ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠱᠢ ᠵᠦᠩ ᠴᠢᠨ ᠪᠦᠯᠬᠦᠮ ᠳᠠᠭᠠᠭᠤᠯᠤᠨ ᠦᠶᠡᠷ ᠠᠴᠠ ᠡᠮᠦᠨᠡᠬᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020-06-17
      6 ᠰᠠᠷ᠎ᠠ ᠶᠢᠨ 12 ᠤᠨ ᠡᠳᠦᠷ ᠤᠨ ᠦᠳᠡ ᠬᠤᠶᠢᠨ᠎ᠠ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠲᠥᠯᠥᠭᠡ᠂ ᠥᠷᠭᠡᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠭᠠᠮᠰᠢᠭ ᠢ ᠡᠰᠡᠷᠭᠦᠴᠡᠬᠦ ᠱᠠᠭᠠᠷᠳᠠᠯᠭ᠎ᠠ ᠳᠤ ᠰᠠᠭᠤᠷᠢᠯᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠱᠢ ᠵᠦᠩ ᠴᠢᠨ ᠪᠦᠯᠬᠦᠮ ᠳᠠᠭᠠᠭᠤᠯᠤᠨ ᠲᠠᠪᠤᠨ ᠭᠤᠤᠯ ᠤᠨ ᠰᠢᠷᠠᠮᠥ᠋ᠷᠡᠨ ᠬᠡᠰᠡᠭ ᠤᠨ ᠭᠤᠤᠯ ᠤᠨ ᠵᠠᠮ ᠤᠨ ᠠᠮᠤᠷ ᠲᠦᠪᠰᠢᠨ ᠢ ᠪᠠᠶᠢᠴᠠᠭᠠᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠳᠣᠪᠴᠢᠶ᠎ᠠ᠂ ᠰᠢᠷᠠᠮᠥ᠋ᠷᠡᠨ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃
     ᠪᠠᠶᠢᠴᠠᠭᠠᠬᠤ ᠳᠤᠭᠤᠶᠢᠯᠠᠩ ᠨᠢ ᠲᠠᠪᠤᠨ ᠭᠤᠤᠯ ᠤᠨ ᠭᠤᠤᠯ ᠤᠨ ᠡᠷᠬᠢᠨ ᠲᠣᠭᠤᠷᠢᠨ ᠤ ᠭᠤᠤᠯ ᠤᠨ ᠵᠠᠮ ᠢ ᠴᠡᠪᠡᠷᠯᠡᠭᠰᠡᠨ᠂ ᠬᠠᠰᠢᠯᠭ᠎ᠠ ᠳᠠᠯᠠᠩ ᠢ ᠪᠠᠬᠢᠯᠡᠬᠦ ᠵᠢᠴᠢ ᠭᠤᠤᠯ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠶᠤᠯᠲᠠᠶ ᠭᠤᠤᠯ ᠤᠨ ᠬᠡᠰᠡᠭ ᠤᠨ ᠰᠡᠷᠡᠮᠵᠢ ᠶᠢᠨ ᠲᠡᠮᠳᠡᠭ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ ᠤᠨ ᠨᠥᠭᠡᠴᠡ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃      ᠱᠢ ᠵᠦᠩ ᠴᠢᠨ ᠴᠢᠬᠤᠯᠠᠴᠢᠯᠠᠭᠰᠠᠨ ᠨᠢ᠄ ᠨᠢᠭᠡ ᠳᠤ᠂ ᠪᠠᠷᠢᠯᠭ᠎ᠠ ᠶᠢᠨ ᠠᠶᠤᠯ ᠢ ᠠᠷᠢᠯᠭᠠᠬᠤ ᠪᠠ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠬᠦ ᠠᠵᠢᠯ ᠢ ᠲᠦᠷᠭᠡᠬᠡᠨ ᠰᠠᠶᠢᠲᠤᠷ ᠬᠢᠬᠦ ᠬᠡᠷᠡᠭᠲᠡᠶ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠶᠤᠯ ᠲᠦᠭᠰᠢᠭᠦᠷᠢ ᠶᠢᠨ ᠳᠠᠯᠳᠠ ᠭᠡᠮ ᠳᠤ ᠴᠢᠭᠯᠡᠭᠦᠯᠦᠨ᠂ ᠭᠤᠣᠯ ᠳᠡᠳ᠋᠂ ᠬᠦᠨᠳᠦ ᠬᠥᠩᠭᠡᠨ ᠠᠯᠭᠤᠷ ᠪᠠᠴᠢᠮ ᠢ ᠢᠯᠭᠠᠵᠤ᠂ ᠪᠣᠳᠠᠲᠠᠶ ᠲᠥᠰᠦᠯ ᠢ ᠰᠤᠳᠤᠯᠤᠨ ᠲᠣᠭᠲᠠᠭᠠᠵᠤ᠂ ᠪᠠᠯᠠ ᠮᠥᠩᠭᠦ ᠶᠢ ᠨᠠᠶᠢᠳᠠᠪᠤᠷᠢᠵᠢᠭᠤᠯᠵᠤ᠂ ᠲᠤᠰᠬᠠᠶ ᠬᠥᠮᠦᠨ ᠵᠢᠭᠠᠨ ᠲᠣᠭᠲᠠᠭᠠᠵᠤ ᠬᠠᠷᠢᠭᠤᠴᠠᠭᠤᠯᠤᠨ᠂ ᠪᠠᠷᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠪᠠ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠬᠦ ᠠᠵᠢᠯ ᠢ ᠰᠠᠶᠢᠲᠤᠷ ᠬᠢᠬᠦ ᠬᠡᠷᠡᠭᠳᠡᠢ︔ ᠬᠤᠶᠠᠷ ᠲᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠭᠤᠤᠯ   ᠤᠨ ᠵᠠᠮ ᠢ ᠳᠤᠷ᠎ᠠ ᠪᠠᠷ ᠮᠠᠯᠲᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ︽ᠬᠡᠨ ᠬᠠᠷᠰᠢ ᠰᠠᠭᠠᠳ ᠭᠠᠷᠭᠠᠪᠠᠯ ᠲᠡᠷᠡ ᠠᠷᠢᠯᠭᠠᠬᠤ︾ ᠵᠠᠷᠴᠢᠮ ᠶᠣᠰᠣᠭᠠᠷ᠂ ᠦᠶᠡᠷ ᠵᠠᠯᠠᠬᠤ ᠰᠠᠭᠠᠳ ᠲᠣᠳᠬᠠᠷ ᠢ ᠴᠡᠪᠡᠷᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ ᠭᠤᠣᠯ ᠤᠨ ᠵᠠᠮ ᠢ ᠰᠡᠷᠭᠦᠭᠡᠵᠥ᠂ ᠭᠤᠤᠯ ᠤᠨ ᠵᠠᠮ ᠤᠨ ᠦᠶᠡᠷ ᠵᠠᠯᠠᠬᠤ ᠣᠭᠲᠣᠯᠤᠭᠠᠰᠤ ᠲᠠᠯ᠎ᠠ ᠶᠢ ᠰᠡᠷᠭᠦᠭᠡᠵᠦ᠂ ᠭᠤᠤᠯ ᠤᠨ ᠵᠠᠮ ᠤᠨ ᠲᠡᠭᠰᠢ ᠬᠠᠨᠳᠥᠰᠢ ᠶᠢ ᠪᠠᠲᠤᠯᠠᠵᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠎ᠠ︔ ᠭᠤᠷᠪᠠ ᠳᠤ᠂ ᠦᠶᠡᠷ ᠤᠨ ᠬᠤᠭᠤᠴᠠᠭᠠᠨ ᠤ ᠪᠣᠳᠠᠰ ᠤᠨ ᠮᠠᠲ᠋ᠧᠷᠢᠶᠠᠯ ᠪᠣᠯᠤᠨ ᠠᠶᠤᠯ ᠠᠴᠠ ᠠᠪᠤᠷᠠᠬᠤ ᠡᠩᠨᠡᠭᠡᠨ ᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ ᠦᠶᠡᠷ ᠢ ᠰᠡᠷᠭᠡᠶᠢᠯᠡᠬᠦ ᠦᠨᠳᠦᠰᠦᠨ ᠡᠳ᠋ ᠪᠣᠳᠠᠰ ᠢ ᠨᠥᠬᠦᠪᠥᠷᠢᠯᠡᠬᠦ ᠪᠠ ᠠᠶᠤᠯ ᠠᠴᠠ ᠠᠪᠤᠷᠠᠬᠤ ᠮᠠᠰᠢᠨ ᠮᠧᠬᠠᠨᠢᠭ ᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠡᠯᠡᠳᠬᠡᠯ ᠡᠩᠨᠡᠭᠡ ᠶᠢ ᠵᠣᠬᠢᠶᠠᠨ ᠪᠠᠶᠢᠭᠤᠯᠵᠤ᠂ ᠴᠡᠷᠢᠭ ᠠᠷᠠᠳ ᠬᠠᠮᠲᠤᠷᠠᠨ ᠰᠡᠷᠭᠡᠶᠢᠯᠡᠬᠦ᠂ ᠬᠠᠷᠢᠯᠴᠠᠨ ᠮᠡᠳᠡᠭᠡ ᠵᠠᠩᠭᠢ ᠨᠡᠪᠲᠡᠷᠡᠯᠴᠡᠬᠦ ᠶᠢ ᠴᠢᠩᠭᠠᠳᠬᠠᠵᠤ᠂ ᠳᠠᠭᠤᠳᠠᠪᠠᠯ ᠢᠷᠡᠵᠤ᠂ ᠢᠷᠡᠪᠡᠯ ᠪᠠᠶᠢᠯᠳᠤᠵᠤ᠂ ᠪᠠᠶᠢᠯᠳᠤᠪᠠᠯ ᠢᠯᠠᠵᠤ ᠴᠢᠳᠠᠬᠤ ᠬᠡᠷᠡᠭᠳᠠᠢ︔ ᠳᠥᠷᠪᠡ ᠳᠤ᠂ ᠦᠶᠡᠷ ᠤᠨ ᠬᠤᠭᠤᠴᠠᠭᠠᠨ ᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠦᠶᠡᠷ ᠤᠨ ᠬᠤᠭᠤᠴᠠᠭᠠᠨ ᠳᠤ 24 ᠴᠠᠭ ᠵᠢᠵᠢᠭᠦᠷᠯᠡᠭᠴᠢ ᠳᠤᠬᠢᠷᠠᠭᠤᠯᠵᠤ᠂ ᠲᠡᠷᠡᠴᠢᠯᠡᠨ ᠤᠳᠤᠷᠢᠳᠤᠯᠭ᠎ᠠ ᠠᠩᠭᠢ ᠳᠠᠭᠠᠭᠤᠯᠬᠤ ᠳᠦᠷᠢᠮ ᠢ ᠬᠡᠷᠡᠭᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠦᠶᠡᠷ ᠤᠨ ᠬᠤᠭᠤᠴᠠᠭᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号