᠤᠯᠠᠭ᠎ᠠ︾ ᠶᠢᠨ ᠡᠭᠦᠷᠭᠡ ᠶᠢ ᠪᠦᠬᠦ ᠲᠠᠯ᠎ᠠ ᠪᠠᠷ‌ᠨᠠᠶᠢᠳᠠᠪᠤᠷᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ᠂ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠠᠶᠤᠯ ᠦᠭᠡᠢ ᠦᠢᠯᠡᠳᠪᠥᠷᠢᠯᠡᠯ᠂ ᠨᠡᠶᠢᠭᠡᠮ ᠤᠨ ᠲᠣᠭᠲᠠᠭᠤᠨ ᠪᠠᠶᠢᠳᠠᠯ ᠵᠡᠷᠭᠡ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠥᠷᠢᠳᠥ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠥᠷᠢᠯᠡᠬᠦ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ 2020 ᠣᠨ ᠤ ᠳᠠᠯᠳᠠᠭᠤᠷ ᠰᠤᠷᠪᠤᠯᠵᠢᠯᠠᠵᠤ ᠰᠤᠭᠤᠴᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ ᠢᠯᠡᠷᠡᠭᠦᠯᠦᠭᠰᠡᠨ ᠠᠰᠠᠭᠤᠳᠠᠯ ᠂ ᠬᠤᠲᠠ  ᠶᠢᠨ ᠵᠠᠰᠠᠭ ᠤᠨ ᠣᠷᠳᠣᠨ ᠤ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠢᠯᠡᠷᠡᠭᠦᠯᠦᠭᠰᠡᠨ ᠠᠰᠠᠭᠤᠳᠠᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠣᠨᠳᠣᠤ ᠭᠠᠵᠠᠷ ᠲᠤ ᠰᠢᠯᠵᠢᠭᠦᠯᠦᠨ ᠵᠢᠯᠣᠭᠤᠳᠬᠤ ᠳᠤ ᠵᠢᠭᠠᠵᠤ ᠭᠠᠷᠭᠠᠭᠰᠠᠨ ᠠᠰᠠᠭᠤᠳᠠᠯ ᠵᠢᠴᠢ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠳᠡᠭᠡᠷ᠎ᠡ ᠵᠢᠭᠠᠵᠤ ᠭᠠᠷᠭᠠᠭᠰᠠᠨ ᠠᠰᠠᠭᠤᠳᠠᠯ ᠢ ᠵᠠᠷᠯᠠᠨ ᠮᠡᠳᠡᠭᠳᠡᠪᠡ᠃ ᠬᠡᠰᠡᠭ ᠰᠢᠶᠠᠩ ᠪᠠᠯᠭᠠᠰᠤ ᠵᠢᠴᠢ ᠰᠠᠯᠠᠭ᠎ᠠ ᠮᠥᠴᠢᠷ ᠤᠨ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ᠬᠤᠰᠢᠭᠤᠨ ᠤ ᠤᠳᠤᠷᠢᠳᠤᠯᠭ᠎ᠠ ᠮᠠ ᠴᠢᠤᠸᠠᠨ ᠸᠠᠩ᠂ ᠱᠢ ᠵᠥᠩ ᠴᠢᠨ᠂ ᠶᠣᠣ ᠫᠧᠶ ᠴᠢᠩ᠂ ᠯᠢ ᠶᠦᠩ ᠰᠢᠨ᠂ ᠵᠠᠩ ᠪᠠᠭᠠᠨ᠎ᠠ᠂ ᠶᠠᠩ ᠶᠠᠩ ᠮᠥᠩᠭᠡᠪᠠᠭᠠᠲᠣᠷ᠂ ᠬᠤᠳᠠ ᠠᠴᠠ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠢᠢ ᠶᠦᠩ ᠹᠧᠩ ᠢ ᠬᠤᠷᠠᠯ ᠳᠤ ᠣᠷᠣᠯᠴᠠᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号